ᠡᠷᠢᠶᠡᠨ ᠬᠣᠲᠠ᠎ᠶ᠋ᠢᠨ ᠵᠠᠰᠠᠮᠠᠯ ᠵᠠᠮ᠎ᠤᠨ ᠬᠢᠯᠢ ᠵᠢᠨ ᠪᠣᠭᠣᠮᠲᠠ ᠪᠡᠷ 15 ᠲᠦᠮᠡᠨ ᠲᠣᠨ ᠬᠠᠢᠯᠤᠭᠤᠷ ᠵᠤᠡᠭᠰᠢ ᠣᠷᠣᠭᠤᠯᠪᠠ
2026-05-25 11:26:02
ᠵᠣᠬᠢᠶᠠᠭ᠍ᠴᠢ᠄
ᠪᠢᠯᠢᠭᠪᠡᠭᠠᠳᠤᠷ
ᠣᠩᠱᠢᠭ᠍ᠰᠠᠨ ᠣᠳᠠᠭ᠎ᠠ᠄
★★★☆☆

ᠡᠨᠡ ᠵᠢᠯ᠎ᠡᠴᠡ ᠡᠷᠢᠶᠡᠨ ᠬᠣᠲᠠ᠎ᠶ᠋ᠢᠨ ᠵᠠᠰᠠᠮᠠᠯ ᠵᠠᠮ᠎ᠤᠨ ᠬᠢᠯᠢ᠎ᠶ᠋ᠢᠨ ᠪᠣᠭᠣᠮᠲᠠ ᠵᠢᠨ ᠬᠢᠨ ᠳᠤᠮᠳᠠᠳᠤ ᠮᠣᠩᠭᠣᠯ᠎ᠤᠨ ᠠᠭᠤᠷᠬᠠᠶ᠎ᠶ᠋ᠢᠨ ᠭᠠᠷᠤᠯᠲᠠ᠎ᠶ᠋ᠢᠨ ᠠᠷᠠᠯᠵᠢᠶᠠᠨ᠎ᠤ ᠵᠠᠮ᠎ᠢ ᠰᠠᠭᠠᠳ ᠥᠬᠡᠶ ᠨᠡᠪᠲᠡᠷᠡᠬᠦ ᠵᠢ ᠦᠷᠭᠦᠯᠵᠢᠯᠡᠨ ᠰᠢᠯᠤᠭᠤᠳᠬᠠᠵᠦ᠂ ᠣᠲᠣ ᠪᠣᠯᠲᠠᠯ᠎ᠠ ᠮᠣᠩᠭᠣᠯ ᠤᠯᠤᠰ᠎ᠡᠴᠡ ᠨᠡᠢᠲᠡ 15 ᠲᠦᠮᠡᠨ ᠲᠣᠨ ᠬᠠᠢᠯᠤᠭᠤᠷ ᠵᠣᠩᠰᠢ  ᠣᠷᠣᠭᠤᠯᠵᠠᠢ᠃

ᠡᠲᠡᠭᠡᠷ ᠬᠠᠢᠯᠤᠭᠤᠷ ᠵᠣᠩᠰᠢ᠎ᠨᠢ ᠤᠯᠤᠰ᠎ᠤᠨ ᠳᠣᠲᠣᠭᠠᠳᠤ᠎ᠶ᠋ᠢᠨ ᠠᠵᠤ ᠦᠶ᠋ᠯᠡᠳᠪᠦᠷᠢ᠎ᠶ᠋ᠢᠨ ᠲᠦᠭᠦᠬᠡᠶ ᠮᠠᠲ᠋ᠧᠷᠢᠶᠠᠯ᠎ᠤᠨ ᠳᠤᠲᠠᠭᠤᠳᠠᠯ᠎ᠢ ᠪᠦᠲᠦᠮᠵᠢᠲᠡᠢ ᠨᠥᠬᠥᠪᠥᠷᠢᠯᠡᠵᠦ᠍᠂ ᠹᠯᠣᠷ᠎ᠤᠨ ᠬᠢᠮᠢ᠎ᠶ᠋ᠢᠨ ᠠᠵᠤ ᠦᠶ᠋ᠯᠡᠳᠪᠦᠷᠢ᠂ ᠱᠢᠨ᠎ᠡ ᠡᠨᠧᠷᠭᠢ ᠵᠡᠷᠭᠡ ᠠᠵᠤ ᠦᠶ᠋ᠯᠡᠰ᠎ᠦᠨ ᠬᠥᠭ᠌ᠵᠢᠯᠲᠡ᠎ᠳᠦ ᠲᠤᠯᠭᠠᠭᠤᠷᠢᠯᠠᠯ ᠬᠠᠩᠭᠠᠬᠤ᠎ᠶ᠋ᠢᠨ ᠬᠠᠮᠲᠤ ᠳᠤᠮᠳᠠᠳᠤ ᠮᠣᠩᠭᠣᠯ᠎ᠤᠨ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠤᠨ ᠠᠷᠠᠯᠵᠢᠶᠠᠨ᠎ᠤ ᠬᠠᠮᠲᠤᠷᠠᠯᠴᠠᠭ᠎ᠠ᠎ᠶ᠋ᠢ ᠤᠯᠠᠮ ᠭᠦᠨᠵᠡᠭᠡᠢᠷᠡᠭᠦᠯᠦᠭᠰᠡᠨ ᠪᠠᠢᠨ᠎ᠠ᠃ ᠡᠨᠡ ᠵᠢᠯ᠎ᠦᠨ ᠭᠠᠳᠠᠭᠠᠳᠤ᠎ᠠᠴᠠ ᠣᠷᠣᠭᠤᠯᠤᠭ᠍ᠰᠠᠨ 15 ᠲᠦᠮᠡᠨ ᠲᠣᠨ ᠬᠠᠢᠯᠤᠭᠤᠷ ᠵᠣᠩᠰᠢ᠎ᠨᠢ ᠴᠥᠮ ᠮᠣᠩᠭᠣᠯ ᠤᠯᠤᠰ᠎ᠤᠨ ᠲᠣᠭ᠍ᠲᠠᠭᠠᠯ᠎ᠳᠤ ᠨᠡᠢᠴᠡᠭ᠌ᠰᠡᠨ ᠠᠭᠤᠷᠬᠠᠶ᠎ᠶ᠋ᠢᠨ ᠭᠠᠷᠤᠯᠲᠠ᠎ᠶ᠋ᠢᠨ ᠠᠵᠤ ᠠᠬᠤᠢᠯᠠᠯ᠎ᠤᠨ ᠭᠠᠳᠠᠭᠠᠳᠤ ᠭᠠᠷᠭᠠᠯᠳᠠ ᠪᠠᠢᠵᠦ᠂ ᠪᠣᠭᠣᠮᠲᠠ᠎ᠵᠢᠨ ᠬᠢᠨ ᠴᠢᠩᠭ᠎ᠠ ᠬᠢᠨᠠᠨ ᠬᠠᠮᠢᠶᠠᠷᠴᠤ᠌ ᠪᠠᠢᠴᠠᠭᠠᠨ ᠱᠢᠯᠭᠠᠭᠠᠳ ᠬᠢᠷᠢ ᠲᠡᠩᠴᠡᠭ᠌ᠰᠡᠨ᠎ᠦ ᠳᠠᠷᠠᠭ᠎ᠠ᠂ ᠤᠯᠤᠰ᠎ᠤᠨ ᠳᠣᠲᠣᠭᠠᠳᠤ᠎ᠶ᠋ᠢᠨ ᠡᠯ᠎ᠡ ᠭᠠᠵᠠᠷ᠎ᠤᠨ ᠪᠣᠯᠪᠠᠰᠤᠷᠠᠭᠤᠯᠬᠤ ᠦᠶ᠋ᠯᠡᠳᠪᠦᠷᠢ᠎ᠳᠦ ᠪᠦᠯᠦᠭ ᠬᠤᠪᠢᠶᠠᠨ ᠲᠡᠭᠡᠭᠡᠪᠦᠷᠢᠯᠡᠨ ᠬᠦᠷᠭᠡᠵᠦ᠍᠂ ᠤᠯᠠᠮ ᠨᠢᠭᠡ ᠠᠯᠬᠤᠮ ᠡᠳ᠋ᠰᠢᠭᠦᠯᠬᠦ ᠪᠣᠯᠤᠨ᠎ᠠ᠃

ᠬᠠᠢᠯᠤᠭᠤᠷ ᠵᠣᠩᠰᠢ᠎ᠶ᠋ᠢ ᠪᠠᠰᠠ ᠹᠯᠣᠷ᠎ᠤᠨ ᠴᠢᠯᠠᠭᠤ ᠭᠡᠳᠡᠭ ᠪᠦᠭᠡᠳ 《ᠹᠯᠣᠷ᠎ᠤᠨ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠰᠠᠭᠤᠷᠢ ᠮᠠᠲᠸᠷᠢᠶᠠᠯ》 ᠭᠡᠳᠡᠭ᠃ ᠡᠬᠡ ᠪᠠᠢᠭᠠᠯᠢ᠎ᠳᠡᠬᠢ ᠴᠣᠷ᠎ᠤᠨ ᠭᠠᠭ᠍ᠴᠠ ᠹᠯᠣᠷ᠎ᠤᠨ ᠡᠯᠧᠮᠧᠨ᠋ᠲ᠎ᠢ ᠶᠡᠬᠡ ᠬᠡᠪᠴᠢᠶ᠎ᠡ᠎ᠪᠡᠷ ᠭᠠᠷᠭᠠᠨ ᠠᠪᠴᠤ᠌ ᠳᠡᠢᠯᠬᠦ᠌ ᠠᠭᠤᠷᠬᠠᠶ᠎ᠶ᠋ᠢᠨ ᠭᠠᠷᠤᠯᠲᠠ ᠪᠠᠢᠵᠦ᠂ 2016 ᠣᠨ᠎ᠳᠤ ᠮᠠᠨ᠎ᠤ ᠤᠯᠤᠰ᠎ᠤᠨ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠠᠭᠤᠷᠬᠠᠶ᠎ᠶ᠋ᠢᠨ ᠭᠠᠷᠤᠯᠲᠠ᠎ᠶ᠋ᠢᠨ ᠵᠢᠭᠰᠠᠭᠠᠯᠳᠠ᠎ᠳᠤ ᠤᠷᠤᠵᠠᠢ᠃ ᠬᠠᠢᠯᠤᠭᠤᠷ ᠵᠤᠡᠭᠰᠢ ᠨᠢ ᠱᠢᠨ᠎ᠡ ᠡᠨᠧᠷᠭᠢ᠂ ᠬᠠᠭᠠᠰ ᠳᠠᠮᠵᠢᠭᠤᠯᠤᠭ᠍ᠴᠢ᠂ ᠬᠥᠯᠳᠡᠭᠡᠬᠦ᠌᠂ ᠲᠡᠮᠦᠷᠯᠢᠭ ᠪᠣᠯᠪᠠᠰᠤᠷᠠᠭᠤᠯᠬᠤ ᠵᠡᠷᠭᠡ ᠠᠵᠢᠯ ᠲᠥᠷᠥᠯ᠎ᠦᠨ ᠵᠠᠪᠠᠯ ᠬᠡᠷᠡᠭ᠌ᠰᠡᠬᠦ᠌ ᠲᠦᠭᠦᠬᠡᠶ ᠮᠠᠲ᠋ᠧᠷᠢᠶᠠᠯ ᠪᠠᠢᠵᠤ᠂ ᠤᠳᠤᠬᠠᠨ᠎ᠳᠤ ᠤᠰᠤᠲᠥ᠋ᠷᠥᠭ᠌ᠴᠢ ᠹᠯᠣᠷ ᠬᠦᠴᠢᠯ᠎ᠦᠨ ᠦᠶ᠋ᠯᠡᠳᠪᠦᠷᠢᠯᠡᠯ᠂ ᠯᠢᠲ᠋ᠢ ᠳ᠋ᠢᠶᠠᠨ ᡂᠢ᠎ᠶ᠋ᠢᠨ ᠴᠠᠬᠢᠯᠭᠠᠨ ᠵᠠᠳᠠᠯᠤᠯᠲᠠ᠎ᠶ᠋ᠢᠨ ᠱᠢᠩᠭᠡᠨ᠂ ᠪᠣᠯᠣᠳ ᠲᠡᠮᠦᠷ ᠪᠣᠯᠪᠠᠰᠤᠷᠠᠭᠤᠯᠬᠤ᠂ ᠠᠭᠠᠷ ᠲᠣᠬᠢᠷᠠᠭᠤᠯᠤᠭ᠍ᠴᠢ᠎ᠶ᠋ᠢᠨ ᠬᠥᠯᠳᠡᠭᠡᠬᠦ᠌ ᠡᠳ᠋ ᠵᠡᠷᠭᠡ ᠬᠦᠷᠢᠶᠡᠨ᠎ᠳᠦ ᠥᠷᠭᠡᠨ᠎ᠢᠶᠡᠷ ᠬᠡᠷᠡᠭ᠌ᠯᠡᠭᠳᠡᠵᠦ᠍ ᠪᠣᠶ᠃

ᠣᠢᠷ᠎ᠠ᠎ᠶ᠋ᠢᠨ ᠵᠢᠯ᠎ᠦᠳ᠎ᠲᠦ ᠤᠯᠤᠰ᠎ᠤᠨ ᠳᠣᠲᠣᠭᠠᠳᠤ᠎ᠶ᠋ᠢᠨ ᠱᠢᠨ᠎ᠡ ᠡᠨᠧᠷᠭᠢ᠂ ᠬᠠᠭᠠᠰ ᠳᠠᠮᠵᠢᠭᠤᠯᠤᠭ᠍ᠴᠢ᠎ᠶ᠋ᠢᠨ ᠠᠵᠤ ᠦᠶ᠋ᠯᠡᠰ᠎ᠦᠨ ᠲᠦᠷᠭᠡᠨ ᠬᠥᠭ᠌ᠵᠢᠯᠲᠡ᠎ᠶ᠋ᠢ ᠳᠠᠭᠠᠯᠳᠤᠨ᠂ ᠬᠠᠢᠯᠤᠭᠤᠷ ᠵᠣᠩᠰᠢ᠎ᠶ᠋ᠢᠨ ᠵᠠᠬ᠎ᠠ ᠳᠡᠯᠭᠡᠭᠦᠷ᠎ᠦᠨ ᠬᠡᠷᠡᠭ᠌ᠴᠡᠭᠡ ᠦᠷᠭᠦᠯᠵᠢᠯᠡᠨ ᠨᠡᠮᠡᠭ᠌ᠳᠡᠭᠰᠡᠨ ᠵᠢᠡᠷ  ᠮᠣᠩᠭᠣᠯ ᠤᠯᠤᠰ᠎ᠤᠨ ᠬᠠᠢᠯᠤᠭᠤᠷ ᠵᠣᠩᠰᠢ ᠨᠢ ᠮᠠᠨ᠎ᠤ ᠤᠯᠤᠰ᠎ᠤᠨ ᠠᠵᠤ ᠠᠬᠤᠢᠯᠠᠯ᠎ᠤᠨ ᠭᠠᠳᠠᠭᠠᠳᠤ ᠡᠴᠡ ᠣᠷᠣᠭᠤᠯᠬᠤ ᠭᠤᠤᠯ ᠰᠣᠩᠭᠣᠯᠲᠠ᠎ᠶ᠋ᠢᠨ ᠨᠢᠭᠡ ᠪᠣᠯᠤᠭ᠍ᠰᠠᠨ ᠪᠠᠢᠨ᠎ᠠ᠃

ᠡᠷᠢᠶᠡᠨ ᠪᠣᠭᠣᠮᠲᠠ᠎ᠶ᠋ᠢᠨ ᠵᠠᠰᠠᠮᠠᠯ ᠵᠠᠮ᠎ᠤᠨ ᠬᠢᠨᠠᠯᠲᠠ ᠬᠠᠮᠢᠶᠠᠷᠤᠯᠲᠠ᠎ᠶ᠋ᠢᠨ ᠲᠠᠪᠤᠨ ᠲᠥᠷᠥᠯ᠎ᠦᠨ ᠪᠣᠭᠣᠮᠲᠠ᠎ᠶ᠋ᠢᠨ ᠠᠵᠢᠯᠲᠠᠨ ᠶᠠᠩ ᠨᠢᠩ ᠬᠡᠯᠡᠬᠦ᠌᠎ᠳᠡᠭᠡᠨ᠂ ᠡᠷᠢᠶᠡᠨ ᠪᠣᠭᠣᠮᠲᠠ ᠬᠠᠢᠯᠤᠭᠤᠷ ᠵᠣᠩᠰᠢ᠎ᠶ᠋ᠢ ᠭᠠᠳᠠᠭᠠᠳᠤ᠎ᠠᠴᠠ ᠣᠷᠣᠭᠤᠯᠬᠤ᠎ᠳᠤ ᠴᠢᠭ᠌ᠯᠡᠭᠦᠯᠦᠨ ᠲᠤᠰᠭᠠᠶ ᠵᠦᠶ᠋ᠯ᠎ᠦᠨ ᠬᠢᠨᠠᠯᠲᠠ ᠬᠠᠮᠢᠶᠠᠷᠤᠯᠲᠠ᠎ᠶ᠋ᠢᠨ ᠲᠥᠰᠦᠯ ᠲᠣᠭ᠍ᠲᠠᠭᠠᠵᠤ᠂ ᠠᠵᠤ ᠠᠬᠤᠢᠯᠠᠯ᠎ᠤᠨ ᠭᠤᠶᠤᠴᠢᠯᠠᠨ ᠮᠡᠳᠡᠭᠦᠯᠬᠦ᠌ ᠶᠠᠪᠤᠴᠠ᠎ᠶ᠋ᠢ ᠱᠢᠯᠤᠭᠤᠳᠭᠠᠨ᠂ ᠲᠤᠬᠠᠶ᠎ᠶ᠋ᠢᠨ ᠲᠠᠯᠠᠪᠠᠶ᠎ᠶ᠋ᠢᠨ ᠪᠠᠢᠴᠠᠭᠠᠨ ᠱᠢᠯᠭᠠᠬᠤ ᠭᠤᠤᠯᠳᠠᠯᠭ᠎ᠠ ᠵᠢ ᠠᠳᠬᠤᠨ᠂ ᠥᠨᠳᠥᠷ ᠪᠦᠲᠦᠮᠵᠢᠲᠡᠶ ᠪᠥᠭᠡᠳ ᠳᠥᠭᠥᠮ ᠳᠥᠲᠡ ᠠᠷᠭ᠎ᠠ ᠵᠠᠮ᠎ᠢ ᠲᠤᠬᠢᠷᠠᠭᠤᠯᠤᠨ᠂ ᠰᠠᠴᠤᠷᠠᠭ ᠴᠢᠨᠠᠷᠲᠠᠶ ᠪᠠᠢᠴᠠᠭᠠᠨ ᠬᠡᠮᠵᠢᠬᠦ᠌᠂ ᠶᠠᠰᠤ ᠴᠢᠨᠠᠷ᠎ᠢ ᠬᠢᠨᠠᠨ ᠪᠠᠢᠴᠠᠭᠠᠬᠤ ᠵᠡᠷᠭᠡ ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠤᠭ᠍ᠰᠠᠨ ᠰᠠᠭᠤᠷᠢᠨ ᠳᠡᠭᠡᠷ᠎ᠡ ᠪᠣᠭᠣᠮᠲᠠ᠎ᠪᠠᠷ ᠥᠩᠭᠡᠷᠡᠬᠦ᠌ ᠭᠣᠭ᠍ᠴᠣᠭ᠎ᠠ᠎ᠶ᠋ᠢ ᠱᠢᠯᠢᠳᠡᠭ᠌ᠵᠢᠭᠦᠯᠵᠦ᠍᠂ ᠬᠠᠢᠯᠤᠭᠤᠷ ᠵᠣᠩᠰᠢ᠎ᠶ᠋ᠢᠨ ᠬᠢᠯᠢ᠎ᠳᠦ ᠲᠦᠷᠭᠡᠨ ᠣᠷᠣᠬᠤ᠎ᠶ᠋ᠢ ᠪᠠᠲᠤᠯᠠᠵᠤ᠂ ᠤᠯᠤᠰ᠎ᠤᠨ ᠳᠣᠲᠣᠭᠠᠳᠤ᠎ᠶ᠋ᠢᠨ ᠬᠠᠮᠢᠶ᠎ᠠ ᠪᠥᠬᠥᠶ ᠠᠵᠤ ᠦᠶ᠋ᠯᠡᠰ᠎ᠦᠨ ᠲᠣᠭ᠍ᠲᠠᠭᠤᠨ ᠬᠥᠭ᠌ᠵᠢᠯᠲᠡ᠎ᠳᠦ ᠬᠦᠴᠦᠨ ᠨᠡᠮᠡᠷᠢᠯᠡᠵᠦ᠍᠂ ᠳᠤᠮᠳᠠᠳᠤ ᠮᠣᠩᠭᠣᠯ᠎ᠤᠨ ᠠᠭᠤᠷᠬᠠᠶ᠎ᠶ᠋ᠢᠨ ᠭᠠᠷᠤᠯᠲᠠ᠎ᠶ᠋ᠢᠨ ᠠᠷᠠᠯᠵᠢᠶ᠎ᠠ᠎ᠶ᠋ᠢ ᠦᠷᠭᠦᠯᠵᠢᠯᠡᠨ ᠭᠦᠨᠵᠡᠭᠡᠢᠷᠡᠭᠦᠯᠬᠦ᠌᠎ᠶ᠋ᠢ ᠠᠬᠢᠭᠤᠯᠪᠠ ᠭᠡᠵᠡᠶ᠃

ᠡᠷᠢᠶᠡᠨ ᠬᠣᠲᠠ ᠬᠢᠯᠢ᠎ᠶ᠋ᠢᠨ ᠪᠣᠭᠣᠮᠲᠠ ᠨᠢ ᠳᠤᠮᠳᠠᠳᠤ ᠮᠣᠩᠭᠣᠯ᠎ᠤᠨ ᠬᠢᠯᠢ᠎ᠶ᠋ᠢᠨ ᠭᠤᠤᠯ ᠣᠷᠣᠨ ᠪᠠᠢᠷᠢ᠎ᠶ᠋ᠢᠨ ᠳᠠᠪᠠᠭᠤᠯᠢᠭ ᠲᠠᠭᠠᠨ ᠲᠦᠱᠢᠭ᠌ᠯᠡᠵᠦ᠂ ᠣᠯᠠᠨ ᠵᠢᠯ᠎ᠦᠨ ᠲᠤᠷᠰᠢ ᠮᠠᠨ᠎ᠤ ᠤᠯᠤᠰ᠎ᠤᠨ ᠮᠣᠩᠭᠣᠯ ᠤᠯᠤᠰ᠎ᠤᠨ ᠬᠠᠢᠯᠤᠭᠤᠷ ᠵᠣᠩᠰᠢ᠎ᠶ᠋ᠢ ᠭᠠᠳᠠᠭᠠᠳᠤ᠎ᠠᠴᠠ ᠣᠷᠣᠭᠤᠯᠬᠤ ᠴᠢᠬᠤᠯᠠ ᠵᠠᠮ ᠱᠤᠭᠤᠮ ᠪᠣᠯᠵᠦ᠂ ᠳᠥᠭᠥᠮ ᠳᠥᠲᠡ ᠪᠣᠭᠣᠮᠲᠠ ᠥᠩᠭᠡᠷᠡᠬᠦ᠌ ᠨᠥᠬᠥᠴᠡᠯ ᠪᠣᠯᠤᠨ ᠪᠦᠷᠢᠨ ᠲᠡᠭᠦᠯᠳᠡᠷ ᠦᠶ᠋ᠯᠡᠴᠢᠯᠡᠭᠡᠨ᠎ᠦ ᠪᠠᠲᠤᠯᠠᠭ᠎ᠠ᠎ᠪᠠᠷ᠎ᠢᠶᠠᠨ ᠳᠤᠮᠳᠠᠳᠤ ᠮᠣᠩᠭᠣᠯ᠎ᠤᠨ ᠠᠭᠤᠷᠬᠠᠶ᠎ᠶ᠋ᠢᠨ ᠭᠠᠷᠤᠯᠲᠠ᠎ᠶ᠋ᠢᠨ ᠠᠷᠠᠯᠵᠢᠶᠠᠨ᠎ᠤ 《ᠬᠦᠶ᠋ᠰᠦ ᠪᠡᠯᠴᠢᠷ》 ᠪᠣᠯᠵᠠᠶ᠃ ᠡᠨᠡ ᠵᠢᠯ 15 ᠲᠦᠮᠡᠨ ᠲᠣᠨ ᠬᠠᠢᠯᠤᠭᠤᠷ ᠵᠣᠩᠰᠢ᠎ᠶ᠋ᠢ ᠤᠷᠤᠭ᠍ᠰᠢᠲᠠᠢ ᠣᠷᠣᠭᠤᠯᠵᠤ᠂ ᠤᠯᠤᠰ᠎ᠤᠨ ᠳᠣᠲᠣᠭᠠᠳᠤ᠎ᠶ᠋ᠢᠨ ᠬᠠᠢᠯᠤᠭᠤᠷ ᠵᠣᠩᠰᠢ᠎ᠶ᠋ᠢᠨ ᠬᠠᠩᠭᠠᠯᠭ᠎ᠠ᠎ᠶ᠋ᠢᠨ ᠳᠤᠲᠠᠭᠤᠳᠠᠯ᠎ᠢ ᠪᠦᠲᠦᠮᠵᠢᠲᠡᠢ ᠨᠥᠬᠥᠪᠥᠷᠢᠯᠡᠵᠦ᠍᠂ ᠤᠯᠤᠰ᠎ᠤᠨ ᠳᠣᠲᠣᠭᠠᠳᠤ᠎ᠶ᠋ᠢᠨ ᠴᠢᠨᠠᠷ ᠰᠠᠢᠲᠠᠢ ᠬᠠᠢᠯᠤᠭᠤᠷ ᠵᠣᠩᠰᠢ᠎ᠶ᠋ᠢᠨ ᠡᠬᠢ ᠪᠠᠶᠠᠯᠢᠭ᠎ᠤᠨ ᠪᠠᠴᠢᠮ ᠪᠠᠢᠳᠠᠯ᠎ᠢ ᠨᠠᠮᠳᠠᠭᠤᠯᠤᠭ᠍ᠰᠠᠨ᠎ᠢᠶᠠᠷ ᠪᠠᠷᠠᠬᠤ ᠦᠬᠡᠢ ᠪᠠᠰᠠ ᠬᠣᠯᠪᠣᠭ᠍ᠳᠠᠯ ᠪᠦᠬᠦᠢ ᠠᠵᠤ ᠠᠬᠤᠢᠯᠠᠯ᠎ᠢ ᠬᠠᠪᠰᠤᠷᠤᠨ ᠦᠢᠯᠡᠳᠪᠦᠷᠢᠯᠡᠯ᠎ᠦᠨ ᠥᠪᠡᠷ᠎ᠦᠨ ᠦᠷᠳᠡᠭ᠎ᠢ ᠪᠠᠭᠤᠷᠠᠭᠤᠯᠵᠤ᠂ ᠵᠠᠬ᠎ᠠ ᠳᠡᠯᠭᠡᠭᠦᠷ᠎ᠦᠨ ᠦᠷᠢᠰᠦᠯᠳᠦᠬᠦ᠌ ᠬᠦᠴᠦᠨ᠎ᠢ ᠳᠡᠭᠡᠭ᠌ᠰᠢᠯᠡᠭᠦᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号