ᠵᠠᠩ ᠭᠦᠸᠧ ᠯᠢ᠎ᠶ᠋ᠢᠨ ᠬᠢᠨ ᠪᠥᠬᠥ᠌ ᠤᠯᠤᠰ᠎ᠤᠨ 《ᠬᠠᠮᠤᠭ᠎ᠤᠨ ᠭᠣᠶᠣ ᠬᠡᠷ ᠪᠦᠯᠢ》 ᠪᠡᠷ ᠰᠣᠩᠭᠣᠭ᠍ᠳᠠᠪᠠ
2026-05-25 17:22:48
ᠵᠣᠬᠢᠶᠠᠭ᠍ᠴᠢ᠄
​ ᠬᠣᠩ ᠱᠢᠶᠠ
ᠣᠩᠱᠢᠭ᠍ᠰᠠᠨ ᠣᠳᠠᠭ᠎ᠠ᠄
★★★☆☆

ᠡᠨᠡ ᠵᠢᠯ᠎ᠤᠨ ᠣᠯᠠᠨ ᠤᠯᠤᠰ᠎ᠤᠨ ᠬᠡᠷ ᠪᠦᠯᠢ᠎ᠶ᠋ᠢᠨ ᠡᠳᠦᠷ ᠲᠸ᠋᠂ ᠲᠥᠪ᠎ᠦᠨ ᠤᠬᠠᠭᠤᠯᠬᠤ ᠬᠡᠯᠲᠡᠰ᠂ ᠪᠥᠬᠥ᠌ ᠤᠯᠤᠰ᠎ᠤᠨ ᠡᠮᠡᠭ᠌ᠲᠡᠢᠴᠦᠳ᠎ᠦᠨ ᠬᠣᠯᠪᠤᠭ᠎ᠠ᠎ᠠᠴᠠ 2026 ᠣᠨ᠎ᠤ ᠪᠦᠭᠦ ᠤᠯᠤᠰ ᠎ᠤᠨ ᠠᠷᠪᠠᠨ 《ᠬᠠᠮᠤᠭ᠎ᠤᠨ ᠭᠣᠶᠣ ᠬᠡᠷ ᠪᠦᠯᠢ》 ᠵᠢ ᠨᠡᠢᠲᠡᠯᠡᠵᠦ᠍᠂ ᠥᠪᠥᠷ ᠮᠣᠩᠭᠣᠯ᠎ᠤᠨ ᠵᠠᠩ ᠭᠦᠸᠧ ᠯᠢ᠎ᠶ᠋ᠢᠨ ᠬᠢᠨ ᠡᠨᠡ᠎ᠬᠦ ᠢᠷᠠᠭᠤ ᠠᠯᠳᠠᠷ᠎ᠢ ᠬᠦᠷᠳᠡᠪᠡ᠃

ᠵᠠᠩ ᠭᠦᠸᠧ ᠯᠢ᠎ᠶ᠋ᠢᠨ ᠬᠢᠨ ᠪᠤᠯ ᠤᠯᠠᠭᠠᠨᠬᠠᠳᠠ ᠬᠣᠲᠠ᠎ᠶ᠋ᠢᠨ ᠬᠠᠷᠠᠴᠢᠨ ᠬᠣᠱᠢᠭᠤᠨ᠎ᠤ ᠡᠾᠧ ᠨᠠᠨ ᠵᠡᠭᠡᠯᠢ ᠭᠤᠳᠤᠮᠵᠢ᠎ᠶ᠋ᠢᠨ ᠡᠮᠡᠭᠡᠯ ᠠᠭᠤᠯᠠ ᠲᠣᠰᠭᠣᠨ᠎ᠤ ᠬᠢᠲᠠᠳ᠂ ᠮᠣᠩᠭᠣᠯ᠂ ᠮᠠᠨᠵᠤ ᠦᠨᠳᠦᠰᠦᠲᠡᠨ ᠵᠢᠡᠷ ᠪᠦᠷᠢᠯᠳᠦᠭᠰᠡᠨ ᠳᠥᠷᠪᠡᠨ ᠦᠶ᠎ᠡ᠎ᠪᠡᠷ᠎ᠢᠶᠡᠨ ᠬᠠᠮᠲᠤ ᠠᠮᠢᠳᠤᠷᠠᠵᠤ ᠪᠠᠢᠭ᠎ᠠ 《ᠠᠨᠠᠷ᠎ᠤᠨ ᠦᠷ᠎ᠡ》 ᠶ᠋ᠢᠨ ᠨᠡᠢᠳᠡᠯᠢᠭ ᠬᠡᠷ  ᠪᠦᠯᠢ ᠪᠣᠯᠤᠨ᠎ᠠ᠃ ᠲᠠᠳᠠ ᠦᠨᠳᠦᠰᠦᠲᠡᠨ᠎ᠤ ᠵᠠᠩ ᠳᠠᠳᠭᠠᠯ᠎ᠢ ᠬᠠᠷᠢᠯᠴᠠᠨ ᠬᠦᠨᠳᠦᠳᠭᠡᠵᠦ᠍᠂ ᠨᠠᠰᠤᠲᠠᠨ᠎ᠢᠶᠠᠨ ᠬᠦᠨᠳᠦᠯᠡᠵᠦ᠍ ᠲᠥᠷᠥᠯ ᠰᠠᠳᠤᠨ᠎ᠢᠶᠠᠨ ᠬᠠᠢᠷᠠᠯᠠᠨ᠂ ᠪᠠᠶᠠᠷ ᠬᠥᠷ᠎ᠲᠡᠶ ᠪᠡᠷ ᠠᠵᠤ ᠲᠦᠷᠦᠵᠦ᠂ ᠬᠠᠮᠤᠭ᠎ᠤᠨ ᠪᠣᠷᠣᠭ᠍ᠵᠢᠭᠤᠨ ᠡᠳᠦᠷ ᠲᠤᠲᠤᠮ᠎ᠤᠨ ᠠᠮᠢᠳᠤᠷᠠᠯ᠎ᠢᠶᠠᠷ᠎ᠢᠶᠠᠨ᠎ᠦᠨᠳᠦᠰᠦᠲᠡᠨ᠎ᠤ ᠪᠦᠯᠬᠦᠮᠳᠡᠯ᠎ᠢ ᠬᠠᠷᠠᠭᠤᠯᠵᠠᠢ᠃  ᠵᠠᠩ ᠭᠦᠸᠧ ᠯᠢ ᠨᠠᠰᠤᠲᠠᠨ ᠪᠠᠰᠠ ᠨᠤᠲᠤᠭ᠎ᠤᠨ ᠣᠯᠠᠨ᠎ᠢᠶᠠᠨ ᠳᠠᠭᠠᠭᠤᠯᠤᠨ ᠣᠨᠴᠠᠯᠢᠭ᠍ᠲᠤ ᠠᠵᠤ ᠦᠶ᠋ᠯᠡᠰ᠎ᠢ ᠬᠥᠭ᠌ᠵᠢᠭᠦᠯᠵᠦ᠍᠂ ᠬᠠᠮᠲᠤ᠎ᠪᠠᠷ ᠪᠠᠶᠠᠵᠢᠯ᠎ᠤᠨ ᠵᠠᠮ᠎ᠢᠶᠠᠷ ᠵᠠᠮᠨᠠᠪᠠ᠃

ᠤᠢᠯᠠᠭᠠᠭᠰᠠᠨ ᠵᠢᠡᠷ᠂ 2026 ᠤᠨ᠎ᠤ 《ᠬᠠᠮᠤᠭ᠎ᠤᠨ ᠭᠣᠶᠣ ᠬᠡᠷ ᠪᠦᠯᠢ》 ᠪᠡᠷ ᠰᠤᠩᠭᠤᠭᠳᠠᠭᠰᠠᠨ ᠠᠷᠪᠠᠨ᠎ᠡᠷᠦᠭᠡ ᠪᠤᠯ ᠯᠢᠦ ᠴᠤᠸᠠᠩ᠂ ᠫᠠᠩ ᠸᠧᠶ ᠲᠤᠤ᠂ ᠵᠣᠣ ᠵᠢᠤᠸᠠᠨ ᠵᠢᠤᠸᠠᠨ᠂ ᠱᠸᠨ ᠶᠦᠨ᠂ ᠵᠠᠩ ᠭᠦᠸᠧ ᠯᠢ᠂ ᠵᠠᠩ ᠶᠦᠨ᠂ ᠬᠠᠨ ᠭᠤᠸᠠᠩ ᠶᠢᠩ᠂ ᠱ᠌ᠢ ᠬᠣᠶ᠂ ᠾᠧ ᠬᠣᠩ ᠶᠢᠩ᠂ ᠰᠦᠶ ᠶᠠ ᠫᠢᠩ᠎ᠦᠨ ᠬᠡᠷ ᠪᠦᠯᠢ ᠪᠣᠯᠤᠨ᠎ᠠ᠃ ᠲᠡᠳᠡᠨ᠎ᠦ ᠵᠠᠷᠢᠮ ᠨᠢ ᠨᠢᠭᠡ ᠰᠡᠳᠭᠢᠯ᠎ᠢᠶᠡᠷ ᠰᠢᠨᠵᠢᠯᠡᠬᠦ ᠤᠬᠠᠭᠠᠨ᠎ᠤ ᠰᠤᠳᠤᠯᠭᠠᠨ ᠬᠢᠵᠦ᠂ ᠰᠠᠨᠰᠠᠷ᠎ᠤᠨ ᠠᠶᠠᠯᠠᠯ᠎ᠤᠨ ᠬᠦᠴᠦᠷᠬᠡᠭ ᠤᠯᠤᠰ᠂ ᠲᠤᠮᠤ ᠤᠯᠤᠰ᠎ᠤᠨ ᠢᠨᠵᠧᠨᠧᠷᠢᠩ᠎ᠦᠨ ᠪᠦᠳᠦᠭᠡᠨ ᠪᠠᠢᠭᠤᠯᠤᠯᠲᠠ᠎ᠶ᠋ᠢᠨ ᠡᠮᠦᠨ᠎ᠡ ᠹᠷᠣᠨᠲ᠎ᠲᠤ ᠴᠢᠷᠮᠠᠢᠨ ᠲᠡᠮᠡᠴᠡᠵᠦ᠍ ᠬᠤᠪᠢ ᠨᠡᠮᠡᠷᠢ ᠪᠠᠨ ᠦᠵᠡᠭᠦᠯᠪᠡ; ᠵᠠᠷᠢᠮ ᠨᠢ ᠬᠥᠳᠡᠭᠡ ᠲᠣᠰᠭᠣᠨ᠎ᠳᠤ ᠦᠨᠳᠦᠰᠦᠯᠡᠵᠦ᠍᠂ ᠬᠦᠴᠦ᠍ ᠬᠥᠯᠥᠰᠥ᠍ ᠪᠠ ᠤᠶᠤᠨ ᠤᠬᠠᠭᠠᠨ᠎ᠢᠶᠠᠷ᠎ᠢᠶᠠᠨ ᠨᠤᠲᠤᠭ᠎ᠤᠨ ᠠᠬ᠎ᠠ ᠳᠡᠭᠦᠦ᠍᠎ᠨᠡᠷ᠎ᠢᠶᠡᠨ ᠪᠦᠯᠬᠦᠮᠳᠡᠭᠦᠯᠦᠨ ᠳᠠᠭᠠᠭᠤᠯᠵᠤ ᠪᠠᠶᠠᠵᠢᠯ᠎ᠤᠨ ᠵᠠᠮ᠎ᠢᠶᠠᠷ ᠵᠠᠮᠨᠠᠪᠠ; ᠵᠠᠷᠢᠮ᠎ᠨᠢ ᠠᠷᠢᠭᠤᠨ ᠬᠠᠢᠷ᠎ᠠ ᠪᠡᠷ ᠬᠡᠷ ᠪᠦᠯᠢ ᠪᠡᠨ ᠴᠤᠭᠴᠠᠯᠠᠵᠤ᠂ ᠣᠷᠣᠭ ᠬᠤᠷᠢᠮ᠎ᠤᠨ ᠱᠢᠨ᠎ᠡ ᠰᠤᠷᠲᠠᠯ᠎ᠢ ᠪᠠᠳᠠᠷᠠᠭᠤᠯᠤᠨ ᠲᠡᠯᠭᠡᠷᠡᠬᠦᠯᠪᠡ; ᠵᠠᠷᠢᠮ ᠨᠢ ᠪᠢᠴᠢᠭ᠎ᠦᠨ ᠰᠤᠷᠪᠤᠯᠵᠢᠲᠤ ᠭᠡᠷ ᠪᠦᠯᠢ ᠵᠢ ᠪᠠᠢᠭᠤᠯᠵᠤ᠂ ᠬᠥᠷᠰᠢ ᠵᠡᠷᠭᠡᠯᠡᠳᠡᠭᠡ᠎ᠪᠡᠨ ᠳᠠᠢ᠌ᠴᠢᠯᠠᠨ ᠰᠤᠷᠤᠯᠴᠠᠬᠤ ᠰᠤᠷᠲᠠᠯ᠎ᠢ ᠪᠤᠢ ᠪᠣᠯᠭᠠᠪᠠ; ᠵᠠᠷᠢᠮ᠎ᠨᠢ ᠪᠥᠬᠥ᠌ ᠬᠡᠷ᠎ᠢᠶᠡᠷ᠎ᠢᠶᠡᠨ ᠨᠡᠢᠲᠡ᠎ᠶ᠋ᠢᠨ ᠠᠰᠠᠷᠠᠮᠵᠢ᠎ᠳᠤ ᠬᠠᠯᠠᠭᠤᠨ ᠰᠡᠳᠭᠢᠯᠭᠡ ᠪᠡᠷ ᠤᠷᠤᠯᠴᠠᠵᠤ᠂ ᠥᠨᠥᠴᠢᠨ ᠬᠡᠦᠬᠡᠳ᠎ᠦᠨ ᠡᠷᠡᠭᠦᠯ᠎ᠢᠶᠡᠷ ᠦᠰᠦᠨ ᠪᠣᠢᠵᠢᠬᠤ᠎ᠶ᠋ᠢ ᠳᠣᠲᠣᠨᠣᠰᠣᠭ᠎ᠢᠶᠠᠷ ᠬᠠᠯᠠᠮᠵᠢᠯᠠᠪᠠ; ᠵᠠᠷᠢᠮ ᠨᠢ ᠬᠠᠷᠢᠯᠴᠠᠨ ᠣᠢᠯᠠᠭᠠᠯᠴᠠᠵᠤ ᠬᠠᠷᠢᠯᠴᠠᠨ ᠰᠠᠬᠢᠨ ᠬᠠᠮᠠᠭᠠᠯᠠᠵᠤ᠂ ᠤᠯᠠᠨ ᠤᠯᠤᠰ᠎ᠤᠨ ᠡᠩᠬᠡ ᠲᠠᠢᠪᠤᠩ᠎ᠢ ᠬᠠᠮᠠᠭᠠᠯᠠᠬᠤ ᠬᠠᠷᠢᠭᠤᠴᠠᠯᠭ᠎ᠠ ᠵᠢ ᠡᠭᠦᠷᠭᠡᠯᠡᠪᠡ ᠁ ᠲᠡᠳᠡ ᠭᠡᠷ ᠪᠦᠯᠢ᠎ᠶ᠋ᠢᠨ ᠰᠠᠢ᠌ᠨ ᠰᠠᠢᠬᠠᠨ ᠶᠣᠰᠣ ᠰᠤᠷᠲᠠᠬᠤᠨ᠎ᠢ ᠤᠯᠠᠮᠵᠢᠯᠠᠨ ᠵᠠᠯᠭᠠᠮᠵᠢᠯᠠᠵᠤ᠂ ᠱᠢᠯᠢᠳᠡᠭ ᠰᠠᠢ᠌ᠨ ᠭᠡᠷ᠎ᠦᠨ ᠰᠤᠷᠲᠠᠯ᠎ᠢ ᠪᠠᠷᠢᠮᠲᠠᠯᠠᠵᠤ᠂ ᠬᠤᠪᠢ ᠬᠥᠮᠦᠨ᠎ᠦ ᠬᠦᠰᠡᠯ ᠮᠦᠷᠦᠬᠡᠳᠦᠯ᠂ ᠭᠡᠷ ᠪᠦᠯᠢ᠎ᠶ᠋ᠢᠨ ᠬᠦᠰᠡᠯ ᠵᠡᠭᠦᠳᠦ᠍᠎ᠪᠡᠨ ᠪᠡᠶᠡᠯᠡᠭᠦᠯᠬᠦ᠌᠎ᠶ᠋ᠢ ᠤᠯᠤᠰ᠎ᠤᠨ ᠬᠦᠰᠡᠯ ᠵᠡᠭᠦᠳᠦ᠂ ᠦᠨᠳᠦᠰᠦᠲᠡᠨ᠎ᠦ ᠬᠦᠰᠡᠯ ᠵᠡᠭᠦᠳᠦ᠍᠎ᠳᠦ ᠠᠭᠤᠰᠤᠯᠴᠠᠭᠤᠯᠵᠤ᠂ ᠲᠡᠮᠡᠴᠡᠯ᠎ᠦᠨ ᠳᠤᠮᠳᠠ ᠵᠣᠯ ᠵᠢᠷᠭᠠᠯ᠎ᠢ ᠡᠳ᠋ᠯᠡᠵᠦ᠍᠂ ᠬᠦᠰᠡᠯ ᠵᠡᠭᠦᠳᠦ᠍᠎ᠪᠡᠨ ᠬᠥᠭᠡᠭᠡᠴᠡᠯᠳᠦᠬᠦ᠌ ᠳᠤᠮᠳᠠ ᠠᠮᠵᠢᠯᠲᠠ ᠪᠦᠳᠦᠮᠵᠢ ᠪᠡᠨ ᠳᠡᠮᠳᠡᠭᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号