《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠬᠢᠨᠠᠨ ᠲᠣᠭᠲᠠᠭᠠᠯᠲᠠ᠎ᠶᠢᠨ ᠬᠠᠮᠢᠶᠠᠷᠤᠯᠲᠠ᠎ᠶᠢᠨ ᠳᠦᠷᠢᠮ》 ᠢ᠋ ᠬᠡᠷᠡᠭᠵᠢᠭᠦᠯᠦᠭᠰᠡᠨ ᠨᠢᠭᠡ ᠵᠢᠯ᠎ᠤᠨ ᠲᠤᠷᠰᠢ ᠦᠪᠦᠷ ᠮᠤᠩᠭᠤᠯ ᠳᠥᠷᠪᠡᠨ ᠠᠷᠭ᠎ᠠ ᠬᠡᠮᠵᠢᠶ᠎ᠡ ᠪᠡᠷ ᠬᠠᠤᠯᠢ ᠴᠠᠭᠠᠵᠠ ᠢ᠋ᠢᠨ ᠬᠢᠨᠠᠨ ᠲᠤᠬᠲᠠᠭᠠᠯᠲᠠ ᠢ᠋ᠢᠨ ᠠᠵᠢᠯ ᠲᠥᠷᠦᠯ᠎ᠤᠨ ᠣᠯᠠᠨ ᠨᠡᠶ᠋ᠢᠲᠡ ᠢ᠋ᠢᠨ ᠢᠲᠡᠭᠡᠭᠦᠯᠬᠦ ᠬᠦᠴᠦᠨ᠎ᠢ ᠦᠨᠡᠨ ᠬᠦ᠌ ᠴᠢᠩᠭᠠᠷᠠᠭᠤᠯᠪᠠ
2026-05-25 16:45:59
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠬᠢᠨᠠᠨ ᠲᠣᠭᠲᠠᠭᠠᠯᠲᠠ᠎ᠶᠢᠨ ᠬᠠᠮᠢᠶᠠᠷᠤᠯᠲᠠ᠎ᠶᠢᠨ ᠳᠦᠷᠢᠮ 》 (ᠳᠣᠷᠣᠭ᠍ᠰᠢ 《ᠳᠦᠷᠢᠮ》 ᠭᠡᠵᠦ ᠲᠣᠪᠴᠢᠯᠠᠨ᠎ᠠ) ᠢ᠋ ᠬᠡᠷᠡᠭᠵᠢᠭᠦᠯᠦᠭᠰᠡᠨ ᠨᠢᠭᠡ ᠵᠢᠯ᠎ᠤᠨ ᠲᠤᠷᠰᠢ᠂ ᠪᠦᠭᠦ ᠣᠷᠣᠨ᠎ᠤ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠪᠠᠢᠭᠤᠯᠭ᠎ᠠ ᠨᠢ 《ᠳᠦᠷᠢᠮ》 ᠢ᠋ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠪᠠᠷ ᠬᠦᠲᠦᠯᠦᠮᠵᠢ ᠪᠤᠯᠭᠠᠵᠤ᠂ ᠵᠥᠪᠰᠢᠶᠡᠷᠡᠨ ᠣᠷᠤᠭᠤᠯᠬᠤ ᠪᠤᠭᠤᠮᠲᠠ ᠵᠢ ᠴᠢᠩᠭ᠎ᠠ ᠠᠳᠬᠤᠬᠤ᠂ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠬᠤ᠂ ᠪᠠᠷᠢᠮᠵᠢᠶ᠎ᠠ ᠲᠣᠭᠲᠠᠭᠠᠬᠤ᠂ ᠶᠠᠰᠤ ᠴᠢᠨᠠᠷ᠎ᠢ ᠳᠡᠭᠡᠭᠰᠢᠯᠡᠭᠦᠯᠭᠦ ᠳᠥᠷᠪᠡᠨ ᠲᠠᠯ᠎ᠠ᠎ᠳᠤ ᠵᠡᠷᠭᠡ᠎ᠪᠠᠷ ᠬᠦᠴᠦᠯᠡᠵᠦ᠂ ᠪᠦᠬᠦ ᠤᠷᠤᠨ᠎ᠤ ᠬᠠᠤᠯᠢ ᠴᠠᠭᠠᠵᠠ᠎ᠶᠢᠨ ᠬᠢᠨᠠᠨ ᠲᠣᠭᠲᠠᠭᠠᠯᠲᠠ᠎ᠶᠢᠨ ᠬᠠᠮᠢᠶᠠᠷᠤᠯᠲᠠ᠎ᠶᠢᠨ ᠦᠷ᠎ᠡ ᠪᠦᠲᠦᠭᠡᠯ ᠢ᠋ ᠪᠦᠬᠦ ᠲᠠᠯ᠎ᠠ ᠪᠡᠷ ᠲᠡᠭᠡᠭᠰᠢᠯᠡᠭᠦᠯᠵᠦ᠂ ᠠᠵᠢᠯ ᠲᠦᠷᠦᠯ᠎ᠤᠨ ᠤᠯᠠᠨ ᠨᠡᠢᠲᠡ ᠢ᠋ᠢᠨ ᠢᠲᠡᠭᠡᠭᠦᠯᠬᠦ ᠬᠦᠴᠦᠨ ᠢ᠋ ᠦᠨᠡᠨ᠎ᠬᠦ ᠴᠢᠩᠭᠠᠷᠠᠭᠤᠯᠪᠠ᠃

ᠵᠦᠪᠰᠢᠶᠡᠷᠡᠨ ᠤᠷᠤᠭᠤᠯᠬᠤ ᠪᠤᠭᠤᠮᠲᠠ ᠵᠢ ᠴᠢᠩᠭ᠎ᠠ ᠠᠳᠬᠤᠵᠦ᠂ 2025 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠲᠢᠩᠬᠢᠮ ᠨᠢ ᠬᠠᠤᠯᠢ ᠴᠠᠭᠠᠵᠠ᠎ᠶᠢᠨ ᠬᠢᠨᠠᠨ ᠲᠣᠭᠲᠠᠭᠠᠭ᠍ᠴᠢ ᠶ᠋ᠢᠨ ᠠᠵᠢᠯ ᠡᠷᠭᠢᠯᠡᠭᠦ ᠴᠢᠳᠠᠪᠤᠷᠢ᠎ᠶᠢ ᠠᠩᠬ᠎ᠠ ᠤᠳᠠᠭ᠎ᠠ ᠨᠢᠭᠡᠳᠦᠯᠲᠡᠢ ᠵᠣᠬᠢᠶᠠᠨ ᠪᠠᠢᠭᠤᠯᠤᠨ ᠬᠡᠷᠡᠭᠵᠢᠭᠦᠯᠵᠦ᠂ ᠺᠣᠮᠫᠢᠦ᠋ᠲᠧᠷᠴᠢᠯᠠᠭᠰᠠᠨ ᠰᠢᠯᠭᠠᠯᠲᠠ᠎ᠶᠢᠨ ᠭᠡᠯᠪᠡᠷᠢ᠎ᠶᠢ ᠬᠡᠷᠡᠭᠯᠡᠵᠡᠢ᠃ ᠰᠢᠯᠭᠠᠯᠲᠠ᠎ᠳᠤ 《ᠲᠠᠪᠴᠠᠩ + ᠰᠡᠳᠦᠪ᠎ᠦᠨ ᠬᠥᠮᠥᠷᠭᠡ》 ᠢ᠋ᠢᠨ ᠵᠠᠭᠪᠤᠷ᠎ᠢ ᠬᠡᠷᠡᠭᠵᠢᠭᠦᠯᠵᠦ᠂ ᠰᠢᠯᠭᠠᠭᠤᠯᠤᠭ᠍ᠴᠢ ᠲᠠᠯᠠᠪᠠᠢ᠎ᠳᠤ ᠣᠷᠣᠬᠤ᠎ᠳᠤ ᠬᠥᠮᠥᠨ᠎ᠤ ᠵᠢᠰᠦ᠎ᠶᠢ ᠢᠯᠭᠠᠨ ᠲᠠᠨᠢᠵᠤ᠂ ᠰᠢᠯᠭᠠᠯᠲᠠ᠎ᠶᠢᠨ ᠪᠦᠭᠦ ᠶᠠᠪᠤᠴᠠ᠎ᠶᠢ ᠰᠦᠯᠵᠢᠶ᠎ᠡ᠎ᠪᠠᠷ ᠬᠢᠨᠠᠨ ᠡᠵᠡᠮᠳᠡᠵᠦ᠂ ᠴᠢᠩᠭ᠎ᠠ ᠨᠢᠮᠪᠠᠢ ᠲᠥᠪ ᠭᠤᠤᠯᠴᠢ ᠪᠠᠢᠬᠤ᠎ᠶᠢ ᠦᠨᠡᠨ ᠬᠦ᠌ ᠪᠠᠲᠤᠯᠠᠪᠠ᠃ 203 ᠨᠡᠷ᠎ᠡ ᠮᠡᠲᠡᠭᠦᠯᠦᠭᠴᠢ 《ᠣᠯᠠᠨ ᠨᠡᠢᠲᠡ᠎ᠶᠢᠨ ᠰᠠᠭᠤᠷᠢ ᠮᠡᠳᠡᠯᠭᠡ᠎ᠶᠢᠨ ᠪᠢᠷ᠎ᠦᠨ ᠰᠢᠯᠭᠠᠯᠲᠠ + ᠲᠤᠰᠬᠠᠢ ᠮᠡᠷᠭᠡᠵᠢᠯᠲᠡᠨ᠎ᠦ ᠶᠡᠷᠦᠩᠬᠡᠢᠯᠡᠭᠰᠡᠨ ᠬᠢᠨᠠᠨ ᠲᠣᠭᠲᠠᠭᠠᠯᠲᠠ》 ᠢ᠋ᠢᠨ ᠳᠠᠪᠬᠤᠷ ᠰᠢᠯᠭᠠᠯᠲᠠ᠎ᠶᠢ ᠬᠦᠯᠢᠶᠡᠵᠦ᠂ 《ᠣᠷᠣᠬᠤ᠎ᠳᠤ ᠵᠠᠪᠠᠯ ᠰᠢᠯᠭᠠᠬᠤ᠂ ᠰᠢᠯᠢᠳᠡᠭ᠎ᠢ ᠨᠢ ᠰᠤᠩᠭᠤᠵᠤ ᠵᠥᠪᠰᠢᠶᠡᠷᠡᠨ ᠣᠷᠤᠭᠤᠯᠬᠤ》 ᠵᠢ ᠪᠡᠶᠡᠯᠡᠭᠦᠯᠵᠦ᠂ ᠲᠤᠰᠬᠠᠢ ᠮᠡᠷᠭᠡᠵᠢᠯ᠎ᠦᠨ ᠪᠠᠷᠢᠮᠵᠢᠶ᠎ᠠ᠎ᠶᠢ ᠡᠬᠢ ᠡᠭᠦᠰᠦᠯ᠎ᠠᠴᠠ ᠨᠢ ᠳᠡᠭᠡᠭᠰᠢᠯᠡᠭᠦᠯᠵᠡᠢ᠃

ᠠᠵᠢᠯ ᠲᠦᠷᠦᠯ᠎ᠤᠨ ᠬᠢᠨᠠᠨ ᠬᠠᠮᠢᠶᠠᠷᠤᠯᠲᠠ ᠵᠢ ᠴᠢᠩᠭᠠᠳᠬᠠᠵᠦ᠂ 《ᠳᠦᠷᠢᠮ》 ᠳ᠋ᠤ ᠰᠢᠨ᠎ᠡ ᠪᠡᠷ ᠨᠡᠮᠡᠭᠰᠡᠨ ᠵᠠᠰᠠᠭ ᠵᠠᠬᠢᠷᠭᠠᠨ᠎ᠤ ᠰᠢᠢᠳᠬᠡᠯ ᠲᠣᠷᠭᠠᠭᠤᠯᠢ᠎ᠶᠢᠨ ᠵᠦᠢᠯ ᠵᠤᠷᠪᠤᠰ ᠢ᠋ ᠴᠢᠩᠭ᠎ᠠ ᠬᠡᠷᠡᠭᠵᠢᠭᠦᠯᠦᠨ᠂ ᠨᠢᠭᠡ ᠵᠢᠯ᠎ᠤᠨ ᠲᠤᠷᠰᠢ᠂ ᠡᠯ᠎ᠡ ᠱᠠᠲᠤᠨ᠎ᠤ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠪᠠᠢᠭᠤᠯᠭ᠎ᠠ ᠨᠢ ᠬᠡᠷᠡᠭ ᠪᠠᠢᠪᠠᠯ ᠵᠠᠪᠠᠯ ᠪᠠᠢᠴᠠᠭᠠᠵᠤ᠂ ᠬᠠᠤᠯᠢ ᠶᠣᠰᠣᠭᠠᠷ ᠰᠢᠨ᠎ᠡ ᠲᠣᠷᠭᠠᠭᠤᠯᠢ᠎ᠶᠢᠨ ᠳᠦᠷᠢᠮ᠎ᠢ ᠬᠡᠷᠡᠭᠯᠡᠨ ᠳᠦᠷᠢᠮ᠎ᠢ ᠵᠦᠷᠢᠴᠡᠭᠰᠡᠨ ᠬᠢᠨᠠᠨ ᠲᠣᠭᠲᠠᠭᠠᠯᠲᠠ ᠬᠢᠭᠰᠡᠨ᠂ ᠲᠣᠭᠲᠠᠭᠠᠯ᠎ᠠᠴᠠ ᠵᠥᠷᠢᠴᠡᠨ ᠰᠦᠢᠳᠬᠡᠯ ᠬᠤᠷᠢᠶᠠᠭᠰᠠᠨ᠂ ᠬᠤᠳᠠᠯ ᠬᠠᠭᠤᠷᠮᠠᠭ᠎ᠢᠶᠠᠷ ᠰᠠᠨᠠᠯ ᠭᠠᠷᠭᠠᠭᠰᠠᠨ ᠵᠡᠷᠭᠡ ᠠᠰᠠᠭᠤᠳᠠᠯ᠎ᠢ ᠴᠢᠩᠭ᠎ᠠ ᠰᠢᠢᠳᠪᠦᠷᠢᠯᠡᠵᠦ᠂ ᠦᠢᠯᠡ ᠪᠠᠢᠳᠠᠯ ᠨᠢ ᠬᠦᠨᠳᠦ ᠨᠣᠴᠢᠲᠠᠢ ᠪᠠᠢᠪᠠᠯ ᠰᠢᠢᠳᠬᠡᠨ ᠵᠠᠯᠬᠠᠭᠠᠨ ᠴᠡᠭᠡᠷᠯᠡᠭᠦᠯᠵᠦ᠂ ᠠᠵᠢᠯ ᠲᠥᠷᠦᠯ᠎ᠤᠨ ᠬᠡᠪ ᠰᠤᠷᠲ᠌ᠠᠯ᠎ᠢ ᠦᠷᠭᠦᠯᠵᠢᠯᠡᠨ ᠴᠡᠪᠡᠷᠰᠢᠭᠦᠯᠪᠡ᠃

ᠪᠠᠷᠢᠮᠵᠢᠶ᠎ᠠ ᠳᠤᠬᠳᠠᠭᠠᠨ ᠮᠡᠷᠭᠡᠵᠢᠯ ᠎ᠦᠨ ᠦᠨᠳᠦᠰᠦᠯᠡᠯ ᠬᠠᠩᠭᠠᠵᠦ᠂ 2025 ᠣᠨ᠎ᠳᠤ᠂ ᠥᠪᠡᠷᠲᠡᠭᠡᠨ ᠵᠠᠰᠠᠬᠤ ᠣᠷᠣᠨ᠎ᠠᠴᠠ 《ᠲᠠᠯ᠎ᠠ ᠨᠤᠲᠤᠭ᠎ᠤᠨ ᠠᠮᠢ ᠠᠬᠤᠢ᠎ᠶᠢᠨ ᠣᠷᠴᠢᠨ ᠲᠣᠭᠣᠷᠢᠨ᠎ᠢ ᠬᠣᠬᠢᠷᠠᠭᠤᠯᠤᠭᠰᠠᠨ ᠬᠠᠤᠯᠢ ᠴᠠᠭᠠᠵᠠ᠎ᠶᠢᠨ ᠬᠢᠨᠠᠨ ᠲᠣᠭᠲᠠᠭᠠᠯᠲᠠ ᠬᠢᠬᠦ ᠮᠡᠷᠭᠡᠵᠢᠯ᠎ᠤᠨ ᠵᠢᠷᠤᠮᠵᠢᠯ》 ᠪᠠ 《ᠠᠮᠢ ᠠᠬᠤᠢ᠎ᠶᠢᠨ ᠬᠣᠬᠢᠷᠠᠯ᠎ᠤᠨ ᠬᠡᠭᠡᠷ᠎ᠡ ᠭᠠᠳᠠᠨᠠᠬᠢ ᠪᠠᠢᠴᠠᠭᠠᠯᠲᠠ᠎ᠶᠢᠨ ᠥᠯᠢᠭᠡᠷ ᠭᠠᠵᠠᠷ᠎ᠢ ᠲᠣᠭᠲᠠᠭᠠᠬᠤ ᠪᠠ ᠥᠯᠢᠭᠡᠷ ᠳᠥᠷᠪᠡᠯᠵᠢᠨ᠎ᠢ ᠪᠠᠢᠷᠢᠯᠠᠭᠤᠯᠬᠤ ᠮᠡᠷᠭᠡᠵᠢᠯ᠎ᠤᠨ ᠳᠦᠷᠢᠮ》 ᠭᠡᠬᠦ ᠬᠣᠶᠠᠷ ᠵᠦᠢᠯ᠎ᠤᠨ ᠣᠷᠣᠨ ᠨᠤᠲᠤᠭ᠎ᠤᠨ ᠪᠠᠷᠢᠮᠵᠢᠶ᠎ᠠ᠎ᠶᠢ ᠨᠡᠢᠲᠡᠯᠡᠬᠦ᠎ᠶᠢ ᠠᠬᠢᠭᠤᠯᠵᠤ᠂ ᠪᠦᠭᠦ ᠤᠯᠤᠰ᠎ᠤᠨ ᠬᠡᠪᠴᠢᠶᠡᠨ᠎ᠳᠠᠬᠢ ᠨᠤᠲᠤᠭ ᠪᠡᠯᠴᠢᠭᠡᠷ᠎ᠤᠨ ᠠᠮᠢ ᠠᠬᠤᠢ᠎ᠶᠢᠨ ᠬᠣᠬᠢᠷᠠᠯ᠎ᠢ ᠬᠢᠨᠠᠨ ᠲᠣᠭᠲᠠᠭᠠᠬᠤ ᠬᠦᠷᠢᠶᠡᠨ᠎ᠳᠤ ᠣᠷᠳᠤ ᠬᠤᠭᠤᠴᠠᠭ᠎ᠠ᠎ᠪᠠᠷ ᠨᠢᠭᠡᠳᠦᠯᠲᠡᠢ ᠮᠡᠷᠭᠡᠵᠢᠯ᠎ᠤᠨ ᠦᠨᠳᠦᠰᠦᠯᠡᠯ ᠲᠤᠲᠠᠭᠳᠠᠵᠤ ᠪᠠᠢᠭᠰᠠᠨ ᠬᠣᠭᠣᠰᠤᠨ᠎ᠢ ᠨᠥᠬᠥᠪᠦᠷᠢᠯᠡᠵᠦ᠂ ᠨᠤᠲᠤᠭ ᠪᠡᠯᠴᠢᠭᠡᠷ᠎ᠤᠨ ᠡᠪᠳᠡᠭᠳᠡᠯ᠎ᠤᠨ ᠬᠡᠮᠵᠢᠶ᠎ᠡ᠎ᠶᠢ ᠮᠠᠭᠠᠳᠯᠠᠨ ᠲᠣᠭᠲᠠᠭᠠᠵᠤ᠂ ᠠᠮᠢ ᠠᠬᠤᠢ᠎ᠶᠢᠨ ᠬᠣᠬᠢᠷᠠᠯ᠎ᠢ ᠦᠨᠡᠯᠡᠨ ᠵᠢᠱ᠌ᠢᠬᠦ ᠶᠠᠪᠤᠳᠠᠯ ᠡᠭᠦᠨ ᠠ᠋ᠴᠠ ᠡᠬᠢᠯᠡᠨ ᠰᠢᠨᠵᠢᠯᠡᠬᠦ ᠤᠬᠠᠭᠠᠨᠴᠢ 《ᠥᠪᠥᠷ ᠮᠣᠩᠭᠣᠯ᠎ᠤᠨ ᠪᠠᠷᠢᠮᠵᠢᠶ᠎ᠠ》 ᠲᠠᠢ ᠪᠣᠯᠪᠠ᠃

ᠶᠠᠰᠤ ᠴᠢᠨᠠᠷ᠎ᠤᠨ ᠬᠠᠮᠢᠶᠠᠷᠤᠯᠲᠠ ᠵᠢ ᠴᠢᠩᠭᠠᠳᠬᠠᠵᠦ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠲᠢᠩᠬᠢᠮ ᠨᠢ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠎ᠲᠠᠢ ᠬᠠᠮᠲᠤᠷᠠᠨ᠂ ᠭᠣᠣᠯᠳᠠᠯᠭ᠎ᠠ᠎ᠲᠠᠢ ᠬᠢᠨᠠᠨ ᠲᠣᠭᠲᠠᠭᠠᠬᠤ ᠪᠠᠢᠭᠤᠯᠤᠮᠵᠢ᠎ᠳᠤ 《ᠬᠣᠶᠠᠷ᠎ᠢ ᠲᠣᠬᠢᠶᠠᠯᠳᠤᠯ᠎ᠢᠶᠠᠷ ᠬᠢᠬᠦ᠂ ᠨᠢᠭᠡ᠎ᠶᠢ ᠢᠯᠡ ᠪᠤᠯᠭᠠᠬᠤ》 ᠬᠢᠨᠠᠯᠲᠠ ᠪᠠᠢᠴᠠᠭᠠᠯᠲᠠ᠎ᠶᠢ ᠥᠷᠨᠢᠭᠦᠯᠵᠦ᠂ ᠪᠦᠭᠦ ᠶᠠᠪᠤᠴᠠ᠎ᠳᠤ 《ᠪᠡᠶ᠎ᠡ᠎ᠶᠢᠨ ᠪᠠᠢᠴᠠᠭᠠᠯᠲᠠ》 ᠬᠢᠪᠡ᠃ ᠡᠭᠦᠨ᠎ᠤ ᠬᠠᠮᠲᠤ᠂ ᠠᠩᠬ᠎ᠠ ᠤᠳᠠᠭ᠎ᠠ ᠪᠦᠭᠦ ᠣᠷᠣᠨ᠎ᠤ ᠬᠠᠤᠯᠢ ᠴᠠᠭᠠᠵᠠ᠎ᠶᠢᠨ ᠬᠢᠨᠠᠨ ᠲᠣᠭᠲᠠᠭᠠᠬᠤ ᠪᠢᠴᠢᠭ ᠬᠠᠷ᠎ᠠ᠎ᠶᠢ ᠲᠥᠪᠯᠡᠷᠡᠭᠦᠯᠦᠨ ᠦᠨᠡᠯᠡᠨ ᠪᠠᠢᠴᠠᠭᠠᠬᠤ᠎ᠶᠢ ᠵᠣᠬᠢᠶᠠᠨ ᠪᠠᠢᠭᠤᠯᠵᠤ᠂ 300 ᠭᠠᠷᠤᠢ ᠬᠡᠷᠡᠭ᠎ᠤᠨ ᠡᠪᠬᠡᠮᠡᠯ᠎ᠢ ᠨᠢᠭᠡᠳ ᠨᠢᠭᠡ᠎ᠪᠠᠷ ᠦᠨᠡᠯᠡᠬᠦ᠎ᠶᠢᠨ ᠬᠠᠮᠲᠤ᠂ ᠲᠤᠰᠬᠠᠢ ᠰᠡᠳᠦᠪᠲᠦ ᠪᠣᠯᠪᠠᠰᠤᠷᠠᠯ ᠪᠠ ᠴᠡᠭᠴᠡᠯᠡᠨ ᠰᠠᠢᠵᠢᠷᠠᠭᠤᠯᠵᠤ ᠱᠠᠯᠠᠪᠲᠠᠭᠤᠯᠤᠨ ᠬᠢᠨᠠᠨ ᠵᠢᠯᠤᠭᠣᠳᠬᠤ᠎ᠶᠢ ᠥᠷᠨᠢᠭᠦᠯᠪᠡ᠃ ᠵᠥᠪᠰᠢᠶᠡᠷᠡᠨ ᠣᠷᠤᠭᠤᠯᠬᠤ᠎ᠠᠴᠠ ᠠᠵᠢᠯ ᠡᠷᠭᠢᠯᠡᠭᠦ ᠭᠦᠷᠲᠡᠯ᠎ᠡ᠂ ᠪᠢᠴᠢᠭ ᠮᠠᠲᠧᠷᠢᠶᠠᠯ᠎ᠠᠴᠠ ᠲᠠᠰ ᠳᠠᠷᠠᠭᠠᠯᠠᠯ ᠭᠦᠷᠲᠡᠯ᠎ᠡ᠂ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ᠎ᠶᠢᠨ ᠲᠣᠣᠷ ᠢ᠋ ᠲᠠᠰᠤᠷᠠᠯᠲᠠ ᠦᠭᠡᠢ ᠨᠢᠭ᠍ᠲᠠ ᠰᠦᠯᠵᠢᠪᠡ᠃

ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠲᠢᠩᠬᠢᠮ᠎ᠤᠨ ᠬᠢᠨ ᠲᠠᠷᠠᠭᠠᠴᠢ ᠪᠡᠷ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠬᠢᠨᠠᠨ ᠲᠣᠭᠲᠠᠭᠠᠯᠲᠠ᠎ᠶᠢᠨ ᠵᠠᠰᠠᠭ ᠵᠠᠬᠢᠷᠭᠠᠨ᠎ᠤ ᠰᠢᠢᠳᠬᠡᠯ ᠲᠣᠷᠭᠠᠭᠤᠯᠢ᠎ᠶᠢᠨ ᠲᠠᠰᠤᠯᠤᠯᠲᠠ᠎ᠶᠢᠨ ᠰᠠᠭᠤᠷᠢ ᠪᠠᠷᠢᠮᠵᠢᠶ᠎ᠠ》 ᠵᠢ ᠲᠦᠷᠭᠡᠳᠬᠡᠨ ᠨᠡᠢᠲᠡᠯᠡᠵᠦ᠂ ᠠᠯᠳᠠᠭ᠎ᠠ ᠪᠠ ᠲᠣᠷᠭᠠᠭᠤᠯᠢ᠎ᠶᠢ ᠲᠡᠩᠴᠡᠭᠦᠯᠬᠦ᠂ ᠲᠠᠰᠤᠯᠤᠯᠲᠠ ᠨᠢ ᠦᠨᠳᠦᠰᠦᠯᠡᠯ᠎ᠲᠠᠢ ᠪᠠᠢᠬᠤ᠎ᠶᠢ ᠦᠨᠡᠨ ᠬᠦ᠌ ᠪᠠᠲᠤᠯᠠᠬᠤ ᠢ᠋ᠢᠨ ᠬᠠᠮᠲᠦ᠂《ᠬᠠᠤᠯᠢ ᠴᠠᠭᠠᠵᠠ᠎ᠶᠢᠨ ᠬᠢᠨᠠᠨ ᠲᠣᠭᠲᠠᠭᠠᠯᠲᠠ ᠎ᠶᠢᠨ ᠠᠵᠢᠯ ᠲᠥᠷᠦᠯ᠎ᠤᠨ ᠴᠢᠨᠠᠷ ᠰᠠᠢᠲᠠᠢ ᠬᠥᠭᠵᠢᠯᠲᠡ ᠶ᠋ᠢ ᠠᠬᠢᠭᠤᠯᠬᠤ ᠲᠤᠬᠠᠢ ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ ᠎ᠤ ᠬᠠᠤᠯᠢ ᠴᠠᠭᠠᠵᠠ᠎ᠶᠢᠨ ᠲᠢᠩᠬᠢᠮ᠎ᠤᠨ ᠵᠢᠯᠤᠭᠣᠳᠬᠤ ᠰᠠᠨᠠᠯ》 ᠢ᠋ ᠵᠡᠷᠭᠡ᠎ᠳᠤᠨᠢ ᠲᠣᠭᠲᠠᠭᠠᠨ ᠳᠠᠷᠤᠮᠠᠯᠯᠠᠨ ᠲᠠᠷᠬᠠᠭᠠᠵᠦ᠂ ᠪᠦᠭᠦ ᠣᠷᠣᠨ᠎ᠤ ᠬᠠᠤᠯᠢ ᠴᠠᠭᠠᠵᠠ᠎ᠶᠢᠨ ᠬᠢᠨᠠᠨ ᠲᠣᠭᠲᠠᠭᠠᠯᠲᠠ᠎ᠶᠢᠨ ᠦᠢᠯᠡᠰ᠎ᠤᠨ ᠵᠢᠷᠤᠮᠵᠢᠬ᠍ᠰᠠᠨ ᠠᠵᠢᠯᠯᠠᠭᠠᠨ ᠡᠴᠡ ᠴᠢᠨᠠᠷ ᠰᠠᠢᠲᠠᠢ ᠬᠥᠭᠵᠢᠯᠲᠡ ᠲᠡᠢᠰᠢ ᠲᠠᠰᠤᠷᠠᠯᠲᠠ ᠦᠭᠡᠢ ᠤᠷᠤᠭᠰᠢᠯᠠᠬᠤ᠎ᠶᠢ ᠠᠬᠢᠭᠤᠯᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号