ᠲᠦᠷᠦᠬᠦᠬᠡᠨ᠂ ᠬᠦᠬᠡᠬᠤᠲᠠ ᠵᠢᠨ ᠤᠢ ᠰᠢᠭᠤᠢ ᠪᠠ ᠨᠤᠲᠤᠭ ᠪᠡᠯᠴᠢᠭᠡᠷ ᠤ᠋ᠨ ᠲᠤᠪᠴᠢᠶ᠎ᠡ ᠰᠢᠨ᠎ᠡ ᠬᠤᠲᠠ ᠲᠤᠭᠤᠷᠢᠭ ᠲᠤ᠌ 《〈ᠪᠢ ᠤᠮᠠᠷᠠᠲᠤ ᠵᠢᠨ ᠭᠤᠷᠪᠠᠨ ᠤᠷᠤᠨ ᠳ᠋ᠤ ᠮᠤᠳᠤ ᠲᠠᠷᠢᠯ᠎ᠠ〉》 ᠬᠠᠪᠤᠷ ᠤ᠋ᠨ ᠤᠯᠠᠷᠢᠯ ᠤ᠋ᠨ ᠮᠤᠳᠤ ᠲᠠᠷᠢᠵᠤ ᠤᠢᠵᠢᠭᠤᠯᠬᠤ ᠠᠵᠢᠯᠯᠠᠭ᠎ᠠ ᠦᠷᠨᠢᠭᠦᠯᠵᠤ᠂ ᠪᠤᠳᠠᠲᠤ ᠦᠢᠯᠡ ᠠᠵᠢᠯᠯᠠᠭ᠎ᠠ ᠪᠡᠷ ᠢᠶᠡᠨ ᠤᠯᠤᠰ ᠤ᠋ᠨ ᠨᠤᠲᠤᠭ ᠳᠡᠪᠢᠰᠭᠡᠷ ᠢ᠋ ᠨᠤᠭᠤᠭᠠᠷᠠᠭᠤᠯᠬᠤ ᠳ᠋ᠤ ᠬᠦᠴᠦᠨ ᠨᠡᠮᠡᠷᠢᠯᠡᠪᠡ᠃
ᠲᠤᠰ ᠤᠳᠠᠭᠠᠨ ᠤ᠋ ᠠᠵᠢᠯᠯᠠᠭ᠎ᠠ 《ᠤᠮᠠᠷᠠᠲᠤ ᠵᠢᠨ ᠭᠤᠷᠪᠠᠨ ᠤᠷᠤᠨ》 ᠳ᠋ᠤ ᠠᠩᠬᠠᠷᠤᠯ ᠵᠢᠡᠨ ᠲᠦᠪᠯᠡᠷᠡᠭᠦᠯᠵᠤ᠂ 150 ᠭᠠᠷᠤᠢ ᠬᠦᠮᠦᠨ 《ᠠᠬᠤᠢ ᠲᠠᠯᠠᠪᠠᠢ ᠳ᠋ᠤ ᠮᠤᠳᠤ ᠲᠠᠷᠢᠬᠤ + ᠰᠠᠢᠨ ᠳᠤᠷ᠎ᠠ ᠵᠢᠨ ᠦᠢᠯᠡᠴᠢᠯᠡᠭᠡ ᠬᠠᠩᠭᠠᠬᠤ + ᠬᠠᠷᠢᠭᠤᠴᠠᠯᠭ᠎ᠠ ᠪᠡᠨ ᠭᠦᠢᠴᠡᠳᠭᠡᠵᠤ ᠤᠬᠠᠭᠤᠯᠬᠤ》 ᠠᠷᠭ᠎ᠠ ᠬᠡᠯᠪᠡᠷᠢ ᠪᠡᠷ ᠳᠠᠮᠵᠢᠨ 300 ᠢᠯᠡᠭᠦᠦ ᠰᠠᠭᠤᠷᠢ ᠵᠡᠷᠯᠢᠭ ᠲᠤᠭᠤᠷ ᠲᠠᠷᠢᠪᠠ᠃ ᠡᠭᠦᠨ ᠤ᠋ ᠬᠠᠮᠲᠤ ᠠᠬᠤᠢ ᠲᠠᠯᠠᠪᠠᠢ ᠳ᠋ᠤ ᠪᠠᠰᠠ ᠨᠤᠭᠤᠭᠠᠷᠠᠭᠤᠯᠤᠯᠲᠠ ᠵᠢᠨ ᠮᠡᠳᠡᠯᠭᠡ ᠶ᠋ᠢ ᠤᠬᠠᠭᠤᠯᠬᠤ᠂ ᠮᠤᠳᠤ ᠲᠠᠷᠢᠬᠤ ᠮᠡᠷᠭᠡᠵᠢᠯ ᠢ᠋ ᠵᠢᠭᠠᠨ ᠵᠢᠯᠤᠭᠤᠳᠬᠤ ᠰᠠᠢᠨ ᠳᠤᠷ᠎ᠠ ᠵᠢᠨ ᠦᠢᠯᠡᠴᠢᠯᠡᠭᠡ ᠬᠠᠩᠭᠠᠵᠤ᠂ ᠠᠵᠢᠯᠯᠠᠭ᠎ᠠ ᠳ᠋ᠤ ᠤᠷᠤᠯᠴᠠᠭᠰᠠᠳ ᠲᠤ᠌ ᠠᠯᠪᠠᠨ ᠵᠢᠷᠤᠮ ᠤ᠋ᠨ ᠮᠤᠳᠤ ᠲᠠᠷᠢᠬᠤ ᠲᠦᠷᠦ ᠵᠢᠨ ᠪᠤᠳᠤᠯᠭ᠎ᠠ᠂ 《ᠤᠮᠠᠷᠠᠲᠤ ᠵᠢᠨ ᠭᠤᠷᠪᠠᠨ ᠤᠷᠤᠨ》 ᠤ᠋ ᠢᠨᠵᠸᠨ᠋ᠸᠷᠢᠩ ᠤ᠋ᠨ ᠪᠦᠲᠦᠭᠡᠨ ᠪᠠᠢᠭᠤᠯᠤᠯᠲᠠ ᠵᠢᠨ ᠦᠷ᠎ᠡ ᠪᠦᠲᠦᠭᠡᠯ ᠵᠢᠴᠢ ᠤᠢ ᠮᠤᠳᠤ ᠶ᠋ᠢ ᠠᠷᠠᠴᠢᠯᠠᠨ ᠬᠠᠮᠠᠭᠠᠯᠠᠬᠤ ᠵᠠᠩᠭᠢᠯᠠᠭ᠎ᠠ ᠵᠡᠷᠭᠡ ᠶ᠋ᠢ ᠲᠦᠭᠡᠮᠡᠯᠵᠢᠭᠦᠯᠵᠤ᠂ ᠠᠷᠠᠳ ᠤᠯᠠᠨ ᠳ᠋ᠤ 《ᠮᠤᠳᠤ ᠲᠠᠷᠢᠵᠤ ᠤᠢᠵᠢᠭᠤᠯᠬᠤ ᠳ᠋ᠤ ᠬᠦᠮᠦᠨ ᠪᠦᠬᠦᠨ ᠬᠠᠷᠢᠭᠤᠴᠠᠯᠭ᠎ᠠ ᠲᠠᠢ》 ᠦᠵᠡᠯ ᠤᠬᠠᠮᠰᠠᠷ ᠢ᠋ ᠪᠤᠢ ᠪᠤᠯᠭᠠᠬᠤ ᠶ᠋ᠢ ᠵᠤᠷᠢᠪᠠ᠃ ᠰᠦᠯᠵᠢᠶᠡᠨ ᠳᠡᠭᠡᠷ᠎ᠡ ᠪᠠ ᠪᠤᠳᠠᠳᠤ ᠠᠬᠤᠢ ᠶ᠋ᠢ ᠤᠶᠠᠯᠳᠤᠭᠤᠯᠤᠭᠰᠠᠨ ᠬᠠᠷᠢᠭᠤᠴᠠᠯᠭ᠎ᠠ ᠪᠡᠨ ᠭᠦᠢᠴᠡᠳᠭᠡᠬᠦ ᠬᠡᠯᠪᠡᠷᠢ ᠪᠡᠷ ᠳᠠᠮᠵᠢᠨ ᠬᠤᠲᠠ ᠵᠢᠨ ᠠᠷᠠᠳ ᠢ᠋ ᠵᠢᠭᠠᠨ ᠵᠢᠯᠤᠭᠤᠳᠴᠤ᠂ 《ᠢᠨᠲᠸᠷ ᠰᠦᠯᠵᠢᠶ᠎ᠡ + ᠪᠦᠬᠦ ᠠᠷᠠᠳ ᠤ᠋ᠨ ᠠᠯᠪᠠᠨ ᠵᠢᠷᠤᠮ ᠤ᠋ᠨ ᠮᠤᠳᠤ ᠲᠠᠷᠢᠬᠤ》 ᠳᠠᠪᠴᠠᠩᠢᠶᠡᠷ ᠤᠯᠤᠰ ᠤ᠋ᠨ ᠨᠤᠲᠤᠭ ᠳᠡᠪᠢᠰᠭᠡᠷ ᠢ᠋ ᠨᠤᠭᠤᠭᠠᠷᠠᠭᠤᠯᠬᠤ ᠳ᠋ᠤ ᠤᠷᠤᠯᠴᠠᠭᠤᠯᠬᠤ ᠶ᠋ᠢ ᠵᠤᠷᠢᠭᠵᠢᠭᠤᠯᠤᠨ᠂ ᠬᠤᠲᠠ ᠵᠢᠨ ᠠᠷᠠᠳ ᠤ᠋ᠨ ᠬᠠᠷᠢᠭᠤᠴᠠᠯᠭ᠎ᠠ ᠪᠡᠨ ᠭᠦᠢᠴᠡᠳᠭᠡᠬᠦ ᠠᠷᠭ᠎ᠠ ᠵᠠᠮ ᠢ᠋ ᠦᠷᠭᠡᠳᠭᠡᠭᠰᠡᠨ ᠪᠠᠢᠨ᠎ᠠ᠃
ᠬᠦᠬᠡᠬᠤᠲᠠ ᠵᠢᠨ ᠤᠢ ᠰᠢᠭᠤᠢ ᠪᠠ ᠨᠤᠲᠤᠭ ᠪᠡᠯᠴᠢᠭᠡᠷ ᠤ᠋ᠨ ᠲᠤᠪᠴᠢᠶ᠎ᠡ ᠲᠤᠰ ᠤᠳᠠᠭᠠᠨ ᠤ᠋ ᠮᠤᠳᠤ ᠲᠠᠷᠢᠬᠤ ᠠᠵᠢᠯᠯᠠᠭ᠎ᠠ ᠪᠡᠷ ᠠᠵᠠ ᠲᠤᠬᠢᠶᠠᠯ ᠪᠤᠯᠭᠠᠵᠤ᠂ 《ᠢᠨᠲᠸᠷ ᠰᠦᠯᠵᠢᠶ᠎ᠡ + ᠪᠦᠬᠦ ᠠᠷᠠᠳ ᠤ᠋ᠨ ᠠᠯᠪᠠᠨ ᠵᠢᠷᠤᠮ ᠤ᠋ᠨ ᠮᠤᠳᠤ ᠲᠠᠷᠢᠬᠤ》 ᠵᠠᠭᠪᠤᠷ ᠤ᠋ᠨ ᠬᠡᠷᠡᠭᠯᠡᠯᠲᠡ ᠶ᠋ᠢ ᠭᠦᠨᠵᠡᠭᠡᠢᠷᠡᠭᠦᠯᠵᠤ᠂ ᠠᠯᠪᠠᠨ ᠵᠢᠷᠤᠮ ᠤ᠋ᠨ ᠮᠤᠳᠤ ᠲᠠᠷᠢᠵᠤ ᠬᠠᠷᠢᠭᠤᠴᠠᠯᠭ᠎ᠠ ᠪᠡᠨ ᠭᠦᠢᠴᠡᠳᠭᠡᠬᠦ ᠬᠡᠯᠪᠡᠷᠢ ᠵᠢᠨ 《ᠳᠦᠷᠪᠡᠨ ᠤᠯᠠᠷᠢᠯ ᠤ᠋ᠨ ᠪᠠᠢᠩᠭᠤᠵᠢᠭᠰᠠᠨ ᠬᠠᠷᠢᠭᠤᠴᠠᠯᠭ᠎ᠠ ᠪᠡᠨ ᠭᠦᠢᠴᠡᠳᠭᠡᠬᠦ ᠰᠢᠰᠲᠸᠮ》 ᠢ᠋ ᠪᠠᠢᠭᠤᠯᠵᠤ᠂ 《ᠤᠮᠠᠷᠠᠲᠤ ᠵᠢᠨ ᠭᠤᠷᠪᠠᠨ ᠤᠷᠤᠨ》 ᠤ᠋ ᠢᠨᠵᠸᠨ᠋ᠸᠷᠢᠩ ᠤ᠋ᠨ ᠪᠤᠭᠤᠮᠲᠠ ᠰᠢᠪᠲᠤᠯᠬᠤ ᠡᠯ᠎ᠡ ᠲᠦᠷᠦᠯ ᠤ᠋ᠨ ᠡᠭᠦᠷᠭᠡ ᠵᠢᠨ ᠨᠠᠢᠳᠠᠪᠤᠷᠢᠵᠢᠭᠤᠯᠤᠯᠲᠠ ᠶ᠋ᠢ ᠠᠬᠢᠭᠤᠯᠤᠨ᠂ ᠮᠠᠨ ᠤ᠋ ᠤᠯᠤᠰ ᠤ᠋ᠨ ᠤᠮᠠᠷᠠᠲᠤ ᠵᠢᠨ ᠠᠮᠢ ᠠᠬᠤᠢ ᠠᠮᠤᠷ ᠲᠦᠪᠰᠢᠨ ᠤ᠋ ᠬᠠᠯᠬᠠᠪᠴᠢ ᠶ᠋ᠢ ᠪᠠᠲᠤ ᠴᠤᠭᠴᠠᠯᠠᠨ᠂ ᠠᠮᠢ ᠠᠬᠤᠢ ᠵᠢᠨ ᠪᠤᠯᠪᠠᠰᠤᠨ ᠤ᠋ ᠪᠦᠲᠦᠭᠡᠨ ᠪᠠᠢᠭᠤᠯᠤᠯᠲᠠ ᠳ᠋ᠤ ᠬᠤᠪᠢ ᠨᠡᠮᠡᠷᠢ ᠦᠵᠡᠭᠦᠯᠬᠦ ᠶ᠋ᠢ ᠵᠤᠷᠢᠪᠠ᠃