ᠬᠤᠶᠡᠷ ᠲᠠᠯ᠎ᠠ ᠪᠡᠷ ᠵᠢᠡᠨ ᠬᠣᠬᠢᠷᠠᠬᠣ ᠡᠴᠡ ᠬᠡᠷᠬᠢᠨ ᠮᠣᠯᠳᠣᠷᠠᠬᠣ ᠪᠣᠢ ?
2026-05-25 16:14:48
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠲᠥᠪ ᠷᠠᠳᠢᠣ᠋᠎ᠶᠢᠨ ᠰᠦᠯᠵᠢᠶᠡᠨ᠎ᠦ ᠮᠡᠳᠡᠭᠡᠯᠡᠯ᠎ᠢ ᠦᠨᠳᠦᠰᠦᠯᠡᠪᠡᠯ᠂ ᠣᠢᠷ᠎ᠠ᠎ᠳᠤ ᠭᠦᠢᠵᠧᠦ᠎ᠶᠢᠨ ᠭᠦᠢᠶᠠᠩ ᠬᠣᠲᠠ᠎ᠶᠢᠨ ᠨᠢᠭᠡᠨ ᠰᠠᠭᠤᠭᠠᠯᠢ ᠲᠣᠭᠣᠷᠢᠭ᠋᠎ᠦᠨ ᠰᠠᠭᠣᠭᠠᠯᠢ ᠡᠷᠦᠬᠡ ᠠᠳᠠᠯ ᠠᠬᠤᠢ᠎ᠶᠢᠨ ᠰᠦᠢᠳᠬᠡᠯ ᠵᠢᠡᠨ ᠥᠷᠢᠲᠦᠭᠰᠡᠨ᠎ᠡᠴᠡ ᠤᠯᠠᠨ ᠨᠡᠢᠳᠡ ᠵᠢᠨ ᠳᠤᠭᠤᠷᠢᠭ ᠴᠠᠬᠢᠯᠭᠠᠨ᠎ᠤ ᠰᠦᠢᠳᠬᠡᠯ ᠵᠢᠡᠨ ᠲᠣᠰᠢᠶᠠᠵᠦ ᠲᠡᠢᠯᠬᠦ ᠦᠬᠡᠢ᠂ ᠴᠠᠬᠢᠯᠭᠠᠨ ᠱᠠᠲᠤ ᠨᠢ ᠵᠣᠭᠰᠣᠬᠰᠠᠨ ᠶᠠᠪᠣᠳᠠᠯ ᠭᠠᠷᠴᠤ᠂ 500 ᠭᠠᠷᠤᠢ ᠡᠷᠦᠬᠡ ᠵᠢᠨ ᠠᠮᠢᠳᠤᠷᠠᠯ᠎ᠢ ᠨᠥᠯᠥᠭᠡᠯᠡᠪᠡ᠃ ᠠᠳᠠᠯ ᠠᠬᠤᠢ᠎ᠶᠢᠨ ᠬᠠᠷᠢᠭᠤᠴᠠᠯᠭᠠᠲᠠᠨ ᠢᠯᠡᠷᠬᠡᠢᠯᠡᠬᠦ᠎ᠳᠡᠭᠡᠨ᠂ ᠡᠨᠡ ᠵᠢᠯ᠎ᠦᠨ 3 ᠰᠠᠷ᠎ᠠ ᠪᠣᠯᠲᠠᠯ᠎ᠠ ᠰᠠᠭᠣᠭᠠᠯᠢ ᠲᠣᠭᠣᠷᠢᠭ᠎ᠦᠨ ᠠᠳᠠᠯ ᠠᠬᠤᠢ᠎ᠶᠢᠨ ᠵᠠᠷᠤᠳᠠᠯ᠎ᠤᠨ ᠥᠷᠢᠲᠦᠭᠰᠡᠨ ᠵᠤᠭᠤᠰ ᠨᠢᠭᠡᠨᠲᠡ 79 ᠲᠦᠮᠡᠨ ᠲᠥᠭᠥᠷᠢᠭ᠎ᠲᠦ ᠬᠦᠷᠴᠡᠢ᠃ ᠡᠮᠦᠨ᠎ᠡ ᠨᠢ ᠪᠠᠰᠠ ᠣᠯᠠᠨ ᠤᠳᠠᠭ᠎ᠠ ᠠᠳᠠᠯ ᠠᠬᠤᠢ᠎ᠶᠢᠨ ᠰᠦᠢᠳᠬᠡᠯ ᠵᠢᠡᠨ ᠭᠦᠢᠴᠡᠳ ᠬᠤᠷᠢᠶᠠᠭᠰᠠᠨ ᠦᠭᠡᠢ᠎ᠡᠴᠡ ᠪᠣᠯᠵᠤ ᠴᠠᠬᠢᠯᠭᠠᠨ᠎ᠤ ᠰᠦᠢᠳᠬᠡᠯ᠎ᠢ ᠥᠷᠢᠲᠦᠭᠰᠡᠨ ᠤᠴᠢᠷ ᠡᠬᠦᠰᠴᠤ ᠦᠩᠬᠡᠷᠡᠪᠡ᠃ ᠎ᠡᠨᠡ ᠤᠳᠠᠭ᠎ᠠ ᠦᠨᠡᠬᠡᠷ ᠣᠷᠣᠯᠠᠨ ᠥᠭᠬᠦ ᠴᠢᠳᠠᠯ ᠦᠭᠡᠢ ᠪᠣᠯᠤᠭᠰᠠᠨ᠎ᠡᠴᠡ ᠰᠠᠶᠢ ᠴᠠᠬᠢᠯᠭᠠᠨ ᠲᠠᠰᠤᠷᠠᠭᠰᠠᠨ ᠣᠴᠢᠷ ᠭᠠᠷᠴᠠᠢ ᠬᠡᠰᠡᠨ ᠪᠠᠢᠨ᠎ᠠ᠃


QQ截图20260525161650.png


ᠵᠣᠣ ᠴᠦᠨ ᠴᠢᠩ  ᠵᠢᠷᠦᠪᠡ


《ᠴᠠᠬᠢᠯᠭᠠᠨ ᠵᠣᠭᠰᠣᠭᠠᠵᠤ ᠰᠦᠢᠳᠬᠡᠯ ᠲᠣᠰᠢᠶᠠᠬᠣ ᠵᠢ ᠱᠠᠯᠠᠪᠳᠠᠭᠤᠯᠵᠤ》 ᠪᠠᠢᠬᠣ ᠨᠢ ᠣᠳᠣᠬᠠᠨ᠎ᠤ ᠵᠠᠷᠢᠮ ᠭᠠᠵᠠᠷ ᠣᠷᠣᠨ᠎ᠤ ᠠᠳᠠᠯ ᠠᠬᠤᠢ᠎ᠶᠢᠨ ᠰᠦᠢᠳᠬᠡᠯ ᠬᠤᠷᠢᠶᠠᠬᠤ ᠨᠣᠷᠮ᠎ᠠ ᠳᠣᠣᠷ᠎ᠠ ᠪᠠᠢᠭ᠎ᠠ ᠬᠦᠴᠢᠷᠳᠡᠯ᠎ᠢ ᠲᠤᠰᠬᠠᠵᠤ ᠪᠠᠢᠨ᠎ᠠ᠃ ᠡᠢᠮᠦᠷᠬᠦᠦ ᠮᠠᠷᠭᠤᠯᠳᠤᠭᠠᠨ᠎ᠳᠤ᠂ ᠤᠯᠠᠨ ᠰᠠᠭᠤᠭᠠᠯᠢ ᠡᠷᠦᠬᠡ ᠰᠦᠢᠳᠬᠡᠯ ᠲᠤᠰᠢᠶᠠᠬᠤ ᠳᠤᠷ᠎ᠠ ᠦᠭᠡᠢ ᠪᠢᠰᠢ᠂ ᠬᠠᠷᠢᠨ ᠬᠦᠷᠬᠡᠵᠦ ᠪᠠᠢᠭ᠎ᠠ ᠦᠢᠯᠡᠴᠢᠯᠡᠬᠡ ᠨᠢ ᠬᠣᠷᠢᠶᠠᠵᠦ ᠪᠠᠢᠭ᠎ᠠ ᠰᠦᠢᠳᠬᠡᠯ᠎ᠦᠨ ᠦᠨ᠎ᠡ ᠦᠷᠳᠡᠭ᠎ᠲᠦ ᠬᠦᠷᠬᠦ ᠦᠬᠡᠢ ᠪᠠᠢᠭ᠎ᠠ᠎ᠳᠦ ᠪᠣᠢ᠃ ᠰᠠᠭᠣᠭᠠᠯᠢ ᠲᠣᠭᠣᠷᠢᠭ᠎ᠦᠨ ᠣᠷᠴᠢᠨ ᠲᠣᠭᠣᠷᠢᠨ ᠨᠢ ᠪᠣᠵᠠᠷ᠂ ᠤᠯᠠᠨ ᠨᠡᠶ᠋ᠢᠲᠡ᠎ᠶᠢᠨ ᠲᠥᠬᠦᠭᠡᠷᠦᠮᠵᠢ ᠡᠪᠳᠡᠷᠡᠭᠰᠡᠨ᠂ ᠠᠳᠠᠯ ᠠᠬᠣᠢ ᠵᠢᠨ ᠵᠠᠷᠣᠳᠠᠯ᠎ᠢ ᠶᠠᠮᠠᠷ ᠭᠠᠵᠠᠷ ᠵᠠᠷᠣᠬᠰᠠᠨ ᠨᠢ ᠢᠯᠡ ᠪᠣᠰᠣ ᠣᠴᠢᠷ ᠡᠴᠡ ᠬᠡᠨ ᠴᠦ᠍ ᠭᠡᠳ 《ᠲᠠᠯᠠᠭᠠᠷ ᠵᠣᠭᠣᠰ》 ᠵᠠᠷᠤᠬᠤ ᠳᠤᠷ᠎ᠠ ᠦᠭᠡᠢ ᠪᠠᠢᠳᠠᠭ᠃ ᠭᠡᠲᠡᠯ᠎ᠡ ᠠᠳᠠᠯ ᠠᠬᠤᠢ᠎ᠶᠢᠨ ᠰᠦᠢᠳᠬᠡᠯ᠎ᠢ ᠬᠤᠷᠢᠶᠠᠵᠤ ᠳᠡᠶ᠋ᠢᠯᠬᠦ ᠦᠭᠡᠢ ᠪᠣᠯ ᠠᠳᠠᠯ ᠠᠬᠤᠢ᠎ᠶᠢᠨ ᠦᠢᠯᠡᠴᠢᠯᠡᠭᠡᠨ᠎ᠦ ᠶᠠᠰᠤ ᠴᠢᠨᠠᠷ ᠨᠠᠩ ᠪᠠᠭᠤᠷᠠᠵᠤ᠂ ᠠᠢᠯ ᠡᠷᠦᠬᠡ ᠨᠤᠬᠦᠳ ᠰᠦᠢᠳᠬᠡᠯ ᠲᠤᠰᠢᠶᠠᠬᠤ᠎ᠶᠢ ᠡᠰᠡᠷᠭᠦᠴᠡᠵᠦ᠂ ᠬᠤᠶᠡᠷ ᠲᠠᠯ᠎ᠠ ᠪᠡᠷ ᠵᠢᠡᠨ ᠬᠣᠬᠢᠷᠠᠬᠤ ᠪᠠᠢᠳᠠᠯ᠎ᠢ ᠪᠣᠶ ᠪᠣᠯᠭᠠᠳᠠᠭ᠃ ᠠᠳᠠᠯ ᠠᠬᠤᠢ᠎ᠶᠢᠨ ᠦᠢᠯᠡᠴᠢᠯᠡᠭᠡᠨ᠎ᠦ ᠠᠵᠢᠯ᠎ᠢ ᠰᠠᠢᠲᠤᠷ ᠬᠢᠬᠦ᠎ᠳᠦ᠂ ᠣᠷᠣᠯᠭ᠎ᠠ ᠵᠠᠷᠤᠯᠭ᠎ᠠ᠎ᠶᠢ ᠢᠯᠡ ᠪᠣᠯᠭᠠᠵᠤ᠂ ᠠᠳᠠᠯ ᠠᠬᠣᠢ ᠵᠢᠨ ᠰᠦᠢᠳᠬᠡᠯ᠎ᠢ ᠲᠣᠳᠣᠷᠬᠠᠢ ᠬᠡᠷᠡᠭᠯᠡᠵᠦ᠂ ᠬᠣᠯᠪᠣᠭᠳᠠᠯ ᠪᠦᠬᠦᠢ ᠳᠦᠷᠢᠮ᠎ᠦᠨ ᠨᠠᠩ ᠨᠠᠷᠢᠯᠢᠭ᠋᠂ ᠢᠯᠡ ᠲᠣᠳᠣ᠌ ᠪᠣᠯᠬᠤ᠎ᠶᠢ ᠠᠬᠢᠭᠤᠯᠬᠤ ᠬᠡᠷᠡᠭᠲᠡᠢ᠃ ᠵᠤᠷᠢᠯᠭ᠎ᠠ᠎ᠲᠠᠢ᠎ᠪᠠᠷ ᠰᠦᠢᠳᠬᠡᠯ ᠵᠢᠡᠨ ᠥᠷᠢᠲᠦᠭᠰᠡᠨ ᠦᠢᠯᠡ ᠠᠵᠢᠯᠯᠠᠭ᠎ᠠ᠎ᠶᠢ ᠬᠠᠤᠯᠢ ᠴᠠᠭᠠᠵᠠ᠎ᠶᠢᠨ ᠠᠷᠭ᠎ᠠ ᠵᠠᠮ᠎ᠢᠶᠠᠷ ᠨᠡᠬᠡᠮᠵᠢᠯᠡᠨ ᠲᠤᠰᠢᠶᠠᠯᠭᠠᠵᠤ ᠪᠣᠯᠣᠨ᠎ᠠ᠃ ᠠᠳᠠᠯ ᠠᠬᠤᠢ᠎ᠶᠢᠨ ᠦᠢᠯᠡᠴᠢᠯᠡᠭᠡ ᠬᠠᠩᠭᠠᠬᠴᠢ ᠪᠣᠯᠣᠨ ᠰᠠᠭᠣᠭᠠᠯᠢ ᠡᠷᠦᠬᠡ ᠪᠣᠯ ᠦᠨᠡᠨ᠎ᠳᠡᠭᠡᠨ ᠠᠰᠢᠭ᠋ ᠲᠤᠰᠠ᠎ᠶᠢᠨ ᠬᠠᠮᠲᠤ᠎ᠶᠢᠨ ᠴᠣᠭᠴᠠ ᠮᠥᠨ᠂ ᠴᠠᠬᠢᠯᠭᠠᠨ ᠵᠣᠭᠰᠣᠭᠠᠭᠠᠳ ᠬᠣᠪᠢ ᠬᠦᠮᠦᠨ᠎ᠦ ᠤᠬᠠᠮᠰᠠᠷ᠎ᠢ ᠲᠡᠭᠡᠭᠰᠢᠯᠡᠬᠦᠯᠵᠦ ᠲᠡᠢᠯᠬᠦ ᠦᠬᠡᠢ᠂ ᠴᠢᠨᠠᠭᠰᠢᠯᠠᠭᠠᠳ  ᠨᠡᠩ ᠶᠡᠬᠡ ᠵᠦᠷᠢᠯᠳᠦᠬᠡᠨ ᠭᠠᠷᠭᠠᠵᠦ ᠮᠡᠳᠡᠬᠦ ᠶᠤᠮ᠃         (ᠴᠧᠨ ᠰᠢ)

                    — 《ᠠᠵᠢᠯᠴᠢᠨ᠎ᠤ ᠡᠳᠦᠷ᠎ᠦᠨ ᠰᠣᠨᠢᠨ》 ᠡᠴᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号