ᠰᠤᠷᠪᠤᠯᠵᠢᠯᠠᠭ᠍ᠴᠢ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠡᠴᠡ ᠣᠢᠯᠠᠭᠠᠭ᠍ᠰᠠᠨ ᠢ᠋ᠶ᠋ᠡᠷ᠂ ᠥᠪᠥᠷ ᠮᠣᠩᠭᠣᠯ ᠤ᠋ᠨ ᠠᠩᠬᠠᠳᠠᠭ᠍ᠴᠢ 《ᠭᠤᠤᠯᠳᠠᠯᠭ᠎ᠠ ᠲᠠᠢ ᠱᠢᠩᠭᠡᠨ ᠲᠦᠯᠦᠪᠲᠦ ᠢᠳᠡᠭᠡᠨ ᠢ᠋ ᠰᠤᠯᠠ ᠪᠠᠷ ᠲᠡᠭᠡᠭᠡᠪᠦᠷᠢᠯᠡᠬᠦ ᠵᠥᠪᠱᠢᠶᠡᠷᠡᠯ ᠤ᠋ᠨ ᠦᠨᠡᠮᠯᠡᠯ》 ᠵᠢᠴᠢ ᠢᠵᠢ ᠪᠦᠷᠢᠳᠦᠭᠦᠯᠦᠭ᠌ᠰᠡᠨ 《ᠲᠡᠭᠡᠭᠡᠪᠦᠷᠢ ᠶ᠋ᠢᠨ ᠰᠠᠪᠠ ᠶ᠋ᠢᠨ ᠭᠡᠷᠡᠴᠢ》 ᠵᠢ ᠲᠦᠷᠦᠭᠦᠬᠡᠨ ᠤᠯᠠᠭᠠᠨᠬᠠᠳᠠ ᠬᠣᠲᠠ ᠶ᠋ᠢᠨ ᠬᠤᠩᠱᠠᠨ ᠲᠣᠭᠣᠷᠢᠭ ᠤ᠋ᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠡᠴᠡ ᠬᠢᠨᠠᠨ ᠲᠠᠷᠬᠠᠭᠠᠪᠠ᠃ ᠡᠨᠡ ᠨᠢ ᠱᠢᠨ᠎ᠡ ᠪᠡᠷ ᠵᠠᠰᠠᠪᠤᠷᠢ ᠣᠷᠣᠭᠤᠯᠤᠭ᠍ᠰᠠᠨ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠢᠳᠡᠭᠡᠨ ᠤ᠋ ᠠᠮᠤᠷ ᠲᠦᠪᠱᠢᠨ ᠤ᠋ ᠬᠠᠤᠯᠢ》 ᠳ᠋ᠤ ᠲᠣᠭ᠍ᠲᠠᠭᠠᠭ᠍ᠰᠠᠨ ᠭᠤᠤᠯᠳᠠᠯᠭ᠎ᠠ ᠲᠠᠢ ᠱᠢᠩᠭᠡᠨ ᠲᠦᠯᠦᠪᠲᠦ ᠢᠳᠡᠭᠡᠨ ᠢ᠋ ᠰᠤᠯᠠ ᠪᠡᠷ ᠲᠡᠭᠡᠭᠡᠪᠦᠷᠢᠯᠡᠬᠦ ᠵᠥᠪᠱᠢᠶᠡᠷᠡᠯ ᠤ᠋ᠨ ᠲᠦᠷᠢᠮ ᠢ᠋ ᠥᠪᠥᠷ ᠮᠣᠩᠭᠣᠯ ᠳ᠋ᠤ ᠨᠠᠢᠳᠠᠪᠤᠷᠢᠵᠢᠭᠤᠯᠤᠨ ᠬᠡᠷᠡᠭ᠌ᠵᠢᠭᠦᠯᠦᠭᠰᠡᠨ ᠢ᠋ ᠬᠠᠷᠠᠭᠤᠯᠵᠤ ᠪᠤᠢ᠃
ᠲᠣᠰ ᠤᠳᠠᠭ᠎ᠠ ᠶ᠋ᠢᠨ ᠵᠥᠪᠱᠢᠶᠡᠷᠡᠯ ᠤ᠋ᠨ ᠦᠨᠡᠮᠯᠡᠯ ᠣᠯᠭᠣᠬᠰᠠᠠ ᠨᠢ ᠥᠪᠥᠷ ᠮᠣᠩᠭᠣᠯ ᠤ᠋ᠨ ᠭᠤᠤᠯᠳᠠᠯᠭ᠎ᠠ ᠲᠠᠢ ᠱᠢᠩᠭᠡᠨ ᠲᠦᠯᠦᠪᠲᠦ ᠢᠳᠡᠭᠡᠨ ᠤ᠋ ᠲᠡᠭᠡᠭᠡᠪᠦᠷᠢ ᠶ᠋ᠢᠨ ᠡᠮᠬᠢ ᠵᠢᠷᠦᠮ ᠢ᠋ ᠵᠢᠷᠤᠮᠵᠢᠭᠤᠯᠵᠤ᠂ ᠢᠳᠡᠭᠡᠨ ᠤ᠋ ᠠᠮᠤᠷ ᠲᠦᠪᠱᠢᠨ ᠤ᠋ ᠰᠡᠷᠭᠡᠢᠯᠡᠯᠲᠡ ᠶ᠋ᠢᠨ ᠱᠤᠭᠤᠮ ᠢ᠋ ᠪᠡᠬᠢᠵᠢᠭᠦᠯᠬᠦ᠌ ᠵᠠᠩᠭᠢᠯᠠᠭ᠎ᠠ ᠶ᠋ᠢᠨ ᠠᠷᠭ᠎ᠠ ᠬᠡᠮᠵᠢᠶ᠎ᠡ ᠪᠣᠯᠤᠨ᠎ᠠ᠃ ᠤᠯᠠᠭᠠᠨᠬᠠᠳᠠ ᠬᠣᠲᠠ ᠶ᠋ᠢᠨ ᠬᠤᠩᠱᠠᠨ ᠲᠣᠭᠣᠷᠢᠭ ᠤ᠋ᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠶ᠋ᠢᠨ ᠬᠢᠨ ᠬᠠᠤᠯᠢ ᠳ᠋ᠤ ᠲᠣᠭ᠍ᠲᠠᠭᠠᠭ᠍ᠰᠠᠨ ᠵᠢᠷᠤᠮ ᠢ᠋ ᠴᠢᠩᠭ᠎ᠠ ᠨᠠᠢᠳᠠᠪᠤᠷᠢᠵᠢᠭᠤᠯᠵᠤ᠂ ᠰᠠᠨᠠᠭᠠᠴᠢᠯᠠᠭ᠎ᠠ ᠡᠴᠡ ᠪᠠᠨ ᠤᠷᠢᠳᠴᠢᠯᠠᠨ ᠦᠶ᠋ᠯᠡᠴᠢᠯᠡᠵᠦ᠍᠂ ᠲᠤᠰᠭᠠᠶ ᠬᠥᠮᠦᠨ ᠲᠣᠬᠢᠷᠠᠭᠤᠯᠤᠨ ᠠᠵᠤ ᠠᠬᠤᠢᠯᠠᠯ ᠲᠠᠢ ᠵᠣᠯᠭᠠᠭᠤᠯᠵᠤ᠂ ᠪᠥᠬᠥ᠌ ᠶᠠᠪᠤᠴᠠ ᠶ᠋ᠢᠨ ᠲᠤᠬᠠᠢᠯᠠᠭ᠍ᠰᠠᠨ ᠠᠵᠢᠯ ᠤ᠋ᠨ ᠵᠢᠯᠣᠭᠣᠳᠣᠯᠭ᠎ᠠ ᠬᠠᠩᠭᠠᠪᠠ᠃ ᠠᠵᠢᠯᠲᠡᠳ ᠡᠴᠡ ᠤᠯᠤᠰ ᠤ᠋ᠨ ᠪᠠᠷᠢᠮᠵᠢᠶ᠎ᠠ ᠲᠠᠢ ᠬᠠᠷᠢᠴᠠᠭᠤᠯᠵᠤ᠂ ᠲᠡᠭᠡᠭᠡᠪᠦᠷᠢ ᠶ᠋ᠢᠨ ᠰᠠᠪᠠ ᠶ᠋ᠢᠨ ᠠᠮᠤᠷ ᠲᠦᠪᠱᠢᠨ ᠤ᠋ ᠨᠥᠬᠥᠴᠡᠯ ᠢ᠋ ᠴᠢᠩᠭ᠎ᠠ ᠬᠢᠨᠠᠨ ᠪᠠᠢᠴᠠᠭᠠᠵᠤ᠂ ᠠᠵᠤ ᠠᠬᠤᠢᠯᠠᠯ ᠢ᠋ ᠬᠠᠮᠵᠢᠨ ᠢᠳᠡᠭᠡᠨ ᠤ᠋ ᠠᠮᠤᠷ ᠲᠦᠪᠱᠢᠨ ᠤ᠋ ᠬᠠᠮᠢᠶᠠᠷᠤᠯᠲᠠ ᠶ᠋ᠢᠨ ᠲᠦᠷᠢᠮ ᠢ᠋ ᠲᠡᠭᠦᠯᠳᠡᠷᠵᠢᠭᠦᠯᠵᠦ᠍᠂ ᠲᠤᠬᠠᠶ ᠶ᠋ᠢᠨ ᠲᠠᠯᠠᠪᠠᠶ ᠶ᠋ᠢᠨ ᠬᠢᠨᠠᠨ ᠪᠠᠢᠴᠠᠭᠠᠯᠲᠠ ᠵᠢ ᠥᠨᠳᠥᠷ ᠪᠦᠲᠦᠮᠵᠢᠲᠡᠶ ᠪᠡᠷ ᠪᠡᠶᠡᠯᠡᠭᠦᠯᠪᠡ᠃ ᠠᠵᠤ ᠠᠬᠤᠢᠯᠠᠯ ᠥᠪᠥᠷ ᠮᠣᠩᠭᠣᠯ ᠤ᠋ᠨ ᠶᠡᠷᠦᠩᠬᠡᠢᠯᠡᠭ᠌ᠰᠡᠨ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡᠨ ᠤ᠋ ᠲᠠᠪᠴᠠᠩ ᠢ᠋ᠶ᠋ᠡᠷ ᠳᠡᠮᠵᠢᠨ ᠪᠦᠷᠢᠨ ᠪᠦᠲᠦᠨ ᠭᠤᠶᠤᠴᠢᠯᠠᠯ ᠤ᠋ᠨ ᠮᠠᠲ᠋ᠧᠷᠢᠶᠠᠯ ᠢ᠋ᠶ᠋ᠡᠨ ᠲᠤᠱᠢᠶᠠᠭ᠍ᠰᠠᠨ ᠤ᠋ ᠳᠠᠷᠠᠭ᠎ᠠ᠂ ᠬᠢᠨᠠᠨ ᠵᠥᠪᠱᠢᠶᠡᠷᠡᠬᠦ᠌ ᠰᠠᠯᠠᠭ᠎ᠠ ᠮᠥᠴᠢᠷ ᠤ᠋ᠨ ᠬᠢᠨ ᠵᠥᠪᠬᠡᠨ 8 ᠠᠵᠢᠯᠯᠠᠬᠤ ᠡᠳᠦᠷ ᠤ᠋ᠨ ᠳᠣᠲᠣᠷ᠎ᠠ ᠪᠥᠬᠥ᠌ ᠬᠢᠨᠠᠨ ᠪᠠᠢᠴᠠᠭᠠᠬᠤ ᠶᠠᠪᠤᠴᠠ ᠵᠢ ᠪᠡᠶᠡᠯᠡᠭᠦᠯᠬᠦ᠌ ᠶ᠋ᠢᠨ ᠬᠠᠮᠲᠤ ᠭᠡᠷᠡᠴᠢ ᠦᠨᠡᠮᠯᠡᠯ ᠬᠢᠨᠠᠨ ᠲᠠᠷᠬᠠᠭᠠᠵᠤ᠂ 《ᠪᠥᠬᠥ᠌ ᠶᠠᠪᠤᠴᠠ ᠵᠢ ᠰᠦᠯᠵᠢᠶ᠎ᠡ ᠪᠡᠷ ᠭᠦᠶ᠋ᠴᠡᠳᠭᠡᠬᠦ᠌᠂ ᠥᠨᠳᠥᠷ ᠪᠦᠲᠦᠮᠵᠢᠲᠡᠶ ᠭᠦᠶ᠋ᠴᠡᠳᠭᠡᠵᠦ᠍ ᠳᠠᠭᠤᠰᠭᠠᠬᠤ》 ᠵᠢ ᠪᠡᠶᠡᠯᠡᠭᠦᠯᠵᠦ᠍᠂ ᠠᠵᠤ ᠠᠬᠤᠢᠯᠠᠯ ᠤ᠋ᠨ ᠠᠵᠢᠯ ᠶᠠᠪᠤᠳᠠᠯ ᠭᠦᠶ᠋ᠴᠡᠳᠭᠡᠬᠦ᠌ ᠥᠪᠡᠷ ᠤ᠋ᠨ ᠥᠷᠲᠡᠭ ᠢ᠋ ᠪᠠᠭᠤᠷᠠᠭᠤᠯᠤᠭ᠍ᠰᠠᠨ ᠮᠥᠷᠲᠡᠭᠡᠨ ᠪᠠᠰᠠ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡᠨ ᠤ᠋ ᠬᠦᠴᠦᠨ ᠴᠢᠳᠠᠪᠤᠷᠢ ᠵᠢ ᠳᠡᠭᠡᠭ᠌ᠰᠢᠯᠡᠭᠦᠯᠪᠡ᠃
ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠶ᠋ᠢᠨ ᠬᠠᠮᠢᠶ᠎ᠠ ᠪᠥᠬᠥᠶ ᠵᠠᠷᠯᠠᠯ ᠢ᠋ ᠦᠨᠳᠦᠰᠦᠯᠡᠪᠡᠯ᠂ 2026 ᠣᠨ ᠤ᠋ 7 ᠰᠠᠷ᠎ᠠ ᠶ᠋ᠢᠨ 1 ᠤ᠋ ᠡᠳᠦᠷ ᠡᠴᠡ ᠡᠬᠢᠯᠡᠨ᠂ 《ᠭᠤᠤᠯᠳᠠᠯᠭ᠎ᠠ ᠲᠠᠢ ᠱᠢᠩᠭᠡᠨ ᠲᠦᠯᠦᠪᠲᠦ ᠢᠳᠡᠭᠡᠨ ᠢ᠋ ᠰᠤᠯᠠ ᠪᠡᠷ ᠲᠡᠭᠡᠭᠡᠪᠦᠷᠢᠯᠡᠬᠦ ᠵᠥᠪᠱᠢᠶᠡᠷᠡᠯ ᠤ᠋ᠨ ᠦᠨᠡᠮᠯᠡᠯ》 ᠵᠢᠴᠢ ᠢᠵᠢ ᠪᠦᠷᠢᠳᠦᠭᠦᠯᠦᠭ᠌ᠰᠡᠨ 《ᠲᠡᠭᠡᠭᠡᠪᠦᠷᠢ ᠶ᠋ᠢᠨ ᠰᠠᠪᠠ ᠶ᠋ᠢᠨ ᠭᠡᠷᠡᠴᠢ》 ᠵᠢ ᠬᠠᠤᠯᠢ ᠶᠣᠰᠣᠭᠠᠷ ᠣᠯᠤᠭ᠍ᠰᠠᠨ ᠥᠬᠡᠶ ᠡᠵᠡᠩᠨᠡᠭ᠌ᠴᠢ ᠥᠪᠡᠷᠲᠡᠭᠡᠨ ᠵᠠᠰᠠᠬᠤ ᠣᠷᠣᠨ ᠤ᠋ ᠳᠣᠲᠣᠷ᠎ᠠ ᠤᠷᠭᠤᠮᠠᠯ ᠤ᠋ᠨ ᠲᠣᠰᠣ᠂ ᠠᠮᠲᠠ ᠣᠷᠣᠭᠤᠯᠬᠤ ᠡᠳ᠋᠂ ᠠᠷᠢᠬᠢᠨ ᠤ᠋ ᠵᠦᠶ᠋ᠯ ᠵᠡᠷᠭᠡ ᠭᠤᠤᠯᠳᠠᠯᠭ᠎ᠠ ᠲᠠᠢ ᠱᠢᠩᠭᠡᠨ ᠲᠦᠯᠦᠪᠲᠦ ᠢᠳᠡᠭᠡᠨ ᠢ᠋ ᠰᠤᠯᠠ ᠪᠡᠷ ᠲᠡᠭᠡᠭᠡᠪᠦᠷᠢᠯᠡᠵᠦ ᠪᠣᠯᠬᠤ ᠥᠬᠡᠶ᠃