5 ᠰᠠᠷ᠎ᠠ ᠵᠢᠨ 19 ᠤ᠋ ᠡᠳᠦᠷ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠦᠨᠳᠦᠰᠦᠲᠡᠨ ᠤ᠋ ᠬᠡᠷᠡᠭ ᠡᠷᠭᠢᠯᠡᠬᠦ ᠵᠥᠪᠯᠡᠯ ᠭᠣᠣᠯᠯᠠᠨ ᠡᠷᠭᠢᠯᠡᠵᠦ᠂ ᠣᠷᠳᠣᠰ ᠬᠣᠲᠠ ᠵᠢᠨ ᠦᠨᠳᠦᠰᠦᠳᠡᠨ ᠤ᠋ ᠬᠡᠷᠡᠭ ᠡᠷᠬᠢᠯᠡᠬᠦ ᠵᠥᠪᠯᠡᠯ ᠳᠠᠭᠠᠭᠠᠴᠢᠯᠠᠨ ᠡᠷᠭᠢᠯᠡᠭᠰᠡᠨ 2026 ᠣᠨ ᠤ᠋ ᠪᠥᠬᠥ ᠣᠷᠣᠨ ᠤ᠋ ᠦᠨᠳᠦᠰᠦᠲᠡᠨ ᠤ᠋ ᠪᠡᠶ᠎ᠡ ᠴᠢᠭᠢᠷᠠᠭᠵᠢᠭᠤᠯᠬᠤ ᠲᠠᠮᠢᠷ ᠤ᠋ᠨ ᠤᠷᠤᠯᠳᠤᠭᠠᠨ ᠡᠵᠡᠨ ᠬᠣᠷᠣᠭ᠎ᠠ ᠬᠣᠰᠢᠭᠤᠨ ᠤ᠋ ᠪᠥᠬᠥ ᠠᠷᠠᠳ ᠤ᠋ᠨ ᠪᠡᠶ᠎ᠡ ᠴᠢᠭᠢᠷᠠᠭᠵᠢᠭᠤᠯᠬᠤ ᠲᠠᠮᠢᠷ ᠤ᠋ᠨ ᠬᠥᠳᠡᠯᠭᠡᠭᠡᠨ ᠤ᠋ ᠲᠥᠪ ᠲᠤ᠌ ᠶᠠᠪᠤᠭᠳᠠᠪᠠ᠃

ᠤᠷᠤᠯᠳᠤᠭᠠᠨ ᠤ᠋ ᠳᠤᠬᠠᠢ ᠶ᠋ᠢᠨ ᠳᠠᠯᠠᠪᠠᠢ ᠳ᠋ᠤ᠂ ᠪᠦᠬᠦ ᠣᠷᠣᠨ ᠤ᠋ ᠡᠯ᠎ᠡ ᠭᠠᠵᠠᠷ ᠡᠴᠠ ᠬᠦᠷᠦᠯᠴᠡᠨ ᠢᠷᠡᠭᠰᠡᠨ ᠡᠯ᠎ᠡ ᠳᠦᠯᠦᠭᠡᠯᠡᠭᠴᠢᠳ ᠤ᠋ᠨ ᠠᠩᠭᠢ ᠴᠤᠭ ᠵᠢᠪᠬᠤᠭ᠎ᠠ ᠪᠡᠨ ᠪᠠᠳᠠᠷᠠᠭᠤᠯᠤᠨ ᠮᠥᠷᠥᠢᠴᠡᠵᠠᠢ᠃ ᠲᠡᠳᠡ ᠤᠷᠤᠯᠳᠤᠬᠤ ᠳᠤᠮᠳᠠ ᠣᠢᠯᠠᠭᠠᠯᠴᠠᠭ᠎ᠠ ᠪᠡᠨ ᠭᠦᠨᠵᠡᠭᠡᠢᠷᠡᠭᠦᠯᠦᠨ᠂ ᠦᠨᠳᠦᠰᠦᠲᠡᠨ ᠤ᠋ ᠪᠡᠶ᠎ᠡ ᠴᠢᠭᠢᠷᠠᠭᠵᠢᠭᠤᠯᠬᠤ ᠲᠠᠮᠢᠷ ᠤ᠋ᠨ ᠤᠷᠠᠯᠢᠭ᠋ ᠤ᠋ᠨ ᠷᠢᠳᠢ ᠰᠢᠳᠢ ᠵᠢ ᠭᠦᠢᠴᠡᠳ ᠢᠯᠡᠷᠡᠭᠦᠯᠦᠨ᠂ ᠦᠨᠳᠦᠰᠦᠲᠡᠨ ᠨᠦᠭᠦᠳ ᠤ᠋ᠨ ᠤᠯᠠᠨ ᠲᠦᠮᠡᠨ ᠤ᠋ ᠪᠦᠯᠬᠦᠮᠳᠡᠨ ᠲᠡᠮᠡᠴᠡᠵᠦ᠂ ᠢᠳᠡᠪᠬᠢᠲᠡᠢ ᠥᠭᠡᠳᠡᠯᠡᠨ ᠲᠠᠪᠰᠢᠬᠤ ᠴᠤᠭ ᠰᠦᠯᠳᠡ ᠵᠢ ᠢᠯᠡᠷᠡᠭᠦᠯᠦᠨ᠂ ᠲᠤᠬᠠᠢ ᠵᠢᠨ ᠲᠠᠯᠠᠪᠠᠢ ᠳ᠋ᠤ ᠠᠯᠠᠭ᠎ᠠ ᠲᠡᠰᠢᠯᠲᠡ ᠵᠢᠨ ᠲᠠᠭᠤᠨ ᠲᠠᠰᠤᠷᠠᠯᠳᠡ ᠦᠭᠡᠢ ᠴᠤᠤᠷᠢᠶᠠᠳᠴᠤ ᠪᠠᠢᠯ᠎ᠠ᠃

ᠲᠤᠰ ᠤᠷᠤᠯᠳᠤᠭᠠᠨ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠵᠢᠨ ᠤᠬᠠᠮᠰᠠᠷ ᠢ᠋ ᠪᠠᠲᠤ ᠴᠤᠭᠴᠠᠯᠠᠬᠤ ᠪᠡᠷ ᠭᠣᠣᠯ ᠰᠢᠵᠢᠮ ᠪᠣᠯᠭᠠᠵᠤ᠂ ᠪᠦᠬᠦ ᠠᠷᠠᠳ ᠤ᠋ᠨ ᠪᠡᠶ᠎ᠡ ᠴᠢᠭᠢᠷᠠᠭᠵᠢᠭᠤᠯᠬᠤ ᠤᠯᠤᠰ ᠤ᠋ᠨ ᠪᠠᠢᠯᠳᠤᠬᠤ ᠪᠣᠳᠣᠯᠭ᠎ᠠ ᠪᠣᠯᠣᠨ 《ᠪᠡᠶ᠎ᠡ ᠵᠢᠨ ᠲᠠᠮᠢᠷ ᠶ᠋ᠢᠡᠷ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠵᠢᠨ ᠤᠬᠠᠮᠰᠠᠷ ᠢ᠋ ᠪᠠᠲᠤ ᠴᠤᠭᠴᠠᠯᠠᠬᠤ ᠵᠢ ᠠᠬᠢᠭᠤᠯᠬᠤ ᠲᠤᠬᠠᠢ ᠵᠢᠯᠤᠭᠣᠳᠬᠤ ᠰᠠᠨᠠᠯ》 ᠢ᠋ ᠭᠦᠨᠵᠡᠭᠡᠢ ᠨᠠᠢᠳᠠᠪᠤᠷᠢᠵᠢᠭᠤᠯᠤᠨ᠂ ᠦᠨᠳᠦᠰᠦᠲᠡᠨ ᠤ᠋ ᠤᠯᠠᠮᠵᠢᠯᠠᠯᠲᠤ ᠪᠡᠶ᠎ᠡ ᠵᠢᠨ ᠲᠠᠮᠢᠷ ᠤ᠋ᠨ ᠰᠣᠶᠣᠯ ᠪᠣᠯᠣᠨ ᠤᠯᠠᠨ ᠲᠦᠮᠡᠨ ᠤ᠋ ᠪᠡᠶ᠎ᠡ ᠵᠢᠨ ᠲᠠᠮᠢᠷ ᠢ᠋ ᠭᠦᠨᠵᠡᠭᠡᠢ ᠠᠭᠤᠰᠤᠯᠴᠠᠭᠤᠯᠬᠤ ᠵᠢ ᠠᠬᠢᠭᠤᠯᠵᠤ᠂ ᠤᠯᠠᠨ ᠲᠦᠮᠡᠨ ᠤ᠋ ᠦᠵᠡᠵᠦ ᠰᠣᠨᠢᠷᠬᠠᠬᠤ ᠳᠤᠷᠠᠲᠠᠢ ᠰᠣᠶᠣᠯ ᠲᠠᠮᠢᠷ ᠤ᠋ᠨ ᠬᠡᠯᠪᠡᠷᠢ ᠪᠡᠷ ᠳᠤᠮᠳᠠᠳᠤ ᠵᠢᠨ ᠦᠨᠳᠦᠰᠦᠳᠡᠨ ᠤ᠋ ᠪᠡᠶ᠎ᠡ ᠵᠢᠨ ᠲᠠᠮᠢᠷ ᠤ᠋ᠨ ᠵᠣᠷᠢᠭ᠋ ᠰᠠᠨᠠᠭ᠎ᠠ ᠵᠢ ᠪᠠᠳᠠᠷᠠᠭᠤᠯᠤᠨ᠂ ᠦᠨᠳᠦᠰᠦᠲᠡᠨ ᠨᠤᠭᠦᠳ ᠤ᠋ᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤ᠋ᠨ ᠲᠠᠪᠴᠠᠩ ᠢ᠋ ᠪᠠᠢᠭᠤᠯᠵᠤ᠂ ᠦᠨᠳᠦᠰᠦᠲᠡᠨ ᠨᠤᠭᠦᠳ ᠤ᠋ᠨ ᠰᠣᠶᠣᠯ ᠤ᠋ᠨ ᠠᠭᠤᠰᠤᠯᠴᠠᠯ ᠢ᠋ ᠠᠬᠢᠭᠤᠯᠤᠭᠰᠠᠨ ᠪᠠᠢᠨ᠎ᠠ᠃
ᠲᠤᠰ ᠤᠷᠤᠯᠳᠤᠭᠠᠨ ᠪᠡᠶ᠎ᠡ ᠵᠢᠨ ᠲᠠᠮᠢᠷ ᠶ᠋ᠢᠡᠷ ᠬᠣᠯᠪᠣᠭᠠᠰᠤ ᠪᠣᠯᠭᠠᠵᠤ᠂ ᠰᠣᠶᠣᠯ ᠶ᠋ᠢᠡᠷ ᠬᠥᠭᠥᠷᠭᠡ ᠪᠣᠯᠭᠠᠨ᠂ ᠪᠡᠶ᠎ᠡ ᠵᠢᠨ ᠲᠠᠮᠢᠷ ᠤ᠋ᠨ ᠤᠷᠤᠯᠳᠤᠭᠠᠨ ᠤ᠋ ᠠᠮᠢᠵᠢᠷᠠᠯ ᠤ᠋ᠨ ᠬᠦᠴᠦᠨ ᠢ᠋ ᠦᠨᠳᠦᠰᠦᠲᠡᠨ ᠤ᠋ ᠪᠦᠯᠬᠦᠮᠳᠡᠯ ᠤ᠋ᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠪᠦᠬᠦ ᠠᠷᠠᠳ ᠤ᠋ᠨ ᠪᠡᠶ᠎ᠡ ᠴᠢᠭᠢᠷᠠᠭᠵᠢᠭᠤᠯᠬᠤ᠂ ᠪᠦᠬᠦ ᠠᠷᠠᠳ ᠤ᠋ᠨ ᠡᠷᠡᠭᠦᠯ ᠴᠢᠭᠢᠷᠠᠭ ᠪᠣᠯᠣᠨ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠵᠢᠨ ᠤᠬᠠᠮᠰᠠᠷ ᠢ᠋ ᠪᠠᠲᠤ ᠴᠤᠭᠴᠠᠯᠠᠬᠤ ᠵᠢ ᠭᠦᠨᠵᠡᠭᠡᠢ ᠠᠭᠤᠰᠤᠯᠴᠠᠭᠤᠯᠬᠤ ᠵᠢ ᠠᠬᠢᠭᠤᠯᠤᠨ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠤᠶᠤᠨ ᠰᠠᠨᠠᠭᠠᠨ ᠤ᠋ ᠭᠡᠷ ᠣᠷᠣᠨ ᠢ᠋ ᠴᠣᠭᠴᠠᠯᠠᠬᠤ᠂ ᠦᠨᠳᠦᠰᠦᠲᠡᠨ ᠨᠤᠭᠦᠳ ᠤ᠋ᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ᠋ ᠠᠬᠢᠭᠤᠯᠬᠤ ᠳ᠋ᠤ ᠰᠢᠨ᠎ᠡ ᠠᠮᠢᠵᠢᠷᠠᠯ ᠤ᠋ᠨ ᠬᠦᠴᠦᠨ ᠨᠡᠮᠡᠷᠢᠯᠡᠵᠡᠢ᠃