ᠲᠤᠰᠬᠠᠢ ᠮᠡᠷᠬᠡᠵᠢᠯᠳᠡᠨ ᠡᠴᠨ ᠥᠪᠡᠷᠲᠡᠭᠡᠨ ᠵᠠᠰᠠᠬᠤ ᠣᠷᠣᠨ᠎ᠤ 《ᠦᠷ᠎ᠡ ᠪᠣᠢᠵᠢᠭᠤᠯᠬᠤ》 ᠢᠨᠵᠧᠨᠧᠷᠢᠩ᠎ᠦᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠴᠢᠬᠤᠯᠠ ᠶᠡᠬᠡ ᠲᠦᠷᠦᠯ ᠵᠦᠢᠯ᠎ᠢ ᠬᠡᠷᠡᠭ᠌ᠵᠢᠭᠦᠯᠬᠦ᠌ ᠲᠥᠰᠦᠯ ᠢ᠋ ᠦᠨᠡᠯᠡᠨ ᠨᠤᠳᠠᠯᠠᠪᠠ
2026-05-25 11:04:36
ᠵᠣᠬᠢᠶᠠᠭ᠍ᠴᠢ᠄
ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

5 ᠰᠠᠷ᠎ᠠ᠎ᠶ᠋ᠢᠨ 12᠎ᠤ᠋ᠨ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠦᠷ᠎ᠡ ᠪᠣᠢᠵᠢᠭᠤᠯᠬᠤ》 ᠢᠨᠵᠧᠨᠧᠷᠢᠩ᠎ᠦᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠴᠢᠬᠤᠯᠠ ᠶᠡᠬᠡ ᠲᠦᠷᠦᠯ ᠵᠦᠢᠯ᠎ᠢ ᠬᠡᠷᠡᠭ᠌ᠵᠢᠭᠦᠯᠬᠦ᠌ ᠲᠥᠰᠦᠯ (ᠲᠠᠷᠢᠮᠠᠯ)᠎ᠢ᠋ ᠨᠤᠲᠠᠯᠠᠬᠤ ᠬᠤᠷᠠᠯ ᠬᠥᠬᠡᠬᠣᠲᠠ᠎ᠳᠤ ᠬᠤᠷᠠᠯᠳᠤᠪᠠ᠃

ᠬᠤᠷᠠᠯ ᠳᠡᠭᠡᠷ᠎ᠡ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ 《ᠦᠷ᠎ᠡ ᠪᠣᠢᠵᠢᠭᠤᠯᠬᠤ》 ᠢᠨᠵᠧᠨᠧᠷᠢᠩ᠎ᠦᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠴᠢᠬᠤᠯᠠ ᠶᠡᠬᠡ ᠲᠦᠷᠦᠯ ᠵᠦᠶ᠋ᠯ᠎ᠦᠨ ᠲᠠᠷᠢᠮᠠᠯ᠎ᠤᠨ ᠲᠤᠰᠭᠠᠶ ᠮᠡᠷᠭᠡᠵᠢᠯ᠎ᠤᠨ ᠠᠵᠢᠯ᠎ᠤᠨ ᠳᠤᠭᠤᠢᠯᠠᠩ᠎ᠤᠨ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠦᠷ᠎ᠡ ᠪᠣᠢᠵᠢᠭᠤᠯᠬᠤ〉 ᠢᠨᠵᠧᠨᠧᠷᠢᠩ᠎ᠦᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠴᠢᠬᠤᠯᠠ ᠶᠡᠬᠡ ᠲᠦᠷᠦᠯ ᠵᠦᠶ᠋ᠯ᠎ᠢ ᠬᠡᠷᠡᠭ᠌ᠵᠢᠭᠦᠯᠬᠦ᠌ ᠲᠥᠰᠦᠯ (ᠲᠠᠷᠢᠮᠠᠯ)》 ᠵᠢᠴᠢ ᠡᠷᠳᠡᠨᠢ ᠱᠢᠰᠢ᠂ ᠱᠢᠷ᠎ᠠ ᠪᠤᠷᠴᠠᠭ᠂ ᠲᠥᠮᠥᠰᠥ᠍᠂ ᠨᠡᠷᠡᠨ ᠬᠤᠸᠠᠷ᠂ ᠱᠢᠬᠢᠷ ᠯᠤᠤᠪᠠᠩ ᠵᠡᠷᠭᠡ ᠲᠠᠪᠤᠨ ᠶᠡᠬᠡ ᠭᠤᠤᠯᠳᠠᠯᠭ᠎ᠠ ᠲᠠᠶ ᠲᠠᠷᠢᠮᠠᠯ᠎ᠤᠨ ᠲᠤᠰᠬᠠᠢ ᠲᠦᠷᠦᠯ ᠵᠦᠶ᠋ᠯ᠎ᠢ ᠬᠡᠷᠡᠭ᠌ᠵᠢᠭᠦᠯᠬᠦ᠌ ᠲᠥᠰᠦᠯ᠎ᠦᠨ ᠲᠤᠬᠠᠶ ᠬᠠᠷᠢᠭᠤ ᠮᠡᠳᠡᠭᠦᠯᠦᠯᠲᠡ᠎ᠵᠢ ᠰᠤᠨᠤᠰᠤᠭᠰᠠᠨ ᠪᠦᠭᠡᠳ ᠦᠨᠡᠯᠡᠨ ᠨᠤᠳᠠᠯᠠᠵᠠᠢ᠃

ᠲᠤᠰᠭᠠᠢ ᠮᠡᠷᠭᠡᠵᠢᠯᠲᠡᠳ ᠪᠦᠬᠦ᠌ ᠣᠷᠣᠨ᠎ᠤ ᠲᠠᠷᠢᠮᠠᠯ᠎ᠤᠨ ᠦᠷ᠎ᠡ᠎ᠶ᠋ᠢᠨ ᠦᠢᠯᠡᠰ᠎ᠦᠨ ᠪᠠᠢᠯᠳᠤᠬᠤ ᠪᠤᠳᠤᠯᠭ᠎ᠠ᠎ᠶ᠋ᠢᠨ ᠬᠡᠷᠡᠭ᠌ᠴᠡᠭᠡ ᠱᠠᠭᠠᠷᠳᠠᠯᠭ᠎ᠠ᠂ ᠠᠵᠤ ᠦᠢᠯᠡᠰ᠎ᠦᠨ ᠬᠥᠭ᠌ᠵᠢᠯᠲᠡ᠎ᠶ᠋ᠢᠨ ᠳᠤᠲᠠᠭᠤᠳᠠᠯ᠂ ᠠᠮᠢᠳᠤ ᠪᠣᠳᠠᠰ᠎ᠤᠨ ᠦᠷ᠎ᠡ ᠪᠣᠢᠵᠢᠭᠤᠯᠬᠤ ᠪᠣᠭᠣᠮᠲᠠ ᠱᠢᠪᠲᠤᠯᠬᠤ ᠠᠷᠭ᠎ᠠ ᠵᠠᠮ᠂ ᠲᠤᠰᠭᠠᠢ ᠲᠦᠷᠦᠯ ᠵᠦᠢᠯ᠎ᠦᠨ ᠬᠡᠷᠡᠭ᠌ᠵᠢᠭᠦᠯᠦᠯᠲᠡ᠎ᠶ᠋ᠢ ᠨᠠᠢᠳᠠᠪᠤᠷᠢᠵᠢᠭᠤᠯᠬᠤ ᠵᠡᠷᠭᠡ ᠲᠠᠯ᠎ᠠ᠎ᠪᠠᠷ ᠲᠤᠰᠭᠠᠢ ᠮᠡᠷᠭᠡᠵᠢᠯ᠎ᠦᠨ ᠨᠤᠲᠠᠯᠠᠯᠲᠠ᠎ᠬᠢᠵᠦ᠂ ᠴᠢᠭᠯᠡᠬᠦᠯᠦᠯᠳᠦ ᠴᠢᠨᠠᠷᠲᠠᠢ ᠰᠠᠨᠠᠭᠤᠯᠭ᠎ᠠ ᠳᠤᠷᠠᠳᠴᠠᠢ᠃ ᠬᠡᠷᠡᠭ᠌ᠵᠢᠭᠦᠯᠬᠦ᠌ ᠲᠥᠰᠦᠯ᠎ᠦᠨ ᠶᠡᠷᠦᠩᠬᠡᠶ ᠬᠠᠷᠠᠯᠲᠠ᠂ ᠱᠠᠲᠤ ᠦᠶ᠎ᠡ᠎ᠶ᠋ᠢᠨ ᠡᠭᠦᠷᠭᠡ᠎ᠶ᠋ᠢᠨ ᠲᠣᠬᠢᠷᠠᠭᠤᠯᠤᠯᠲᠠ᠎ᠨᠢ ᠱᠢᠨᠵᠢᠯᠡᠬᠦ᠌ ᠤᠬᠠᠭᠠᠨᠴᠢ ᠪᠥᠭᠡᠳ ᠵᠦᠶ ᠵᠣᠬᠢᠰᠲᠠᠶ ᠪᠠᠢᠵᠤ᠂ ᠠᠮᠢᠳᠤ ᠪᠣᠳᠠᠰ᠎ᠤᠨ ᠡᠭᠦᠯᠳᠡᠷ ᠪᠣᠢᠵᠢᠭᠤᠯᠬᠤ ᠪᠣᠭᠣᠮᠲᠠ ᠱᠢᠪᠲᠤᠯᠬᠤ ᠴᠢᠭ᠌ᠯᠡᠯ᠎ᠨᠢ ᠪᠣᠳᠠᠲᠠᠶ᠎ᠲᠠᠶ ᠨᠡᠢᠴᠡᠵᠦ᠍᠂ ᠣᠲᠣ᠎ᠶ᠋ᠢᠨ ᠪᠠᠢᠭ᠎ᠠ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠰᠠᠭᠤᠷᠢ᠎ᠨᠢ ᠪᠠᠲᠤᠲᠠᠶ ᠪᠥᠭᠡᠳ ᠪᠦᠷᠢᠨ ᠲᠡᠭᠦᠯᠳᠡᠷ ᠪᠤᠢ᠃ ᠲᠤᠰ ᠲᠦᠰᠦᠯ ᠨᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠡᠯ᠎ᠡ ᠲᠥᠷᠥᠯ᠎ᠦᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠥᠯᠥᠪᠯᠡᠭᠡ᠎ᠲᠡᠶ ᠨᠢᠭ᠍ᠲᠠ ᠵᠣᠯᠭᠠᠯᠴᠠᠵᠤ᠂ ᠵᠣᠬᠢᠶᠠᠨ ᠪᠠᠢᠭᠤᠯᠤᠯᠳᠠ ᠬᠠᠮᠢᠶᠠᠷᠤᠯᠳᠠ ᠵᠢᠨ ᠱᠢᠰᠲ᠋ᠧᠮ ᠪᠠ ᠪᠠᠲᠤᠯᠠᠭ᠎ᠠ ᠵᠢᠨ ᠠᠷᠭ᠎ᠠ ᠬᠡᠮᠵᠢᠶ᠎ᠡ᠎ᠨᠢ ᠪᠦᠷᠢᠨ ᠲᠡᠭᠦᠯᠳᠡᠷ ᠪᠠᠢᠵᠤ᠂ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠂ ᠶᠡᠬᠡ ᠳᠡᠭᠡᠳᠦ ᠰᠤᠷᠭᠠᠭᠤᠯᠢ ᠵᠢᠴᠢ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠬᠦᠴᠦᠨ᠎ᠳᠦ ᠭᠦᠶ᠋ᠴᠡᠳ ᠲᠦᠱᠢᠭ᠌ᠯᠡᠨ᠂ ᠣᠲᠣ ᠦᠶ᠎ᠡ᠎ᠶ᠋ᠢᠨ ᠦᠷ᠎ᠡ᠎ᠶ᠋ᠢᠨ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠳᠤ ᠪᠠᠲᠤ ᠪᠠᠬᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠤᠯᠭᠠᠭᠤᠷᠢᠯᠠᠯ ᠬᠠᠩᠭᠠᠵᠤ᠂ ᠲᠥᠰᠦᠯ᠎ᠢ ᠤᠯᠠᠮ ᠨᠢᠭᠡ ᠠᠯᠬᠤᠮ ᠱᠢᠯᠢᠳᠡᠭ᠌ᠵᠢᠭᠦᠯᠦᠨ ᠲᠡᠭᠦᠯᠳᠡᠷᠵᠢᠭᠦᠯᠦᠭ᠌ᠰᠡᠨ᠎ᠦ ᠳᠠᠷᠠᠭ᠎ᠠ ᠳᠠᠷᠤᠶ ᠲᠦᠷᠭᠡᠨ ᠵᠣᠬᠢᠶᠠᠨ ᠪᠠᠢᠭᠤᠯᠵᠤ ᠬᠡᠷᠡᠭ᠌ᠵᠢᠭᠦᠯᠦᠨ᠎ᠠ ᠬᠡᠵᠦ ᠲᠤᠰᠭᠠᠶ ᠮᠡᠷᠭᠡᠵᠢᠯᠲᠡᠳ ᠰᠠᠨᠠᠯ ᠨᠢᠭᠡᠲᠡᠶ ᠦᠵᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号