— ᠥᠪᠥᠷ ᠮᠣᠩᠭᠣᠯ᠎ᠤᠨ ᠬᠥᠯ ᠪᠥᠮᠪᠥᠭᠡ᠎ᠶ᠋ᠢᠨ ᠬᠡᠲᠦ ᠲᠡᠰ᠎ᠤᠨ ᠬᠣᠯᠪᠣᠭᠠᠲᠤ ᠤᠷᠤᠯᠳᠤᠭᠠᠨ᠎ᠤ ᠠᠷᠪᠠᠨ ᠵᠢᠯ᠎ᠤᠨ ᠲᠠᠰᠢᠷᠠᠮ ᠳ᠋ᠤ
ᠨᠠᠢᠷᠠᠭᠤᠯᠤᠭ᠍ᠴᠢ᠎ᠶ᠋ᠢᠨ ᠦᠭᠡ᠄
2016 ᠣᠨ᠎ᠳᠤ ᠠᠩᠬ᠎ᠠ ᠤᠳᠠᠭ᠎ᠠ ᠵᠤᠬᠢᠶᠠᠨ ᠪᠠᠢᠭᠤᠯᠤᠬᠰᠠᠨ᠎ᠠᠴᠠ ᠨᠠᠭᠠᠰᠢ 2026 ᠣᠨ ᠪᠣᠯᠲᠠᠯ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠦᠯ ᠪᠥᠮᠪᠥᠭᠡ᠎ᠶ᠋ᠢᠨ ᠬᠡᠳᠦ ᠲᠡᠰ᠎ᠤᠨ ᠬᠣᠯᠪᠣᠭᠠᠲᠤ ᠤᠷᠤᠯᠳᠤᠭᠠᠨ ᠨᠢᠭᠡᠨᠲᠡ ᠠᠷᠪᠠᠨ ᠵᠢᠯ ᠶᠠᠪᠤᠭ᠍ᠳᠠᠵᠦ᠂ ᠣᠷᠣᠨ ᠪᠦᠰᠡ᠎ᠶ᠋ᠢᠨ ᠴᠢᠨᠠᠷᠲᠠᠶ ᠤᠷᠤᠯᠳᠤᠭᠠᠨ᠎ᠠᠴᠠ ᠪᠥᠬᠥ᠌ ᠤᠯᠤᠰ᠎ᠤᠨ ᠣᠯᠠᠨ ᠲᠦᠮᠡᠨᠴᠢ ᠴᠢᠨᠠᠷᠳᠠᠢ 《ᠭᠤᠷᠪᠠᠨ ᠶᠡᠬᠡ ᠪᠥᠮᠪᠥᠭᠡ》 ᠶ᠋ᠢᠨ ᠤᠷᠤᠯᠳᠤᠭᠠᠨ᠎ᠤ ᠰᠣᠳᠣᠨ ᠵᠢᠱ᠌ᠢᠶ᠎ᠡ ᠪᠤᠯᠵᠤ ᠬᠦᠭᠵᠢᠪᠡ᠃ 2026 ᠤᠨ᠎ᠤ ᠤᠷᠤᠯᠳᠤᠭᠠᠨ᠎ᠤ ᠤᠯᠠᠷᠢᠯ᠎ᠳᠤ᠂ ᠥᠪᠥᠷ ᠮᠣᠩᠭᠣᠯ᠎ᠤᠨ ᠬᠦᠯ ᠪᠥᠮᠪᠥᠭᠡ᠎ᠶ᠋ᠢᠨ ᠬᠡᠳᠦ ᠲᠡᠰ᠎ᠤᠨ ᠬᠣᠯᠪᠣᠭᠠᠲᠤ ᠤᠷᠤᠯᠳᠤᠭᠠᠨ ᠪᠥᠬᠥ᠌ ᠲᠠᠯ᠎ᠠ᠎ᠪᠠᠷ ᠲᠠᠰ ᠳᠡᠪᠱᠢᠵᠦ᠍᠂ ᠰᠣᠶᠣᠯ ᠵᠢᠭᠤᠯᠴᠢᠯᠠᠯ ᠬᠤᠳᠠᠯᠳᠤᠭ᠎ᠠ ᠲᠠᠷᠢᠶᠠᠯᠠᠩ ᠯᠤᠭ᠎ᠠ ᠭᠦᠨᠵᠡᠭᠡᠶ ᠠᠭᠤᠰᠤᠯᠴᠠᠭᠤᠯᠬᠤ ᠪᠡᠷ ᠠᠷᠭ᠎ᠠ ᠵᠠᠮ ᠪᠣᠯᠭᠠᠵᠤ᠂ ᠨᠢᠭᠡ ᠪᠥᠮᠪᠥᠭᠡᠨ ᠪᠢᠯᠧᠲ᠎ᠢᠶᠡᠷ ᠨᠢᠭᠡ ᠬᠣᠲᠠ᠎ᠶ᠋ᠢ ᠲᠠᠢᠴᠢᠯᠠᠬᠤ ᠪᠤᠯᠪᠠ᠃

ᠦᠳᠡᠰᠢ᠎ᠶ᠋ᠢᠨ ᠰᠡᠷᠢᠭᠦᠨ ᠰᠠᠯᠬᠢᠨ᠎ᠤ ᠠᠶ᠎ᠠ ᠪᠡᠷ ᠲᠠᠪᠤᠨ ᠰᠠᠷ᠎ᠠ᠎ᠶ᠋ᠢᠨ ᠲᠠᠯᠠᠨ ᠬᠠᠷ᠎ᠠ ᠵᠢᠨ ᠡᠩᠭᠡᠷ ᠲᠸ᠋ ᠬᠦᠬᠡ ᠡᠪᠡᠰᠦᠨ᠎ᠦ ᠰᠤᠷᠭᠤᠭ ᠦᠨᠦᠷ ᠬᠠᠮᠠᠷ ᠲᠦᠬᠦᠷᠡᠩ ᠬᠠᠩᠬᠤᠯᠤᠨ᠎ᠠ᠃ ᠬᠥᠬᠡᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠲᠠᠯᠠᠪᠠᠶ᠎ᠳᠤ ᠠᠯᠬᠤᠨ ᠣᠷᠣᠬᠤ᠎ᠳᠦ᠂ ᠦᠵᠡᠭ᠌ᠴᠢᠳ ᠲᠠᠢᠰᠠᠨ᠎ᠳᠤ ᠲᠦᠭᠦᠷᠡᠲᠡᠯ᠎ᠡ ᠰᠠᠭᠤᠯᠴᠠᠵᠤ᠂ 12 ᠠᠢᠮᠠᠭ ᠬᠤᠳᠠ᠎ᠶ᠋ᠢᠨ ᠲᠤᠭ ᠦᠩᠭᠡ ᠢᠯᠭᠠᠷᠠᠨ ᠨᠠᠮᠢᠷᠠᠵᠤ᠂ ᠬᠡᠳᠦᠨ ᠲᠦᠮᠡᠨ ᠦᠵᠡᠭ᠌ᠴᠢᠳ᠎ᠦᠨ ᠤᠤᠬᠠᠢᠯᠠᠨ ᠬᠠᠰᠬᠢᠷᠬᠤ ᠲᠠᠭᠤᠨ ᠲᠠᠰᠤᠷᠠᠯᠳᠠ ᠦᠭᠡᠢ ᠴᠤᠤᠷᠢᠶᠠᠲᠤᠨ᠎ᠠ᠃ ᠲᠡᠷᠡ ᠮᠦᠴᠡ ᠳ᠋ᠤ ᠡᠨᠡ ᠨᠢ ᠵᠥᠪᠬᠡᠨ ᠨᠢᠭᠡ ᠤᠳᠠᠭᠠᠨ᠎ᠤ ᠬᠥᠯ ᠪᠥᠮᠪᠥᠭᠡ᠎ᠶ᠋ᠢᠨ ᠤᠷᠤᠯᠳᠤᠭᠠᠨ ᠪᠢᠰᠢ᠂ ᠬᠠᠷᠢᠨ ᠲᠠᠯ᠎ᠠ ᠨᠤᠲᠤᠭ᠎ᠤᠨ ᠦᠪᠡᠳᠡᠭ᠌ᠰᠢ ᠪᠠᠶᠠᠷ ᠭᠡᠳᠡᠭ᠎ᠢ ᠡᠷᠭᠡ ᠦᠭᠡᠢ ᠰᠠᠨᠠᠬᠳᠠᠭᠤᠯᠤᠯᠠ᠃ ᠡᠬᠢᠯᠡᠯᠲᠡ᠎ᠶ᠋ᠢᠨ ᠶᠣᠰᠣᠯᠠᠯ᠎ᠤᠨ ᠰᠣᠶᠣᠯ᠎ᠤᠨ ᠦᠪᠡᠳᠡᠭ᠌ᠰᠢ ᠨᠠᠢᠷ᠎ᠠᠴᠠ ᠬᠤᠷᠴᠠ ᠱᠢᠷᠦᠭᠦᠨ ᠮᠦᠷᠦᠢᠴᠡᠭᠡᠨ ᠬᠦᠷᠲᠡᠯ᠎ᠡ᠂ ᠪᠥᠬᠥ᠌ ᠬᠣᠲᠠ᠎ᠪᠠᠷ᠎ᠢᠶᠠᠨ ᠬᠣᠯᠪᠣᠭᠠᠯᠠᠨ ᠬᠥᠳᠡᠯᠦᠯᠴᠡᠬᠦ᠌᠎ᠡᠴᠡ 10 ᠵᠢᠯ᠎ᠦᠨ ᠤᠷᠤᠯᠳᠤᠭᠠᠨ᠎ᠤ ᠲᠠᠪᠠᠯᠳᠠ ᠬᠦᠷᠲᠡᠯ᠎ᠡ᠂ 2026 ᠣᠨ᠎ᠤ ᠥᠪᠥᠷ ᠮᠣᠩᠭᠣᠯ᠎ᠤᠨ ᠬᠦᠯ ᠪᠥᠮᠪᠥᠭᠡ᠎ᠶ᠋ᠢᠨ ᠬᠡᠳᠦ ᠲᠡᠰ᠎ᠤᠨ ᠬᠣᠯᠪᠣᠭᠠᠲᠤ ᠤᠷᠤᠯᠳᠤᠭᠠᠨ᠎ᠨᠢ ᠴᠣ ᠱᠢᠨ᠎ᠡ ᠳᠦᠷᠰᠦ ᠪᠠᠢᠳᠠᠯ᠎ᠢᠶᠠᠷ ᠣᠯᠠᠨ ᠲᠦᠮᠡᠨᠴᠢ ᠪᠡᠶ᠎ᠡ᠎ᠶ᠋ᠢᠨ ᠲᠠᠮᠢᠷ ᠪᠣᠯᠤᠨ ᠬᠣᠲᠠ᠎ᠶ᠋ᠢᠨ ᠠᠭᠤᠰᠤᠯᠴᠠᠯ ᠬᠦᠭᠵᠢᠯ ᠵᠢᠴᠢ ᠬᠠᠮᠲᠤ᠎ᠪᠠᠷ ᠣᠷᠣᠱᠢᠬᠤ ᠲᠠᠯ᠎ᠠ ᠨᠤᠲᠤᠭ᠎ᠤᠨ ᠥᠯᠢᠭᠡᠷ᠎ᠢ ᠪᠢᠴᠢᠭ᠌ᠯᠡᠨ᠎ᠡ᠃
ᠲᠠᠯ᠎ᠠ ᠨᠤᠲᠤᠭ᠎ᠤᠨ ᠬᠥᠯ ᠪᠥᠮᠪᠥᠭᠡ᠎ᠶ᠋ᠢᠨ ᠦᠪᠡᠳᠡᠭ᠌ᠰᠢ ᠴᠤᠭ᠍ᠯᠠᠭᠠᠨ ᠡᠬᠢᠯᠡᠯ᠎ᠡ
5 ᠰᠠᠷ᠎ᠠ᠎ᠶ᠋ᠢᠨ 15 ᠤ᠋ ᠣᠷᠣᠶ᠂ ᠬᠥᠬᠡᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠲᠠᠯᠠᠪᠠᠶ᠎ᠳᠤ ᠦᠩᠭᠡᠲᠤ ᠳ᠋ᠧᠩ ᠳᠤᠸᠠᠯᠠᠵᠤ᠂ ᠬᠥᠮᠦᠰ ᠬᠦᠯ ᠬᠦᠭᠡᠷᠴᠦᠭ ᠪᠤᠯᠵᠠᠭᠠᠨ᠎ᠠ᠃ ᠮᠸᠩ ᠨᠢᠦ᠍ 2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯ ᠪᠥᠮᠪᠥᠭᠡ᠎ᠶ᠋ᠢᠨ ᠬᠡᠲᠦ ᠲᠡᠰ᠎ᠤᠨ ᠬᠣᠯᠪᠣᠭᠠᠲᠤ ᠤᠷᠤᠯᠳᠤᠭᠠᠨ᠎ᠤ ᠡᠬᠢᠯᠡᠯᠳᠡ ᠵᠢᠨ ᠶᠤᠰᠤᠯᠠᠯ ᠪᠣᠯᠵᠣᠭ᠎ᠠ ᠶᠣᠰᠣᠭᠠᠷ ᠶᠠᠪᠤᠬᠳᠠᠵᠤ᠂ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠂ ᠰᠣᠶᠣᠯ᠎ᠤᠨ ᠦᠵᠡᠭᠦᠯᠭᠡ᠂ ᠬᠡᠷᠡᠭ᠌ᠯᠡᠭᠡ᠎ᠪᠡᠷ ᠠᠷᠠᠳ᠎ᠲᠤ ᠠᠱᠢᠭ ᠬᠦᠷᠲᠡᠭᠡᠬᠦ᠌᠎ᠶ᠋ᠢ ᠨᠢᠭᠡ ᠴᠣᠭ᠍ᠴᠠᠵᠢᠭᠤᠯᠤᠭ᠍ᠰᠠᠨ ᠬᠥᠯ ᠪᠥᠮᠪᠥᠭᠡ᠎ᠶ᠋ᠢᠨ ᠨᠠᠢᠷ ᠵᠢᠩᠬᠢᠨᠢ᠎ᠪᠡᠷ ᠡᠬᠢᠯᠡᠪᠡ᠃
ᠲᠤᠮᠤ ᠲᠡᠯᠭᠡᠴᠡ ᠲᠡᠭᠡᠷ᠎ᠡ᠂ 12 ᠠᠢᠮᠠᠭ ᠬᠤᠳᠠ᠎ᠶ᠋ᠢᠨ 90 ᠰᠧᠺᠦ᠋ᠨ᠋ᠳ᠋᠎ᠦᠨ ᠦᠵᠡᠭᠦᠯᠭᠡ ᠰᠤᠯᠪᠢᠴᠠᠨ ᠢᠯᠡᠷᠡᠵᠦ᠂ ᠲᠦᠩᠯᠢᠶᠣᠤ ᠬᠤᠳᠠ᠎ᠶ᠋ᠢᠨ ᠳᠠᠭᠤᠤ ᠪᠥᠵᠢᠭ 《ᠸᠠᠨ ᠯᠢ》᠂ ᠬᠥᠯᠥᠨ ᠪᠤᠢ᠌ᠷ ᠬᠤᠳᠠ᠎ᠶ᠋ᠢᠨ ᠨᠠᠢᠷᠠᠯ ᠳᠠᠭᠤᠤ 《ᠬᠥᠯᠥᠨ ᠪᠤᠢ᠌ᠷ᠎ᠤᠨ ᠲᠠᠯ᠎ᠠ ᠨᠤᠲᠤᠭ》᠂ ᠬᠥᠬᠡᠬᠣᠲᠠ᠎ᠶ᠋ᠢᠨ《ᠴᠡᠯᠡᠭᠡᠷ ᠲᠠᠯ᠎ᠠ᠎ᠶ᠋ᠢᠨ ᠳᠠᠭᠤᠯᠠᠯ》 ᠁ ᠵᠡᠷᠭᠡ ᠲᠤᠭᠯᠠᠯᠳᠠ ᠨᠢ ᠲᠦᠮᠡᠨ ᠤᠯᠠᠨ᠎ᠦ ᠲᠠᠭᠠᠰᠢᠶᠠᠯ ᠳ᠋ᠦ ᠬᠦᠷᠴᠦ ᠠᠯᠠᠭ᠎ᠠ ᠲᠠᠰᠢᠯᠳᠠ ᠵᠢ ᠲᠠᠰᠤᠷᠠᠯᠳᠠ ᠦᠭᠡᠢ ᠤᠯᠪᠠ᠃
ᠡᠬᠢᠯᠡᠯᠲᠡ᠎ᠶ᠋ᠢᠨ ᠶᠣᠰᠣᠯᠠᠯ ᠨᠢ ᠭᠤᠷᠪᠠᠨ ᠲᠤᠮᠤ ᠪᠦᠯᠦᠭ᠎ᠢᠶᠡᠷ ᠶᠠᠪᠤᠬᠳᠠᠵᠠᠢ᠄ ᠨᠢᠭᠡᠳᠦᠭᠡᠷ ᠪᠦᠯᠦᠭ ᠨᠢ《ᠰᠡᠳᠭᠢᠯ᠎ᠢᠶᠡᠨ ᠨᠢᠭᠡᠳᠭᠡᠵᠦ᠍ ᠬᠦᠴᠦ᠍᠎ᠪᠡᠨ ᠬᠠᠮᠲᠤᠳᠭᠠᠨ ᠠᠶᠠᠯᠠᠯ᠎ᠢᠶᠠᠨ ᠡᠬᠢᠯᠡᠭᠦᠯᠦᠨᠡᠮ》ᠭᠡᠬᠦ ᠰᠡᠳᠦᠪ᠎ᠤᠨ ᠲᠤᠭᠤᠷᠢᠨ ᠳ᠋ᠤ ᠨᠢᠭᠡ ᠴᠤᠬ᠍ᠴᠠᠵᠢᠭᠤᠯᠤᠬ᠍ᠰᠠᠨ ᠬᠦᠦᠷᠨᠢᠯ ᠲᠤᠭᠠᠴᠢᠯᠳᠠ ᠪᠡᠷ 12 ᠠᠢᠮᠠᠭ ᠬᠤᠳᠠ᠎ᠶ᠋ᠢᠨ ᠤᠯᠠᠨ ᠡᠱᠢᠲᠦ ᠨᠢᠭᠡ ᠴᠤᠬ᠍ᠴᠠᠵᠢᠬ᠍ᠰᠠᠨ ᠰᠣᠶᠣᠯ᠎ᠤᠨ ᠠᠭᠤᠯᠤᠭ᠍ᠳᠠᠬᠤᠨ᠎ᠢ ᠢᠯᠡᠷᠡᠭᠦᠯᠪᠡ;ᠬᠣᠶᠠᠳᠤᠭᠠᠷ ᠪᠦᠯᠦᠭ ᠨᠢ 《ᠰᠡᠳᠭᠢᠯ ᠨᠢᠭᠡᠳᠦᠨ ᠬᠠᠮᠲᠤ ᠪᠠᠷ ᠪᠦᠳᠦᠭᠡᠨ ᠪᠠᠢᠭᠤᠯᠵᠤ ᠬᠡᠷ ᠣᠷᠣᠨ᠎ᠢᠶᠠᠨ ᠮᠠᠭ᠍ᠲᠠᠨ ᠳᠠᠭᠤᠯᠠᠨ᠎ᠠ》 ᠭᠡᠬᠦ ᠪᠡᠷ ᠰᠡᠳᠦᠪ ᠪᠤᠯᠭᠠᠵᠤ᠂ ᠬᠡᠦᠬᠡᠳ᠎ᠦᠨ ᠢᠷᠠᠭᠤ ᠴᠡᠭᠡᠯᠭᠡᠨ ᠠᠶ᠎ᠠ ᠲᠠᠭᠤᠤ ᠪᠠ ᠣᠯᠠᠨ ᠬᠦᠮᠦᠨ᠎ᠤ ᠪᠥᠵᠢᠭ ᠵᠢᠡᠷ ᠦᠵᠡᠰᠭᠦᠯᠡᠩᠲᠤ ᠰᠠᠢᠬᠠᠨ ᠭᠡᠷ ᠤᠷᠤᠨ ᠵᠢᠡᠨ ᠲᠠᠭᠤᠯᠠᠨ ᠪᠦᠵᠢᠭᠯᠡᠪᠡ;ᠭᠤᠷᠪᠠᠳᠤᠭᠠᠷ ᠪᠦᠯᠦᠭ ᠨᠢ《ᠨᠣᠭᠣᠭᠠᠨ ᠵᠦᠯᠭᠡᠨ ᠳ᠋ᠦ ᠬᠡᠷᠡᠯᠳᠤ ᠬᠥᠱᠢᠭᠡ ᠪᠡᠨ ᠰᠡᠭᠦᠬᠡᠨᠡᠮ》 ᠭᠡᠬᠦ ᠪᠡᠷ ᠭᠤᠤᠯ ᠰᠡᠳᠦᠪ ᠪᠤᠯᠭᠠᠵᠤ᠂ ᠡᠷᠭᠦᠨ᠎ᠡ ᠬᠠᠮᠳᠤᠯᠢᠬ ᠡᠴᠡ ᠤᠷᠤᠯᠳᠤᠭᠠᠨ᠎ᠤ ᠭᠣᠣᠯ ᠰᠡᠳᠦᠪᠲᠦ ᠲᠠᠭᠤᠤ᠎ᠶ᠋ᠢ ᠳᠠᠭᠤᠯᠠᠵᠤ᠂ ᠲᠠᠨᠢᠯ ᠲᠠᠰᠤᠯ ᠬᠦᠭ ᠠᠶᠠᠰ ᠨᠢ ᠪᠦᠬᠦ᠌ ᠳᠠᠯᠠᠪᠠᠢ᠎ᠶ᠋ᠢ ᠬᠥᠭ᠌ᠵᠢᠭᠡᠪᠡ᠃ ᠤᠳᠠᠯ ᠥᠬᠡᠶ ᠤᠷᠤᠯᠳᠤᠭᠠᠨ ᠵᠢᠩᠬᠢᠨᠢ ᠪᠡᠷ ᠡᠬᠢᠯᠡᠵᠦ᠍᠂ ᠬᠥᠬᠡᠬᠣᠲᠠ᠎ᠶ᠋ᠢᠨ ᠠᠩᠭᠢ᠎ᠶ᠋ᠢᠨ ᠬᠢᠨ 1 ᠄ 2 ᠤ᠋ᠨ ᠬᠠᠷᠢᠴᠠᠯ ᠵᠢᠡᠷ ᠤᠯᠠᠭᠠᠨᠬᠠᠳᠠ᠎ᠶ᠋ᠢᠨ ᠠᠩᠭᠢ᠎ᠳᠤ ᠢᠯᠠᠬᠳᠠᠵᠠᠢ᠃ ᠤᠢᠯᠠᠭᠠᠬᠰᠠᠨ ᠵᠢᠡᠷ᠂ ᠲᠤᠰ ᠤᠷᠤᠯᠳᠤᠭᠠᠨ᠎ᠤ ᠤᠯᠠᠷᠢᠯ ᠳ᠋ᠦ᠂ 12 ᠠᠢᠮᠠᠭ ᠬᠣᠲᠠ᠎ᠶ᠋ᠢᠨ ᠲᠥᠯᠥᠭᠡᠯᠡᠭ᠌ᠴᠢᠳ᠎ᠦᠨ ᠠᠩᠭᠢ 5 ᠰᠠᠷ᠎ᠠ ᠡᠴᠡ 9 ᠰᠠᠷ᠎ᠠ ᠪᠣᠯᠲᠠᠯᠠᠬᠢ 4 ᠰᠠᠷ᠎ᠠ᠎ᠶ᠋ᠢᠨ ᠳᠣᠲᠣᠷ᠎ᠠ 79 ᠲᠠᠯᠠᠪᠤᠷ ᠤᠷᠤᠯᠳᠤᠭᠠᠨ ᠶᠠᠪᠤᠭᠤᠯᠵᠤ᠂ ᠡᠩ᠎ᠦᠨ ᠤᠷᠤᠯᠳᠤᠭᠠᠨ᠎ᠳᠤ ᠭᠣᠣᠯ ᠲᠠᠯᠠᠪᠤᠷ᠎ᠤᠨ ᠳᠠᠩ ᠡᠭᠡᠯᠵᠢᠲᠦ ᠤᠷᠤᠯᠳᠤᠭᠠᠨ᠎ᠤ ᠳᠦᠷᠢᠮ᠎ᠢ ᠬᠡᠷᠡᠭ᠌ᠯᠡᠵᠦ᠍᠂ ᠡᠮᠦᠨ᠎ᠡ ᠨᠠᠢ᠍ᠮᠠᠨ ᠨᠡᠷ᠎ᠡ ᠨᠢ ᠨᠤᠭᠤᠯᠤᠭ᠎ᠠ ᠤᠷᠤᠯᠳᠤᠭᠠᠨ᠎ᠳᠤ ᠣᠷᠣᠵᠤ ᠂ 1/4᠎ᠶ᠋ᠢᠨ ᠱᠢᠶ᠋ᠳᠪᠦᠷᠢᠲᠦ ᠤᠷᠤᠯᠳᠤᠭᠠᠨ ᠪᠠ ᠬᠠᠭᠠᠰ ᠱᠢᠶ᠋ᠳᠪᠦᠷᠢᠲᠦ ᠤᠷᠤᠯᠳᠤᠭᠠᠨ ᠨᠢ ᠭᠣᠣᠯ ᠲᠠᠯᠠᠪᠤᠷ᠎ᠤᠨ ᠬᠣᠣᠰ ᠨᠤᠭᠤᠯᠤᠭ᠎ᠠ ᠤᠷᠤᠯᠳᠤᠭᠠᠨ ᠵᠢᠡᠷ ᠱᠢᠭ᠌ᠰᠢᠬᠦ ᠳᠦᠷᠢᠮ᠎ᠢ ᠬᠡᠷᠡᠭᠯᠡᠵᠦ᠂ ᠱᠢᠶ᠋ᠳᠪᠦᠷᠢᠲᠦ ᠤᠷᠤᠯᠳᠤᠭᠠᠨ ᠳ᠋ᠦ ᠳᠠᠩ ᠨᠤᠭᠤᠯᠤᠭ᠎ᠠ ᠤᠷᠤᠯᠳᠤᠭᠠᠨ ᠵᠢᠡᠷ ᠢᠯᠡᠵᠦ ᠢᠯᠠᠬᠳᠠᠬᠤ ᠵᠢ ᠲᠤᠬᠳᠠᠭᠠᠨ᠎ᠠ᠃
ᠪᠥᠮᠪᠥᠭᠡᠨ ᠪᠢᠯᠧᠲ ᠪᠦᠬᠦ᠌ ᠬᠣᠲᠠ᠎ᠶ᠋ᠢᠨ ᠬᠡᠷᠡᠭ᠌ᠯᠡᠭᠡ᠎ᠶ᠋ᠢ ᠬᠦᠭᠵᠢᠭᠡᠯ᠎ᠡ
2026 ᠣᠨ᠎ᠤ ᠤᠷᠤᠯᠳᠤᠭᠠᠨ᠎ᠤ ᠤᠯᠠᠷᠢᠯ᠎ᠳᠤ᠂ ᠥᠪᠥᠷ ᠮᠣᠩᠭᠣᠯ᠎ᠤᠨ ᠬᠥᠯ ᠪᠥᠮᠪᠥᠭᠡ᠎ᠶ᠋ᠢᠨ ᠬᠡᠲᠦ ᠲᠡᠰ᠎ᠤᠨ ᠬᠣᠯᠪᠣᠭᠠᠲᠤ ᠤᠷᠤᠯᠳᠤᠭᠠᠨ ᠪᠥᠬᠥ᠌ ᠲᠠᠯ᠎ᠠ᠎ᠪᠠᠷ ᠲᠠᠰ ᠳᠡᠪᠱᠢᠵᠦ᠍᠂ ᠪᠡᠶ᠎ᠡ᠎ᠶ᠋ᠢᠨ ᠲᠠᠮᠢᠷ ᠰᠣᠶᠣᠯ ᠵᠢᠭᠤᠯᠴᠢᠯᠠᠯ ᠬᠤᠳᠠᠯᠳᠤᠭ᠎ᠠ ᠲᠠᠷᠢᠶᠠᠯᠠᠩ᠎ᠤᠨ ᠠᠭᠤᠰᠤᠯᠴᠠᠯ᠎ᠢ ᠭᠦᠨᠵᠡᠭᠡᠢᠷᠡᠭᠦᠯᠵᠦ᠍᠂ ᠡᠯ᠎ᠡ ᠭᠠᠵᠠᠷ᠎ᠤᠨ ᠬᠢᠨ ᠬᠣᠢᠨ᠎ᠠ ᠬᠣᠢᠨ᠎ᠠ᠎ᠠᠴᠠ᠎ᠪᠠᠨ ᠠᠷᠭ᠎ᠠ ᠬᠡᠮᠵᠢᠶ᠎ᠡ ᠠᠪᠴᠤ᠌ 《ᠪᠢᠯᠧᠲ᠎ᠦᠨ ᠠᠵᠤ ᠠᠬᠤᠶ》 ᠶ᠋ᠢ ᠪᠣᠶ ᠪᠣᠯᠭᠠᠪᠠ᠃ ᠬᠥᠬᠡᠬᠣᠲᠠ 《ᠪᠢᠯᠧᠲ ᠵᠢᠡᠷ ᠬᠠᠷᠠᠭᠠᠯᠵᠠᠯ ᠦᠵᠡᠭᠦᠯᠬᠦ᠌》 ᠠᠵᠢᠯᠯᠠᠭ᠎ᠠ ᠥᠷᠨᠢᠭᠦᠯᠵᠦ᠍᠂ ᠪᠢᠯᠧᠲ᠎ᠲᠡᠶ ᠦᠵᠡᠭ᠌ᠴᠢᠳ ᠬᠢᠮᠳᠠᠷᠠᠯ᠎ᠲᠠᠶ ᠬᠣᠭᠣᠯᠠ ᠤᠮᠳᠠ᠂ ᠬᠣᠨᠣᠭ ᠪᠠᠭᠤᠳᠠᠯ᠂ ᠬᠤᠳᠠᠯᠳᠤᠭ᠎ᠠ ᠳᠡᠯᠭᠡᠭᠦᠷ ᠵᠡᠷᠭᠡ ᠣᠯᠠᠨ ᠳᠠᠪᠬᠤᠷ ᠠᠰᠠᠷᠠᠮᠵᠢ᠎ᠶ᠋ᠢ ᠭᠥᠷᠳᠡᠵᠦ᠍᠂ 《ᠨᠢᠭᠡ ᠪᠢᠯᠧᠲ᠎ᠢ ᠣᠯᠠᠨ ᠤᠳᠠᠭ᠎ᠠ ᠬᠡᠷᠡᠭ᠌ᠯᠡᠵᠦ᠍᠂ ᠨᠢᠭᠡ ᠪᠢᠯᠧᠲ᠎ᠲᠦ ᠣᠯᠠᠨ ᠬᠠᠷᠠᠭᠠᠯᠵᠠᠯ ᠦᠵᠡᠭᠦᠯᠬᠦ᠌》 ᠬᠡᠷᠡᠭ᠌ᠯᠡᠭᠡᠨ᠎ᠦ ᠵᠠᠭ᠍ᠪᠤᠷ᠎ᠢ ᠬᠡᠷᠡᠭᠵᠢᠬᠦᠯᠪᠡ;ᠪᠤᠭᠤᠲᠤ ᠬᠣᠲᠠ 《ᠪᠢᠯᠧᠲ᠎ᠦᠨ ᠠᠵᠤ ᠠᠬᠤᠶ ᠵᠢᠨ IP》 ᠶ᠋ᠢ ᠡᠭᠦᠳᠦᠨ ᠪᠠᠢᠭᠤᠯᠵᠤ᠂ ᠪᠥᠬᠥ᠌ ᠬᠣᠲᠠ᠎ᠶ᠋ᠢᠨ 200 ᠭᠠᠷᠤᠶ ᠬᠤᠳᠠᠯᠳᠤᠭᠠᠴᠢᠨ ᠡᠷᠦᠬᠡ᠎ᠲᠡᠶ ᠬᠣᠯᠪᠣᠭᠠᠯᠠᠨ᠂ ᠢᠳᠡᠭᠡᠨ ᠤᠮᠳᠠᠭᠠᠨ᠂ ᠬᠣᠨᠣᠭ ᠪᠠᠭᠤᠳᠠᠯ᠂ ᠪᠦᠷᠢᠨ ᠪᠠᠷᠠᠭ᠎ᠠ᠂ ᠬᠡᠲᠦ ᠳᠡᠯᠭᠡᠭᠦᠷ᠂ ᠰᠣᠶᠣᠯ ᠵᠢᠭᠤᠯᠴᠢᠯᠠᠯ᠂ ᠰᠡᠯᠡᠭᠦᠴᠡᠯ᠂ ᠮᠠᠱᠢᠨ ᠲᠡᠷᠭᠡ ᠵᠡᠷᠭᠡ ᠲᠤᠯᠤᠭᠠᠨ ᠶᠡᠬᠡ ᠡᠵᠡᠩᠨᠡᠯᠲᠡ᠎ᠶ᠋ᠢᠨ ᠬᠡᠯᠪᠡᠷᠢ᠎ᠶ᠋ᠢ ᠬᠠᠮᠤᠷᠴᠤ᠌᠂《ᠤᠷᠤᠯᠳᠤᠭᠠᠨ᠎ᠨᠢ ᠪᠤᠭᠤᠲᠤ᠎ᠳᠤ᠂ ᠬᠡᠷᠡᠭ᠌ᠯᠡᠭᠡ᠎ᠨᠢ ᠪᠥᠬᠥ᠌ ᠬᠣᠲᠠ᠎ᠳᠤ᠂ ᠪᠥᠬᠥ᠌ ᠦᠶᠡᠯᠡᠯ᠎ᠦᠨ ᠬᠤᠭᠤᠴᠠᠭᠠᠨ᠎ᠳᠤ ᠠᠱᠢᠭ ᠬᠦᠷᠲᠡᠭᠡᠬᠦ᠌》 ᠱᠢᠰᠲ᠋ᠧᠮ᠎ᠢ ᠪᠦᠷᠢᠯᠳᠦᠭᠦᠯᠪᠡ; ᠪᠠᠶᠠᠨᠨᠠᠭᠤᠷ ᠬᠤᠲᠠ ᠶᠦᠨ ᠱᠠᠨ ᠹᠦ᠋ APP ᠪᠠᠷ ᠳᠠᠮᠵᠢᠭᠤᠯᠤᠨ᠂ ᠥᠪᠥᠷ ᠮᠣᠩᠭᠣᠯ᠎ᠤᠨ ᠬᠥᠯ ᠪᠥᠮᠪᠥᠭᠡ᠎ᠶ᠋ᠢᠨ ᠬᠡᠲᠦ ᠲᠡᠰ᠎ᠤᠨ ᠬᠣᠯᠪᠣᠭᠠᠲᠤ ᠤᠷᠤᠯᠳᠤᠭᠠᠨ᠎ᠤ ᠲᠤᠰᠭᠠᠢ ᠲᠣᠭᠣᠷᠢᠭ ᠭᠠᠷᠭᠠᠵᠤ᠂ ᠪᠥᠮᠪᠥᠭᠡᠨ ᠬᠤᠷᠤᠬᠠᠢ᠌ᠲᠠᠨ ᠪᠠ ᠵᠢᠭᠤᠯᠴᠢᠯᠠᠬᠰᠠᠳ᠎ᠲᠤ ᠦᠵᠡᠮᠵᠢ᠎ᠶ᠋ᠢᠨ ᠣᠷᠣᠨ᠂ ᠬᠣᠨᠣᠭ ᠪᠠᠭᠤᠳᠠᠯ᠂ ᠢᠳᠡᠭᠡᠨ ᠤᠮᠳᠠᠭᠠᠨ᠎ᠤ ᠲᠤᠰᠭᠠᠢ ᠬᠡᠷᠡᠭ᠌ᠯᠡᠭᠡᠨ᠎ᠦ ᠲᠡᠮᠳᠡᠭ᠌ᠲᠦ ᠲᠠᠷᠬᠠᠭᠠᠵᠤ᠂ 《ᠪᠥᠮᠪᠥᠭᠡᠨ ᠬᠤᠷᠤᠬᠠᠢ᠌ᠲᠠᠨᠤ ᠬᠣᠭᠣᠯᠠ ᠤᠮᠳᠠ》᠂ 《ᠤᠷᠤᠯᠳᠤᠭᠠᠨ ᠰᠣᠨᠢᠷᠬᠠᠬᠤ ᠣᠨᠴᠠ ᠬᠠᠷᠠᠭᠠᠯᠵᠠᠯ᠎ᠤᠨ ᠭᠡᠷ》 ᠵᠡᠷᠭᠡ ᠣᠨᠴᠠᠯᠢᠭ᠍ᠲᠤ ᠪᠦᠲᠦᠭᠡᠭ᠌ᠳᠡᠬᠦᠨ ᠭᠠᠷᠭᠠᠪᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠵᠦ᠍᠂ ᠪᠥᠮᠪᠥᠭᠡᠨ ᠬᠤᠷᠤᠬᠠᠢ᠌ᠲᠠᠳᠢ ᠬᠥᠲᠥᠯᠥᠨ ᠵᠢᠯᠣᠭᠣᠳᠴᠤ᠌᠂《ᠤᠷᠤᠯᠳᠤᠭᠠᠨ ᠰᠣᠨᠢᠷᠬᠠᠭ᠍ᠴᠢᠳ》 ᠡᠴᠠ 《ᠭᠦᠨᠵᠡᠭᠡᠶ ᠵᠢᠭᠤᠯᠴᠢᠯᠠᠬᠰᠠᠳ》 ᠪᠣᠯᠭᠠᠨ ᠳᠡᠰ ᠳᠡᠪᠱᠢᠭᠦᠯᠵᠦ᠍᠂ ᠤᠷᠤᠯᠳᠤᠭᠠᠨ᠎ᠤ ᠬᠠᠯᠠᠮᠱᠢᠯᠵᠢᠡᠷ ᠣᠯᠠᠨ ᠲᠦᠮᠡᠨ᠎ᠦ ᠬᠡᠷᠡᠭ᠌ᠯᠡᠭᠡᠨ᠎ᠦ ᠬᠦᠰᠡᠯ ᠡᠷᠡᠮᠡᠯᠵᠡᠯ᠎ᠢ ᠭᠦᠶ᠋ᠴᠡᠳ ᠬᠥᠭ᠌ᠵᠢᠭᠡᠵᠦ᠍᠂ ᠪᠡᠶ᠎ᠡ᠎ᠶ᠋ᠢᠨ ᠲᠠᠮᠢᠷᠵᠢᠡᠷ ᠲᠠᠪᠴᠠᠩ ᠪᠤᠯᠭᠠᠨ᠂ ᠠᠵᠤ ᠠᠬᠤᠶ᠎ᠶ᠋ᠢ ᠬᠦᠭᠵᠢᠭᠡᠵᠦ᠂ ᠰᠣᠶᠣᠯ ᠵᠢᠭᠤᠯᠴᠢᠯᠠᠯ᠎ᠤᠨ ᠣᠯᠠᠨ ᠲᠠᠯ᠎ᠠ᠎ᠪᠠᠷ ᠴᠢᠳᠠᠪᠤᠷᠢ ᠣᠯᠭᠣᠬᠤ ᠪᠠᠢᠷᠢᠱᠢᠯ᠎ᠢ ᠦᠨᠡᠨ ᠬᠦ᠌ ᠪᠡᠶᠡᠯᠡᠭᠦᠯᠵᠡᠢ᠃
ᠣᠯᠠᠨ ᠲᠦᠮᠡᠨᠴᠢ ᠪᠡᠶ᠎ᠡ᠎ᠶ᠋ᠢᠨ ᠲᠠᠮᠢᠷ ᠲᠠᠯ᠎ᠠ ᠨᠤᠲᠤᠭ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠪᠡ
ᠦᠩᠭᠡᠷᠡᠭᠰᠡᠨ᠎ᠢ ᠡᠷᠬᠢᠴᠡᠭᠦᠯᠭᠦᠶᠡ᠂ ᠥᠪᠥᠷ ᠮᠣᠩᠭᠣᠯ᠎ᠤᠨ ᠬᠥᠯ ᠪᠥᠮᠪᠥᠭᠡ᠎ᠶ᠋ᠢᠨ ᠬᠡᠲᠦ ᠲᠡᠰ᠎ᠤᠨ ᠬᠣᠯᠪᠣᠭᠠᠲᠤ ᠤᠷᠤᠯᠳᠤᠭᠠᠨ᠎ᠤ ᠠᠷᠪᠠᠨ ᠵᠢᠯ ᠪᠣᠯ ᠥᠪᠥᠷ ᠮᠣᠩᠭᠣᠯ᠎ᠤᠨ ᠤᠯᠠᠨ ᠲᠦᠮᠡᠨᠴᠢ ᠪᠡᠶ᠎ᠡ᠎ᠶ᠋ᠢᠨ ᠲᠠᠮᠢᠷ᠎ᠤᠨ ᠥᠷᠨᠢᠭᠦᠨ ᠬᠥᠭ᠌ᠵᠢᠯᠲᠡ᠎ᠶ᠋ᠢᠨ ᠠᠮᠢᠳᠤᠯᠢᠭ ᠬᠤᠷᠢᠶᠠᠩᠭᠤᠢ ᠳᠦᠷᠰᠦ ᠪᠣᠯᠤᠨ᠎ᠠ᠃ 2016 ᠣᠨ᠎ᠳᠤ ᠠᠩᠬ᠎ᠠ ᠡᠭᠦᠰᠭᠡᠨ ᠪᠠᠢᠭᠤᠯᠬᠤ ᠦᠶ᠎ᠡ᠎ᠳᠦ᠂ ᠡᠷᠡᠭᠳᠡᠢ ᠵᠢᠨ ᠬᠦᠯ ᠪᠦᠮᠪᠦᠭᠡ ᠵᠢᠨ ᠬᠣᠯᠪᠣᠭᠠᠲᠤ ᠤᠷᠤᠯᠳᠤᠭᠠᠨ᠂ ᠬᠥᠬᠡ ᠲᠡᠰ᠎ᠤᠨ ᠬᠤᠯᠪᠤᠭᠠᠳᠤ ᠤᠷᠤᠯᠳᠤᠭᠠᠨ᠂ ᠬᠥᠬᠡᠭ᠌ᠴᠢᠨ ᠲᠡᠰ᠎ᠤᠨ ᠬᠤᠯᠪᠤᠭᠠᠳᠤ ᠤᠷᠤᠯᠳᠤᠭᠠᠨ ᠵᠡᠷᠭᠡ ᠳᠡᠰᠲᠤᠬᠳᠠᠭᠠᠵᠤ᠂ ᠠᠩᠬᠠᠳᠤᠭᠠᠷ ᠬᠤᠭᠤᠴᠠᠭᠠᠨ᠎ᠳᠤ ᠲᠥᠪᠯᠡᠷᠡᠭᠦᠯᠦᠨ ᠤᠷᠤᠯᠳᠤᠬᠤ ᠳᠦᠷᠢᠮ᠎ᠢ ᠬᠡᠷᠡᠭ᠌ᠯᠡᠵᠡᠶ; ᠡᠭᠦᠨ᠎ᠡᠴᠡ ᠰᠡᠭᠦᠯᠡᠷ ᠤᠷᠤᠯᠳᠤᠭᠠᠨ᠎ᠤ ᠲᠦᠷᠢᠮ᠎ᠳᠦ ᠲᠣᠬᠢᠷᠠᠭᠤᠯᠤᠯᠲᠠ ᠬᠢᠬᠦ᠌᠎ᠪᠡᠷ ᠳᠡᠮᠵᠢᠨ᠂ 2018 — 2019 ᠣᠨ᠎ᠤ ᠤᠷᠤᠯᠳᠤᠭᠠᠨ᠎ᠤ ᠤᠯᠠᠷᠢᠯ᠎ᠳᠤ ᠲᠠᠰ ᠬᠤᠪᠢᠶᠠᠨ ᠤᠷᠤᠯᠳᠤᠭᠠᠨ ᠶᠠᠪᠤᠭᠤᠯᠬᠤ ᠲᠦᠷᠢᠮ᠎ᠢ ᠬᠦᠴᠦᠨ ᠥᠬᠡᠶ ᠪᠣᠯᠭᠠᠵᠠᠢ;2025 ᠣᠨ᠎ᠳᠤ ᠵᠢᠩᠬᠢᠨᠢ᠎ᠪᠡᠷ 《ᠥᠪᠥᠷ ᠮᠣᠩᠭᠣᠯ᠎ᠤᠨ ᠬᠥᠯ ᠪᠥᠮᠪᠥᠭᠡ᠎ᠶ᠋ᠢᠨ ᠬᠡᠲᠦ ᠲᠡᠰ᠎ᠤᠨ ᠬᠣᠯᠪᠣᠭᠠᠲᠤ ᠤᠷᠤᠯᠳᠤᠭᠠᠨ》 ᠭᠡᠵᠦ᠍ ᠨᠡᠷ᠎ᠡ᠎ᠪᠡᠨ ᠬᠠᠯᠠᠪᠠ᠃ ᠠᠷᠪᠠᠨ ᠵᠢᠯ᠎ᠤᠨ ᠲᠤᠷᠰᠢᠯᠭ᠎ᠠ ᠬᠤᠷᠠᠮᠳᠤᠭᠤᠯᠭ᠎ᠠ ᠪᠡᠷ ᠲᠠᠮᠵᠢᠨ᠂ 2025 ᠣᠨ᠎ᠤ ᠤᠷᠤᠯᠳᠤᠭᠠᠨ᠎ᠤ ᠤᠯᠠᠷᠢᠯ᠎ᠳᠤ ᠨᠢᠭᠡᠨᠲᠡ 12 ᠡᠩᠨᠡᠭᠡ᠂ 50 ᠲᠠᠯᠠᠪᠤᠷ ᠤᠷᠤᠯᠳᠤᠭᠠᠨ ᠶᠠᠪᠤᠭᠤᠯᠵᠤ᠂ 89 ᠲᠦᠮᠡᠨ ᠬᠥᠮᠦᠨ ᠤᠳᠠᠭᠠᠲᠤᠬᠠᠶᠶ᠋ᠢᠨ ᠲᠠᠯᠠᠪᠤᠷ᠎ᠲᠤ ᠤᠷᠤᠯᠳᠤᠭᠠᠨ ᠰᠣᠨᠢᠷᠬᠠᠵᠤ᠂ 2455 ᠲᠦᠮᠡᠨ ᠬᠥᠮᠦᠨ ᠤᠳᠠᠭ᠎ᠠ ᠱᠢᠭᠤᠳ ᠨᠡᠪᠲᠡᠷᠡᠭᠦᠯᠭᠡ᠎ᠶ᠋ᠢ ᠭᠥᠯᠢᠶᠡᠨ ᠠᠪᠴᠤ᠌ ᠦᠵᠡᠨ᠂ ᠬᠠᠮ ᠵᠠᠭᠤᠴᠢᠯᠠᠭᠤᠷ᠎ᠤᠨ ᠲᠠᠷᠤᠮ᠎ᠤᠨ ᠲᠤᠭ᠎ᠠ 8 ᠳ᠋ᠦᠩᠱᠢᠭᠤᠷ ᠤᠳᠠᠭ᠎ᠠ᠎ᠶ᠋ᠢ ᠳᠠᠪᠠᠵᠤ᠂ ᠪᠥᠬᠥ᠌ ᠤᠯᠤᠰ᠎ᠤᠨ ᠣᠯᠠᠨ ᠲᠦᠮᠡᠨᠴᠢ 《ᠭᠤᠷᠪᠠᠨ ᠶᠡᠬᠡ ᠪᠥᠮᠪᠥᠭᠡ》 ᠶ᠋ᠢᠨ ᠰᠣᠳᠣᠨ ᠤᠷᠤᠯᠳᠤᠭᠠᠨ᠎ᠤ ᠵᠢᠱ᠌ᠢᠶ᠎ᠡ᠎ᠪᠡᠷ ᠠᠮᠵᠢᠯᠲᠠ᠎ᠲᠠᠶ ᠰᠣᠩᠭᠣᠭ᠍ᠳᠠᠪᠠ᠃

ᠡᠳᠦᠭᠡ᠎ᠶ᠋ᠢᠨ ᠥᠪᠥᠷ ᠮᠣᠩᠭᠣᠯ᠎ᠤᠨ ᠬᠥᠯ ᠪᠥᠮᠪᠥᠭᠡ᠎ᠶ᠋ᠢᠨ ᠬᠡᠲᠦ ᠲᠡᠰ᠎ᠤᠨ ᠬᠣᠯᠪᠣᠭᠠᠲᠤ ᠤᠷᠤᠯᠳᠤᠭᠠᠨ ᠨᠢ ᠠᠯᠢ ᠡᠷᠲᠡ ᠬᠥᠯ ᠪᠥᠮᠪᠥᠭᠡ᠎ᠶ᠋ᠢᠨ ᠤᠷᠤᠯᠳᠤᠭᠠᠨ ᠲᠡᠳᠦᠶ ᠪᠢᠰᠢ ᠪᠣᠯᠵᠣ᠂ ᠬᠠᠷᠢᠨ ᠡᠯ᠎ᠡ ᠠᠢᠮᠠᠭ ᠬᠣᠲᠠ᠎ᠶ᠋ᠢᠨ ᠰᠣᠯᠢᠯᠴᠠᠭ᠎ᠠ ᠬᠠᠮᠲᠤᠷᠠᠯᠴᠠᠭ᠎ᠠ᠂ ᠰᠣᠶᠣᠯ ᠵᠢᠭᠤᠯᠴᠢᠯᠠᠯ ᠬᠥᠳᠡᠭᠡ ᠠᠵᠤ ᠠᠬᠤᠶ ᠬᠤᠳᠠᠯᠳᠤᠭᠠᠨ᠎ᠤ ᠠᠭᠤᠰᠤᠯᠴᠠᠯ᠎ᠤᠨ ᠱᠢᠨ᠎ᠡ ᠰᠣᠷᠭᠣᠭ ᠠᠴᠢᠶᠠᠯᠠᠪᠤᠷᠢ ᠪᠣᠯᠵᠠᠶ᠃ ᠥᠪᠥᠷ ᠮᠣᠩᠭᠣᠯ᠎ᠤᠨ ᠬᠥᠯ ᠪᠥᠮᠪᠥᠭᠡ᠎ᠶ᠋ᠢᠨ ᠬᠡᠲᠦ ᠲᠡᠰ᠎ᠤᠨ ᠬᠣᠯᠪᠣᠭᠠᠲᠤ ᠤᠷᠤᠯᠳᠤᠭᠠᠨ ᠨᠢ ᠤᠯᠠᠨ ᠲᠦᠮᠡᠨ ᠲᠠᠢ ᠤᠢᠷᠠᠳᠤᠭᠰᠠᠨ ᠬᠠᠮᠤᠭ᠎ᠤᠨ ᠪᠣᠷᠣᠭ᠍ᠵᠢᠭᠤᠨ ᠬᠡᠯᠪᠡᠷᠢ᠎ᠪᠡᠷ ᠲᠠᠯ᠎ᠠ ᠨᠤᠲᠤᠭ᠎ᠤᠨ ᠬᠦᠭᠵᠢᠯᠳᠡ ᠳ᠋ᠤ ᠤᠯᠠᠨ ᠲᠦᠮᠡᠨᠴᠢ ᠪᠡᠶ᠎ᠡ᠎ᠶ᠋ᠢᠨ ᠲᠠᠮᠢᠷ᠎ᠤᠨ ᠰᠢᠨ᠎ᠡ ᠰᠤᠷᠭᠤᠭ ᠬᠦᠴᠦᠨ᠎ᠢ ᠨᠡᠮᠡᠷᠢᠯᠡᠯ᠎ᠡ᠃

ᠰᠤᠷᠪᠤᠯᠵᠢᠯᠠᠭ᠍ᠰᠠᠨᠤ ᠲᠠᠷᠠᠭ᠎ᠠ᠄
ᠬᠥᠬᠡᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠲᠠᠯᠠᠪᠤᠷ᠎ᠤᠨ ᠦᠵᠡᠭ᠌ᠴᠢᠳ᠎ᠦᠨ ᠲᠠᠢᠰᠠᠨ ᠳᠡᠭᠡᠷ᠎ᠡ ᠵᠣᠭ᠍ᠰᠣᠬᠤ᠎ᠳᠤ ᠂ ᠲᠦᠮᠡᠨ ᠬᠥᠮᠦᠨ 《ᠴᠡᠯᠡᠭᠡᠷ ᠲᠠᠯ᠎ᠠ᠎ᠶ᠋ᠢᠨ ᠳᠠᠭᠤᠯᠠᠯ》 ᠢ᠋ ᠬᠠᠮᠲᠤ᠎ᠪᠠᠷ ᠲᠠᠭᠤᠯᠠᠬᠤ ᠠᠶ᠎ᠠ ᠳᠠᠭᠤᠨ ᠰᠥᠨᠢ᠎ᠶ᠋ᠢᠨ ᠣᠭ᠍ᠲᠠᠷᠭᠤᠶ᠎ᠳᠤ ᠴᠤᠤᠷᠢᠶᠠᠲᠤᠨ᠎ᠠ᠂ ᠥᠪᠥᠷ ᠮᠣᠩᠭᠣᠯ᠎ᠤᠨ ᠬᠥᠯ ᠪᠥᠮᠪᠥᠭᠡ᠎ᠶ᠋ᠢᠨ ᠬᠡᠲᠦ ᠲᠡᠰ᠎ᠤᠨ ᠬᠣᠯᠪᠣᠭᠠᠲᠤ ᠤᠷᠤᠯᠳᠤᠭᠠᠨ᠎ᠤ ᠲᠠᠲᠠᠬᠤ ᠬᠦᠴᠦᠨ ᠨᠢ ᠶᠡᠷᠦ᠍᠎ᠡᠴᠡ ᠵᠥᠪᠬᠡᠨ ᠬᠤᠪᠢ᠎ᠶ᠋ᠢᠨ ᠬᠠᠷᠢᠴᠠᠯ᠎ᠢ ᠲᠡᠮᠳᠡᠭᠯᠡᠳᠡᠭ ᠫᠠᠢᠰᠠ ᠳᠡᠭᠡᠷ᠎ᠡ ᠯᠡ ᠪᠠᠢᠳᠠᠭ ᠪᠢᠰᠢ ᠭᠡᠳᠡᠭ᠎ᠢ ᠰᠤᠷᠪᠤᠯᠵᠢᠯᠠᠭᠴᠢ ᠭᠦᠨᠵᠡᠭᠡᠶ ᠣᠢᠯᠠᠭᠠᠪᠠ᠃ ᠲᠡᠷᠡ ᠨᠢ ᠲᠦᠩᠯᠢᠶᠤᠤ ᠵᠢᠨ ᠳᠠᠭᠤᠤ ᠪᠥᠵᠢᠭ᠎ᠦᠨ ᠣᠮᠣᠭ ᠲᠡᠭᠦᠯᠳᠡᠷ ᠂ ᠬᠥᠯᠥᠨ ᠪᠤᠢ᠌ᠷ᠎ᠤᠨ ᠨᠤᠲᠤᠭ᠎ᠤᠨ ᠮᠥᠷᠥᠭᠡᠳᠦᠯ᠂ ᠨᠡᠩ ᠴᠤ᠌ ᠪᠥᠮᠪᠥᠭᠡᠨ ᠪᠢᠯᠧᠲ᠎ᠦᠨ ᠠᠷᠤ᠎ᠳᠠᠬᠢ ᠬᠦᠰᠡᠯ ᠬᠦᠭᠡᠭᠡᠴᠡᠯᠳᠦᠯ ᠪᠤᠯᠤᠨ᠎ᠠ᠃ 10 ᠵᠢᠯ ᠳ᠋ᠦ ᠂ ᠥᠪᠥᠷ ᠮᠣᠩᠭᠣᠯ᠎ᠤᠨ ᠬᠥᠯ ᠪᠥᠮᠪᠥᠭᠡ᠎ᠶ᠋ᠢᠨ ᠬᠡᠲᠦ ᠲᠡᠰ᠎ᠤᠨ ᠬᠣᠯᠪᠣᠭᠠᠲᠤ ᠤᠷᠤᠯᠳᠤᠭᠠᠨ ᠨᠢ ᠥᠪᠥᠷ ᠮᠣᠩᠭᠣᠯ ᠬᠠᠮᠤᠭ᠎ᠤᠨ ᠤᠯᠠᠨ ᠲᠦᠮᠡᠨ᠎ᠲᠡᠶ ᠤᠢ᠍ᠢᠷᠠᠳᠤᠭ᠍ᠰᠠᠨ ᠬᠡᠯᠪᠡᠷᠢ᠎ᠪᠡᠷ ᠬᠦᠯ ᠪᠥᠮᠪᠥᠭᠡ᠎ᠶ᠋ᠢ ᠤᠯᠠᠨ ᠲᠦᠮᠡᠨ᠎ᠦ ᠳᠤᠮᠳᠠ ᠭᠦᠨ ᠦᠨᠳᠦᠰᠦᠯᠡᠭᠦᠯᠵᠦ᠍᠂ ᠠᠮᠢᠳᠤᠷᠠᠯ᠎ᠳᠤ ᠠᠭᠤᠰᠤᠯᠴᠠᠭᠤᠯᠪᠠ᠃ ᠲᠠᠷᠠᠭᠠᠴᠢ ᠪᠡᠷ ᠶᠠᠪᠤᠬᠳᠠᠬᠤ 79 ᠲᠠᠯᠠᠪᠤᠷ ᠤᠷᠤᠯᠳᠤᠭᠠᠨ ᠨᠢ ᠡᠨᠡ ᠬᠡᠰᠡᠭ ᠨᠤᠲᠤᠭ ᠳᠡᠪᠢᠰᠭᠡᠷ ᠳᠡᠭᠡᠷᠡᠬᠢ ᠨᠣᠭᠣᠭᠠᠨ ᠵᠦᠯᠭᠡᠨᠤ ᠥᠯᠢᠭᠡᠷ᠎ᠢ ᠦᠷᠭᠦᠯᠵᠢᠯᠡᠨ ᠰᠠᠢᠲᠤᠷ ᠶᠠᠷᠢᠬᠤ ᠪᠤᠯᠤᠨ᠎ᠠ᠃
ᠲᠤᠰ ᠰᠤᠨᠢᠨ᠎ᠤ ᠰᠤᠷᠪᠤᠯᠵᠢᠯᠠᠭᠴᠢ ᠮᠦᠩᠭᠡᠴᠢᠯᠠᠭᠤ ᠰᠡᠭᠦᠳᠡᠷᠯᠡᠪᠡ