ᠣᠢᠷ᠎ᠠ ᠳ᠋ᠤ᠂ ᠤᠯᠠᠭᠠᠨᠬᠠᠳᠠ ᠬᠣᠲᠠ ᠵᠢᠨ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠣᠪᠴᠢᠶ᠎ᠠ ᠵᠢᠨ ᠬᠢᠨ 《ᠨᠣᠭᠣᠭᠠᠨ ᠰᠡᠯᠡᠮ᠎ᠡ 2026》 ᠣᠶ ᠡᠪᠡᠰᠤᠨ ᠤ᠋ ᠦᠷ᠎ᠡ ᠴᠢᠬᠢ ᠵᠢᠨ ᠶᠠᠰᠤ ᠴᠢᠨᠠᠷ ᠢ᠋ ᠬᠢᠨᠠᠨ ᠬᠠᠮᠢᠶᠠᠷᠬᠤ ᠠᠵᠢᠯᠯᠠᠭ᠎ᠠ ᠶ᠋ᠢ ᠦᠷᠨᠢᠭᠦᠯᠵᠤ᠂ ᠬᠢᠷᠢ ᠲᠡᠩᠴᠡᠬᠦ ᠦᠭᠡᠢ ᠦᠷ᠎ᠡ ᠴᠢᠬᠢᠵᠢ ᠪᠠᠢᠴᠠᠭᠠᠨ ᠰᠢᠢᠳᠪᠤᠷᠢᠯᠡᠵᠤ᠂ ᠪᠥᠬᠥ᠌ ᠬᠡᠯᠬᠢᠶ᠎ᠡ ᠪᠡᠷ ᠬᠢᠨᠠᠨ ᠬᠠᠮᠢᠶᠠᠷᠴᠤ᠌ ᠬᠠᠮᠠᠭᠠᠯᠠᠬᠤ ᠪᠡᠷ ᠳᠠᠮᠵᠢᠨ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠪᠣᠭᠣᠮᠲᠠ ᠱᠢᠪᠲᠤᠯᠬᠤ ᠳᠠᠢᠯᠠᠯᠳᠤᠭᠠᠨ ᠵᠢᠴᠢ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠱᠢᠨᠦ ᠬᠠᠯᠬᠠᠪᠴᠢᠳᠤ ᠦᠷ᠎ᠡ ᠵᠢᠨ ᠢᠷᠡᠯᠲᠡ ᠵᠢᠨ ᠪᠠᠲᠤᠯᠠᠭ᠎ᠠ ᠬᠠᠩᠭᠠᠪᠠ᠃
ᠦᠷ᠎ᠡ ᠴᠢᠬᠢ ᠵᠢᠨ ᠶᠠᠰᠤ ᠴᠢᠨᠠᠷ ᠢ᠋ ᠰᠤᠭᠤᠴᠢᠨ ᠪᠠᠢᠴᠠᠭᠠᠬᠤ ᠠᠵᠢᠯ ᠢ᠋ ᠪᠦᠬᠦ᠌ ᠲᠠᠯ᠎ᠠ ᠪᠡᠷ ᠥᠷᠨᠢᠭᠦᠯᠦᠨ᠂ ᠱᠢᠯᠭᠠᠨ ᠪᠠᠢᠴᠠᠭᠠᠬᠤ ᠳᠦᠷᠢᠮ ᠪᠣᠯᠤᠨ ᠶᠠᠰᠤ ᠴᠢᠨᠠᠷᠤᠨ ᠪᠠᠷᠢᠮᠵᠢᠶ᠎ᠠ ᠶ᠋ᠢ ᠴᠢᠩᠭ᠎ᠠ ᠬᠡᠷᠡᠭ᠌ᠵᠢᠭᠦᠯᠵᠦ᠍᠂ 《ᠤᠮᠠᠷᠠᠲᠤ ᠵᠢᠨ ᠭᠤᠷᠪᠠᠨ ᠤᠷᠤᠨ》 ᠵᠡᠷᠭᠡ ᠭᠣᠣᠯᠳᠠᠯᠭᠠᠲᠠᠶ ᠢᠨᠵᠧᠨᠧᠷᠢᠩ ᠤ᠋ᠨ ᠦᠷ᠎ᠡ ᠴᠢᠬᠢ ᠳ᠋ᠤ ᠰᠤᠭᠤᠴᠢᠨ ᠪᠠᠢᠴᠠᠭᠠᠯᠳᠠ ᠬᠢᠪᠠ; ᠵᠠᠬ᠎ᠠ ᠳᠡᠯᠭᠡᠭᠦᠷ ᠤ᠋ᠨ ᠬᠠᠤᠯᠢ ᠲᠣᠭ᠍ᠲᠠᠭᠠᠯ ᠡᠴᠡ ᠵᠥᠷᠢᠴᠡᠭ᠌ᠰᠡᠨ ᠠᠵᠢᠯᠯᠠᠭᠠᠳᠤ ᠴᠢᠩᠭ᠎ᠠ ᠴᠣᠬᠢᠯᠲᠠ ᠥᠭ᠌ᠴᠦ᠂ ᠳᠣᠲᠣᠭᠠᠳᠤ ᠶ᠋ᠢ ᠬᠠᠮᠠᠭᠠᠯᠠᠬᠤ᠂ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷᠲᠡᠶ ᠬᠠᠮᠲᠤᠷᠠᠨ᠂ ᠦᠨᠡᠮᠯᠡᠯ ᠦᠭᠡᠶ ᠪᠡᠷ ᠦᠢᠯᠡᠳᠪᠦᠷᠢᠯᠡᠵᠦ᠍ ᠡᠵᠡᠩᠨᠡᠬᠦ᠌᠂ ᠮᠠᠭᠤ ᠪᠡᠷ ᠰᠠᠢᠨ ᠢ᠋ ᠣᠷᠣᠯᠠᠭᠤᠯᠬᠤ ᠵᠡᠷᠭᠡ ᠠᠵᠢᠯᠯᠠᠭᠠᠳᠤ ᠴᠢᠩᠭ᠎ᠠ ᠴᠣᠬᠢᠯᠲᠠ ᠦᠭᠪᠠ; ᠵᠥᠪᠱᠢᠶᠡᠷᠡᠯ ᠤ᠋ᠨ ᠦᠨᠡᠮᠯᠡᠯ ᠢ᠋ ᠬᠠᠷᠭᠤᠭᠤᠯᠤᠨ ᠣᠯᠭᠣᠬᠤ ᠵᠢᠨ ᠬᠢᠨᠠᠯᠲᠠ ᠬᠠᠮᠢᠶᠠᠷᠤᠯᠲᠠ ᠶ᠋ᠢ ᠴᠢᠩᠭᠠᠷᠠᠭᠤᠯᠵᠤ᠂ ᠬᠢᠨᠠᠯᠲᠠ ᠬᠠᠮᠢᠶᠠᠷᠤᠯᠲᠠ ᠶ᠋ᠢ ᠵᠢᠷᠤᠮᠵᠢᠭᠤᠯᠬᠤ ᠬᠢᠷᠢ ᠲᠦᠪᠱᠢᠨ ᠢ᠋ ᠳᠡᠭᠡᠭ᠌ᠰᠢᠯᠡᠭᠦᠯᠤᠨ᠂ ᠱᠢᠯᠢᠳᠡᠭ ᠦᠷ᠎ᠡ ᠴᠢᠬᠢ ᠪᠠᠷ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠰᠡᠷᠭᠡᠢᠯᠡᠯᠲᠡ ᠵᠢᠨ ᠱᠤᠭᠤᠮ ᠢ᠋ ᠪᠠᠲᠤ ᠴᠣᠭᠴᠠᠯᠠᠬᠤᠳᠤ ᠠᠬᠢᠭᠤᠯᠬᠤ ᠦᠢᠯᠡᠳᠤᠯ ᠦᠵᠡᠬᠦᠯᠵᠤ ᠪᠤᠢ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号