ᠤᠢᠷ᠎ᠠ᠎ᠳᠦ 2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯ ᠪᠥᠮᠪᠥᠭᠡ᠎ᠶ᠋ᠢᠨ ᠬᠡᠲᠦ ᠲᠡᠰ᠎ᠤᠨ ᠬᠣᠯᠪᠣᠭᠠᠲᠤ ᠤᠷᠤᠯᠳᠤᠭᠠᠨ ᠶᠠᠭ ᠢᠳᠡ ᠬᠦᠭ ᠲᠠᠢ ᠶᠠᠪᠤᠭᠳᠠᠵᠦ᠂ ᠥᠪᠥᠷ ᠮᠣᠩᠭᠣᠯ᠎ᠤᠨ ᠰᠠᠢᠨ ᠳᠤᠷᠠᠴᠤᠳ᠎ᠤᠨ ᠨᠡᠢᠭᠡᠮᠯᠢᠭ᠎ᠤᠨ ᠬᠢᠨ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠎ᠲᠠᠶ ᠬᠠᠮᠲᠤᠷᠠᠨ ᠪᠥᠬᠥ᠌ ᠣᠷᠣᠨ᠎ᠤ ᠰᠠᠢᠨ ᠳᠤᠷᠠᠴᠤᠳ᠎ᠤᠨ ᠡᠬᠢ ᠪᠠᠶᠠᠯᠢᠭ᠎ᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠠᠩᠬᠠᠨ᠎ᠤ ᠡᠭᠡᠯᠵᠢ᠎ᠶ᠋ᠢᠨ ᠤᠷᠤᠯᠳᠤᠭᠠᠨ᠎ᠳᠤ ᠨᠡᠢᠲᠡ 1000 ᠱᠢᠬᠠᠮ ᠵᠠᠯᠠᠭᠤ ᠰᠠᠢᠨ ᠳᠤᠷᠠᠴᠤᠳ᠎ᠢ ᠵᠣᠬᠢᠶᠠᠨ ᠪᠠᠢᠭᠤᠯᠤᠨ ᠤᠷᠤᠯᠳᠤᠭᠠᠨ᠎ᠤ ᠪᠠᠲᠤᠯᠠᠭ᠎ᠠ᠎ᠶ᠋ᠢᠨ ᠠᠵᠢᠯ᠎ᠳᠤ ᠣᠷᠣᠯᠴᠠᠭᠤᠯᠵᠤ᠂ ᠲᠤᠰᠭᠠᠶ ᠮᠡᠷᠭᠡᠵᠢᠯ᠎ᠦᠨ ᠦᠶ᠋ᠯᠡᠴᠢᠯᠡᠭᠡ᠎ᠪᠡᠷ ᠥᠪᠥᠷ ᠮᠣᠩᠭᠣᠯ᠎ᠤᠨ ᠬᠡᠲᠦ ᠲᠡᠰ᠎ᠤᠨ ᠬᠣᠯᠪᠣᠭᠠᠲᠤ ᠤᠷᠤᠯᠳᠤᠭᠠᠨ᠎ᠤ ᠤᠷᠤᠭ᠍ᠰᠢᠲᠠᠶ ᠶᠠᠪᠤᠭᠳᠠᠬᠤ᠎ᠳᠦ ᠪᠠᠲᠤᠯᠠᠭ᠎ᠠ ᠬᠠᠩᠭᠠᠪᠠ᠃
5 ᠰᠠᠷ᠎ᠠ᠎ᠶ᠋ᠢᠨ 15 ᠤ᠋ ᠡᠳᠦᠷ᠎ᠡᠴᠡ 17 ᠤ᠋ ᠡᠳᠦᠷ ᠪᠣᠯᠲᠠᠯ᠎ᠠ᠂ 2026 ᠤᠨ᠎ᠤ ᠥᠪᠥᠷ ᠮᠣᠩᠭᠣᠯ᠎ᠤᠨ ᠦᠪᠡᠷᠳᠡᠭᠡᠨ ᠵᠠᠰᠠᠬᠤ ᠤᠷᠤᠨ᠎ᠤ ᠬᠦᠯ ᠪᠦᠮᠪᠦᠭᠡ ᠵᠢᠨ ᠬᠡᠳᠦ ᠲᠡᠰ᠎ᠤᠨ ᠬᠤᠯᠪᠤᠭᠠᠳᠤ ᠤᠷᠤᠯᠳᠤᠭᠠᠨ᠎ᠤ ᠠᠨᠭᠬᠠᠨ᠎ᠤ ᠡᠭᠡᠯᠵᠢ᠎ᠶ᠋ᠢᠨ ᠤᠷᠤᠯᠳᠤᠭᠠᠨ ᠬᠥᠬᠡᠬᠣᠲᠠ᠂ ᠲᠦᠩᠯᠢᠶᠣᠤ᠂ ᠣᠷᠳᠣᠰ᠂ ᠪᠠᠶᠠᠨᠨᠠᠭᠤᠷ᠂ ᠬᠥᠯᠥᠨ ᠪᠣᠢᠷ᠂ ᠦᠬᠠᠶ ᠵᠡᠷᠭᠡ ᠵᠢᠷᠭᠤᠭᠠᠨ ᠶᠡᠬᠡ ᠭᠤᠤᠯ ᠲᠠᠯᠠᠪᠠᠶ᠎ᠳᠤ ᠵᠡᠷᠭᠡ ᠪᠡᠷ ᠶᠠᠪᠤᠭ᠍ᠳᠠᠵᠦ᠂ ᠥᠪᠥᠷ ᠮᠣᠩᠭᠣᠯ᠎ᠤᠨ ᠠᠵᠤ ᠦᠶ᠋ᠯᠡᠳᠪᠦᠷᠢ᠎ᠶ᠋ᠢᠨ ᠶᠡᠬᠡ ᠰᠤᠷᠭᠠᠭᠤᠯᠢ᠎ᠠᠴᠠ 300 ᠭᠠᠷᠤᠶ ᠰᠠᠢᠨ ᠲᠤᠷᠠᠴᠤᠳ᠎ᠢ ᠰᠣᠩᠭᠣᠨ ᠲᠣᠮᠢᠯᠠᠪᠠ᠃ ᠰᠠᠢᠨ ᠳᠤᠷᠠᠴᠤᠳ ᠠᠵᠢᠯ᠎ᠤᠨ ᠪᠠᠢᠷᠢ᠎ᠪᠠᠨ ᠪᠠᠲᠤ ᠰᠠᠬᠢᠵᠤ᠂ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠨ᠂ ᠦᠵᠡᠭ᠌ᠴᠢᠳ᠎ᠢ ᠬᠥᠲᠥᠯᠥᠨ ᠵᠢᠯᠣᠭᠣᠳᠭᠤ᠂ ᠡᠮᠬᠢ ᠳᠢᠭ᠌ᠯᠢᠮ᠎ᠢ ᠬᠠᠮᠠᠭᠠᠯᠠᠬᠤ᠂ ᠡᠳ᠋ ᠪᠣᠳᠠᠰ᠎ᠢ ᠪᠠᠲᠤᠯᠠᠬᠤ᠂ ᠲᠤᠬᠠᠶ᠎ᠶ᠋ᠢᠨ ᠲᠠᠯᠠᠪᠤᠷ᠎ᠲᠤ ᠦᠶ᠋ᠯᠡᠴᠢᠯᠡᠬᠦ᠌ ᠵᠡᠷᠭᠡ ᠠᠵᠢᠯ᠎ᠢ ᠡᠮᠬᠢ ᠵᠢᠷᠤᠮ᠎ᠲᠠᠶ ᠥᠷᠨᠢᠭᠦᠯᠵᠦ᠍᠂ ᠨᠠᠷᠢᠨ ᠨᠢᠮᠪᠠᠶ ᠦᠶ᠋ᠯᠡᠴᠢᠯᠡᠬᠦ᠌ ᠣᠪᠣᠷ ᠪᠠᠢᠳᠠᠯ᠎ᠢᠶᠠᠷ ᠤᠷᠤᠯᠳᠤᠭᠠᠨ᠎ᠤ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠱᠤᠭᠤᠮ᠎ᠢ ᠪᠠᠲᠤ ᠴᠣᠭ᠍ᠴᠠᠯᠠᠪᠠ᠃
ᠤᠢᠯᠠᠭᠠᠬᠰᠠᠨ ᠵᠢᠡᠷ᠂ᠤᠷᠤᠯᠳᠤᠭᠠᠨ᠎ᠤ ᠶᠠᠪᠤᠳᠠᠯ᠎ᠢ ᠥᠨᠳᠥᠷ ᠪᠠᠷᠢᠮᠵᠢᠶ᠎ᠠ᠎ᠪᠠᠷ ᠰᠠᠢᠲᠤᠷ ᠬᠢᠬᠦ᠌᠎ᠶ᠋ᠢᠨ ᠲᠥᠯᠥᠭᠡ᠂《ᠨᠢᠭᠡ ᠭᠤᠤᠯ ᠲᠠᠯᠠᠪᠤᠷ᠂ ᠨᠢᠭᠡ ᠥᠷᠲᠡᠭᠡᠴᠢᠯᠡᠭᠰᠡᠨ ᠬᠡᠯᠪᠡᠷᠢ》 ᠵᠢᠨ ᠪᠠᠲᠤᠯᠠᠭ᠎ᠠ᠎ᠶ᠋ᠢᠨ ᠵᠠᠭ᠍ᠪᠤᠷ ᠵᠢᠡᠷ᠂ ᠪᠥᠬᠥ᠌ ᠣᠷᠣᠨ᠎ᠤ ᠶᠡᠬᠡ ᠳᠡᠭᠡᠳᠦ ᠰᠤᠷᠭᠠᠭᠤᠯᠢ᠂ ᠣᠷᠣᠨ ᠨᠤᠲᠤᠭ᠎ᠤᠨ ᠡᠪᠯᠡᠯ᠎ᠦᠨ ᠵᠣᠬᠢᠶᠠᠨ ᠪᠠᠢᠭᠤᠯᠤᠯᠲᠠ ᠵᠢᠴᠢ ᠨᠡᠢᠭᠡᠮ᠎ᠦᠨ ᠰᠠᠢᠨ ᠳᠤᠷ᠎ᠠ᠎ᠶ᠋ᠢᠨ ᠬᠦᠴᠦᠨ᠎ᠢ ᠨᠢᠭᠡᠳᠦᠯᠲᠡᠶ ᠲᠥᠯᠥᠪᠯᠡᠨ ᠂ ᠡᠯ᠎ᠡ ᠤᠷᠤᠯᠳᠤᠭᠠᠨ᠎ᠤ ᠲᠣᠭᠣᠷᠢᠭ᠎ᠲᠤ ᠰᠠᠢᠨ ᠳᠤᠷ᠎ᠠ᠎ᠶ᠋ᠢᠨ ᠦᠶ᠋ᠯᠡᠴᠢᠯᠡᠭᠡ᠎ᠶ᠋ᠢ ᠨᠠᠷᠢᠯᠢᠭ ᠤᠨᠤᠴᠠᠳᠠᠢ ᠪᠦᠷᠢᠨ ᠪᠥᠷᠬᠥᠭᠦᠯᠪᠡ᠃ ᠡᠯ᠎ᠡ ᠠᠵᠢᠯ᠎ᠤᠨ ᠪᠠᠢᠷᠢ᠎ᠶ᠋ᠢᠨ ᠰᠠᠢᠨ ᠳᠤᠷᠠᠴᠤᠳ᠎ᠤᠨ ᠠᠵᠢᠯ᠎ᠤᠨ ᠬᠤᠪᠢᠶᠠᠷᠢᠯᠠᠯ ᠲᠣᠳᠣᠷᠬᠠᠶ᠂ ᠬᠠᠮᠵᠢᠯᠴᠠᠭ᠎ᠠ ᠥᠨᠳᠥᠷ ᠪᠦᠲᠦᠮᠵᠢᠲᠡᠶ ᠪᠠᠢᠵᠤ᠂ ᠡᠯ᠎ᠡ ᠤᠷᠤᠯᠳᠤᠭᠠᠨ᠎ᠤ ᠲᠠᠯᠠᠪᠤᠷ᠎ᠤᠨ ᠲᠣᠭ᠍ᠲᠠᠭᠤᠨ ᠪᠥᠭᠡᠳ ᠡᠮᠬᠢ ᠵᠢᠷᠤᠮ᠎ᠲᠠᠶ ᠠᠵᠢᠯᠯᠠᠭ᠎ᠠ᠎ᠨᠢ ᠪᠥᠬᠥ᠌ ᠬᠦᠴᠦᠨ᠎ᠢᠶᠡᠷ᠎ᠢᠶᠡᠨ ᠪᠠᠲᠤᠯᠠᠵᠤ᠂ 《ᠬᠤᠪᠢ ᠨᠡᠮᠡᠷᠢ ᠦᠵᠡᠭᠦᠯᠬᠦ᠌᠂ ᠨᠥᠬᠥᠷᠰᠡᠭ ᠲᠤᠳᠤᠨᠤ ᠪᠠᠢᠬᠤ᠂ ᠬᠠᠷᠢᠯᠴᠠᠨ ᠬᠠᠪᠰᠤᠷᠤᠯᠴᠠᠬᠤ᠂ ᠤᠷᠤᠭᠰᠢᠯᠠᠨ ᠳᠠᠪᠱᠢᠬᠤ》ᠰᠠᠢᠨ ᠳᠤᠷ᠎ᠠ᠎ᠶ᠋ᠢᠨ ᠵᠣᠷᠢᠭ ᠰᠠᠨᠠᠭ᠎ᠠ᠎ᠶ᠋ᠢ ᠲᠤᠰᠬᠠᠪᠠ᠃
ᠲᠤᠰ ᠤᠳᠠᠭ᠎ᠠ᠎ᠶ᠋ᠢᠨ ᠰᠠᠢᠨ ᠳᠤᠷ᠎ᠠ᠎ᠶ᠋ᠢᠨ ᠦᠶ᠋ᠯᠡᠴᠢᠯᠡᠭᠡ ᠪᠣᠯ ᠪᠥᠬᠥ᠌ ᠣᠷᠣᠨ᠎ᠤ ᠵᠠᠯᠠᠭᠤᠴᠤᠳ᠎ᠤᠨ ᠪᠡᠶ᠎ᠡ᠎ᠶ᠋ᠢᠨ ᠲᠠᠮᠢᠷ᠎ᠤᠨ ᠬᠦᠴᠦᠷᠬᠡᠭ ᠣᠷᠣᠨ᠎ᠤ ᠪᠠᠢᠭᠤᠯᠤᠯᠲᠠ᠎ᠳᠤ ᠣᠷᠣᠯᠴᠠᠬᠤ᠂ ᠲᠣᠮᠣ ᠬᠡᠯᠪᠡᠷᠢ᠎ᠶ᠋ᠢᠨ ᠤᠷᠤᠯᠳᠤᠭᠠᠨ᠎ᠳᠤ ᠦᠶ᠋ᠯᠡᠴᠢᠯᠡᠬᠦ᠌ ᠠᠮᠢᠳᠤᠯᠢᠭ ᠦᠶ᠋ᠯᠡᠳᠦᠯᠭᠡ ᠪᠠᠢᠵᠤ᠂ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠵᠠᠯᠠᠭᠤᠴᠤᠳ᠎ᠤᠨ ᠬᠠᠷᠢᠭᠤᠴᠠᠯᠭ᠎ᠠ ᠡᠭᠦᠷᠭᠡᠯᠡᠯ᠎ᠢ ᠭᠦᠶ᠋ᠴᠡᠳ ᠢᠯᠡᠷᠡᠭᠦᠯᠪᠡ᠃