ᠣᠷᠣᠨ ᠪᠦᠰᠡ ᠠᠯᠤᠰᠯᠠᠨ ᠪᠠᠢᠴᠠᠭᠠᠨ ᠰᠤᠳᠤᠯᠤᠯᠲᠠ ᠬᠢᠵᠦ ᠴᠡᠷᠢᠭ ᠤ᠋ᠨ ᠠᠯᠪᠠ ᠡᠴᠨ ᠬᠠᠯᠠᠬᠳᠠᠬᠰᠠᠳ ᠲᠸ᠋ ᠦᠢᠯᠡᠴᠢᠯᠡᠬᠦ ᠲᠦᠪᠰᠢᠨ᠎ᠢ ᠲᠡᠭᠡᠭᠰᠢᠯᠡᠬᠦᠯᠤᠯ᠎ᠡ
2026-05-25 11:16:06
ᠵᠣᠬᠢᠶᠠᠭ᠍ᠴᠢ᠄
ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ᠂ ᠬᠥᠬᠡᠬᠣᠲᠠ᠎ᠶ᠋ᠢᠨ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠶᠠᠪᠤᠳᠠᠯ᠎ᠤᠨ ᠲᠣᠪᠴᠢᠶ᠎ᠠ ᠪᠠ ᠬᠥᠬᠡᠬᠣᠲᠠ᠎ᠶ᠋ᠢᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ᠎ᠬᠠᠮᠳᠤᠷᠠᠨ ᠭᠤᠸᠠᠩᠳᠦ᠋ᠩ᠎ᠦᠨ ᠮᠡᠷᠭᠡᠵᠢᠯ᠎ᠦᠨ ᠪᠠᠭ᠍ᠰᠢ᠎ᠶ᠋ᠢᠨ ᠶᠡᠬᠡ ᠰᠤᠷᠭᠠᠭᠤᠯᠢ᠎ᠳᠤ ᠬᠦᠷᠴᠦ᠍᠂ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠦᠶ᠋ᠯᠡᠴᠢᠯᠡᠭᠡᠨ ᠤ᠋ ᠪᠠᠲᠤᠯᠠᠭ᠎ᠠ᠂ ᠬᠥᠮᠦᠵᠢᠯ ᠪᠣᠯᠪᠠᠰᠤᠷᠠᠯ ᠵᠡᠷᠭᠡ ᠠᠵᠢᠯ᠎ᠢ ᠲᠤᠰᠭᠠᠶ ᠰᠡᠳᠦᠪ᠎ᠢᠶᠡᠷ ᠪᠠᠢᠴᠠᠭᠠᠨ ᠰᠤᠳᠤᠯᠪᠠ᠃

ᠰᠣᠯᠢᠯᠴᠠᠭ᠎ᠠ ᠳᠤᠮᠳᠠ ᠬᠣᠶᠠᠷ ᠲᠠᠯ᠎ᠠ᠎ᠪᠠᠷ᠎ᠢᠶᠠᠨ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠬᠥᠮᠦᠵᠢᠯ ᠪᠣᠯᠪᠠᠰᠤᠷᠠᠯ᠎ᠤᠨ ᠱᠢᠰᠲ᠋ᠧᠮ᠎ᠢ ᠪᠠᠢᠭᠤᠯᠬᠤ᠂ ᠬᠢᠴᠢᠶᠡᠯ᠎ᠦᠨ ᠠᠭᠤᠯᠭ᠎ᠠ᠎ᠶ᠋ᠢ ᠱᠢᠯᠢᠳᠡᠭ᠌ᠵᠢᠭᠦᠯᠦᠨ ᠲᠠᠰ ᠳᠡᠪᠱᠢᠭᠦᠯᠬᠦ᠌᠂ ᠰᠤᠷᠭᠠᠭᠤᠯᠢ ᠠᠵᠤ ᠠᠬᠤᠢᠯᠠᠯ ᠬᠠᠮᠲᠤᠷᠠᠨ ᠴᠢᠳᠠᠪᠤᠷᠢᠳᠠᠨ᠎ᠢ ᠬᠥᠮᠦᠵᠢᠭᠦᠯᠬᠦ᠌ ᠵᠠᠭ᠍ᠪᠤᠷ᠂ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠰᠤᠷᠤᠯᠭ᠎ᠠ᠎ᠶ᠋ᠢᠨ ᠨᠠᠮᠲᠠᠷ᠎ᠢ ᠳᠡᠭᠡᠭ᠌ᠰᠢᠯᠡᠭᠦᠯᠬᠦ᠌ ᠠᠷᠭ᠎ᠠ ᠵᠠᠮ ᠵᠡᠷᠭᠡ ᠠᠭᠤᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ ᠭᠦᠨᠵᠡᠭᠡᠶ ᠰᠤᠳᠤᠯᠤᠨ ᠶᠠᠷᠢᠯᠴᠠᠵᠤ᠂ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ ᠤ᠋ᠨ ᠠᠵᠢᠯᠳᠠᠨ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠥᠮᠦᠵᠢᠯ᠎ᠦᠨ ᠬᠠᠪᠰᠤᠷᠤᠨ ᠵᠢᠯᠣᠭᠣᠳᠣᠭ᠍ᠴᠢ᠎ᠶ᠋ᠢᠨ ᠡᠩᠨᠡᠭᠡ᠎ᠶ᠋ᠢ ᠪᠣᠢᠵᠢᠭᠤᠯᠬᠤ᠂ ᠲᠤᠰᠭᠠᠶ ᠮᠡᠷᠭᠡᠵᠢᠯ᠎ᠦᠨ ᠪᠣᠯᠪᠠᠰᠤᠷᠠᠯ ᠵᠡᠷᠭᠡ ᠪᠣᠳᠠᠲᠠᠶ ᠠᠵᠢᠯ᠎ᠤᠨ ᠲᠣᠭᠣᠷᠢᠨ᠎ᠳᠤ ᠬᠠᠮᠲᠤ᠎ᠶ᠋ᠢᠨ ᠲᠠᠨᠢᠯᠲᠠ᠎ᠪᠠᠨ ᠨᠢᠭ᠍ᠲᠠᠷᠠᠭᠤᠯᠬᠤ᠎ᠶ᠋ᠢᠨ ᠬᠠᠮᠲᠤ ᠲᠤᠷᠱᠢᠯᠭ᠎ᠠ᠎ᠪᠠᠨ ᠬᠠᠷᠢᠯᠴᠠᠨ ᠲᠣᠯᠢᠯᠠᠬᠤ᠂ ᠴᠢᠨᠠᠷ ᠰᠠᠢᠲᠠᠶ ᠡᠬᠢ ᠪᠠᠶᠠᠯᠢᠭ᠎ᠢ ᠵᠣᠯᠭᠠᠭᠤᠯᠬᠤ᠂ ᠣᠯᠠᠨ ᠬᠦᠷᠢᠶ᠎ᠠ ᠴᠠᠷᠠᠭᠠᠨ᠎ᠦ ᠭᠦᠨᠵᠡᠭᠡᠶ ᠬᠠᠮᠲᠤᠷᠠᠯᠴᠠᠭ᠎ᠠ ᠵᠡᠷᠭᠡ ᠲᠠᠯ᠎ᠠ᠎ᠪᠠᠷ ᠰᠠᠨᠠᠯ ᠨᠢᠭᠡᠳᠴᠡᠶ᠃ ᠬᠤᠷᠠᠯ᠎ᠤᠨ ᠳᠠᠷᠠᠭ᠎ᠠ ᠪᠠᠢᠴᠠᠭᠠᠨ ᠰᠤᠳᠤᠯᠬᠤ ᠲᠤᠭᠤᠢᠯᠠᠡᠭ ᠲᠣᠭᠠᠴᠢᠯᠠᠭ᠍ᠰᠠᠨ ᠦᠢᠯᠡᠳᠭᠡᠯ᠎ᠦᠨ ᠭᠠᠵᠠᠷ᠂ ᠴᠡᠷᠢᠭ ᠤ᠋ᠨ ᠠᠯᠪᠠ᠎ᠡᠴᠡ ᠬᠠᠯᠠᠭ᠍ᠳᠠᠭ᠍ᠰᠠᠳ᠎ᠤᠨ ᠭᠡᠷ ᠵᠢᠴᠢ ᠰᠤᠳᠤᠯᠭᠠᠨ᠎ᠤ ᠬᠦᠷᠢᠶᠡᠯᠡᠩ᠎ᠵᠢᠡᠷ ᠲᠣᠭᠣᠷᠢᠨ ᠦᠵᠡᠪᠡ᠃

ᠲᠣᠰ ᠤᠳᠠᠭᠠᠨ᠎ᠤ ᠣᠷᠣᠨ ᠪᠦᠰᠡ ᠠᠯᠤᠰᠯᠠᠨ ᠪᠠᠢᠴᠠᠭᠠᠨ ᠰᠤᠳᠤᠯᠤᠯᠲᠠ ᠬᠢᠭᠰᠡᠨ ᠨᠢ ᠥᠪᠥᠷ ᠮᠣᠩᠭᠣᠯ ᠭᠤᠸᠠᠩᠳᠦ᠋ᠩ ᠬᠣᠶᠠᠷ ᠭᠠᠵᠠᠷ᠎ᠤᠨ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠠᠵᠢᠯ᠎ᠤᠨ ᠬᠠᠮᠵᠢᠯᠴᠠᠬᠤ ᠲᠠᠪᠴᠠᠩ᠎ᠢ ᠪᠠᠢᠭᠤᠯᠵᠤ᠂ ᠲᠡᠷᠢᠭᠦᠨ᠎ᠦ ᠲᠤᠷᠱᠢᠯᠭ᠎ᠠ᠎ᠪᠠᠨ ᠬᠤᠪᠢᠶᠠᠯᠴᠠᠵᠤ᠂ ᠳᠠᠪᠠᠭᠤᠯᠢᠭ ᠡᠬᠢ ᠪᠠᠶᠠᠯᠢᠭ᠎ᠢᠶᠠᠨ ᠨᠥᠬᠥᠪᠥᠷᠢᠯᠡᠵᠦ᠍᠂ ᠠᠵᠢᠯ᠎ᠤᠨ ᠰᠡᠳᠭᠢᠴᠡ᠎ᠪᠡᠨ ᠨᠡᠭᠡᠭᠡᠬᠦ᠌᠎ᠶ᠋ᠢ ᠪᠡᠶᠡᠯᠡᠭᠦᠯᠪᠡ᠃ ᠲᠠᠷᠠᠭᠠᠴᠢ᠎ᠪᠡᠷ ᠬᠥᠬᠡᠬᠣᠲᠠ᠎ᠶ᠋ᠢᠨ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠶᠠᠪᠤᠳᠠᠯ᠎ᠤᠨ ᠲᠣᠪᠴᠢᠶ᠎ᠠ ᠣᠷᠣᠨ᠎ᠤ ᠲᠥᠪ᠎ᠦᠨ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠠᠵᠢᠯ᠎ᠤᠨ ᠪᠣᠳᠠᠲᠤ ᠪᠠᠢᠳᠠᠯ᠎ᠲᠠᠶ ᠤᠶᠠᠯᠳᠤᠭᠤᠯᠤᠨ᠂ ᠰᠤᠷᠭᠠᠭᠤᠯᠢ ᠪᠠ ᠣᠷᠣᠨ ᠨᠤᠲᠤᠭ ᠬᠠᠮᠵᠢᠯᠴᠠᠬᠤ᠂ ᠰᠤᠷᠭᠠᠭᠤᠯᠢ ᠪᠠ ᠠᠵᠤ ᠠᠬᠤᠢᠯᠠᠯ ᠬᠠᠮᠲᠤᠷᠠᠨ ᠬᠥᠳᠡᠯᠦᠯᠴᠡᠬᠦ᠌ ᠲᠣᠭ᠍ᠲᠠᠴᠠ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠬᠥᠮᠦᠵᠢᠯ ᠪᠣᠯᠪᠠᠰᠤᠷᠠᠯ᠂ ᠠᠵᠢᠯ ᠣᠯᠵᠤ ᠦᠶ᠋ᠯᠡᠰ ᠪᠤᠰᠬᠠᠬᠤ ᠪᠥᠬᠥ᠌ ᠬᠡᠯᠬᠢᠶᠡᠨ᠎ᠦ ᠦᠶ᠋ᠯᠡᠴᠢᠯᠡᠭᠡᠨ᠎ᠦ ᠱᠢᠰᠲ᠋ᠧᠮ᠎ᠢ  ᠲᠠᠰᠤᠷᠠᠯᠲᠠ ᠥᠬᠡᠶ ᠪᠦᠷᠢᠨᠱᠢᠭᠦᠯᠵᠦ᠍᠂ ᠦᠶ᠋ᠯᠡᠴᠢᠯᠡᠭᠡᠨ᠎ᠦ ᠪᠠᠲᠤᠯᠠᠭ᠎ᠠ᠎ᠶ᠋ᠢᠨ ᠵᠠᠭ᠍ᠪᠤᠷ᠎ᠤᠨ ᠱᠢᠨ᠎ᠡ᠎ᠶ᠋ᠢ ᠡᠭᠦᠳᠴᠦ᠍᠂ ᠬᠥᠬᠡᠬᠣᠲᠠ᠎ᠶ᠋ᠢᠨ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠬᠦᠴᠦᠯᠡᠨ ᠠᠬᠢᠭᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号