ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ᠎ᠦᠨ ᠠᠵᠢᠯ ᠤᠯᠬᠤ ᠠᠷᠭ᠎ᠠ ᠵᠠᠮ᠎ᠢ ᠥᠷᠭᠡᠳᠭᠡᠬᠦ᠌᠎ᠶ᠋ᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠢᠩᠬᠢᠮ ᠲᠦᠷᠦᠭᠦᠬᠡᠨ 2026 ᠣᠨ᠎ᠤ ᠠᠵᠢᠯ ᠦᠶ᠋ᠯᠡᠰ᠎ᠦᠨ ᠨᠢᠭᠡᠴᠶᠶ᠋ᠢᠨ 《1+N》 ᠨᠥᠬᠥᠵᠦ᠍ ᠡᠯᠰᠡᠬᠦ᠌ ᠠᠯᠪᠠᠨ ᠵᠠᠷ ᠨᠡᠢᠲᠡᠯᠡᠵᠦ᠍᠂ ᠪᠥᠬᠥ᠌ ᠣᠷᠣᠨ᠎ᠳᠤ ᠠᠵᠢᠯ ᠦᠶ᠋ᠯᠡᠰ᠎ᠦᠨ ᠨᠢᠭᠡᠴᠢ᠎ᠶ᠋ᠢᠨ 1519 ᠠᠵᠢᠯᠲᠠᠨ᠎ᠢ ᠨᠥᠬᠥᠵᠦ᠍ ᠡᠯᠰᠡᠬᠦ᠌᠎ᠪᠡᠷ ᠪᠤᠢ᠃
ᠲᠣᠰ ᠤᠳᠠᠭᠠᠨ᠎ᠤ ᠨᠥᠬᠥᠵᠦ᠍ ᠡᠯᠰᠡᠬᠦ᠌ ᠱᠢᠯᠭᠠᠯᠲᠠ ᠨᠢ 2025 ᠣᠨ᠎ᠤ 10 ᠰᠠᠷ᠎ᠠ᠎ᠶ᠋ᠢᠨ 25 ᠤ᠋ ᠡᠳᠦᠷ ᠥᠪᠥᠷ ᠮᠣᠩᠭᠣᠯ᠎ᠤᠨ ᠠᠵᠢᠯ ᠦᠶ᠋ᠯᠡᠰ᠎ᠦᠨ ᠨᠢᠭᠡᠴᠢ᠎ᠶ᠋ᠢᠨ ᠲᠥᠷᠥᠯ ᠬᠤᠪᠢᠶᠠᠭ᠍ᠰᠠᠨ ᠱᠢᠯᠭᠠᠯᠲᠠ᠎ᠶ᠋ᠢᠨ ᠬᠠᠮᠲᠤᠷᠠᠨ ᠱᠢᠯᠭᠠᠭᠤᠯᠬᠤ ᠱᠢᠯᠭᠠᠭᠤᠯᠤᠭ᠍ᠴᠢ᠎ᠳᠤ ᠬᠠᠨᠳᠤᠭᠤᠯᠤᠨ᠂ ᠪᠢᠷ᠎ᠦᠨ ᠱᠢᠯᠭᠠᠯᠲᠠ᠎ᠶ᠋ᠢᠨ ᠬᠤᠪᠢ᠎ᠶ᠋ᠢᠨ ᠱᠤᠭᠤᠮ᠎ᠢ ᠲᠣᠳᠣᠷᠬᠠᠶ ᠲᠣᠭ᠍ᠲᠠᠭᠠᠵᠤ᠂ ᠬᠣᠱᠢᠭᠤ ᠱᠢᠶᠠᠨ (ᠬᠣᠲᠠ᠂ ᠲᠣᠭᠣᠷᠢᠭ) ᠵᠢᠴᠢ ᠲᠡᠭᠦᠨ᠎ᠡᠴᠡ ᠳᠣᠷᠣᠭ᠍ᠰᠢᠬᠢ ᠱᠠᠳᠤᠨ᠎ᠤ ᠠᠵᠢᠯ᠎ᠤᠨ ᠪᠠᠢᠷᠢ᠎ᠶ᠋ᠢᠨ ᠬᠢᠷᠢ ᠲᠡᠩᠴᠡᠭᠦ᠌ ᠱᠤᠭᠤᠮ ᠨᠢ 40 ᠬᠤᠪᠢ᠂ ᠠᠢᠮᠠᠭ ᠬᠣᠲᠠ ᠵᠢᠴᠢ ᠲᠡᠭᠦᠨ᠎ᠡᠴᠡ ᠳᠡᠭᠡᠭ᠌ᠰᠢᠬᠢ ᠱᠠᠳᠤᠨ᠎ᠤ ᠠᠵᠢᠯ᠎ᠤᠨ ᠪᠠᠢᠷᠢ ᠨᠢ 45 ᠬᠤᠪᠢ ᠪᠣᠯᠤᠨ᠎ᠠ᠃ ᠨᠢᠭᠡᠨᠳᠡ ᠤᠷᠢᠨ ᠬᠡᠷᠡᠭ᠌ᠯᠡᠬᠦ᠌᠎ᠪᠡᠷ ᠲᠣᠭ᠍ᠲᠠᠭᠠᠭᠲᠠᠭᠰᠠᠨ ᠬᠥᠮᠦᠰ᠂ ᠨᠢᠭᠤᠷᠲᠠᠨ ᠱᠢᠯᠭᠠᠭ᠍ᠰᠠᠨᠤ ᠳᠠᠷᠠᠭ᠎ᠠ ᠤᠷᠢᠨ ᠬᠡᠷᠡᠭ᠌ᠯᠡᠬᠦ᠌ ᠬᠢᠷᠢ ᠬᠡᠮ᠎ᠢᠶᠡᠨ ᠦᠪᠡᠷ᠎ᠤᠨ ᠳᠤᠷ᠎ᠠ᠎ᠠᠴᠠ᠎ᠪᠠᠨ ᠬᠠᠶᠠᠭ᠍ᠰᠠᠨ ᠱᠢᠯᠭᠠᠭᠤᠯᠤᠭ᠍ᠴᠢ ᠨᠡᠷ᠎ᠡ ᠮᠡᠳᠡᠭᠦᠯᠬᠦ᠌᠎ᠳᠦ ᠣᠷᠣᠯᠴᠠᠵᠤ ᠪᠣᠯᠬᠤ ᠥᠬᠡᠶ᠃ ᠲᠣᠰ ᠤᠳᠠᠭᠠᠨ᠎ᠤ ᠬᠦᠮᠦᠨ ᠡᠯᠰᠡᠬᠦ᠎ᠳᠦ ᠢᠯᠡ ᠲᠣᠳᠣ᠂ ᠡᠷᠬᠡ ᠲᠡᠭ᠌ᠰᠢ᠂ ᠥᠷᠢᠰᠥᠯᠳᠦᠬᠦ᠌᠂ ᠱᠢᠯᠢᠳᠡᠭ᠎ᠢ ᠨᠢ ᠰᠣᠩᠭᠣᠬᠤ ᠵᠠᠷᠴᠢᠮ᠎ᠢ ᠵᠢᠷᠤᠮᠯᠠᠨ᠂ ᠱᠢᠯᠭᠠᠭᠤᠯᠤᠭ᠍ᠴᠢ ᠵᠥᠪᠬᠡᠨ ᠠᠳᠠᠯᠢ ᠱᠢᠯᠭᠠᠯᠲᠠ᠎ᠶ᠋ᠢᠨ ᠬᠠᠭᠤᠳᠠᠰᠤ᠎ᠶ᠋ᠢᠨ ᠲᠥᠷᠥᠯ ᠢᠯᠭᠠᠯ᠎ᠤᠨ ᠠᠵᠢᠯ᠎ᠤᠨ ᠪᠠᠢᠷᠢ᠎ᠳᠤ ᠨᠡᠷ᠎ᠡ ᠮᠡᠳᠡᠭᠦᠯᠵᠦ᠍ ᠪᠣᠯᠬᠤ ᠪᠥᠭᠡᠳ ᠬᠥᠮᠦᠨ ᠪᠦᠷᠢ ᠨᠢᠭᠡ ᠠᠵᠢᠯ᠎ᠤᠨ ᠪᠠᠢᠷᠢ᠎ᠳᠤ ᠨᠡᠷ᠎ᠡ ᠮᠡᠳᠡᠭᠦᠯᠬᠦ᠌᠎ᠪᠡᠷ ᠬᠢᠵᠠᠭᠠᠷᠯᠠᠵᠤ᠂ ᠵᠥᠪᠬᠡᠨ ᠨᠢᠭᠡ ᠯᠡ ᠤᠳᠠᠭ᠎ᠠ ᠠᠵᠢᠯ᠎ᠤᠨ ᠪᠠᠢᠷᠢ᠎ᠶ᠋ᠢ ᠰᠣᠩᠭᠣᠨ ᠮᠡᠳᠡᠭᠦᠯᠵᠦ᠍᠂ ᠬᠤᠭᠤᠴᠠᠭ᠎ᠠ ᠡᠴᠡ ᠬᠡᠲᠦᠷᠡᠪᠡᠯ ᠬᠢᠷᠢ ᠬᠡᠮ᠎ᠢᠶᠡᠨ ᠥᠪᠡᠷ ᠵᠢᠡᠨ ᠬᠠᠶᠠᠭ᠍ᠰᠠᠨ᠎ᠢᠶᠠᠷ ᠦᠵᠡᠨ᠎ᠡ᠃ ᠡᠯᠰᠡᠬᠦ᠌ ᠬᠢᠷᠢ ᠬᠡᠮ᠎ᠦᠨ ᠠᠩᠬᠠᠨ᠎ᠤ ᠬᠢᠨᠠᠯᠲᠠ᠎ᠶ᠋ᠢ ᠪᠢᠷ᠎ᠦᠨ ᠱᠢᠯᠭᠠᠯᠲᠠ᠎ᠶ᠋ᠢᠨ ᠬᠢᠷᠢ ᠪᠦᠲᠦᠮᠵᠢ ᠵᠢᠨ 3᠄ 1 ᠬᠠᠷᠢᠴᠠᠯ᠎ᠢᠶᠠᠷ ᠳᠠᠬᠢᠵᠦ ᠬᠢᠨᠠᠨ ᠲᠣᠭ᠍ᠲᠠᠭᠠᠵᠤ᠂ ᠦᠷ᠎ᠡ ᠳ᠋ᠦᠩ᠎ᠢ 5 ᠰᠠᠷ᠎ᠠ᠎ᠶ᠋ᠢᠨ 26 ᠤ᠋ ᠡᠳᠦᠷ ᠨᠡᠢᠲᠡᠯᠡᠨ᠎ᠡ᠃ 5 ᠰᠠᠷ᠎ᠠ᠎ᠶ᠋ᠢᠨ 28 — 29 ᠤ᠋ ᠡᠳᠦᠷ ᠪᠣᠯᠲᠠᠯ᠎ᠠ ᠰᠦᠯᠵᠢᠶᠡᠨ ᠳᠡᠭᠡᠷᠡᠬᠢ ᠬᠢᠷᠢ ᠬᠡᠮ᠎ᠦᠨ ᠳᠠᠬᠢᠨ ᠬᠢᠨᠠᠯᠲᠠ᠎ᠶ᠋ᠢ ᠡᠬᠢᠯᠡᠭᠦᠯᠵᠤ᠂ ᠱᠢᠯᠭᠠᠭᠤᠯᠤᠭ᠍ᠴᠢ ᠱᠠᠭᠠᠷᠳᠠᠯᠭ᠎ᠠ ᠶᠣᠰᠣᠭᠠᠷ ᠬᠣᠯᠪᠣᠭ᠍ᠳᠠᠯ ᠪᠥᠬᠥᠶ ᠭᠡᠷᠡᠴᠢᠯᠡᠬᠦ ᠮᠠᠲ᠋ᠧᠷᠢᠶᠠᠯ᠎ᠢ ᠳᠡᠭᠡᠭ᠌ᠰᠢ ᠳᠠᠮᠵᠢᠭᠤᠯᠬᠤ ᠬᠡᠷᠡᠭ᠌ᠲᠡᠶ᠃
ᠪᠥᠬᠥ᠌ ᠣᠷᠣᠨ᠎ᠤ ᠨᠢᠭᠡᠳᠦᠯᠲᠡᠶ ᠨᠢᠭᠤᠷᠲᠠᠨ ᠱᠢᠯᠭᠠᠯᠲᠠ᠎ᠶ᠋ᠢ 6 ᠰᠠᠷ᠎ᠠ᠎ᠶ᠋ᠢᠨ 13 ᠤ᠋ ᠡᠳᠦᠷ ᠡᠯ᠎ᠡ ᠠᠢᠮᠠᠭ ᠬᠣᠲᠠ᠎ᠳᠤ ᠵᠡᠷᠭᠡ ᠪᠡᠷ ᠥᠷᠨᠢᠭᠦᠯᠬᠦ᠌᠎ᠪᠡᠷ ᠲᠣᠭ᠍ᠲᠠᠵᠤ᠂ ᠱᠢᠯᠭᠠᠭᠤᠯᠤᠭ᠍ᠰᠠᠳ 6 ᠰᠠᠷ᠎ᠠ᠎ᠶ᠋ᠢᠨ 10 — 12 ᠤ᠋ᠨ ᠡᠳᠦᠷ ᠪᠣᠯᠲᠠᠯ᠎ᠠ ᠨᠢᠭᠤᠷᠲᠠᠨ ᠱᠢᠯᠭᠠᠯᠲᠠ᠎ᠶ᠋ᠢᠨ ᠮᠡᠳᠡᠭ᠌ᠳᠡᠯ᠎ᠦᠨ ᠪᠢᠴᠢᠭ᠎ᠢᠶᠡᠨ ᠳᠠᠷᠤᠮᠠᠯᠯᠠᠨ᠎ᠠ᠃ ᠮᠣᠩᠭᠣᠯ ᠦᠭᠡ ᠬᠡᠯᠡ ᠥᠰᠥᠭ ᠪᠢᠴᠢᠭ᠎ᠦᠨ ᠠᠵᠢᠯ᠎ᠤᠨ ᠪᠠᠢᠷᠢ᠎ᠳᠤ ᠨᠡᠪᠲᠡᠷᠡᠭ᠌ᠰᠡᠨ ᠱᠢᠯᠭᠠᠭᠤᠯᠤᠭ᠍ᠴᠢ᠎ᠳᠤ ᠴᠢᠭ᠌ᠯᠡᠭᠦᠯᠦᠨ᠂ ᠨᠢᠭᠤᠷᠲᠠᠨ ᠱᠢᠯᠭᠠᠯᠲᠠ᠎ᠠᠴᠠ ᠡᠮᠦᠨ᠎ᠡ ᠲᠤᠰᠭᠠᠶ ᠬᠡᠯᠡᠨ᠎ᠦ ᠨᠡᠮᠡᠯᠲᠡ ᠱᠢᠯᠭᠠᠯᠲᠠ ᠥᠷᠨᠢᠭᠦᠯᠵᠦ᠍᠂ ᠱᠢᠯᠭᠠᠯᠲᠠ᠎ᠶ᠋ᠢᠨ ᠶᠡᠷᠦᠩᠬᠡᠶ ᠬᠢᠷᠢ ᠪᠦᠲᠦᠮᠵᠢ ᠵᠢᠴᠢ ᠤᠷᠢᠬᠤᠬᠦᠮᠦᠰᠤᠨ ᠨᠡᠷᠡᠰ᠎ᠢ ᠵᠢᠱ᠌ᠢᠯᠲᠡ᠎ᠪᠡᠷ 6 ᠰᠠᠷ᠎ᠠ᠎ᠶ᠋ᠢᠨ ᠰᠡᠭᠦᠯᠴᠢ ᠪᠡᠷ ᠵᠠᠷᠯᠠᠨ ᠨᠡᠢᠲᠡᠯᠡᠨ᠎ᠡ᠃