ᠤᠷᠳᠤᠰ ᠪᠤᠭᠤᠮᠳᠠ ᠤᠢᠷ᠎ᠠ ᠳ᠋ᠤ ᠢᠲ᠋ᠠᠯᠢ ᠵᠢᠨ ᠲᠦᠷᠢᠨ ᠬᠤᠳᠠ ᠳ᠋ᠡᠬᠢ ᠶᠧᠵᠢᠫᠲ ᠤ᠋ᠨ ᠮᠦᠽᠧᠢ ᠡᠴᠡ ᠠᠪᠴᠢᠷᠠᠭᠰᠠᠨ ᠨᠢᠭᠡ ᠪᠦᠯᠦᠭ ᠬᠣᠪᠣᠷ ᠨᠠᠨᠳᠢᠨ ᠲᠡᠦᠬᠡ ᠵᠢᠨ ᠳᠤᠷᠠᠰᠬᠠᠯᠲᠤ ᠵᠦᠢᠯᠡᠰ ᠢ᠋ ᠲᠤᠬᠠᠢ ᠵᠢᠨ ᠲᠠᠯᠠᠪᠠᠢ ᠵᠢᠨ ᠠᠵᠢᠯᠳᠠᠨ ᠤ᠋ ᠬᠢᠨᠠᠯᠲᠠ ᠬᠠᠮᠢᠶᠠᠷᠤᠯᠲᠠ ᠪᠡᠷ ᠢᠯᠭᠤᠮ ᠤᠷᠤᠭᠰᠢᠲᠠᠢ ᠪᠤᠭᠤᠮᠳᠠ ᠦᠩᠬᠡᠷᠡᠭᠦᠯᠵᠡᠢ᠃ ᠡᠨᠡ ᠨᠢ ᠣᠷᠳᠣᠰ ᠬᠣᠲᠠ ᠠᠩᠬ᠎ᠠ ᠤᠳᠠᠭ᠎ᠠ ᠳᠤᠮᠤ ᠬᠡᠪᠴᠢᠶᠡᠨᠤ ᠥᠨᠳᠥᠷ ᠦᠨ᠎ᠡ ᠥᠷᠲᠡᠭ ᠪᠦᠬᠦᠢ ᠬᠢᠯᠢ ᠵᠢᠨ ᠭᠠᠳᠠᠨᠠᠬᠢ ᠲᠡᠦᠬᠡ ᠵᠢᠨ ᠳᠤᠷᠠᠰᠬᠠᠯᠲᠤ ᠵᠦᠢᠯᠡᠰ ᠢ᠋ ᠠᠪᠴᠢᠷᠠᠭᠠᠳ ᠳᠡᠯᠭᠡᠨ ᠦᠵᠡᠭᠦᠯᠵᠦ ᠪᠠᠢᠭ᠎ᠠ ᠶᠠᠪᠤᠳᠠᠯ ᠪᠣᠯᠬᠤ ᠶᠤᠮ᠃ ᠡᠳᠡᠭᠡᠷ ᠳᠡᠦᠬᠡ ᠶ᠋ᠢᠨ ᠳᠤᠷᠠᠰᠬᠠᠯᠳᠤ ᠵᠦᠢᠯᠡᠰ ᠢ᠋ ᠤᠷᠳᠤᠰ ᠬᠤᠳᠠ ᠶ᠋ᠢᠨ ᠮᠦᠽᠧᠢ ᠳ᠋ᠤ 5 ᠰᠠᠷ᠎ᠠ ᠵᠢᠨ 18 ᠤ᠋ ᠡᠳᠦᠷ ᠡᠴᠡ ᠡᠬᠢᠯᠡᠨ ᠳᠡᠯᠭᠡᠨ ᠦᠵᠡᠬᠦᠯᠪᠡ᠃
ᠲᠣᠰ ᠤᠳᠠᠭᠠᠨ ᠤ᠋ ᠬᠢᠯᠢ ᠪᠡᠷ ᠣᠷᠣᠭᠤᠯᠤᠭᠰᠠᠨ ᠲᠡᠦᠬᠡ ᠵᠢᠨ ᠳᠤᠷᠠᠰᠬᠠᠯᠲᠤ ᠵᠦᠢᠯᠡᠰᠲᠦ ᠭᠤᠤᠯᠳᠠᠭᠤ ᠬᠠᠲᠠᠭᠠᠮᠠᠯ ᠮᠦᠮᠢ᠂ ᠰᠠᠬᠢᠭᠤᠯᠰᠤᠨ ᠤ᠋ ᠰᠦᠮ᠎ᠡ ᠵᠢᠨ ᠱᠤᠭᠤᠮᠠᠯ ᠵᠡᠷᠭᠡ ᠵᠦᠢᠯᠡᠰ ᠢ᠋ ᠬᠠᠮᠤᠷᠴᠤ᠂ ᠨᠡᠢᠳᠡ 178 ᠪᠠᠢᠵᠤ᠂ ᠶᠡᠷᠦᠩᠬᠡᠢ ᠥᠷᠲᠡᠭ ᠨᠢ ᠪᠠᠷᠤᠭ 8000 ᠲᠦᠮᠡᠨ ᠲᠥᠭᠥᠷᠢᠭ ᠢ᠋ ᠳᠠᠪᠠᠨ᠂ ᠡᠷᠲᠡᠨ ᠤ᠋ ᠶᠧᠵᠢᠫᠲ ᠤ᠋ᠨ ᠪᠣᠯᠪᠠᠰᠤᠨ ᠤ᠋ ᠲᠥᠯᠥᠭᠡᠯᠡᠬᠦ ᠴᠢᠨᠠᠷᠲᠠᠢ ᠬᠣᠪᠣᠷ ᠨᠠᠨᠳᠢᠨ ᠳᠡᠦᠬᠡ ᠶ᠋ᠢᠨ ᠳᠤᠷᠠᠰᠬᠠᠯᠳᠤ ᠵᠦᠢᠯᠡᠰ ᠪᠣᠯᠬᠤ ᠶᠤᠮ᠃ ᠳᠤᠰ ᠤᠳᠠᠭᠠᠨ ᠤ᠋ ᠦᠵᠡᠭᠦᠯᠭᠡ ᠵᠢᠨ ᠪᠣᠳᠠᠰ ᠤ᠋ᠨ ᠦᠨ᠎ᠡ ᠥᠷᠲᠡᠭ ᠥᠨᠳᠥᠷ᠂ ᠲᠡᠭᠡᠭᠡᠪᠦᠷᠢᠯᠡᠵᠦ ᠬᠠᠳᠠᠭᠠᠯᠠᠬᠤ ᠱᠠᠭᠠᠷᠳᠠᠯᠭ᠎ᠠ ᠴᠢᠩᠭ᠎ᠠ᠂ ᠪᠣᠭᠣᠮᠲᠠ ᠥᠩᠭᠡᠷᠡᠬᠦ ᠬᠦᠴᠦᠨ ᠪᠦᠬᠦᠢ ᠬᠤᠭᠤᠴᠠᠭ᠎ᠠ ᠤᠬᠤᠷ ᠮᠦᠷᠳᠡᠭᠡᠨ ᠪᠠᠴᠢᠮ ᠲᠤᠯᠭᠠᠮ ᠵᠡᠷᠭᠡ ᠣᠨᠴᠠᠯᠢᠭ᠋ ᠲᠤ᠌ ᠴᠢᠭᠯᠡᠭᠦᠯᠦᠨ᠂ ᠣᠷᠳᠣᠰ ᠪᠣᠭᠣᠮᠲᠠ ᠤᠷᠢᠳᠴᠢᠯᠠᠨ ᠪᠠᠢᠷᠢᠯᠠᠭᠤᠯᠵᠤ᠂ ᠲᠤᠰᠬᠠᠢ ᠪᠠᠲᠤᠯᠠᠭ᠎ᠠ ᠵᠢᠨ ᠲᠥᠰᠥᠯ ᠲᠣᠭᠲᠠᠭᠠᠨ᠂ ᠭᠣᠣᠯᠯᠠᠨ ᠡᠷᠭᠢᠯᠡᠭᠰᠡᠨ ᠲᠠᠯ᠎ᠠ ᠪᠣᠯᠣᠨ ᠪᠣᠭᠣᠮᠲᠠ ᠳ᠋ᠤ ᠮᠡᠳᠡᠭᠦᠯᠬᠦ ᠠᠵᠤ ᠠᠬᠤᠢᠯᠠᠯᠢ ᠰᠠᠨᠠᠭᠠᠴᠢᠯᠠᠭ᠎ᠠ ᠡᠴᠠ ᠪᠠᠨ ᠵᠣᠯᠭᠠᠭᠤᠯᠵᠤ᠂ ᠰᠢᠭᠤᠳ ᠬᠠᠷᠢᠯᠴᠠᠵᠤ ᠬᠠᠮᠵᠢᠯᠴᠠᠬᠤ ᠲᠣᠭᠲᠠᠴᠠ ᠵᠢ ᠪᠠᠢᠭᠤᠯᠤᠨ᠂ ᠲᠡᠦᠬᠡ ᠵᠢᠨ ᠳᠤᠷᠠᠰᠬᠠᠯᠲᠤ ᠵᠦᠢᠯᠡᠰ ᠢ᠋ ᠳᠡᠭᠡᠭᠡᠪᠦᠷᠢᠯᠡᠬᠦ ᠲᠣᠬᠢᠷᠠᠭᠤᠯᠤᠯᠲᠠ᠂ ᠪᠣᠭᠣᠳᠠᠯᠯᠠᠵᠤ ᠪᠡᠬᠢᠯᠡᠬᠦ ᠨᠥᠬᠥᠴᠡᠯ᠂ ᠳᠤᠯᠠᠭᠠᠨ ᠴᠢᠬᠢᠭ ᠤ᠋ᠨ ᠱᠠᠭᠠᠷᠳᠠᠯᠭ᠎ᠠ ᠵᠡᠷᠭᠡ ᠨᠠᠷᠢᠨ ᠵᠦᠢᠯᠡᠰ ᠢ᠋ ᠭᠦᠨᠵᠡᠭᠡᠢ ᠣᠢᠯᠠᠭᠠᠨ᠂ ᠦᠵᠡᠭᠦᠯᠭᠡ ᠵᠢᠨ ᠴᠤᠭᠯᠠᠭᠠᠨ ᠳ᠋ᠤ ᠳᠠᠩᠰᠠᠯᠠᠭᠤᠯᠬᠤ᠂ ᠭᠤᠶᠤᠴᠢᠯᠠᠨ ᠮᠡᠳᠡᠭᠦᠯᠬᠦ ᠵᠢ ᠵᠢᠷᠤᠮᠵᠢᠭᠤᠯᠬᠤ ᠡᠴᠠ ᠲᠤᠬᠠᠢ ᠵᠢᠨ ᠲᠠᠯᠠᠪᠠᠢᠳᠤ ᠬᠢᠨᠠᠨ ᠬᠠᠮᠢᠶᠠᠷᠬᠤ ᠬᠦᠷᠲᠡᠯᠡᠬᠢ ᠪᠥᠬᠥ ᠶᠠᠪᠤᠴᠠ ᠳ᠋ᠤ ᠳᠦᠬᠦᠮ ᠳᠦᠳᠡ ᠦᠢᠯᠡᠴᠢᠯᠡᠭᠡ ᠬᠠᠩᠭᠠᠭᠰᠠᠨ ᠪᠠᠢᠨ᠎ᠠ᠃ ᠡᠭᠦᠨ ᠤ᠋ ᠬᠠᠮᠳᠤ᠂ ᠣᠷᠳᠣᠰ ᠪᠣᠭᠣᠮᠲᠠ ᠵᠢᠨ ᠬᠢᠨ ᠮᠦᠽᠧᠢ ᠵᠢᠨ ᠳᠤᠬᠠᠢ ᠶ᠋ᠢᠨ ᠲᠠᠯᠠᠪᠠᠢ ᠳ᠋ᠤ ᠬᠢᠨᠠᠨ ᠬᠠᠮᠢᠶᠠᠷᠬᠤ ᠭᠤᠶᠤᠴᠢᠯᠠᠯ ᠢ᠋ ᠵᠥᠪᠰᠢᠶᠡᠷᠡᠵᠤ ᠂ ᠲᠤᠰᠢᠶᠠᠬᠤ ᠶᠤᠰᠤᠳᠠᠢ 1000 ᠭᠠᠷᠤᠢ ᠲᠦᠮᠡᠨ ᠲᠥᠭᠥᠷᠢᠭ ᠤ᠋ᠨ ᠪᠠᠲᠤᠯᠠᠭ᠎ᠠ ᠶ᠋ᠢᠨ ᠮᠦᠩᠬᠦ ᠬᠡᠯᠲᠦᠷᠢᠭᠦᠯᠦᠨ᠂ ᠭᠣᠣᠯᠯᠠᠨ ᠡᠷᠭᠢᠯᠡᠬᠦ ᠲᠠᠯ᠎ᠠ ᠵᠢᠨ ᠪᠡᠯᠡ ᠮᠥᠩᠭᠥᠨ ᠤ᠋ ᠡᠷᠭᠢᠯᠲᠡ ᠵᠢᠨ ᠳᠠᠷᠤᠭᠠᠰᠤ ᠵᠢ ᠪᠦᠲᠦᠮᠵᠢᠲᠡᠢ ᠬᠥᠩᠭᠡᠷᠡᠭᠦᠯᠪᠡ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号