ᠬᠥᠬᠡᠬᠣᠲᠠ ᠵᠡᠮᠳᠡᠭ᠌ᠴᠦᠳ᠎ᠤᠨ ᠠᠵᠢᠯ ᠣᠯᠭᠣᠯᠲᠠ᠎ᠵᠢᠨ ᠲᠤᠰᠭᠠᠶ ᠲᠠᠯᠠᠪᠠᠢ ᠠᠵᠢᠯᠲᠠᠨ ᠤᠷᠢᠨ ᠡᠯᠰᠡᠬᠦ᠌ ᠴᠤᠬᠯᠠᠭᠠᠨ ᠡᠷᠬᠢᠯᠡᠪᠡ
2026-05-25 11:12:48
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠤᠢᠷ᠎ᠠ᠎ᠳᠤ᠂ ᠬᠥᠬᠡᠬᠣᠲᠠ᠎ᠶ᠋ᠢᠨ ᠵᠡᠮᠳᠡᠭ᠌ᠴᠦᠳ᠎ᠦᠨ ᠬᠤᠯᠪᠤᠭ᠎ᠠ᠂ ᠬᠦᠬᠡᠬᠤᠲᠠ᠎ᠵᠢᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠣᠪᠴᠢᠶ᠎ᠠ᠎ᠠᠴᠠ ᠭᠤᠤᠯᠯᠠᠨ ᠡᠷᠭᠢᠯᠡᠭ᠌ᠰᠡᠨ 《ᠭᠠᠷ ᠬᠣᠯᠪᠣᠯᠴᠠᠨ ᠤᠷᠤᠭ᠍ᠰᠢᠯᠠᠵᠤ᠂ ᠢᠷᠡᠭᠡᠳᠦᠶ᠎ᠪᠡᠨ ᠬᠠᠮᠲᠤ᠎ᠪᠠᠷ ᠴᠣᠭ᠍ᠴᠠᠯᠠᠬᠤ》 ᠭᠤᠤᠯ ᠰᠡᠳᠦᠪᠲᠦ ᠵᠡᠮᠳᠡᠭ᠌ᠴᠦᠳ᠎ᠦᠨ ᠠᠵᠢᠯ ᠣᠯᠭᠣᠯᠲᠠ᠎ᠶ᠋ᠢᠨ ᠲᠤᠰᠭᠠᠶ ᠲᠠᠯᠠᠪᠠᠢ ᠠᠵᠢᠯᠲᠠᠨ ᠤᠷᠢᠨ ᠡᠯᠰᠡᠬᠦ᠌ ᠴᠤᠬᠯᠠᠭᠠᠨ ᠬᠦᠬᠡᠬᠤᠲᠠ᠎ᠶᠢᠨ ᠱᠢᠨᠬᠤᠸᠠ ᠠᠭᠤᠳᠠᠮ ᠲᠠᠯᠠᠪᠠᠶ᠎ᠳᠤ ᠶᠠᠪᠤᠭ᠍ᠳᠠᠪᠠ᠃

ᠲᠤᠰ ᠤᠳᠠᠭᠠᠨ᠎ᠤ ᠠᠵᠢᠯᠯᠠᠭ᠎ᠠ ᠨᠢ ᠦᠪᠦᠷ ᠮᠤᠩᠭᠤᠯ᠎ᠤᠨ 36 ᠳ᠋ᠡᠬᠢ 《ᠪᠥᠬᠥ᠌ ᠤᠯᠤᠰ᠎ᠤᠨ ᠵᠡᠮᠳᠡᠭ᠌ᠴᠦᠳ᠎ᠢ ᠲᠤᠰᠠᠯᠠᠬᠤ ᠡᠳᠦᠷ》 ᠦ᠋ᠨ ᠱᠢᠷᠢᠰ ᠠᠵᠢᠯᠯᠠᠭ᠎ᠠ᠎ᠶ᠋ᠢᠨ ᠴᠢᠬᠤᠯᠠ ᠪᠦᠷᠢᠯᠳᠦᠬᠦᠨ ᠬᠡᠰᠡᠭ ᠪᠣᠯᠤᠭ᠍ᠰᠠᠨ᠎ᠤ ᠬᠤᠪᠢ᠎ᠳᠤ ᠵᠡᠮᠳᠡᠭ᠌ᠴᠦᠳ᠎ᠦᠨ ᠠᠵᠢᠯ ᠣᠯᠭᠣᠯᠲᠠ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠲᠠᠶ ᠣᠨᠣᠪᠴᠢᠲᠠᠶ ᠵᠤᠯᠭᠠᠯᠴᠠᠪᠠ᠃ ᠲᠣᠰ ᠤᠳᠠᠭᠠᠨ᠎ᠤ ᠠᠵᠢᠯᠲᠠᠨ ᠤᠷᠢᠨ ᠡᠯᠰᠡᠬᠦ᠌ ᠴᠤᠭ᠍ᠯᠠᠭᠠᠨ᠎ᠳ᠋ᠤ ᠦᠶ᠋ᠯᠡᠳᠬᠦ᠌ ᠦᠶ᠋ᠯᠡᠰ᠂ ᠮᠥᠩᠭᠥᠨ ᠭᠦᠶ᠋ᠯᠭᠡᠭᠡᠨ᠎ᠦ ᠦᠶ᠋ᠯᠡᠰ᠂ ᠦᠶ᠋ᠯᠡᠴᠢᠯᠡᠭᠡᠨ᠎ᠦ ᠦᠶ᠋ᠯᠡᠰ ᠵᠡᠷᠭᠡ 5 ᠶᠡᠬᠡ ᠠᠵᠢᠯ ᠲᠥᠷᠥᠯ᠎ᠤᠨ 54 ᠬᠠᠯᠠᠭᠤᠨ ᠰᠡᠳᠭᠢᠯᠲᠦ ᠠᠵᠤ ᠠᠬᠤᠢᠯᠠᠯ ᠴᠤᠭ᠍ᠯᠠᠷᠠᠨ 1487 ᠠᠵᠢᠯ᠎ᠤᠨ ᠪᠠᠢᠷᠢ᠎ᠬᠠᠩᠭᠠᠪᠠ᠃ ᠲᠤᠬᠠᠶ᠎ᠶ᠋ᠢᠨ ᠲᠠᠯᠠᠪᠠᠶ᠎ᠳᠤ ᠵᠢᠷᠭᠤᠭᠠᠨ ᠶᠡᠬᠡ ᠴᠢᠳᠠᠮᠵᠢᠲᠤ ᠦᠶ᠋ᠯᠡᠴᠢᠯᠡᠭᠡᠨ᠎ᠦ ᠣᠷᠣᠨ ᠪᠦᠰᠡ ᠬᠤᠪᠢᠶᠠᠷᠢᠯᠠᠵᠤ᠂ ᠠᠵᠢᠯ ᠡᠷᠢᠭ᠌ᠰᠡᠳ᠎ᠲᠦ ᠨᠢᠭᠡ ᠥᠷᠲᠡᠭᠡᠴᠢᠯᠡᠭᠰᠡᠨ ᠮᠠᠶᠢᠭ᠎ᠤᠨ ᠠᠵᠢᠯ ᠣᠯᠭᠣᠬᠤ ᠦᠶ᠋ᠯᠡᠴᠢᠯᠡᠭᠡ ᠬᠠᠩᠭᠠᠵᠤ᠂ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ ᠬᠢᠭᠡᠳ ᠠᠵᠢᠯ ᠣᠯᠭᠣᠯᠲᠠ᠎ᠶ᠋ᠢᠨ ᠵᠢᠯᠣᠭᠣᠳᠣᠯᠭ᠎ᠠ᠂ ᠳᠣᠬᠢᠶᠠᠨ᠎ᠤ ᠬᠡᠯᠡᠨ᠎ᠦ ᠣᠷᠴᠢᠭᠤᠯᠭ᠎ᠠ᠂ ᠡᠮᠴᠢᠯᠡᠭᠡᠨ᠎ᠦ ᠦᠶ᠋ᠯᠡᠴᠢᠯᠡᠭᠡ ᠵᠡᠷᠭᠡ ᠪᠦᠷᠢᠨ ᠲᠥᠬᠥᠷ ᠪᠠᠲᠤᠯᠠᠭ᠎ᠠ᠎ᠶ᠋ᠢ ᠬᠠᠮᠤᠷᠴᠠᠢ᠃ ᠡᠬᠦᠨ ᠡᠴᠡ ᠭᠠᠳᠠᠨ᠎ᠠ᠂ ᠰᠣᠶᠣᠯ᠎ᠤᠨ ᠡᠬᠦᠳᠦᠯᠲᠡ᠎ᠵᠢᠨ ᠭᠠᠷ ᠤᠷᠠᠯᠠᠯ᠂ ᠣᠬᠣᠷ ᠸᠢᠳᠢᠣ᠋᠎ᠶ᠋ᠢᠨ ᠬᠠᠢᠴᠢᠯᠠᠮᠠᠯ ᠵᠡᠷᠭᠡ ᠱᠢᠨ᠎ᠡ᠎ᠪᠡᠷ ᠮᠠᠨᠳᠤᠬᠰᠠᠨ ᠠᠵᠢᠯ ᠮᠡᠷᠭᠡᠵᠢᠯ᠎ᠦᠨ ᠪᠡᠶᠡᠴᠢᠯᠡᠨ ᠣᠢᠯᠠᠭᠠᠬᠤ ᠣᠷᠣᠨ ᠵᠢᠴᠢ 《ᠦᠵᠡᠰᠭᠦᠯᠡᠩᠲᠦ ᠰᠠᠢᠬᠠᠨ ᠦᠶ᠋ᠯᠡᠳᠭᠡᠯ᠎ᠦᠨ ᠭᠠᠵᠠᠷ》 ᠤ᠋ᠨ ᠭᠠᠷ ᠤᠷᠠᠯᠠᠯ᠎ᠤᠨ ᠪᠦᠲᠦᠭᠡᠭ᠌ᠳᠡᠬᠦᠨ᠎ᠢ ᠳᠡᠯᠭᠡᠨ ᠦᠵᠡᠭᠦᠯᠵᠦ᠍ ᠬᠤᠳᠠᠯᠳᠤᠬᠤ ᠲᠤᠰᠭᠠᠶ ᠣᠷᠣᠨ᠎ᠢ ᠲᠣᠬᠢᠷᠠᠭᠤᠯᠵᠤ᠂ ᠠᠵᠢᠯ ᠡᠷᠢᠭ᠌ᠰᠡᠳ᠎ᠦᠨ ᠣᠯᠠᠨ ᠡᠱᠢᠲᠦ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠪᠠ᠃

ᠲᠤᠬᠠᠢ᠎ᠶᠢᠨ ᠡᠳᠦᠷ᠎ᠤᠨ ᠦᠳᠡ᠎ᠶᠢᠨ ᠬᠤᠢᠨ᠎ᠠ ᠬᠦᠬᠡᠬᠤᠲᠠ᠎ᠶᠢᠨ ᠵᠡᠮᠳᠡᠭᠴᠤᠳ᠎ᠤᠨ ᠬᠤᠯᠪᠤᠭ᠎ᠠ ᠬᠦᠯᠦᠰᠦᠯᠡᠭᠴᠢ᠎ᠶᠢᠨ ᠪᠤᠯᠪᠠᠰᠤᠷᠠᠯ ᠡᠷᠬᠢᠯᠡᠵᠦ᠂ ᠬᠦᠮᠦᠨ ᠬᠡᠷᠡᠭᠯᠡᠬᠦ ᠨᠢᠭᠡᠴᠢ᠎ᠳᠤ ᠵᠤᠷᠢᠭᠤᠯᠤᠨ ᠵᠡᠮᠳᠡᠭᠴᠤᠳ᠎ᠤᠨ ᠠᠵᠢᠯ ᠤᠯᠭᠤᠯᠲᠠ᠎ᠶᠢᠨ ᠪᠠᠲᠤᠯᠠᠭ᠎ᠠ᠎ᠶᠢᠨ ᠮᠦᠩᠬᠦ ᠵᠢᠴᠢ ᠵᠡᠮᠳᠡᠭᠴᠤᠳ᠎ᠤᠨ ᠠᠵᠢᠯ ᠤᠯᠵᠦ ᠦᠢᠯᠡᠰ ᠪᠤᠰᠬᠠᠬᠤ ᠲᠤᠬᠠᠢ ᠲᠦᠷᠦ᠎ᠶᠢᠨ ᠪᠤᠳᠤᠯᠭ᠎ᠠ᠎ᠵᠢ ᠰᠢᠰᠲᠸᠮ ᠲᠠᠢ ᠲᠠᠢᠯᠪᠤᠷᠢᠯᠠᠵᠦ᠂ ᠲᠤᠬᠠᠢ᠎ᠶᠢᠨ ᠲᠠᠯᠠᠪᠤᠷ᠎ᠲᠤ ᠬᠦᠮᠦᠨ ᠬᠡᠷᠡᠭᠯᠡᠭᠦ ᠨᠢᠭᠡᠴᠢ᠎ᠵᠢᠨ ᠠᠵᠢᠯᠲᠠᠨ ᠤᠷᠢᠨ ᠡᠯᠰᠡᠬᠦ ᠱᠠᠭᠠᠷᠳᠠᠯᠭ᠎ᠠ᠎ᠵᠢ ᠡᠯᠰᠡᠨ ᠴᠤᠬᠯᠠᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号