ᠡᠨᠡ ᠵᠢᠯ᠎ᠦᠨ ᠡᠬᠢᠨ ᠡᠴᠡ ᠲᠥᠪ᠎ᠦᠨ ᠪᠠ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ ᠡᠴᠡ 2 ᠳ᠋ᠦᠩᠱᠢᠭᠤᠷ ᠭᠠᠷᠤᠶ ᠲᠥᠭᠥᠷᠢᠭ᠎ᠦᠨ ᠪᠠᠯᠠ ᠮᠥᠩᠭᠥ᠌ ᠲᠣᠬᠢᠷᠠᠭᠤᠯᠵᠤ᠂ ᠪᠥᠬᠥ᠌ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ ᠨᠤᠷᠠᠬᠤ ᠠᠶᠤᠯᠲᠠᠶ ᠬᠡᠷ ᠪᠠᠢᠱᠢᠩ᠎ᠢ ᠥᠭᠡᠷᠡᠴᠢᠯᠡᠨ ᠱᠢᠨᠡᠳᠭᠡᠬᠦ᠌᠎ᠶ᠋ᠢ ᠳᠡᠮᠵᠢᠪᠠ᠃ ᠡᠭᠦᠨ᠎ᠳᠦ ᠲᠥᠪ᠎ᠦᠨ ᠡᠳ᠋᠎ᠦᠨ ᠵᠠᠰᠠᠭ᠎ᠠᠴᠠ ᠥᠪᠥᠷ ᠮᠣᠩᠭᠣᠯᠳ᠋ᠤ᠌ ᠬᠥᠳᠡᠭᠡ ᠲᠣᠰᠭᠣᠨ᠎ᠤ ᠨᠤᠷᠠᠬᠤ ᠠᠶᠤᠯᠲᠠᠶ ᠬᠡᠷ ᠪᠠᠢᠱᠢᠩ᠎ᠢ ᠥᠭᠡᠷᠡᠴᠢᠯᠡᠨ ᠱᠢᠨᠡᠳᠭᠡᠬᠦ᠌ ᠨᠥᠬᠥᠪᠥᠷᠢ ᠮᠥᠩᠭᠥ᠎ᠶ᠋ᠢ 15315 ᠲᠦᠮᠡᠨ ᠲᠥᠭᠥᠷᠢᠭ ᠪᠠᠭᠤᠯᠭᠠᠵᠤ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠳ᠋᠎ᠦᠨ ᠵᠠᠰᠠᠭ᠎ᠠᠴᠠ ᠪᠥᠬᠥ᠌ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ ᠨᠤᠷᠠᠬᠤ ᠠᠶᠤᠯᠲᠠᠶ ᠬᠡᠷ ᠪᠠᠢᠱᠢᠩ᠎ᠢ ᠥᠭᠡᠷᠡᠴᠢᠯᠡᠨ ᠱᠢᠨᠡᠳᠭᠡᠬᠦ᠌ ᠪᠠᠯᠠ ᠮᠥᠩᠭᠥ᠎ᠶ᠋ᠢ 5374 ᠲᠦᠮᠡᠨ ᠲᠥᠭᠥᠷᠢᠭ ᠲᠣᠬᠢᠷᠠᠭᠤᠯᠵᠤ᠂ ᠪᠠᠭᠤᠯᠭᠠᠭᠰᠠᠨ ᠪᠠᠯᠠ ᠮᠥᠩᠭᠥ᠎ᠶ᠋ᠢᠨ ᠬᠡᠪᠴᠢᠶ᠎ᠡ᠎ᠨᠢ ᠨᠢᠳᠤᠨᠤᠨ ᠤ᠋ ᠠᠳᠠᠯᠢ ᠬᠤᠭᠤᠴᠠᠭᠠᠨ᠎ᠤ᠎ᠬᠢ᠎ᠡᠴᠡ 80% ᠪᠠᠷ ᠨᠡᠮᠡᠭ᠌ᠳᠡᠵᠦ᠍᠂ ᠬᠠᠮᠤᠷᠬᠤ ᠡᠷᠦᠬᠡ᠎ᠶ᠋ᠢᠨ ᠲᠣᠭ᠎ᠠ (8958 ᠡᠷᠦᠬᠡ ᠢ᠋ᠢᠨ ᠨᠤᠷᠠᠬᠤ ᠠᠶᠤᠯᠲᠠᠶ ᠬᠡᠷ ᠪᠠᠢᠱᠢᠩ᠎ᠢ ᠥᠭᠡᠷᠡᠴᠢᠯᠡᠨ ᠱᠢᠨᠡᠳᠭᠡᠬᠦ᠌᠎ᠪᠡᠷ ᠲᠥᠯᠥᠪᠯᠡᠵᠦ᠍ ᠪᠣᠶ) ᠨᠢ ᠨᠢᠳᠤᠨᠤᠨ ᠤ᠋ ᠠᠳᠠᠯᠢ ᠬᠤᠭᠤᠴᠠᠭᠠᠨ᠎ᠤ ᠬᠢ᠎ᠡᠴᠡ 65% ᠪᠠᠷ ᠨᠡᠮᠡᠭ᠌ᠳᠡᠪᠡ᠃
2026 ᠣᠨ᠎ᠳᠤ ᠤᠯᠤᠰ᠎ᠠᠴᠠ ᠬᠥᠳᠡᠭᠡ ᠲᠣᠰᠭᠣᠨ᠎ᠤ ᠨᠤᠷᠠᠬᠤ ᠠᠶᠤᠯᠲᠠᠶ ᠬᠡᠷ ᠪᠠᠢᠱᠢᠩ᠎ᠢ ᠥᠭᠡᠷᠡᠴᠢᠯᠡᠨ ᠱᠢᠨᠡᠳᠭᠡᠬᠦ᠌᠎ᠶ᠋ᠢ ᠬᠠᠪᠰᠤᠷᠤᠨ ᠲᠡᠳᠬᠦᠬᠦ᠌ ᠲᠥᠷᠥ᠎ᠶ᠋ᠢᠨ ᠪᠣᠳᠣᠯᠭ᠎ᠠ᠎ᠶ᠋ᠢ ᠤᠯᠠᠮ ᠨᠢᠭᠡ ᠠᠯᠬᠤᠮ ᠱᠢᠯᠢᠳᠡᠭ᠌ᠵᠢᠭᠦᠯᠦᠨ ᠲᠡᠭᠦᠯᠳᠡᠷᠵᠢᠭᠦᠯᠵᠦ᠍᠂ ᠬᠥᠳᠡᠭᠡ ᠲᠣᠰᠭᠣᠨ᠎ᠤ ᠨᠤᠷᠠᠬᠤ ᠠᠶᠤᠯᠲᠠᠶ ᠬᠡᠷ ᠪᠠᠢᠱᠢᠩ᠎ᠢ ᠥᠭᠡᠷᠡᠴᠢᠯᠡᠨ ᠱᠢᠨᠡᠳᠭᠡᠬᠦ᠌᠎ᠶ᠋ᠢ ᠳᠡᠮᠵᠢᠬᠦ᠌ ᠡᠲᠡᠭᠡᠳ᠎ᠨᠢ ᠤᠤᠯ᠎ᠤᠨ ᠬᠥᠳᠡᠭᠡ ᠲᠣᠰᠭᠣᠨ᠎ᠤ ᠣᠷᠣᠯᠭ᠎ᠠ ᠪᠠᠭᠠᠲᠠᠶ ᠬᠥᠮᠦᠰ ᠵᠡᠷᠭᠡ 6 ᠲᠥᠷᠥᠯ᠎ᠦᠨ ᠭᠤᠤᠯᠳᠠᠯᠭ᠎ᠠ᠎ᠲᠠᠶ ᠡᠲᠡᠭᠡᠳᠪᠠᠢᠭᠰᠠᠨ ᠡᠴᠡ ᠬᠥᠳᠡᠭᠡ ᠲᠣᠰᠭᠣᠨ᠎ᠤ ᠳᠠᠬᠢᠨ ᠶᠠᠳᠠᠭᠤᠷᠠᠬᠤ᠎ᠶ᠋ᠢ ᠰᠡᠷᠭᠡᠢᠯᠡᠬᠦ ᠡᠲᠡᠭᠡᠳ᠂ ᠦᠷᠭᠦᠯᠵᠢᠯᠡᠨ ᠬᠠᠪᠰᠤᠷᠤᠨ ᠲᠡᠳᠬᠦᠵᠦ᠍ ᠪᠠᠢᠭ᠎ᠠ ᠤᠤᠯ᠎ᠤᠨ ᠺᠠᠷᠲᠯᠠᠵᠤ ᠲᠠᠩᠰᠠᠯᠠᠭᠰᠠᠨ ᠶᠠᠳᠠᠭᠤ᠎ᠠᠴᠠ ᠠᠩᠭᠢᠵᠢᠷᠠᠭ᠍ᠰᠠᠨ ᠬᠥᠮᠦᠨ ᠠᠮᠠ᠂ ᠬᠥᠳᠡᠭᠡ ᠲᠣᠰᠭᠣᠨ᠎ᠤ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ ᠭᠥᠷᠳᠡᠭ᠌ᠰᠡᠳ ᠵᠡᠷᠬᠡ᠎ᠵᠢ ᠬᠠᠮᠤᠷᠬᠤ ᠪᠤᠯᠪᠠ᠃ ᠮᠠᠯᠵᠢᠬᠤ ᠲᠠᠷᠢᠶᠠᠯᠠᠬᠤ ᠣᠷᠣᠨ᠎ᠤ ᠨᠤᠷᠠᠬᠤ ᠠᠶᠤᠯᠲᠠᠶ ᠬᠡᠷ ᠪᠠᠢᠱᠢᠩ᠎ᠢ ᠥᠭᠡᠷᠡᠴᠢᠯᠡᠨ ᠱᠢᠨᠡᠳᠭᠡᠬᠦ᠌ ᠪᠣᠯ ᠠᠷᠠᠳ᠎ᠤᠨ ᠠᠮᠢᠳᠤᠷᠠᠯ᠎ᠤᠨ ᠬᠣᠷᠢᠭ᠎ᠠ ᠱᠤᠭᠤᠮ᠎ᠢ ᠪᠠᠲᠤ ᠰᠠᠬᠢᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠡᠭᠦᠨ᠎ᠦ ᠲᠦᠯᠦᠭᠡ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠠᠴᠠ ᠪᠠᠯᠠ ᠮᠥᠩᠭᠥ᠎ᠶ᠋ᠢᠨ ᠣᠷᠣᠭᠤᠯᠤᠯᠲᠠ᠎ᠶ᠋ᠢᠨ ᠡᠷᠴᠢᠮ᠎ᠢᠶᠡᠨ ᠴᠢᠩᠭᠠᠷᠠᠭᠤᠯᠵᠤ᠂ ᠨᠤᠷᠠᠬᠤ ᠠᠶᠤᠯᠲᠠᠶ ᠬᠡᠷ ᠪᠠᠢᠱᠢᠩ᠎ᠢ ᠥᠭᠡᠷᠡᠴᠢᠯᠡᠨ ᠱᠢᠨᠡᠳᠭᠡᠬᠦ᠌ ᠠᠵᠢᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠵᠤ᠂ ᠬᠠᠮᠢᠶ᠎ᠠ ᠪᠥᠬᠥᠶ ᠪᠠᠯᠠ ᠮᠥᠩᠭᠥ᠎ᠶ᠋ᠢᠨ ᠬᠠᠮᠢᠶᠠᠷᠤᠯᠲᠠ᠎ᠶ᠋ᠢᠨ ᠠᠷᠭ᠎ᠠ᠎ᠳᠤ ᠵᠡᠷᠭᠡ᠎ᠪᠡᠷ ᠵᠠᠰᠠᠪᠤᠷᠢ ᠣᠷᠣᠭᠤᠯᠵᠤ᠂ ᠨᠤᠷᠠᠬᠤ ᠠᠶᠤᠯᠲᠠᠶ ᠬᠡᠷ ᠪᠠᠢᠱᠢᠩ᠎ᠢ ᠥᠭᠡᠷᠡᠴᠢᠯᠡᠨ ᠰᠢᠨᠡᠳᠭᠡᠵᠤ ᠠᠷᠠᠳ᠎ᠲᠤ ᠠᠱᠢᠭ ᠬᠦᠷᠲᠡᠭᠡᠬᠦ᠌ ᠪᠠᠯᠠ ᠮᠥᠩᠭᠥ᠎ᠶ᠋ᠢ ᠬᠠᠪᠰᠤᠷᠤᠨ ᠲᠡᠳᠬᠦᠬᠦ᠌ ᠴᠢᠬᠤᠯᠠᠲᠠᠶ ᠬᠦᠴᠢᠷᠳᠡᠯᠲᠡᠶ ᠣᠯᠠᠨ ᠲᠦᠮᠡᠨ᠎ᠳᠦ ᠣᠨᠣᠴᠠᠳᠠᠢ ᠬᠦᠷᠳᠡᠭᠡᠬᠦ ᠢ᠋ᠢ ᠪᠠᠳᠤᠯᠠᠵᠤ ᠪᠤᠢ᠃
2025 ᠣᠨ᠎ᠠᠴᠠ ᠨᠠᠭᠠᠰᠢ ᠥᠪᠥᠷ ᠮᠣᠩᠭᠣᠯ ᠠᠷᠠᠳ᠎ᠲᠤ ᠠᠱᠢᠭ ᠬᠦᠷᠲᠡᠭᠡᠬᠦ᠌ ᠡᠳ᠋᠎ᠦᠨ ᠵᠠᠰᠠᠭ᠎ᠤᠨ ᠨᠥᠬᠥᠪᠥᠷᠢ ᠣᠯᠭᠣᠬᠤ ᠠᠵᠢᠯ᠎ᠢ ᠯᠠᠪᠳᠠᠭᠤᠨ ᠪᠠᠲᠤᠲᠠᠶ ᠠᠬᠢᠭᠤᠯᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠲᠤ ᠠᠱᠢᠭ ᠬᠦᠷᠲᠡᠭᠡᠬᠦ᠌ ᠡᠳ᠋᠎ᠦᠨ ᠵᠠᠰᠠᠭ᠎ᠤᠨ ᠨᠥᠬᠥᠪᠥᠷᠢ᠎ᠶ᠋ᠢᠨ ᠲᠥᠷᠥᠯ ᠵᠦᠶ᠋ᠯ᠎ᠦᠨ ᠲᠣᠳᠣᠷᠬᠠᠶ ᠬᠠᠭᠤᠳᠠᠰᠤ》᠎ᠶ᠋ᠢ ᠨᠡᠢᠲᠡᠯᠡᠭ᠌ᠰᠡᠨ ᠪᠥᠭᠡᠳ ᠮᠠᠯᠵᠢᠬᠤ ᠲᠠᠷᠢᠶᠠᠯᠠᠬᠤ ᠣᠷᠣᠨ᠎ᠤ ᠨᠤᠷᠠᠬᠤ ᠠᠶᠤᠯᠲᠠᠶ ᠬᠡᠷ ᠪᠠᠢᠱᠢᠩ᠎ᠢ ᠥᠭᠡᠷᠡᠴᠢᠯᠡᠨ ᠱᠢᠨᠡᠳᠭᠡᠬᠦ᠌ ᠨᠥᠬᠥᠪᠥᠷᠢ ᠮᠥᠩᠭᠥ᠎ᠶ᠋ᠢ ᠡᠭᠦᠨ᠎ᠳᠦ ᠣᠷᠣᠭᠤᠯᠵᠤ᠂ ᠨᠥᠬᠥᠪᠥᠷᠢ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠦᠨᠳᠦᠰᠦᠯᠡᠯ᠂ ᠣᠯᠭᠣᠬᠤ ᠪᠠᠷᠢᠮᠵᠢᠶ᠎ᠠ᠂ ᠵᠥᠪᠯᠡᠯᠭᠡ ᠥᠭ᠌ᠬᠦ ᠠᠷᠭ᠎ᠠ ᠮᠠᠶᠢᠭ ᠵᠡᠷᠭᠡ ᠮᠡᠳᠡᠭᠡ ᠵᠠᠩᠭᠢ᠎ᠶ᠋ᠢ ᠪᠥᠬᠥ᠌ ᠲᠠᠯ᠎ᠠ᠎ᠪᠠᠷ ᠢᠯᠡ ᠪᠣᠯᠭᠠᠬᠤ᠎ᠪᠠᠷ ᠳᠠᠮᠵᠢᠨ᠂ ᠨᠤᠷᠠᠬᠤ ᠠᠶᠤᠯᠲᠠᠶ ᠬᠡᠷ ᠪᠠᠢᠱᠢᠩ᠎ᠢ ᠥᠭᠡᠷᠡᠴᠢᠯᠡᠨ ᠱᠢᠨᠡᠳᠭᠡᠬᠦ᠌ ᠠᠷᠠᠳ᠎ᠲᠤ ᠠᠱᠢᠭ ᠬᠦᠷᠲᠡᠭᠡᠬᠦ᠌ ᠲᠥᠷᠥ᠎ᠶ᠋ᠢᠨ ᠪᠣᠳᠣᠯᠭ᠎ᠠ᠎ᠶ᠋ᠢ ᠢᠯᠡ ᠪᠣᠯᠭᠠᠬᠤ ᠪᠠ ᠲᠤᠳᠤᠷᠬᠠᠢ ᠪᠣᠯᠭᠠᠬᠤ᠎ᠶ᠋ᠢ ᠠᠬᠢᠭᠤᠯᠪᠠ᠃