《ᠨᠢᠯ ᠮᠥᠷᠡᠨ ᠤ᠋ ᠬᠥᠪᠡᠭᠡᠨ ᠳ᠋ᠡᠬᠢ ᠡᠷᠲᠡᠨ ᠤ᠋ ᠶᠧᠵᠢᠫᠲ ᠤ᠋ᠨ ᠬᠥᠮᠥᠨ ᠤ᠋ ᠠᠮᠢᠳᠤᠷᠠᠯ ᠪᠠ ᠮᠥᠩᠬᠡ ᠵᠢᠨ ᠰᠠᠬᠢᠭᠤᠯᠰᠤᠨ ᠤ᠋ ᠳᠤᠭᠠᠩ》ᠤ᠋ᠨ ᠣᠨᠴᠠ ᠦᠵᠡᠰᠬᠦᠯᠡᠩ ᠲᠦᠷᠦᠬᠦᠬᠡᠨ ᠣᠷᠳᠣᠰ ᠬᠤᠳᠠ ᠵᠢᠨ ᠮᠦᠽᠧᠢ ᠳ᠋ᠤ ᠦᠪᠡᠳᠡᠭᠰᠢ ᠶᠡᠬᠡ ᠪᠡᠷ ᠡᠬᠢᠯᠡᠪᠡ᠃
ᠣᠢᠯᠠᠭᠠᠭᠰᠠᠨ ᠶ᠋ᠢᠡᠷ᠂ ᠲᠣᠰ ᠤᠳᠠᠭᠠᠨ ᠤ᠋ ᠦᠵᠡᠰᠬᠦᠯᠡᠩ ᠳ᠋ᠤ ᠨᠡᠶ᠋ᠢᠲᠡ 178 ᠳᠡᠦᠬᠡ ᠶ᠋ᠢᠨ ᠳᠤᠷᠠᠰᠬᠠᠯᠳᠤ ᠵᠦᠢᠯᠡᠰ ᠢ᠋ ᠳᠡᠯᠭᠡᠨ ᠦᠵᠡᠭᠦᠯᠵᠦ᠂ ᠳᠡᠯᠭᠡᠨ ᠦᠵᠡᠭᠦᠯᠬᠦ ᠣᠷᠣᠨ ᠵᠠᠢ ᠵᠢᠨ ᠶᠡᠷᠦᠩᠬᠡᠢ ᠲᠠᠯᠠᠪᠠᠢ ᠨᠢ 1500 ᠲᠡᠭᠰᠢ ᠳᠥᠷᠪᠡᠯᠵᠢᠨ ᠮᠧᠲᠷ ᠲᠤ᠌ ᠬᠦᠷᠴᠦ᠂ ᠨᠠᠷᠢᠨ ᠨᠢᠮᠪᠠᠢ ᠪᠠᠢᠷᠢᠯᠠᠭᠤᠯᠤᠯᠳᠠ ᠪᠠ ᠲᠡᠷᠢᠭᠦᠨ ᠤ᠋ ᠲᠣᠭᠠᠴᠢᠯᠠᠭᠰᠠᠨ ᠮᠡᠷᠭᠡᠵᠢᠯ ᠶ᠋ᠢᠡᠷ ᠳᠠᠮᠵᠢᠭᠤᠯᠤᠨ᠂ ᠡᠷᠲᠡᠨ ᠤ᠋ ᠶᠧᠵᠢᠫᠲ ᠤ᠋ᠨ ᠪᠣᠯᠪᠠᠰᠤᠨᠢ ᠪᠥᠬᠥ ᠲᠠᠯ᠎ᠠ ᠪᠠᠷ ᠢᠯᠡᠷᠡᠭᠦᠯᠦᠭᠰᠡᠨ ᠪᠠᠢᠨ᠎ᠠ᠃ ᠲᠣᠰ ᠤᠳᠠᠭᠠᠨ ᠤ᠋ ᠦᠵᠡᠰᠬᠦᠯᠡᠩ ᠢ᠋ ᠣᠷᠳᠣᠰ ᠬᠣᠲᠠ ᠵᠢᠨ ᠰᠣᠶᠣᠯ ᠪᠠ ᠵᠢᠭᠤᠯᠴᠢᠯᠠᠯ ᠤ᠋ᠨ ᠲᠣᠪᠴᠢᠶ᠎ᠠ ᠡᠴᠡ ᠬᠢᠨᠡᠨ ᠵᠢᠯᠤᠭᠣᠳᠴᠤ᠂ ᠣᠷᠳᠣᠰ ᠬᠣᠲᠠ ᠵᠢᠨ ᠮᠦᠽᠧᠢ ᠪᠣᠯᠣᠨ ᠢᠲ᠋ᠠᠯᠢ ᠤᠯᠤᠰ ᠤ᠋ᠨ ᠲᠦᠷᠢᠨ ᠬᠤᠳᠠ ᠶ᠋ᠢᠨ ᠶᠧᠵᠢᠫᠲ ᠤ᠋ᠨ ᠮᠦᠽᠧᠢ ᠡᠴᠡ ᠬᠠᠮᠲᠤᠷᠠᠨ ᠡᠷᠭᠢᠯᠡᠵᠦ᠂ 5 ᠰᠠᠷ᠎ᠠ ᠶ᠋ᠢᠨ ᠬᠤᠭᠤᠴᠠᠭ᠎ᠠ ᠳᠠᠢ ᠳᠡᠯᠭᠡᠨ ᠦᠵᠡᠬᠦᠯᠦᠨ᠂ 10 ᠰᠠᠷ᠎ᠠ ᠵᠢᠨ 18 ᠤ᠋ ᠡᠳᠦᠷ ᠪᠣᠯᠲᠠᠯ᠎ᠠ ᠦᠷᠭᠦᠯᠵᠢᠯᠡᠬᠦ ᠪᠣᠯᠣᠨ᠎ᠠ ᠃
ᠳᠡᠦᠬᠡ ᠶ᠋ᠢᠨ ᠳᠤᠷᠠᠰᠬᠠᠯᠳᠤ ᠵᠦᠢᠯᠡᠰ ᠤ᠋ᠨ ᠣᠨᠴᠠᠯᠢᠭ᠋ ᠢ᠋ ᠢᠯᠡᠷᠡᠭᠦᠯᠵᠦ᠂ ᠠᠵᠢᠯᠯᠠᠭ᠎ᠠ ᠵᠢ ᠪᠠᠶᠠᠯᠢᠭ᠍ᠵᠢᠭᠤᠯᠬᠤ ᠵᠢᠨ ᠲᠥᠯᠥᠭᠡ᠂ ᠤᠷᠳᠤᠰ ᠬᠤᠳᠠ ᠶ᠋ᠢᠨ ᠮᠦᠽᠧᠢ ᠡᠴᠡ ᠠᠵᠢᠯᠯᠠᠭ᠎ᠠ ᠵᠢᠨ ᠬᠤᠭᠤᠴᠠᠭᠠᠨ ᠳ᠋ᠤ ᠤᠯᠠᠨ ᠲᠠᠯᠠᠪᠠᠢ ᠭᠣᠣᠯ ᠰᠡᠳᠦᠪᠲᠦ ᠠᠵᠢᠯᠯᠠᠭ᠎ᠠ ᠵᠢ ᠲᠣᠬᠢᠷᠠᠭᠤᠯᠵᠡᠢ᠃ ᠦᠵᠡᠰᠬᠦᠯᠡᠩ ᠤ᠋ᠨ ᠠᠩᠬᠠᠨ ᠤ᠋ ᠡᠳᠦᠷ᠂ 《ᠮᠦᠽᠧᠢ ᠵᠢᠨ ᠬᠠᠴᠢᠨ ᠤᠴᠠᠷᠠᠯᠳᠤ ᠦᠳᠡᠰᠢ᠄ ᠨᠢᠯ ᠮᠥᠷᠡᠨ·ᠬᠠᠲᠤᠨ ᠭᠣᠣᠯ》ᠭᠡᠬᠦ ᠭᠣᠣᠯ ᠰᠡᠳᠦᠪᠲᠦ ᠠᠵᠢᠯᠯᠠᠭ᠎ᠠ ᠨᠢ ᠲᠣᠰ ᠤᠳᠠᠭᠠᠨ ᠤ᠋ ᠦᠵᠡᠰᠬᠦᠯᠡᠩ ᠤ᠋ᠨ ᠬᠥᠰᠢᠭᠡ ᠵᠢ ᠰᠡᠬᠦᠪᠡ᠃ ᠳᠠᠷᠠᠭ᠎ᠠ ᠡᠳᠦᠷ ᠨᠢ ᠦᠪᠡᠳᠡᠭᠰᠢ ᠶᠡᠬᠡ ᠦᠵᠡᠰᠬᠦᠯᠡᠩ ᠡᠬᠢᠯᠡᠬᠦ ᠶᠣᠰᠣᠯᠠᠯ ᠶᠠᠪᠤᠭᠳᠠᠵᠤ᠂ ᠦᠵᠡᠰᠬᠦᠯᠡᠩ ᠢ᠋ ᠵᠢᠩᠬᠢᠨᠢ ᠪᠡᠷ ᠳᠡᠯᠭᠡᠨ ᠦᠵᠡᠬᠦᠯᠵᠦ ᠡᠬᠢᠯᠡᠵᠡᠢ᠃ ᠡᠬᠦᠨ ᠤ᠋ ᠬᠠᠮᠳᠤ᠂ ᠡᠷᠳᠡᠮ ᠰᠢᠨᠵᠢᠯᠡᠭᠡᠨ ᠤ᠋ ᠰᠣᠯᠢᠯᠴᠠᠭᠠᠨ ᠤ᠋ ᠠᠵᠢᠯᠯᠠᠭ᠎ᠠ ᠵᠢ ᠵᠡᠷᠭᠡ ᠪᠡᠷ ᠶᠠᠪᠤᠭᠳᠠᠭᠤᠯᠵᠤ᠂ ᠪᠦᠬᠦ ᠤᠯᠤᠰ ᠤ᠋ᠨ ᠡᠯ᠎ᠡ ᠭᠠᠵᠠᠷ ᠡᠴᠡ ᠬᠦᠷᠦᠯᠴᠡᠨ ᠢᠷᠡᠭᠰᠡᠨ 30 ᠭᠠᠷᠤᠢ ᠮᠦᠽᠧᠢ ᠵᠢᠨ ᠳᠠᠷᠤᠭ᠎ᠠ ᠲᠤᠰᠬᠠᠢ ᠮᠡᠷᠭᠡᠵᠢᠯᠲᠡᠨ ᠡᠷᠳᠡᠮᠲᠡᠳ ᠰᠣᠶᠣᠯ ᠦᠵᠡᠰᠬᠦᠯᠡᠩ ᠤ᠋ᠨ ᠲᠤᠬᠠᠢ ᠶᠠᠷᠢᠯᠴᠠᠵᠡᠢ᠃ ᠡᠬᠦᠨ ᠤ᠋ ᠬᠠᠮᠳᠤ᠂ ᠣᠷᠳᠣᠰ ᠬᠣᠲᠠ ᠵᠢᠨ ᠮᠦᠽᠧᠢ ᠵᠢᠨ ᠡᠷᠲᠡᠨ ᠤ᠋ ᠨᠣᠮ ᠪᠢᠴᠢᠭ ᠤ᠋ᠨ ᠳᠡᠯᠭᠡᠭᠦᠷ ᠨᠢ ᠶᠧᠵᠢᠫᠲ ᠤ᠋ᠨ ᠣᠨᠴᠠ ᠦᠵᠡᠰᠬᠦᠯᠡᠩ ᠤ᠋ᠨ ᠲᠠᠪᠤᠨ ᠲᠣᠮᠣ᠌ ᠰᠢᠷᠢᠰ ᠰᠣᠶᠣᠯ ᠤ᠋ᠨ ᠡᠭᠦᠳᠦᠯᠲᠡ ᠵᠢᠨ ᠪᠦᠲᠦᠭᠡᠭᠳᠡᠬᠦᠨ ᠢ᠋ ᠳᠦᠯᠬᠢᠨ ᠭᠠᠷᠭᠠᠬᠤ ᠶ᠋ᠢᠨ ᠬᠠᠮᠳᠤ ᠪᠠᠰᠠ ᠦᠵᠡᠰᠬᠦᠯᠡᠩ ᠤ᠋ᠨ ᠲᠢᠩᠬᠢᠮ ᠤ᠋ᠨ ᠣᠷᠣᠵᠤ ᠭᠠᠷᠬᠤ ᠭᠠᠵᠠᠷ ᠲᠤ᠌ ᠰᠣᠶᠣᠯ ᠤ᠋ᠨ ᠡᠭᠦᠳᠦᠯᠲᠡ ᠵᠢᠨ ᠲᠣᠭᠣᠷᠢᠭ᠋ ᠭᠠᠷᠭᠠᠵᠤ᠂ ᠦᠵᠡᠭᠴᠢᠳ ᠤ᠋ᠨ ᠰᠡᠬᠦᠳᠡᠷ ᠳᠠᠳᠠᠵᠤ ᠳᠤᠷᠠᠰᠬᠠᠯ ᠦᠯᠡᠳᠡᠬᠡᠨ᠂ ᠰᠤᠶᠤᠯ ᠤ᠋ᠨ ᠡᠬᠦᠳᠦᠯᠳᠡ ᠶ᠋ᠢᠨ ᠪᠦᠳᠦᠭᠡᠭᠳᠡᠬᠦᠨ ᠰᠣᠩᠭᠣᠨ ᠠᠪᠬᠤ ᠳ᠋ᠤ ᠵᠣᠷᠢᠭᠤᠯᠤᠭᠰᠠᠨ ᠪᠠᠢᠨ᠎ᠠ᠃
ᠲᠤᠰ ᠤᠳᠠᠭᠠᠨ ᠤ᠋ ᠦᠵᠡᠰᠬᠦᠯᠡᠩ ᠢ᠋ ᠬᠠᠮᠲᠤᠷᠠᠨ ᠡᠷᠭᠢᠯᠡᠭᠰᠡᠨ ᠨᠢᠭᠡᠴᠢ ᠵᠢᠨ ᠨᠢᠭᠡ ᠪᠣᠯᠬᠤ ᠢᠲ᠋ᠠᠯᠢ ᠤᠯᠤᠰ ᠤ᠋ᠨ ᠲᠦᠷᠢᠨ ᠬᠤᠳᠠ ᠶ᠋ᠢᠨ ᠶᠧᠵᠢᠫᠲ ᠤ᠋ᠨ ᠮᠦᠽᠧᠢ (Museo Egizio) 1824 ᠣᠨ ᠳ᠋ᠤ ᠪᠠᠢᠭᠤᠯᠤᠭᠳᠠᠵᠤ᠂ ᠳᠡᠯᠡᠬᠡᠢ ᠵᠢᠨ ᠬᠣᠶᠠᠳᠤᠭᠠᠷ ᠲᠣᠮᠣ᠌ ᠶᠧᠵᠢᠫᠲ ᠤ᠋ᠨ ᠮᠦᠽᠧᠢ ᠪᠠᠢᠵᠤ᠂ ᠮᠦᠽᠧᠢ ᠳ᠋ᠤ ᠬᠠᠳᠠᠭᠠᠯᠠᠵᠤ ᠪᠠᠢᠭ᠎ᠠ ᠲᠡᠦᠬᠡ ᠰᠣᠶᠣᠯ ᠤ᠋ᠨ ᠳᠤᠷᠠᠰᠬᠠᠯᠲᠤ ᠵᠦᠢᠯᠡᠰ ᠨᠢ ᠪᠠᠷᠤᠭ 4 ᠲᠦᠮᠡ ᠭᠠᠷᠤᠢ ᠪᠠᠢᠳᠠᠭ᠃ ᠡᠨᠡ ᠬᠦ᠌ ᠢᠲ᠋ᠠᠯᠢ ᠤᠯᠤᠰ ᠤ᠋ᠨ ᠲᠦᠷᠢᠨ ᠬᠤᠳᠠ ᠶ᠋ᠢᠨ ᠲᠡᠦᠬᠡ ᠵᠢᠨ ᠬᠤᠳᠠ ᠲᠣᠭᠣᠷᠢᠭ᠋ ᠲᠤ᠌ ᠪᠠᠢᠷᠢᠯᠠᠵᠤ ᠪᠠᠢᠳᠠᠭ ᠮᠦᠽᠧᠢ ᠨᠢ ᠡᠯᠪᠡᠭ ᠪᠠᠶᠠᠯᠢᠭ᠋ ᠡᠷᠲᠡᠨ ᠤ᠋ ᠶᠧᠵᠢᠫᠲ ᠤ᠋ᠨ ᠬᠠᠳᠠᠭᠠᠯᠠᠮᠵᠢ ᠪᠣᠯᠣᠨ ᠭᠦᠨ ᠵᠤᠵᠠᠭᠠᠨ ᠲᠡᠦᠬᠡ ᠵᠢᠨ ᠠᠭᠤᠯᠬᠤᠨ ᠶ᠋ᠢᠡᠷ ᠶ᠋ᠢᠡᠨ ᠪᠦᠬᠦ ᠳᠡᠯᠡᠬᠡᠢ ᠶ᠋ᠢᠨ ᠶᠧᠵᠢᠫᠲ ᠤ᠋ᠨ ᠰᠤᠳᠤᠯᠤᠯ ᠤ᠋ᠨ ᠴᠢᠬᠤᠯᠠ ᠲᠥᠪ ᠪᠣᠯᠤᠭᠰᠠᠨ ᠪᠠᠢᠨ᠎ᠠ᠃
ᠣᠷᠳᠣᠰ ᠬᠣᠲᠠ ᠵᠢᠨ ᠮᠦᠽᠧᠢ ᠨᠢ ᠠᠩᠬ᠎ᠠ ᠤᠳᠠᠭ᠎ᠠ ᠭᠠᠳᠠᠭᠠᠳᠤ ᠵᠢᠨ ᠳᠤᠰᠬᠠᠢ ᠦᠵᠡᠰᠬᠦᠯᠡᠩ ᠢ᠋ ᠣᠷᠣᠭᠤᠯᠤᠨ ᠠᠪᠴᠢᠷᠠᠵᠤ᠂ ᠬᠡᠪᠴᠢᠶ᠎ᠡ ᠪᠡᠷ ᠶᠡᠬᠡ᠂ ᠬᠡᠪ ᠪᠠᠷᠢᠮᠵᠢᠶ᠎ᠠ ᠪᠠᠷ ᠥᠨᠳᠥᠷ᠂ ᠦᠨ᠎ᠡ ᠥᠷᠲᠡᠭ ᠶ᠋ᠢᠡᠷ ᠦᠨᠳᠦᠷ ᠣᠨᠴᠠᠯᠢᠭ᠋ ᠲᠠᠢ ᠣᠯᠠᠨ ᠤᠯᠤᠰ ᠤ᠋ᠨ ᠰᠣᠶᠣᠯ ᠤ᠋ᠨ ᠰᠣᠯᠢᠯᠴᠠᠭᠠᠨ ᠤ᠋ ᠭᠣᠣᠯᠳᠠᠯᠭ᠎ᠠ ᠲᠠᠢ ᠲᠥᠷᠥᠯ ᠵᠦᠢᠯ ᠢ᠋ ᠡᠷᠬᠢᠯᠡᠨ ᠶᠠᠪᠤᠭᠳᠠᠭᠤᠯᠵᠤ᠂ ᠣᠷᠳᠣᠰ ᠤ᠋ᠨ ᠬᠢᠯᠢ ᠵᠢᠨ ᠭᠠᠳᠠᠨᠠᠬᠢ ᠦᠵᠡᠰᠬᠦᠯᠡᠩ ᠤ᠋ᠨ ᠰᠣᠯᠢᠯᠴᠠᠭᠠᠨ ᠤ᠋ ᠬᠣᠭᠣᠰᠤᠨ ᠢ᠋ ᠨᠥᠬᠥᠪᠦᠷᠢᠯᠡᠪᠡ᠃