ᠡᠨᠡ ᠵᠢᠯ ᠤ᠋ᠨ 3 ᠰᠠᠷ᠎ᠠ ᠡᠴᠡ ᠨᠠᠭᠠᠰᠢ᠂ ᠦᠪᠦᠷ ᠮᠤᠩᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠤᠢ ᠰᠢᠭᠤᠢ ᠪᠠ ᠨᠤᠲᠤᠭ ᠪᠡᠯᠴᠢᠭᠡᠷ ᠤ᠋ᠨ ᠲᠤᠪᠴᠢᠶ᠎ᠠ ᠵᠢᠨ ᠨᠢᠭᠡᠳᠦᠯᠲᠡᠢ ᠪᠠᠢᠷᠢᠯᠠᠭᠤᠯᠤᠯᠲᠠ ᠳᠤᠤᠷ᠎ᠠ ᠦᠪᠦᠷ ᠮᠤᠩᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠤᠢ ᠰᠢᠭᠤᠢ ᠪᠠ ᠨᠤᠲᠤᠭ ᠪᠡᠯᠴᠢᠭᠡᠷ ᠤ᠋ᠨ ᠠᠵᠢᠯ ᠤ᠋ᠨ ᠶᠡᠷᠦᠩᠬᠡᠢ ᠦᠷᠲᠡᠭᠡ ᠢᠳᠡᠪᠬᠢᠲᠡᠢ ᠨᠠᠢᠳᠠᠪᠤᠷᠢᠵᠢᠭᠤᠯᠵᠤ᠂ ᠤᠢᠵᠢᠭᠤᠯᠬᠤ ᠳ᠋ᠤ ᠲᠤᠬᠢᠲᠠᠢ ᠴᠠᠭ ᠬᠤᠭᠤᠴᠠᠭ᠎ᠠ ᠶ᠋ᠢ ᠠᠮᠵᠢᠨ 2026 ᠤᠨ ᠤ᠋ ᠠᠯᠪᠠᠨ ᠵᠢᠷᠤᠮ ᠤ᠋ᠨ ᠮᠤᠳᠤ ᠲᠠᠷᠢᠬᠤ ᠠᠵᠢᠯᠯᠠᠭ᠎ᠠ ᠵᠢᠨ ᠬᠠᠯᠠᠭᠤᠨ ᠦᠷᠨᠢᠯᠲᠡ ᠶ᠋ᠢ ᠪᠦᠬᠦ ᠲᠠᠯ᠎ᠠ ᠪᠡᠷ ᠡᠬᠢᠯᠡᠭᠦᠯᠪᠡ᠃
ᠤᠳᠤᠬᠠᠨ ᠪᠤᠯᠲᠠᠯ᠎ᠠ᠂ ᠮᠠᠨ ᠤ᠋ ᠤᠷᠤᠨ 2026 ᠤᠨ ᠤ᠋ ᠠᠯᠪᠠᠨ ᠵᠢᠷᠤᠮ ᠤ᠋ᠨ ᠮᠤᠳᠤ ᠲᠠᠷᠢᠬᠤ ᠠᠵᠢᠯᠯᠠᠭ᠎ᠠ ᠪᠡᠷ ᠳᠠᠮᠵᠢᠨ ᠨᠢᠭᠡᠨᠲᠡ 313.58 ᠲᠦᠮᠡᠨ ᠰᠠᠭᠤᠷᠢ ᠮᠤᠳᠤ ᠲᠠᠷᠢᠵᠤ᠂ ᠠᠵᠢᠯᠯᠠᠭ᠎ᠠ ᠳ᠋ᠤ ᠤᠷᠤᠯᠴᠠᠭᠰᠠᠠ ᠬᠦᠮᠦᠨ ᠤ᠋ ᠲᠤᠭ᠎ᠠ 59.28 ᠲᠦᠮᠡᠨ ᠬᠦᠮᠦᠨ ᠤᠳᠠᠭ᠎ᠠ ᠳ᠋ᠤ ᠬᠦᠷᠴᠠᠢ᠃ 《ᠢᠨᠲᠸᠷ ᠰᠦᠯᠵᠢᠶ᠎ᠡ + ᠪᠦᠬᠦ ᠠᠷᠠᠳ ᠤ᠋ᠨ ᠠᠯᠪᠠᠨ ᠵᠢᠷᠤᠮ ᠤ᠋ᠨ ᠮᠤᠳᠤ ᠲᠠᠷᠢᠬᠤ》 ᠳᠠᠪᠴᠠᠩ ᠳᠡᠭᠡᠷᠡᠬᠢ 219 ᠵᠦᠢᠯ ᠤ᠋ᠨ ᠬᠠᠷᠢᠭᠤᠴᠠᠯᠭ᠎ᠠ ᠪᠡᠨ ᠭᠦᠢᠴᠡᠳᠭᠡᠬᠦ ᠠᠵᠢᠯᠯᠠᠭ᠎ᠠ ᠳ᠋ᠤ 9.1 ᠲᠦᠮᠡᠨ ᠬᠦᠮᠦᠨ ᠤᠳᠠᠭ᠎ᠠ ᠵᠢᠨ 《ᠰᠦᠯᠵᠢᠶᠡᠨ ᠳᠡᠭᠡᠷ᠎ᠡ ᠮᠤᠳᠤ ᠲᠠᠷᠢᠬᠤ》 ᠳ᠋ᠤ ᠤᠷᠤᠯᠴᠠᠵᠤ᠂ 《ᠪᠤᠳᠠᠳᠠᠢ ᠭᠠᠵᠠᠷ ᠲᠦ᠍ ᠬᠦᠳᠡᠯᠮᠤᠷᠢᠯᠡᠬᠦ + ᠰᠦᠯᠵᠢᠶᠡᠨ ᠳᠡᠭᠡᠷ᠎ᠡ ᠬᠠᠷᠢᠭᠤᠴᠠᠯᠭ᠎ᠠ ᠪᠡᠨ ᠭᠦᠢᠴᠡᠳᠭᠡᠬᠦ》 ᠶ᠋ᠢ ᠪᠡᠶᠡᠯᠡᠭᠦᠯᠪᠡ᠃ ᠦᠪᠦᠷ ᠮᠤᠩᠭᠤᠯ ᠪᠦᠬᠦ ᠠᠷᠠᠳ ᠤ᠋ᠨ ᠮᠤᠳᠤ ᠲᠠᠷᠢᠬᠤ ᠪᠤᠳᠠᠲᠤ ᠠᠵᠢᠯᠯᠠᠭ᠎ᠠ ᠪᠡᠷ ᠪᠦᠬᠦ ᠤᠯᠤᠰ ᠤ᠋ᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ ᠤ᠋ ᠬᠠᠯᠬᠠᠪᠴᠢ ᠶ᠋ᠢ ᠪᠠᠲᠤ ᠴᠤᠭᠴᠠᠯᠠᠬᠤ ᠳ᠋ᠤ ᠬᠦᠴᠦᠨ ᠨᠠᠮᠠᠷᠢᠯᠠᠵᠤ ᠪᠤᠢ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号