ᠥᠪᠡᠷᠲᠡᠭᠡᠨ ᠵᠠᠰᠠᠬᠤ ᠣᠷᠣᠨ ᠎ᠤ ᠨᠠᠮ ᠎ᠤᠨ ᠬᠤᠷᠢᠶ᠎ᠠ ᠵᠢᠨ ᠪᠠᠢᠩᠭᠤ ᠶ᠋ᠢᠨ ᠬᠣᠷᠢᠢ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ
ᠰᠢ ᠵᠢᠨ ᠫᠢᠩ᠎ᠦᠨ ᠱᠠᠨ ᠰᠢ᠎ᠶ᠋ᠢᠨ ᠴᠠᠩ ᡁᠢ ᠬᠤᠳᠠ᠎ᠶ᠋ᠢᠨ ᠴᠢᠨ ᠶᠤᠸᠠᠨ ᠱᠢᠶᠠᠨ᠎ᠤ ᠨᠢᠭᠡᠨ ᠨᠡᠭᠦᠷᠡᠰᠦᠨ ᠠᠭᠤᠷᠬᠠᠢ᠎ᠶ᠋ᠢᠨ ᠭᠠᠰ ᠳᠡᠯᠪᠡᠷᠡᠭ᠌ᠰᠡᠨ ᠡᠨᠳᠡᠯ᠎ᠤᠨ ᠲᠤᠬᠠᠢ ᠥᠭ᠌ᠭᠦᠭ᠌ᠰᠡᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠵᠤ ᠪᠦᠬᠦ᠌ ᠣᠷᠣᠨ᠎ᠤ ᠠᠶᠤᠯᠭᠦᠢ ᠦᠢᠯᠡᠳᠪᠦᠷᠢᠯᠡᠯ᠎ᠦᠨ ᠠᠵᠢᠯ᠎ᠢ ᠲᠠᠬᠢᠨ ᠪᠠᠢᠷᠢᠯᠠᠭᠤᠯᠪᠠ
2026-05-26 09:37:48
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

ᠸᠠᠩ ᠸᠧᠢ ᠵᠦᠩ ᠬᠤᠷᠠᠯ᠎ᠢ ᠡᠷᠬᠢᠯᠡᠵᠡᠢ


5 ᠰᠠᠷ᠎ᠠ᠎ᠶ᠋ᠢᠨ 25 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠢᠩᠭᠤ᠎ᠶ᠋ᠢᠨ ᠬᠣᠷᠢᠢ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠱᠠᠨ ᠰᠢ᠎ᠶ᠋ᠢᠨ ᠴᠠᠩ ᡁᠢ ᠬᠤᠳᠠ᠎ᠶ᠋ᠢᠨ ᠴᠢᠨ ᠶᠤᠸᠠᠨ ᠱᠢᠶᠠᠨ᠎ᠤ ᠨᠢᠭᠡᠨ ᠨᠡᠭᠦᠷᠡᠰᠦᠨ ᠠᠭᠤᠷᠬᠠᠢ᠎ᠶ᠋ᠢᠨ ᠭᠠᠰ ᠳᠡᠯᠪᠡᠷᠡᠭ᠌ᠰᠡᠨ ᠡᠨᠳᠡᠯ᠎ᠦᠨ ᠲᠤᠬᠠᠢ ᠦᠭᠭᠦᠭᠰᠡᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠦ᠍᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠦᠵᠢ ᠸᠠᠩ ᠸᠧᠶ ᠵᠥᠩ ᠬᠤᠷᠠᠯ᠎ᠢ ᠡᠷᠭᠢᠯᠡᠪᠡ᠃

ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠠᠶᠤᠯᠭᠦᠢ ᠦᠢᠯᠡᠳᠪᠦᠷᠢᠯᠡᠯ᠎ᠦᠨ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠶᠡᠷᠦᠩᠬᠡᠢ ᠰᠠᠢᠳ ᠯᠢ ᠴᠢᠶᠠᠩ᠎ᠤᠨ ᠴᠣᠬᠣᠯᠠᠪᠤᠷᠢ᠎ᠶ᠋ᠢᠨ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠡᠨᠳᠡᠯ᠎ᠡᠴᠡ ᠭᠦᠨᠵᠡᠭᠡᠢ ᠰᠤᠷᠭᠠᠮᠵᠢ ᠠᠪᠴᠤ᠌᠂ ᠳᠡᠭᠡᠳᠦ ᠬᠡᠮᠵᠢᠶᠡᠨ᠎ᠦ ᠤᠯᠤᠰ ᠲᠦᠷᠦ᠍᠎ᠶ᠋ᠢᠨ ᠬᠠᠷᠢᠭᠤᠴᠠᠯᠭᠠᠲᠤ ᠰᠡᠳᠭᠢᠯᠭᠡ ᠪᠣᠯᠤᠨ ᠮᠠᠰᠢ ᠬᠠᠷᠢᠭᠤᠴᠠᠯᠭ᠎ᠠ ᠲᠡᠢ ᠬᠠᠨᠳᠤᠬᠤ ᠵᠣᠷᠢᠭ ᠰᠠᠨᠠᠭ᠎ᠠ᠎ᠪᠠᠷ ᠠᠶᠤᠯᠭᠦᠢ ᠦᠢᠯᠡᠳᠪᠦᠷᠢᠯᠡᠯ᠎ᠦᠨ ᠠᠵᠢᠯ᠎ᠢ ᠰᠠᠢᠲᠤᠷ ᠠᠳᠭᠤᠵᠤ᠂ ᠠᠷᠠᠳ ᠤᠯᠠᠨ᠎ᠤ ᠠᠮᠢ ᠨᠠᠰᠤ ᠡᠳ᠋ ᠬᠦᠷᠦᠩᠭᠡ᠎ᠶ᠋ᠢᠨ ᠠᠮᠤᠷ ᠲᠦᠪᠱᠢᠨ᠎ᠢ ᠦᠨᠡᠨ ᠬᠦ᠌ ᠬᠠᠮᠠᠭᠠᠯᠠᠵᠤ᠂ ᠪᠣᠳᠠᠲᠤ ᠠᠵᠢᠯᠯᠠᠭ᠎ᠠ ᠪᠣᠯᠤᠨ ᠦᠷ᠎ᠡ ᠪᠦᠲᠦᠮᠵᠢ᠎ᠪᠡᠷ᠎ᠢᠶᠡᠨ 《ᠬᠣᠶᠠᠷ᠎ᠢ ᠲᠣᠭ᠍ᠲᠠᠭᠠᠭᠰᠠᠨ》 ᠢ᠋ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠬᠦ᠌ ᠬᠡᠷᠡᠭ᠌ᠲᠡᠢ᠃ 《ᠠᠶᠤᠯᠭᠦᠢ ᠦᠢᠯᠡᠳᠪᠦᠷᠢᠯᠡᠯ ᠶᠠᠭᠤᠨ᠎ᠡᠴᠡ ᠴᠤ᠌ ᠴᠢᠬᠤᠯᠨ》ᠭᠡᠬᠦ᠌ ᠣᠢᠯᠠᠭᠠᠭ᠍ᠳᠠᠬᠤᠨ᠎ᠢ ᠪᠠᠲᠤ ᠪᠤᠢ ᠪᠣᠯᠭᠠᠵᠤ᠂ 《ᠠᠶᠤᠯᠭᠦᠢ  ᠦᠢᠯᠡᠳᠪᠦᠷᠢᠯᠡᠯ᠎ᠤᠨ ᠲᠤᠬᠠᠢ ᠠᠵᠢᠯ᠎ᠢ ᠡᠳᠦᠷ ᠪᠦᠷᠢ ᠲᠤᠢᠯᠪᠦᠷᠢᠲᠠᠢ ᠰᠠᠢᠳᠤᠷ ᠬᠢᠬᠦ》 ᠤᠬᠠᠮᠰᠠᠷ᠎ᠢᠶᠠᠨ ᠦᠨᠡᠨ ᠬᠦ᠌ ᠴᠢᠩᠭᠠᠳᠭᠠᠵᠤ᠂ ᠡᠯ᠎ᠡ ᠵᠦᠢᠯ᠎ᠦᠨ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠠᠷᠭ᠎ᠠ ᠬᠡᠮᠵᠢᠢ᠎ᠡ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠪᠦᠬᠦ᠌ ᠬᠦᠴᠦ᠍᠎ᠪᠡᠷ᠎ᠢᠶᠡᠨ ᠠᠬᠢᠭᠤᠯᠵᠤ᠂ ᠬᠦᠨᠳᠦ ᠣᠨᠴᠠ ᠶᠡᠬᠡ ᠡᠨᠳᠡᠯ ᠭᠠᠷᠬᠤ᠎ᠶ᠋ᠢ ᠡᠷᠡᠰ ᠰᠡᠷᠭᠡᠢᠯᠡᠨ ᠬᠣᠷᠢᠭ᠍ᠯᠠᠵᠤ᠂ ᠡᠩ᠎ᠦᠨ ᠴᠢᠨᠠᠷᠲᠠᠢ ᠡᠨᠳᠡᠯ᠎ᠢ ᠬᠠᠮᠤᠭ᠎ᠤᠨ ᠶᠡᠬᠡ ᠬᠡᠮᠵᠢᠢ᠎ᠡ᠎ᠪᠡᠷ ᠪᠠᠭᠠᠰᠭᠠᠵᠤ᠂ ᠡᠷᠡᠭᠦᠯ ᠮᠡᠨᠳᠤ ᠠᠮᠢ ᠨᠠᠰᠤ ᠪᠡᠷ ᠦᠷᠡᠭᠳᠡᠯ ᠪᠤᠯᠭᠠᠭᠰᠠᠨ GDP ᠵᠢ ᠡᠷᠡᠰ ᠲᠡᠪᠴᠢᠬᠦ᠌ ᠬᠡᠷᠡᠭ᠌ᠲᠡᠢ᠃ ᠠᠭᠤᠷᠬᠠᠶ᠎ᠶ᠋ᠢᠨ ᠬᠦᠷᠢᠶᠡᠨ᠎ᠳᠡᠬᠢ ᠠᠮᠤᠷ ᠲᠦᠪᠱᠢᠨ᠎ᠦ ᠬᠡᠮ ᠰᠣᠭᠣᠭ᠎ᠢ ᠴᠢᠩᠭ᠎ᠠ ᠴᠡᠭ᠌ᠴᠡᠯᠡᠨ ᠵᠠᠰᠠᠵᠤ᠂ ᠠᠭᠤᠷᠬᠠᠶ᠎ᠶ᠋ᠢᠨ ᠠᠮᠤᠷ ᠲᠦᠪᠱᠢᠨ᠎ᠦ 《ᠨᠠᠶ᠋ᠮᠠᠨ ᠬᠠᠲᠠᠭᠤ ᠠᠷᠭ᠎ᠠ ᠬᠡᠮᠵᠢᠶ᠎ᠡ》 ᠶ᠋ᠢ ᠨᠠᠢᠳᠠᠪᠤᠷᠢᠵᠢᠭᠤᠯᠬᠤ᠎ᠶ᠋ᠢ ᠴᠢᠩᠭᠠᠳᠭᠠᠵᠤ᠂ ᠨᠠᠩ ᠴᠢᠩᠭ᠎ᠠ ᠪᠠᠷᠢᠮᠵᠢᠶ᠎ᠠ᠎ᠪᠠᠷ ᠬᠠᠮᠢᠶ᠎ᠠ ᠪᠥᠬᠥᠶ ᠬᠠᠮᠢᠶᠠᠷᠤᠯᠲᠠ᠎ᠶ᠋ᠢᠨ ᠲᠦᠷᠢᠮ᠎ᠢ ᠪᠦᠷᠢᠨᠱᠢᠭᠦᠯᠦᠨ ᠲᠡᠭᠦᠯᠳᠡᠷᠵᠢᠭᠦᠯᠵᠦ᠍᠂ ᠦᠪᠡᠰᠦᠪᠡᠨ ᠮᠠᠯᠲᠠᠵᠤ ᠳᠤᠷ᠎ᠠ᠎ᠪᠠᠷ᠎ᠢᠶᠠᠨ ᠮᠠᠯᠲᠠᠬᠤ᠂ ᠬᠡᠪᠴᠢᠶ᠎ᠡ ᠡᠴᠡ ᠬᠡᠲᠦᠷᠡᠨ ᠮᠠᠯᠲᠠᠬᠤ᠂ ᠲᠠᠯᠲᠠ ᠠᠵᠢᠯ᠎ᠤᠨ ᠬᠡᠰᠡᠭ ᠲᠤ᠌ ᠠᠵᠢᠯᠯᠠᠬᠤ᠂ ᠠᠮᠤᠷ ᠲᠦᠪᠱᠢᠨ᠎ᠤ ᠬᠢᠨᠠᠨ ᠡᠵᠡᠮᠳᠡᠯ᠎ᠢ ᠬᠠᠭᠤᠷᠮᠠᠭ᠍ᠯᠠᠨ ᠵᠣᠬᠢᠶᠠᠬᠤ᠂ ᠬᠤᠳᠳᠤᠭ᠎ᠲᠤᠲᠤᠷ᠎ᠠ ᠠᠵᠢᠯᠯᠠᠬᠤ ᠬᠥᠮᠦᠨ᠎ᠦ ᠲᠣᠭ᠎ᠠ ᠲᠣᠳᠣᠷᠬᠠᠶ ᠥᠬᠡᠶ ᠪᠠᠢᠬᠤ᠂ ᠲᠣᠭ᠍ᠲᠠᠭᠠᠯ᠎ᠡᠴᠡ ᠵᠥᠷᠢᠴᠡᠨ ᠬᠤᠪᠢᠶᠠᠨ ᠳᠠᠭᠠᠭᠠᠴᠢᠯᠠᠭᠤᠯᠵᠤ ᠱᠢᠯᠵᠢᠭᠦᠯᠦᠨ ᠳᠠᠭᠠᠭᠠᠴᠢᠯᠠᠭᠤᠯᠬᠤ ᠵᠡᠷᠭᠡ ᠠᠰᠠᠭᠤᠳᠠᠯ᠎ᠢ ᠡᠷᠡᠰ ᠬᠣᠷᠢᠭ᠍ᠯᠠᠵᠤ᠂ ᠠᠭᠤᠷᠬᠠᠶ᠎ᠶ᠋ᠢ ᠬᠠᠭᠠᠵᠤ ᠵᠣᠭ᠍ᠰᠣᠭᠠᠬᠤ ᠪᠠ ᠲᠠᠬᠢᠨ ᠠᠵᠢᠯᠯᠠᠭᠤᠯᠬᠤ ᠵᠢ ᠱᠢᠯᠭᠠᠨ ᠠᠪᠬᠤ᠎ᠶ᠋ᠢ ᠵᠢᠷᠤᠮᠵᠢᠭᠤᠯᠵᠤ᠂ 《ᠠᠰᠠᠭᠤᠳᠠᠯ᠎ᠲᠠᠶ᠎ᠪᠠᠷ ᠠᠵᠢᠯᠯᠠᠭᠤᠯᠬᠤ》 ᠶ᠋ᠢ ᠣᠭ᠍ᠲᠣ ᠵᠥᠪᠱᠢᠶᠡᠷᠡᠬᠦ᠌ ᠥᠬᠡᠶ᠃ ᠣᠶᠤᠨᠴᠢᠯᠠᠭ᠍ᠰᠠᠨ ᠠᠭᠤᠷᠬᠠᠶ ᠪᠣᠯᠤᠨ ᠣᠶᠤᠨᠴᠢ ᠬᠢᠨᠠᠯᠲᠠ ᠬᠠᠮᠢᠶᠠᠷᠤᠯᠲᠠ᠎ᠶ᠋ᠢᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠠᠭᠤᠷᠬᠠᠶ᠎ᠶ᠋ᠢᠨ ᠠᠮᠤᠷ ᠲᠦᠪᠱᠢᠨ᠎ᠦ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠦᠨᠡᠨ ᠬᠦ᠌ ᠳᠡᠭᠡᠭ᠌ᠰᠢᠯᠡᠭᠦᠯᠬᠦ᠌ ᠬᠡᠷᠡᠭ᠌ᠲᠡᠶ᠃ ᠠᠮᠤᠷ ᠲᠦᠪᠱᠢᠨ᠎ᠦ ᠬᠡᠮ ᠰᠣᠭᠣᠭ᠎ᠢ ᠶᠡᠬᠡ᠎ᠪᠡᠷ ᠵᠢᠭ᠍ᠰᠠᠭᠠᠨ ᠪᠠᠢᠴᠠᠭᠠᠵᠤ ᠶᠡᠬᠡ᠎ᠪᠡᠷ ᠴᠡᠭ᠌ᠴᠡᠯᠡᠨ ᠵᠠᠰᠠᠬᠤ᠎ᠶ᠋ᠢ ᠭᠦᠨᠵᠡᠭᠡᠢᠷᠡᠭᠦᠯᠦᠨ ᠠᠬᠢᠭᠤᠯᠵᠤ᠂ ᠪᠠᠢᠴᠠᠭᠠᠵᠤ ᠭᠠᠷᠭᠠᠭ᠍ᠰᠠᠨ ᠠᠰᠠᠭᠤᠳᠠᠯ᠎ᠢ ᠡᠷᠬᠡᠪᠰᠢ ᠡᠴᠦᠰ ᠲᠤᠨᠢ ᠲᠤᠯᠲᠠᠯ᠎ᠠ ᠠᠩᠬᠠᠷᠴᠤ᠌᠂ ᠡᠴᠦᠰ ᠲᠤᠨᠢ ᠲᠤᠯᠲᠠᠯ᠎ᠠ ᠴᠡᠭᠴᠡᠯᠡᠨ ᠰᠠᠢᠵᠢᠷᠠᠭᠤᠯᠬᠤ ᠬᠡᠷᠡᠭ᠌ᠲᠡᠢ᠃ ᠵᠠᠮ ᠬᠠᠷᠢᠯᠴᠠᠭ᠎ᠠ᠂ ᠠᠵᠤ ᠦᠢᠯᠡᠳᠪᠦᠷᠢ ᠠᠷᠠᠯᠵᠢᠶ᠎ᠠ᠂ ᠠᠶᠤᠯᠳᠤ ᠬᠢᠮᠢ᠎ᠶ᠋ᠢᠨ ᠪᠣᠳᠠᠰ᠂ ᠬᠤᠸᠠᠷ ᠫᠤᠤᠵᠢᠩ᠂ ᠪᠠᠷᠢᠯᠭ᠎ᠠ᠂ ᠭᠠᠯ ᠰᠡᠷᠭᠡᠢᠯᠡᠵᠦ᠍ ᠭᠠᠯ ᠤᠨᠲᠠᠷᠠᠭᠠᠬᠤ ᠵᠡᠷᠭᠡ ᠭᠣᠣᠯᠳᠠᠯᠭ᠎ᠠ᠎ᠲᠠᠶ ᠬᠦᠷᠢᠶᠡᠨ᠎ᠦ ᠠᠮᠤᠷ ᠲᠦᠪᠱᠢᠨ᠎ᠦ ᠬᠢᠨᠠᠯᠲᠠ ᠬᠠᠮᠢᠶᠠᠷᠤᠯᠲᠠ᠎ᠶ᠋ᠢ ᠦᠷᠭᠦᠯᠵᠢᠯᠡᠨ ᠴᠢᠩᠭᠠᠳᠭᠠᠵᠤ᠂ ᠬᠢᠷᠢ ᠬᠡᠮ ᠦᠭᠡᠢ ᠡᠵᠡᠩᠨᠡᠯᠲᠡ᠂ 《ᠭᠤᠷᠪᠠ᠎ᠶᠢ ᠬᠡᠳᠦᠷᠡᠭᠦᠯᠵᠦ᠂ ᠶᠠᠳᠠᠷᠠᠭᠤ ᠪᠡᠷ ᠲᠡᠷᠭᠡ ᠵᠢᠯᠤᠭᠤᠳᠬᠤ》᠂ ᠭᠡᠨᠡᠨ᠎ᠢᠶᠡᠷ ᠠᠵᠢᠯᠯᠠᠬᠤ᠂ ᠪᠦᠳᠦᠭᠦᠯᠢᠭ᠎ᠢᠶᠠᠷ ᠪᠠᠷᠢᠯᠭ᠎ᠠ ᠵᠢᠨ ᠠᠵᠢᠯ ᠶᠠᠪᠤᠭᠳᠠᠭᠤᠯᠬᠤ ᠵᠡᠷᠭᠡ ᠬᠠᠤᠯᠢ᠎ᠡᠴᠡ ᠵᠥᠷᠢᠴᠡᠭ᠌ᠰᠡᠨ ᠠᠵᠢᠯᠯᠠᠭ᠎ᠠ᠎ᠶ᠋ᠢ ᠴᠢᠩᠭ᠎ᠠ ᠪᠠᠢᠴᠠᠭᠠᠨ ᠱᠢᠢᠳᠪᠦᠷᠢᠯᠡᠵᠦ᠍᠂ ᠲᠦᠷᠢᠮ᠎ᠲᠠᠢ ᠪᠠᠢᠲᠠᠯ᠎ᠠ ᠨᠠᠢᠳᠠᠪᠤᠷᠢᠵᠢᠭᠤᠯᠬᠤ ᠦᠭᠡᠢ᠂ ᠲᠦᠷᠢᠮ ᠲᠤᠭᠲᠠᠭᠠᠯ ᠲᠠᠢ ᠪᠠᠢᠲᠠᠯ᠎ᠠ ᠬᠡᠷᠡᠭ᠌ᠵᠢᠭᠦᠯᠬᠦ᠌ ᠦᠭᠡᠢ ᠪᠠᠢᠬᠤ ᠵᠡᠷᠭᠡ ᠲᠤᠪᠤᠢ᠌ᠮ᠎ᠠ ᠠᠰᠠᠭᠤᠳᠠᠯ᠎ᠢ ᠶᠡᠬᠡ ᠬᠦᠴᠦ᠍ ᠣᠷᠣᠭᠤᠯᠤᠨ ᠱᠢᠢᠳᠪᠦᠷᠢᠯᠡᠬᠦ᠌ ᠬᠡᠷᠡᠭ᠌ᠲᠡᠢ᠃ ᠦᠶᠡᠷ᠎ᠢ ᠰᠡᠷᠭᠡᠢᠯᠡᠵᠦ᠍ ᠭᠠᠮᠱᠢᠭ᠎ᠢ ᠪᠠᠭᠠᠰᠭᠠᠬᠤ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠦ᠍᠂ ᠦᠯᠡᠳᠡᠭ᠌ᠳᠡᠯ ᠬᠦᠳᠡᠷ᠎ᠦᠨ ᠬᠥᠮᠥᠷᠭᠡ᠂ ᠠᠭᠤᠯᠠᠨ ᠦᠶᠡᠷ᠎ᠦᠨ ᠭᠠᠮᠱᠢᠭ ᠠᠮᠠᠷᠬᠠᠨ ᠡᠭᠦᠰᠳᠡᠭ ᠣᠷᠣᠨ᠂ ᠭᠤᠤᠯ᠎ᠤᠨ ᠵᠠᠮ ᠳᠣᠲᠣᠷᠠᠬᠢ ᠲᠣᠰᠭᠣᠨ᠂ ᠬᠣᠲᠠ᠎ᠶ᠋ᠢᠨ ᠬᠣᠲᠣᠭᠣᠷ ᠭᠠᠵᠠᠷ ᠵᠡᠷᠭᠡ ᠭᠤᠤᠯᠳᠠᠯᠭ᠎ᠠ᠎ᠲᠠᠶ ᠣᠷᠣᠨ ᠪᠦᠰᠡ᠎ᠶ᠋ᠢ ᠴᠢᠩᠭ᠎ᠠ ᠠᠩᠬᠠᠷᠴᠤ᠌᠂ ᠠᠶᠤᠯ ᠲᠦᠭ᠌ᠰᠢᠭᠦᠷᠢ ᠭᠡᠮ ᠰᠤᠭᠤᠭ᠎ᠢ ᠴᠠᠭ ᠲᠤᠬᠠᠶ᠎ᠳᠤᠨᠢ ᠠᠷᠢᠯᠭᠠᠵᠤ᠂ ᠦᠶᠡᠷ᠎ᠢ ᠰᠡᠷᠭᠡᠢᠯᠡᠬᠦ᠌ ᠰᠠᠭᠤᠷᠢ ᠲᠥᠬᠥᠭᠡᠷᠦᠮᠵᠢ᠎ᠶ᠋ᠢᠨ ᠳᠤᠲᠠᠭᠤᠳᠠᠯ᠎ᠢ ᠲᠦᠷᠭᠡᠨ ᠨᠥᠬᠥᠪᠥᠷᠢᠯᠡᠵᠦ᠍᠂ ᠺᠠᠳ᠋ᠷ ᠣᠯᠠᠨ ᠲᠦᠮᠡᠨ᠎ᠦ ᠭᠠᠮᠱᠢᠭ᠎ᠢ ᠰᠡᠷᠭᠡᠢᠯᠡᠵᠦ᠍ ᠠᠶᠤᠯ᠎ᠡᠴᠡ ᠵᠠᠢᠯᠠᠬᠤ ᠤᠬᠠᠮᠰᠠᠷ ᠪᠣᠯᠤᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠶ᠃ ᠠᠶᠤᠯᠭᠦᠢ ᠦᠢᠯᠡᠳᠪᠦᠷᠢᠯᠡᠯ᠎ᠦᠨ ᠬᠠᠷᠢᠭᠤᠴᠠᠯᠭ᠎ᠠ᠎ᠶ᠋ᠢ ᠨᠢᠳᠦᠨ᠎ᠳᠤ ᠦᠵᠡᠭᠳᠠᠵᠤ ᠭᠠᠷ ᠲᠦ᠍ ᠪᠠᠷᠢᠭᠳᠠᠮ᠎ᠠ ᠨᠠᠢᠳᠠᠪᠤᠷᠢᠵᠢᠭᠤᠯᠵᠤ᠂ 《ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠌᠂ ᠨᠢᠭᠡ ᠠᠵᠢᠯ᠎ᠤᠨ ᠪᠠᠢᠷᠢ᠎ᠳᠤ ᠬᠣᠣᠰ ᠬᠠᠷᠢᠭᠤᠴᠠᠯᠭ᠎ᠠ ᠡᠭᠦᠷᠭᠡᠯᠡᠬᠦ᠌᠂ ᠵᠡᠷᠭᠡ᠎ᠪᠡᠷ ᠠᠳᠭᠤᠨ ᠬᠠᠮᠲᠤ᠎ᠪᠠᠷ ᠬᠠᠮᠢᠶᠠᠷᠬᠤ᠂ ᠲᠤᠱᠢᠶᠠᠯ᠎ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ᠌》 ᠪᠠ 《ᠭᠤᠷᠪᠠ᠎ᠶ᠋ᠢ ᠬᠠᠮᠢᠶᠠᠷᠬᠤ ᠭᠤᠷᠪᠠᠨ ᠡᠷᠬᠡᠪᠰᠢ》 ᠵᠢᠨ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠡᠯ᠎ᠡ ᠱᠠᠲᠤᠨ᠎ᠤ ᠠᠶᠤᠯᠭᠦᠢ ᠦᠢᠯᠡᠳᠪᠦᠷᠢᠯᠡᠯ᠎ᠦᠨ ᠵᠥᠪᠯᠡᠯ᠎ᠦᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠠᠵᠤ ᠠᠬᠤᠢᠯᠠᠯ᠎ᠤᠨ ᠭᠣᠣᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠨᠠᠮ ᠵᠠᠰᠠᠭ᠎ᠤᠨ ᠺᠠᠳ᠋ᠷ ᠪᠣᠯᠤᠨ ᠠᠵᠤ ᠠᠬᠤᠢᠯᠠᠯ᠎ᠤᠨ ᠠᠵᠢᠯ ᠡᠷᠬᠢᠯᠡᠭ᠌ᠰᠡᠳ᠎ᠦᠨ ᠠᠮᠤᠷ ᠲᠦᠪᠱᠢᠨ᠎ᠦ ᠬᠥᠮᠦᠵᠢᠯ ᠪᠣᠯᠪᠠᠰᠤᠷᠠᠯ᠎ᠢ ᠰᠠᠢᠲᠤᠷ ᠠᠳᠭᠤᠵᠤ᠂ ᠠᠶᠤᠯᠭᠦᠢ ᠦᠢᠯᠡᠳᠪᠦᠷᠢᠯᠡᠯ᠎ᠦᠨ ᠦᠨᠳᠦᠰᠦ ᠰᠠᠭᠤᠷᠢ᠎ᠶ᠋ᠢ ᠪᠡᠬᠢᠵᠢᠭᠦᠯᠬᠦ᠌ ᠬᠡᠷᠡᠭ᠌ᠲᠡᠢ᠃ ᠡᠯ᠎ᠡ ᠱᠠᠲᠤᠨ᠎ᠤ ᠤᠳᠤᠷᠢᠳᠭᠤ ᠺᠠᠳ᠋ᠷ ᠰᠡᠳᠭᠢᠯ ᠵᠢᠷᠦᠬᠡᠨ᠎ᠳᠡᠭᠡᠨ ᠬᠠᠷᠢᠭᠤᠴᠠᠯᠭ᠎ᠠ᠎ᠪᠠᠨ ᠪᠤᠳᠤᠵᠤ᠂ ᠠᠵᠢᠯᠯᠠᠭ᠎ᠠ ᠪᠡᠷ᠎ᠢᠶᠡᠨ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠠᠶᠤᠯᠭᠦᠢ ᠦᠢᠯᠡᠳᠪᠦᠷᠢᠯᠡᠯ᠎ᠦᠨ ᠬᠦᠷᠢᠶᠡᠨ᠎ᠳᠡᠬᠢ ᠭᠡᠮ ᠰᠣᠭᠣᠭ᠎ᠤᠨ ᠠᠰᠠᠭᠤᠳᠠᠯ᠎ᠤᠨ ᠲᠤᠬᠠᠢ ᠳᠣᠲᠣᠷ᠎ᠠ᠎ᠪᠠᠨ ᠲᠣᠭ᠎ᠠ᠎ᠲᠠᠶ᠂ ᠰᠢᠢᠳᠪᠦᠷᠢᠯᠡᠬᠦ ᠠᠷᠭ᠎ᠠ᠎ᠲᠠᠶ᠂ ᠨᠠᠷᠢᠨ ᠠᠳᠭᠤᠵᠤ ᠴᠢᠩᠭ᠎ᠠ ᠬᠠᠮᠢᠶᠠᠷᠬᠤ ᠵᠢ ᠪᠡᠶᠡᠯᠡᠭᠦᠯᠬᠦ ᠬᠡᠷᠡᠭ᠌ᠲᠡᠢ ᠭᠡᠵᠦ ᠴᠢᠬᠤᠯᠠᠴᠢᠯᠠᠪᠠ᠃

ᠬᠤᠷᠠᠯ᠎ᠡᠴᠡ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭ᠌ᠴᠢ᠎ᠶ᠋ᠢᠨ ᠬᠤᠪᠢᠳᠠᠨ ᠬᠠᠮᠢᠶᠠᠷᠴᠤ᠌ ᠪᠠᠢᠭ᠎ᠠ ᠬᠦᠷᠢᠶᠡᠨ᠎ᠳᠡᠬᠢ ᠣᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ᠎ᠤᠨ ᠠᠰᠠᠭᠤᠳᠠᠯ᠎ᠢ ᠲᠥᠪᠯᠡᠷᠡᠭᠦᠯᠦᠨ ᠴᠡᠭ᠌ᠴᠡᠯᠡᠨ ᠵᠠᠰᠠᠬᠤ᠎ᠠᠵᠢᠯ ᠢ᠋ ᠠᠳᠭᠤᠭ᠍ᠰᠠᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠨᠠᠩ ᠶᠡᠬᠡ ᠡᠷᠴᠢᠮ᠂ ᠨᠠᠩ ᠪᠣᠳᠠᠲᠠᠶ ᠠᠷᠭ᠎ᠠ ᠬᠡᠮᠵᠢᠶ᠎ᠡ᠎ᠪᠡᠷ ᠲᠥᠪᠯᠡᠷᠡᠭᠦᠯᠦᠨ ᠴᠡᠭ᠌ᠴᠡᠯᠡᠨ ᠵᠠᠰᠠᠬᠤ᠎ᠶ᠋ᠢ ᠠᠬᠢᠭᠤᠯᠵᠤ᠂ ᠪᠣᠭᠣᠮᠲᠠ ᠱᠢᠪᠲᠤᠯᠬᠤ ᠦᠷ᠎ᠡ ᠪᠦᠲᠦᠮᠵᠢ ᠤᠯᠬᠤ᠎ᠶ᠋ᠢ ᠪᠠᠲᠤᠯᠠᠬᠤ ᠬᠡᠷᠡᠭ᠌ᠲᠡᠶ᠃ ᠬᠡᠷᠡᠭ᠎ᠢ ᠪᠠᠢᠴᠠᠭᠠᠨ ᠱᠢᠢᠳᠪᠦᠷᠢᠯᠡᠬᠦ᠌ ᠡᠷᠴᠢᠮ᠎ᠢᠶᠡᠨ ᠴᠢᠩᠭᠠᠷᠠᠭᠤᠯᠵᠤ᠂ ᠬᠠᠤᠯᠢ ᠬᠡᠷᠡᠭ᠌ᠵᠢᠭᠦᠯᠵᠦ᠍ ᠬᠢᠨᠠᠨ ᠬᠠᠮᠢᠶᠠᠷᠬᠤ᠂ ᠡᠬᠢ ᠪᠠᠶᠠᠯᠢᠭ᠎ᠢ ᠲᠤᠬᠢᠷᠠᠭᠤᠯᠬᠤ᠂ ᠤᠯᠠᠨ ᠨᠡᠢᠲᠡ᠎ᠶ᠋ᠢᠨ ᠪᠡᠯᠡ ᠮᠥᠩᠭᠥ᠎ᠶ᠋ᠢ ᠬᠡᠷᠡᠭ᠌ᠯᠡᠬᠦ᠌ ᠵᠡᠷᠭᠡ ᠲᠠᠯ᠎ᠠ᠎ᠶ᠋ᠢᠨ ᠲᠤᠪᠤᠢ᠌ᠮ᠎ᠠ ᠠᠰᠠᠭᠤᠳᠠᠯ᠎ᠢ ᠭᠦᠨᠵᠡᠭᠡᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠵᠤ᠂ ᠠᠰᠠᠭᠤᠳᠠᠯ᠎ᠤᠨ ᠠᠷᠤ᠎ᠳᠠᠬᠢ ᠲᠤᠱᠢᠶᠠᠯ ᠬᠠᠷᠢᠭᠤᠴᠠᠯᠭ᠎ᠠ᠎ᠪᠠᠨ ᠰᠠᠢᠲᠤᠷ ᠭᠦᠢᠴᠡᠳᠭᠡᠭ᠌ᠰᠡᠨ ᠦᠭᠡᠢ᠂ ᠬᠢᠨᠠᠨ ᠬᠠᠮᠢᠶᠠᠷᠬᠤ ᠲᠠᠯ᠎ᠠ ᠪᠡᠷ ᠬᠠᠷᠢᠭᠤᠴᠠᠯᠭ᠎ᠠ᠎ᠪᠠᠨ ᠠᠯᠳᠠᠭ᠍ᠰᠠᠨ ᠪᠠ ᠱᠠᠮᠱᠢᠵᠤ ᠢᠯᠵᠡᠷᠠᠭᠰᠠᠨ ᠠᠰᠠᠭᠤᠳᠠᠯ᠎ᠢ ᠭᠦᠨᠵᠡᠭᠡᠢ ᠠᠭᠤᠳᠠᠯᠵᠤ᠂ ᠤᠯᠠᠨ ᠲᠦᠮᠡᠨ᠎ᠦ ᠲᠤᠰ ᠪᠡᠶ᠎ᠡ᠎ᠶ᠋ᠢᠨ ᠠᠱᠢᠭ ᠲᠤᠰᠠ᠎ᠶ᠋ᠢ ᠡᠷᠡᠰ ᠬᠠᠮᠠᠭᠠᠯᠠᠬᠤ ᠬᠡᠷᠡᠭ᠌ᠲᠡᠢ᠃ ᠤᠳᠤᠷᠢᠳᠭᠤ ᠺᠠᠳ᠋ᠷ᠎ᠤᠨ ᠬᠡᠷᠡᠭ ᠳᠠᠭᠠᠭᠠᠴᠢᠯᠠᠨ ᠬᠡᠷᠡᠭ ᠱᠢᠢᠳᠪᠦᠷᠢᠯᠡᠬᠦ᠌ ᠦᠢᠯᠡᠳᠦᠯ᠎ᠢ ᠰᠠᠢᠲᠤᠷ ᠪᠠᠳᠠᠷᠠᠭᠤᠯᠵᠤ᠂ ᠠᠷᠠᠳ᠎ᠤᠨ ᠠᠮᠢᠳᠤᠷᠠᠯ᠎ᠤᠨ ᠬᠦᠷᠢᠶᠡᠨ᠎ᠳᠡᠬᠢ ᠵᠠᠬᠢᠳᠠᠯ ᠰᠤᠷᠪᠤᠯᠵᠢᠯᠠᠯ᠎ᠤᠨ ᠠᠰᠠᠭᠤᠳᠠᠯ᠎ᠢ ᠲᠦᠷᠭᠡᠨ ᠱᠢᠢᠳᠪᠦᠷᠢᠯᠡᠬᠦ᠌ ᠬᠡᠷᠡᠭ᠌ᠲᠡᠢ᠃ ᠲᠥᠪᠯᠡᠷᠡᠭᠦᠯᠦᠨ ᠴᠡᠭ᠌ᠴᠡᠯᠡᠨ ᠵᠠᠰᠠᠬᠤ ᠬᠠᠷᠠᠯᠲᠠ ᠡᠭᠦᠷᠭᠡ᠎ᠵᠢ ᠪᠠᠲᠤ ᠡᠵᠡᠮᠳᠡᠵᠦ᠂ ᠡᠴᠦᠰ᠎ᠲᠦᠨᠢ ᠲᠤᠯᠲᠠᠯ᠎ᠠ ᠴᠢᠩᠭ᠎ᠠ ᠠᠳᠭᠤᠵᠤ᠂ ᠶᠠᠭᠠᠬᠢᠭ᠍ᠰᠠᠨ ᠴᠤ᠌ ᠢᠯᠳᠠᠷ ᠬᠠᠶᠠᠵᠤ᠂ ᠰᠤᠯᠠᠷᠠᠭᠤᠯᠵᠤ ᠪᠣᠯᠬᠤ ᠦᠭᠡᠢ ᠭᠡᠵᠦ᠍ ᠴᠢᠬᠤᠯᠠᠴᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号