2026 ᠣᠨ᠎ᠤ ᠦᠪᠦᠷ ᠮᠤᠩᠭᠤᠯ ᠤ᠋ᠨ ᠪᠠᠢᠴᠠᠭᠠᠬᠤ ᠪᠠᠢᠭᠤᠯᠭ᠎ᠠ᠎ᠶ᠋ᠢᠨ ᠲᠤᠬᠠᠢᠯᠠᠭ᠍ᠰᠠᠨ ᠠᠵᠢᠯ᠎ᠤᠨ ᠭᠤᠤᠯᠯᠠᠭ᠍ᠴᠢ ᠬᠦᠴᠦᠨ᠎ᠦ ᠪᠣᠯᠪᠠᠰᠤᠷᠠᠯ ᠶᠠᠪᠤᠬᠳᠠᠵᠡᠢ
2026-05-25 17:53:15
ᠵᠣᠬᠢᠶᠠᠭ᠍ᠴᠢ᠄
​ ᠰᠢᠨᠡᠪᠢᠯᠢᠭ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ 2026 ᠣᠨ᠎ᠤ ᠦᠪᠦᠷ ᠮᠤᠩᠭᠤᠯ ᠤ᠋ᠨ ᠪᠠᠢᠴᠠᠭᠠᠬᠤ ᠪᠠᠢᠭᠤᠯᠭ᠎ᠠ᠎ᠶ᠋ᠢᠨ ᠲᠤᠬᠠᠢᠯᠠᠭ᠍ᠰᠠᠨ ᠠᠵᠢᠯ᠎ᠤᠨ ᠭᠤᠤᠯᠯᠠᠭ᠍ᠴᠢ ᠬᠦᠴᠦᠨ᠎ᠦ ᠪᠣᠯᠪᠠᠰᠤᠷᠠᠯ ᠬᠦᠬᠡᠬᠤᠳᠠ ᠳ᠋ᠸ᠋ ᠶᠠᠪᠤᠬᠳᠠᠪᠠ᠃ ᠦᠪᠦᠷ ᠮᠤᠩᠭᠤᠯ ᠤ᠋ᠨ ᠭᠤᠷᠪᠠᠨ ᠱᠠᠳᠤᠨ  ᠤ᠋  ᠪᠠᠢᠴᠠᠭᠠᠬᠤ ᠬᠣᠷᠢᠶ᠎ᠠ᠎ᠡᠴᠨ ᠬᠦᠷᠦᠯᠴᠡᠨ  ᠢᠷᠡᠭ᠌ᠰᠡᠨ 92 ᠰᠤᠷᠤᠯᠭᠠᠳᠠᠨ  ᠨᠢᠭᠡ ᠲᠠᠩᠬᠢᠮ᠎ᠳᠤ ᠬᠤᠷᠠᠨ  ᠴᠤᠭ᠍ᠯᠠᠷᠠᠵᠤ᠂ ᠣᠨᠣᠯ ᠪᠠ ᠦᠶ᠋ᠯᠡᠳᠦᠯᠭᠡ᠎ᠶ᠋ᠢᠨ ᠳᠤᠮᠳᠠ ᠴᠢᠳᠠᠪᠤᠷᠢ᠎ᠪᠠᠨ ᠳᠠᠪᠲᠠᠨ ᠪᠣᠯᠪᠠᠰᠤᠷᠠᠭᠤᠯᠵᠠᠢ᠃

ᠲᠤᠰ ᠤᠳᠠᠭ᠎ᠠ ᠵᠢᠨ ᠪᠤᠯᠪᠠᠰᠤᠷᠠᠯ ᠎ᠨᠢ ᠤᠯᠤᠰ ᠲᠥᠷᠥ᠎ᠶ᠋ᠢᠨ ᠦᠨᠡᠨᠴᠢ ᠱᠢᠳᠤᠷᠭᠤ᠎ᠶ᠋ᠢ ᠴᠢᠩᠭᠠᠳᠭᠠᠬᠤ᠂ ᠤᠯᠤᠰ ᠲᠥᠷᠥ᠎ᠶ᠋ᠢᠨ ᠬᠡᠪ ᠪᠣᠯᠪᠠᠰᠤᠷᠠᠯ᠎ᠢ ᠳᠡᠭᠡᠭ᠌ᠰᠢᠯᠡᠭᠦᠯᠬᠦ᠌᠎ᠪᠡᠷ ᠵᠠᠩᠭᠢᠯᠠᠭ᠎ᠠ ᠪᠣᠯᠭᠠᠵᠤ᠂ 《ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌》 ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠥᠷᠨᠢᠭᠦᠯᠬᠦ᠌᠎ᠪᠡᠷ ᠪᠤᠯᠪᠠᠰᠤᠷᠠᠯ ᠤ᠋ᠨ ᠠᠩᠬᠠᠨ᠎ᠤ ᠬᠢᠴᠢᠶᠡᠯ ᠪᠣᠯᠭᠠᠵᠤ᠂ ᠲᠤᠰᠭᠠᠶ ᠰᠡᠳᠦᠪᠲᠦ ᠨᠠᠮ᠎ᠤᠨ ᠬᠢᠴᠢᠶᠡᠯ᠂ ᠬᠤᠪᠢᠰᠭᠠᠯ᠎ᠤᠨ ᠺᠢᠨᠣ᠋᠎ᠵᠢ ᠰᠣᠨᠢᠷᠬᠠᠬᠤ ᠵᠡᠷᠭᠡ ᠬᠡᠯᠪᠡᠷᠢ᠎ᠪᠡᠷ ᠲᠠᠮᠵᠢᠨ ᠭᠦᠨᠵᠡᠭᠡᠶ ᠰᠤᠷᠤᠯᠴᠠᠨ ᠨᠠᠷᠢᠨ ᠣᠢᠯᠠᠭᠠᠬᠤ  ᠳᠤᠮᠳᠠ ᠢᠲᠡᠭᠡᠯ  ᠪᠢᠱᠢᠷᠡᠯ᠎ᠦᠨ ᠰᠠᠭᠤᠷᠢ᠎ᠶ᠋ᠢ  ᠪᠡᠬᠢᠵᠢᠬᠦᠯᠵᠡᠢ᠃

ᠲᠤᠰ ᠤᠳᠠᠭ᠎ᠠ ᠵᠢᠨ ᠪᠤᠯᠪᠠᠰᠤᠷᠠᠯ᠎ᠨᠢ 《ᠶᠠᠭᠤ ᠬᠢᠪᠡᠯ ᠶᠠᠭᠤ᠎ᠶ᠋ᠢ ᠰᠤᠷᠬᠤ᠂ ᠶᠠᠭᠤ ᠳᠤᠲᠠᠪᠠᠯ ᠶᠠᠭᠤ᠎ᠶ᠋ᠢ ᠨᠥᠬᠥᠪᠥᠷᠢᠯᠡᠬᠦ᠌》 ᠵᠠᠷᠴᠢᠮ ᠢ᠋ ᠪᠠᠷᠢᠮᠲᠠᠯᠠᠨ᠂ ᠪᠥᠬᠥ᠌ ᠲᠠᠯ᠎ᠠ᠎ᠪᠠᠷ ᠬᠡᠷᠡᠭ᠌ᠴᠡᠭᠡ ᠶᠣᠰᠣᠭᠠᠷ ᠵᠢᠭᠠᠨ ᠰᠤᠷᠭᠠᠵᠠᠢ᠃ ᠠᠷᠠᠳ᠎ᠤᠨ ᠳᠡᠭᠡᠳᠦ ᠪᠠᠢᠴᠠᠭᠠᠬᠤ ᠬᠣᠷᠢᠶᠠᠨ᠎ᠤ ᠤᠯᠤᠰ ᠲᠥᠷᠥ᠎ᠶ᠋ᠢᠨ ᠬᠡᠯᠲᠡᠰ᠎ᠦᠨ  ᠬᠠᠷᠢᠭᠤᠴᠠᠯᠭᠠᠳᠠᠨ ᠡᠴᠨ 《ᠱᠢᠨ᠎ᠡ ᠴᠠᠭ ᠦᠶ᠎ᠡ᠎ᠶ᠋ᠢᠨ ᠪᠠᠢᠴᠠᠭᠠᠬᠤ ᠪᠠᠢᠭᠤᠯᠭ᠎ᠠ᠎ᠶ᠋ᠢᠨ ᠬᠠᠤᠯᠢ ᠴᠠᠭᠠᠵᠠ ᠵᠢᠨ  ᠴᠠᠭ᠍ᠳᠠᠭ᠎ᠠ᠎ᠶ᠋ᠢᠨ ᠠᠵᠢᠯ᠎ᠤᠨ ᠲᠤᠬᠠᠶ ᠰᠤᠳᠤᠯᠭᠠᠨ ᠪᠠ ᠪᠣᠳᠣᠯᠬᠢᠯᠠᠯ》 ᠭᠡᠬᠦ᠌ ᠰᠡᠳᠦᠪ᠎ᠢᠶᠡᠷ ᠲᠤᠰᠭᠠᠶ ᠰᠡᠳᠦᠪ᠎ᠢᠶᠡᠷ ᠬᠠᠪᠰᠤᠷᠤᠨ ᠵᠢᠯᠣᠭᠣᠳᠴᠤ᠌᠂ ᠱᠢᠨ᠎ᠡ ᠴᠠᠭ ᠦᠶ᠎ᠡ᠎ᠶ᠋ᠢᠨ ᠬᠠᠤᠯᠢ ᠴᠠᠭᠠᠵᠠ ᠵᠢᠨ ᠴᠠᠭ᠍ᠳᠠᠭ᠎ᠠ᠎ᠶ᠋ᠢᠨ ᠡᠭᠦᠷᠭᠡ ᠴᠢᠳᠠᠪᠬᠢ᠎ᠶ᠋ᠢᠨ ᠪᠠᠢᠷᠢ ᠲᠣᠭ᠍ᠲᠠᠭᠠᠯᠲᠠ ᠪᠠ ᠬᠥᠭ᠌ᠵᠢᠯᠲᠡ᠎ᠶ᠋ᠢᠨ ᠠᠷᠭ᠎ᠠ ᠵᠠᠮ᠎ᠢ ᠱᠢᠰᠲ᠋ᠧᠮ᠎ᠲᠡᠶ ᠪᠡᠷ ᠲᠣᠳᠣᠷᠬᠠᠢᠯᠠᠨ ᠥᠭᠦᠯᠡᠵᠦ᠍᠂ ᠴᠠᠭ᠍ᠳᠠᠭᠠᠨ᠎ᠤ ᠶᠠᠪᠤᠳᠠᠯ᠎ᠤᠨ ᠠᠵᠢᠯ᠎ᠤᠨ ᠴᠢᠨᠠᠷ ᠴᠢᠨᠰᠠᠭ᠎ᠠ ᠦᠷ᠎ᠡ ᠪᠦᠲᠦᠮᠵᠢ᠎ᠶ᠋ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠬᠦ᠌᠎ᠳᠦ ᠴᠢᠭ᠌ᠯᠡᠯ ᠪᠠ ᠬᠠᠷᠠᠯᠲᠠ᠎ᠶ᠋ᠢ ᠲᠣᠳᠣᠷᠬᠠᠶ ᠲᠣᠭ᠍ᠲᠠᠭᠠᠪᠠ᠃ ᠪᠠᠢᠴᠠᠭᠠᠬᠤ ᠲᠤᠬᠠᠢᠯᠠᠭ᠍ᠰᠠᠨ ᠠᠵᠢᠯ᠎ᠤᠨ ᠭᠤᠤᠯᠯᠠᠭ᠍ᠴᠢ ᠬᠦᠴᠦᠨ᠎ᠤ ᠲᠦᠯᠦᠭᠡᠯᠡᠭᠴᠢ ᠡᠴᠨ  ᠪᠠᠢᠴᠠᠭᠠᠬᠤ ᠠᠵᠢᠯ ᠤ᠋ᠨ ᠲᠠᠩᠨᠠᠨ ᠪᠠᠢᠴᠠᠭᠠᠬᠤ᠂ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠂ ᠵᠠᠬᠢᠳᠠᠯ ᠰᠤᠷᠪᠤᠯᠵᠢᠯᠠᠯ ᠤ᠋ᠨ ᠠᠵᠢᠯ ᠵᠡᠷᠭᠡ ᠲᠤᠬᠠᠢᠯᠠᠭ᠍ᠰᠠᠨ ᠠᠵᠢᠯ᠎ᠤᠨ ᠮᠡᠳᠡᠯᠭᠡ᠎ᠶ᠋ᠢ ᠵᠢᠭᠠᠵᠤ᠂  ᠬᠡᠷᠡᠭ ᠱᠢᠶ᠋ᠳᠪᠦᠷᠢᠯᠡᠭ᠌ᠰᠡᠨ ᠲᠤᠷᠱᠢᠯᠭ᠎ᠠ ᠪᠠ ᠨᠡᠢᠲᠡᠯᠢᠭ ᠬᠡᠷᠡᠭ᠎ᠦᠨ ᠵᠢᠱ᠌ᠢᠶ᠎ᠡ᠎ᠲᠡᠶ ᠤᠶᠠᠯᠳᠤᠭᠤᠯᠤᠨ᠂ ᠲᠤᠬᠠᠢᠯᠠᠭ᠍ᠰᠠᠨ ᠠᠵᠢᠯ᠎ᠤᠨ ᠰᠠᠯᠠᠭ᠎ᠠ ᠮᠥᠴᠢᠷ᠎ᠦᠨ ᠴᠠᠭ᠍ᠳᠠᠭ᠎ᠠ ᠬᠡᠷᠡᠭ᠌ᠯᠡᠬᠦ᠌ ᠬᠡᠷᠡᠭᠴᠡᠬᠡ ᠵᠡᠷᠭᠡ ᠲᠠᠯ᠎ᠠ᠎ᠪᠠᠷ ᠭᠦᠨᠵᠡᠭᠡᠶ ᠲᠣᠳᠣᠷᠬᠠᠢᠯᠠᠨ ᠥᠭᠦᠯᠡᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号