2026 ᠣᠷᠳᠣᠰ ᠬᠣᠲᠠ ᠵᠢᠨ ᠭᠤᠷᠪᠠᠳᠤᠭᠠᠷ ᠬᠤᠭᠤᠴᠠᠭᠠᠨ ᠤ᠋ ᠪᠥᠬᠥ ᠠᠷᠠᠳ ᠤ᠋ᠨ ᠪᠠᠴᠢᠮ ᠪᠠᠢᠳᠠᠯ ᠢ᠋ ᠠᠷᠭᠠᠴᠠᠭᠠᠵᠤ ᠠᠪᠤᠷᠠᠨ ᠲᠤᠰᠠᠯᠠᠬᠤ ᠤᠷᠤᠯᠳᠤᠭᠠᠨ ᠶᠠᠪᠤᠭᠳᠠᠵᠠᠢ
2026-05-25 11:28:43
ᠵᠣᠬᠢᠶᠠᠭ᠍ᠴᠢ᠄
ᠪᠤᠶᠠᠠᠡᠨᠡᠷᠢᠯ
ᠣᠩᠱᠢᠭ᠍ᠰᠠᠨ ᠣᠳᠠᠭ᠎ᠠ᠄
★★★☆☆

ᠤᠢᠷ᠎ᠠ᠎ᠳᠤ᠂ ᠤᠷᠳᠤᠰ ᠬᠣᠲᠠ ᠵᠢᠨ 《ᠲᠦᠷᠭᠡᠨ ᠠᠪᠤᠷᠠᠯᠳᠠ ᠵᠢᠨ ᠪᠠᠭᠠᠲᠤᠷ》︱2026 ᠣᠷᠳᠣᠰ ᠬᠣᠲᠠ ᠵᠢᠨ ᠭᠤᠷᠪᠠᠳᠤᠭᠠᠷ ᠬᠤᠭᠤᠴᠠᠭᠠᠨ ᠤ᠋ ᠪᠥᠬᠥ ᠠᠷᠠᠳ ᠤ᠋ᠨ ᠪᠠᠴᠢᠮ ᠪᠠᠢᠳᠠᠯ ᠢ᠋ ᠠᠷᠭᠠᠴᠠᠭᠠᠵᠤ ᠠᠪᠤᠷᠠᠨ ᠲᠤᠰᠠᠯᠠᠬᠤ ᠤᠷᠤᠯᠳᠤᠭᠠᠨ ᠬᠢᠶ᠎ᠠ ᠪᠠᠭ᠍ᠰᠢ ᠲᠣᠭᠣᠷᠢᠭ᠋ ᠤ᠋ᠨ ᠤᠯᠠᠭᠠᠨᠮᠥ᠋ᠷᠡᠨ᠎ᠤ ᠬᠥᠪᠡᠭᠡᠨ ᠳ᠋ᠤ ᠶᠠᠪᠤᠭᠳᠠᠵᠠᠢ᠃

ᠳᠤᠰ ᠤᠳᠠᠭᠠᠨ ᠤ᠋ ᠤᠷᠤᠯᠳᠤᠭᠠᠨ ᠳ᠋ᠤ ᠤᠷᠳᠤᠰ ᠬᠣᠲᠠ ᠵᠢᠨ ᠬᠠᠮᠢᠶ᠎ᠠ ᠪᠦᠬᠦᠢ ᠪᠠᠢᠭᠤᠯᠭ᠎ᠠ ᠨᠢᠭᠡᠴᠢ᠂ ᠶᠡᠬᠡ ᠳᠡᠭᠡᠳᠦ ᠰᠤᠷᠭᠠᠭᠤᠯᠢ᠂ ᠳᠣᠲᠣᠭᠠᠳᠤ ᠵᠢ ᠬᠠᠮᠠᠭᠠᠯᠠᠬᠤ ᠰᠠᠯᠠᠭ᠎ᠠ ᠮᠦᠴᠢᠷ᠂ ᠠᠵᠤ ᠠᠬᠤᠢᠯᠠᠯ ᠵᠡᠷᠭᠡ ᠡᠯ᠎ᠡ ᠠᠵᠢᠯ ᠲᠥᠷᠥᠯ ᠤ᠋ᠨ  251 ᠳᠤᠭᠤᠢᠯᠠᠩ᠂ 1200 ᠭᠠᠷᠤᠢ ᠳᠠᠮᠢᠷᠴᠢᠳ ᠣᠷᠣᠯᠴᠠᠵᠠᠢ᠃ ᠤᠷᠤᠯᠳᠤᠭᠠᠨ ᠳ᠋ᠤ ᠰᠢᠷᠬ᠎ᠠ ᠪᠤᠭᠤᠬᠤ᠂ ᠵᠢᠷᠦᠬᠡ ᠠᠭᠤᠰᠬᠢᠨ ᠤ᠋ ᠠᠵᠢᠯᠯᠠᠭ᠎ᠠ ᠵᠢ ᠰᠡᠷᠭᠦᠭᠡᠬᠦ᠂ AED ᠵᠢ ᠤᠨᠤᠪᠴᠢᠳᠠᠢ ᠬᠡᠷᠡᠭᠯᠡᠬᠦ᠂ ᠰᠢᠷᠬᠠᠳᠤᠭᠰᠠᠳ ᠢ᠋ ᠰᠢᠯᠵᠢᠬᠦᠯᠬᠦ ᠵᠡᠷᠭᠡ ᠲᠦᠷᠭᠡᠨ ᠠᠪᠤᠷᠠᠯᠳᠠ ᠵᠢᠨ ᠵᠦᠢᠯ ᠢ᠋ ᠲᠣᠬᠢᠷᠠᠭᠤᠯᠵᠤ᠂ ᠤᠷᠤᠯᠳᠤᠭᠠᠨ ᠳ᠋ᠤ ᠣᠷᠣᠯᠴᠠᠭᠰᠠᠳ ᠪᠦᠯᠬᠦᠮ ᠨᠡᠶ᠋ᠢᠲᠡ ᠵᠢᠨ ᠬᠠᠮᠵᠢᠯᠴᠠᠭ᠎ᠠ ᠵᠢᠨ ᠳᠤᠮᠳᠠ ᠡᠯ᠎ᠡ ᠵᠦᠢᠯ ᠤ᠋ᠨ ᠠᠵᠢᠯᠯᠠᠭ᠎ᠠ ᠵᠢ ᠪᠡᠶᠡᠯᠡᠭᠦᠯᠦᠨ᠂ 《ᠰᠢᠵᠢᠷ ᠠᠯᠲᠠᠨ ᠳᠥᠷᠪᠡᠨ ᠮᠢᠨᠦ᠋ᠲ》 ᠤ᠋ᠨ ᠠᠪᠤᠷᠠᠯᠳᠠ ᠵᠢᠨ ᠠᠷᠭ᠎ᠠ ᠵᠠᠮ ᠢ᠋ ᠪᠣᠯᠪᠠᠰᠤᠷᠠᠩᠭᠤᠢ ᠶᠠᠪᠤᠭᠳᠠᠭᠤᠯᠵᠤ᠂ ᠤᠷᠤᠯᠴᠠᠭᠰᠠᠳ ᠤ᠋ᠨ ᠲᠠᠮᠢᠷ ᠲᠡᠩᠬᠡᠭᠡ᠂ ᠪᠠᠴᠢᠮ ᠠᠪᠤᠷᠠᠯᠳᠠ ᠵᠢᠨ ᠤᠷ᠎ᠠ ᠮᠡᠷᠭᠡᠵᠢᠯ᠂ ᠬᠠᠮᠵᠢᠯᠴᠠᠬᠤ ᠴᠢᠳᠠᠪᠤᠷᠢ ᠵᠢᠴᠢ ᠪᠠᠴᠢᠮ ᠪᠠᠢᠳᠠᠯ ᠢ᠋ ᠠᠷᠭᠠᠴᠠᠭᠠᠨ ᠰᠢᠢᠳᠪᠦᠷᠢᠯᠡᠬᠦ ᠲᠦᠪᠰᠢᠨ ᠢ᠋ ᠰᠤᠷᠢᠭᠰᠠᠨ ᠪᠠᠢᠨ᠎ᠠ᠃

ᠣᠢᠷ᠎ᠠ ᠵᠢᠨ ᠵᠢᠯ ᠤ᠋ᠳ ᠲᠤ᠌ ᠣᠷᠳᠣᠰ ᠬᠣᠲᠠ ᠵᠢᠨ ᠤᠯᠠᠭᠠᠨ ᠵᠠᠭᠠᠯᠮᠠᠶ᠋ᠢᠲᠠᠨ ᠤ᠋ ᠨᠡᠢᠭᠡᠮᠯᠢᠭ ᠪᠠᠴᠢᠮ ᠪᠠᠢᠳᠠᠯ ᠢ᠋ ᠠᠷᠭᠠᠴᠠᠭᠠᠵᠤ ᠠᠪᠤᠷᠠᠨ ᠳᠤᠰᠠᠯᠠᠬᠤ ᠪᠣᠯᠪᠠᠰᠤᠷᠠᠯ ᠢ᠋ ᠨᠡᠶ᠋ᠢᠲᠡ 1800 ᠭᠠᠷᠤᠢ ᠲᠠᠯᠠᠪᠤᠷ ᠥᠷᠨᠢᠭᠦᠯᠵᠦ᠂ ᠨᠡᠢᠳᠡ 40 ᠲᠦᠮᠡᠨ ᠬᠥᠮᠥᠨ ᠤᠳᠠᠭ᠎ᠠ ᠪᠣᠯᠪᠠᠰᠤᠷᠠᠭᠤᠯᠤᠨ᠂ ᠣᠯᠠᠨ ᠨᠡᠶ᠋ᠢᠲᠡ ᠵᠢᠨ ᠲᠠᠯᠠᠪᠤᠷ ᠲᠤ᠌ AED ᠲᠥᠬᠦᠭᠡᠷᠦᠮᠵᠢ ᠵᠢ 582 ᠳᠤᠬᠢᠷᠠᠭᠤᠯᠵᠤ᠂ ᠣᠯᠠᠨ ᠲᠦᠮᠡᠨ ᠤ᠋ ᠠᠮᠢ ᠨᠠᠰᠤᠨ ᠤ᠋ ᠬᠠᠮᠠᠭᠠᠯᠠᠯᠲᠠ ᠵᠢᠨ ᠰᠡᠷᠭᠡᠢᠯᠡᠯᠲᠡ ᠵᠢᠨ ᠱᠤᠭᠤᠮ ᠢ᠋ ᠪᠥᠬᠥ ᠬᠦᠴᠦᠨ ᠶ᠋ᠢᠡᠷ ᠶ᠋ᠢᠡᠨ ᠪᠡᠬᠢᠵᠢᠭᠦᠯᠦᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号