ᠵᠠᠰᠠᠭ ᠵᠠᠬᠢᠷᠭᠠᠨ ᠤ᠋ ᠬᠠᠤᠯᠢ ᠬᠡᠷᠡᠭᠵᠢᠭᠦᠯᠦᠯᠳᠡ ᠶ᠋ᠢᠨ ᠦᠢᠯᠡᠴᠢᠯᠡᠭᠡᠨ ᠤ᠋ ᠶᠠᠰᠤ ᠴᠢᠨᠠᠷ ᠪᠠ ᠦᠷ᠎ᠠ ᠪᠦᠲᠦᠮᠵᠢ ᠶ᠋ᠢ ᠳᠡᠭᠡᠭᠰᠢᠯᠡᠭᠦᠯᠬᠦ ᠶ᠋ᠢᠨ ᠲᠦᠯᠦᠭᠡ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠤᠢᠷ᠎ᠠ ᠳ᠋ᠤ ᠪᠦᠬᠦ ᠤᠷᠤᠨ ᠤ᠋ ᠡᠮ ᠤ᠋ᠨ ᠵᠦᠢᠯᠡᠰ᠂ ᠡᠮᠴᠢᠯᠡᠭᠡᠨ ᠤ᠋ ᠪᠠᠭᠠᠵᠢ ᠬᠡᠷᠡᠭᠰᠡᠯ ᠪᠠ ᠭᠤᠶᠤᠯᠠᠯ ᠤ᠋ᠨ ᠡᠳ᠋ ᠦᠢᠯᠡᠳᠪᠤᠷᠢᠯᠡᠵᠤ ᠡᠵᠡᠩᠨᠡᠬᠦ ᠠᠵᠤ ᠠᠬᠤᠢᠯᠠᠯ ᠳ᠋ᠤ ᠬᠠᠨᠳᠤᠭᠤᠯᠤᠭᠰᠠᠨ ᠬᠠᠤᠯᠢ ᠴᠠᠭᠠᠵᠠ ᠶ᠋ᠢᠨ 《ᠳᠤᠭᠳᠠᠭᠠᠯ ᠳ᠋ᠤ ᠨᠡᠢᠴᠡᠭᠦᠯᠬᠦ ᠵᠦᠪᠯᠡᠭᠴᠢ》 ᠬᠢᠭᠡᠳ 《ᠵᠢᠯᠤᠭᠤᠳᠤᠭᠴᠢ》 ᠶ᠋ᠢᠨ ᠦᠢᠯᠡᠴᠢᠯᠡᠭᠡ ᠭᠠᠷᠭᠠᠪᠠ᠃
ᠲᠤᠰ ᠦᠢᠯᠡᠴᠢᠯᠡᠭᠡ ᠨᠢ 《ᠨᠢᠭᠡ ᠨᠢᠭᠡ ᠪᠡᠷ ᠬᠠᠷᠢᠯᠴᠠᠬᠤ᠂ ᠨᠢᠭᠤᠷᠳᠠᠨ ᠦᠢᠯᠡᠴᠢᠯᠡᠬᠦ》 ᠪᠡᠷ ᠭᠤᠤᠯ ᠤᠨᠴᠠᠯᠢᠭ ᠪᠤᠯᠭᠠᠨ᠂ ᠡᠮ ᠤ᠋ᠨ ᠵᠦᠢᠯᠡᠰ᠂ ᠡᠮᠴᠢᠯᠡᠭᠡᠨ ᠤ᠋ ᠪᠠᠭᠠᠵᠢ ᠬᠡᠷᠡᠭᠰᠡᠯ ᠪᠠ ᠭᠤᠶᠤᠯᠠᠯ ᠤ᠋ᠨ ᠡᠳ᠋ ᠦᠢᠯᠡᠳᠪᠤᠷᠢᠯᠡᠵᠤ ᠡᠵᠡᠩᠨᠡᠬᠦ ᠠᠵᠤ ᠠᠬᠤᠢᠯᠠᠯ ᠤ᠋ᠨ ᠦᠢᠯᠡᠳᠪᠤᠷᠢᠯᠡᠯ ᠡᠵᠡᠩᠨᠡᠯᠳᠡ ᠶ᠋ᠢᠨ ᠪᠦᠬᠦ ᠬᠡᠯᠬᠢᠶ᠎ᠠ ᠳ᠋ᠤ ᠠᠩᠬᠠᠷᠤᠯ ᠶ᠋ᠢᠡᠨ ᠲᠦᠪᠯᠡᠷᠡᠭᠦᠯᠵᠤ᠂ ᠬᠠᠤᠯᠢ ᠴᠠᠭᠠᠵᠠ ᠶ᠋ᠢᠨ ᠳᠤᠭᠳᠠᠭᠠᠯ ᠳ᠋ᠤ ᠨᠡᠢᠴᠡᠭᠦᠯᠬᠦ ᠬᠠᠮᠢᠶᠠᠷᠤᠯᠳᠠ ᠳ᠋ᠡᠬᠢ ᠬᠦᠨᠳᠡᠭᠦᠷ ᠴᠡᠭ ᠪᠠ ᠲᠦᠪᠡᠭ ᠠᠰᠠᠭᠤᠳᠠᠯ᠂ ᠢᠯᠠᠩᠭᠤᠶ᠎ᠠ ᠦᠢᠯᠡᠳᠪᠤᠷᠢᠯᠡᠯ ᠡᠵᠡᠩᠨᠡᠯᠳᠡ ᠶ᠋ᠢᠨ ᠭᠤᠭᠴᠤᠭᠠᠨ ᠤ᠋ ᠲᠤᠰᠬᠠᠢ ᠮᠡᠷᠭᠡᠵᠢᠯ ᠤ᠋ᠨ ᠳᠦᠷᠢᠮᠵᠢᠯ ᠬᠢᠭᠡᠳ ᠬᠠᠤᠯᠢ ᠴᠠᠭᠠᠵᠠ ᠳ᠋ᠤ ᠳᠤᠬᠢᠷᠠᠬᠤ ᠠᠰᠠᠭᠤᠳᠠᠯ ᠳ᠋ᠤ ᠴᠢᠭᠯᠡᠭᠦᠯᠦᠨ᠂ ᠨᠢᠭᠡ ᠨᠢᠭᠡ ᠪᠡᠷ ᠬᠠᠷᠠᠭᠠᠯᠵᠠᠭᠰᠠᠨ ᠤᠳᠠᠰᠤ ᠪᠡᠷ ᠲᠠᠢᠯᠪᠤᠷᠢᠯᠠᠬᠤ ᠬᠢᠭᠡᠳ ᠬᠠᠤᠯᠢ ᠴᠠᠭᠠᠵᠠ ᠶ᠋ᠢᠨ ᠵᠦᠪᠯᠡᠯᠭᠡ ᠦᠭᠬᠦ ᠦᠢᠯᠡᠴᠢᠯᠡᠭᠡ ᠬᠠᠩᠭᠠᠵᠤ᠂ ᠠᠵᠤ ᠠᠬᠤᠢᠯᠠᠯ ᠤ᠋ᠨ ᠬᠡᠷᠡᠭᠴᠡᠭᠡ ᠱᠠᠭᠠᠷᠳᠠᠯᠭ᠎ᠠ ᠳ᠋ᠤ ᠳᠠᠷᠤᠢ ᠲᠦᠷᠭᠡᠨ ᠬᠠᠷᠢᠭᠤᠯᠳᠠ ᠦᠭᠴᠤ᠂ ᠬᠠᠤᠯᠢ ᠳᠤᠭᠳᠠᠭᠠᠯ ᠤ᠋ᠨ ᠬᠢᠵᠠᠭᠠᠷ ᠱᠤᠭᠤᠮ ᠢ᠋ ᠲᠤᠳᠤᠷᠬᠠᠢᠯᠠᠨ᠂ ᠲᠦᠭᠰᠢᠭᠦᠷᠢ ᠡᠴᠡ ᠵᠠᠢᠯᠠᠰᠬᠢᠬᠦ ᠳ᠋ᠤ ᠲᠤᠰᠠᠯᠠᠬᠴᠢ ᠪᠤᠯᠵᠤ ᠪᠤᠢ᠃ ᠡᠭᠦᠨ ᠳ᠋ᠤ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠶ᠋ᠢᠨ ᠬᠤᠯᠪᠤᠭᠳᠠᠯ ᠪᠦᠬᠦᠢ ᠳᠤᠬᠠᠢᠯᠠᠭᠰᠠᠨ ᠠᠵᠢᠯ ᠤ᠋ᠨ ᠭᠠᠵᠠᠷ ᠪᠠ ᠬᠡᠯᠳᠡᠰ ᠤ᠋ᠨ ᠡᠯ᠎ᠠ ᠵᠦᠢᠯ ᠤ᠋ᠨ ᠪᠤᠳᠤᠯᠢᠶᠠᠨᠳᠠᠢ ᠠᠰᠠᠭᠤᠳᠠᠯ ᠢ᠋ ᠰᠢᠢᠳᠪᠤᠷᠢᠯᠡᠬᠦ ᠳ᠋ᠤ ᠴᠠᠭᠠᠷᠠᠭᠰᠠᠨ ᠲᠤᠰᠬᠠᠢ ᠮᠡᠷᠭᠡᠵᠢᠯᠳᠡᠨ ᠡᠴᠡ 《ᠳᠤᠭᠳᠠᠭᠠᠯ ᠳ᠋ᠤ ᠨᠡᠢᠴᠡᠭᠦᠯᠬᠦ ᠵᠦᠪᠯᠡᠭᠴᠢ》 ᠪᠤᠯᠵᠤ᠂ ᠬᠡᠷᠡᠭᠴᠡᠭᠡ ᠲᠠᠢ ᠦᠶᠡᠰ ᠲᠤᠰᠬᠠᠢ ᠮᠡᠷᠭᠡᠵᠢᠯ ᠤ᠋ᠨ ᠪᠦᠯᠬᠦᠮ ᠢ᠋ ᠵᠤᠬᠢᠶᠠᠨ ᠪᠠᠢᠭᠤᠯᠤᠨ ᠠᠵᠤ ᠠᠬᠤᠢᠯᠠᠯ ᠳ᠋ᠤ ᠬᠦᠷᠴᠤ 《ᠲᠤᠭᠳᠠᠭᠠᠯ ᠳ᠋ᠤ ᠨᠡᠢᠴᠡᠬᠦ ᠴᠢᠨᠠᠷ ᠤ᠋ᠨ ᠪᠠᠢᠴᠠᠭᠠᠯᠳᠠ》 ᠬᠢᠯᠭᠡᠵᠦ ᠪᠤᠯᠤᠨ᠎ᠠ᠃ 《ᠵᠢᠯᠤᠭᠤᠳᠤᠭᠴᠢ》 ᠶ᠋ᠢᠨ ᠠᠵᠢᠯ ᠢ᠋ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠶ᠋ᠢᠨ ᠡᠯ᠎ᠠ ᠬᠤᠪᠢᠶᠠᠷᠢ ᠪᠠᠢᠴᠠᠭᠠᠬᠤ ᠲᠤᠪᠴᠢᠶ᠎ᠠ ᠬᠢᠭᠡᠳ ᠪᠠᠢᠴᠠᠭᠠᠯᠳᠠ ᠶ᠋ᠢᠨ ᠲᠦᠪ ᠤ᠋ᠨ ᠲᠤᠰᠬᠠᠢ ᠮᠡᠷᠭᠡᠵᠢᠯᠳᠡᠨ ᠭᠦᠢᠴᠡᠳᠭᠡᠨ᠎ᠠ᠃ ᠠᠵᠤ ᠠᠬᠤᠢᠯᠠᠯ ᠤ᠋ᠨ ᠬᠢᠨ ᠬᠠᠷᠢᠶ᠎ᠠ ᠭᠠᠵᠠᠷ ᠤ᠋ᠨ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠶ᠋ᠢᠨ ᠬᠤᠪᠢᠶᠠᠷᠢ ᠪᠠᠢᠴᠠᠭᠠᠬᠤ ᠲᠤᠪᠴᠢᠶ᠎ᠠ ᠳ᠋ᠤ ᠡᠷᠡᠮᠡᠯᠵᠡᠯ ᠳᠡᠪᠰᠢᠭᠦᠯᠦᠨ ᠲᠤᠰ ᠦᠢᠯᠡᠴᠢᠯᠡᠭᠡ ᠶ᠋ᠢ ᠬᠦᠷᠳᠡᠵᠦ ᠪᠤᠯᠤᠨ᠎ᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号