ᠸᠠᠩ ᠸᠧᠢ ᠵᠦᠩ ᠪᠤᠤ ᠭᠠᠩ ᠤᠯᠤᠰ ᠎ᠤᠨ ᠭᠠᠢᠯᠢ ᠎ᠶᠢᠨ ᠶᠠᠪᠤᠳᠠᠯ᠎ᠤᠨ ᠶᠡᠷᠦᠩᠬᠡᠢ ᠲᠣᠪᠴᠢᠶ᠎ᠠ᠎ᠶᠢᠨ ᠳᠠᠷᠤᠭ᠎ᠠ ᠬ᠍ᠤ ᠵᠢᠩ ᠯᠢᠨ᠎ᠲᠠᠢ ᠠᠭᠤᠯᠵᠠᠪᠠ
2026-05-26 11:21:20
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

5 ᠰᠠᠷ᠎ᠠ᠎ᠶᠢᠨ 25᠎ᠤ᠋ ᠦᠳᠡ᠎ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠨᠠᠮ ᠎ᠤᠨ ᠬᠣᠷᠢᠶ᠎ᠠ ᠎ᠶᠢᠨ ᠱᠦᠵᠢ᠂ ᠠᠷᠠᠳ ᠎ᠤᠨ ᠲᠥᠯᠥᠭᠡᠯᠡᠭᠴᠢᠳ ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ ᠡᠷᠬᠢᠯᠡᠭᠴᠢ ᠸᠠᠩ ᠸᠧᠢ ᠵᠥᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠬᠥᠬᠡᠬᠣᠲᠠ ᠎ᠳᠤ ᠤᠯᠤᠰ᠎ᠤᠨ ᠭᠠᠢᠯᠢ᠎ᠶᠢᠨ ᠶᠠᠪᠤᠳᠠᠯ᠎ᠤᠨ ᠶᠡᠷᠦᠩᠬᠡᠢ ᠲᠣᠪᠴᠢᠶ᠎ᠠ᠎ᠶᠢᠨ ᠨᠠᠮ᠎ᠤᠨ ᠬᠣᠷᠢᠶ᠎ᠠ᠎ᠶᠢᠨ ᠱᠦᠵᠢ᠂ ᠲᠣᠪᠴᠢᠶᠠᠨ ᠳᠠᠷᠤᠭ᠎ᠠ ᠬ᠍ᠤ ᠵᠢᠩ ᠯᠢᠨ ᠨᠠᠷ ᠲᠡᠢ ᠠᠭᠤᠯᠵᠠᠪᠠ᠃

ᠸᠠᠩ ᠸᠧᠢ ᠵᠦᠩ᠂ ᠪᠤᠤ ᠭᠠᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠤ ᠡᠮᠦᠨ᠎ᠡ᠎ᠡᠴᠡ ᠬ᠍ᠤ ᠵᠢᠩ ᠯᠢᠨ ᠨᠠᠷ᠎ᠢ ᠪᠠᠶᠠᠷᠯᠠᠨ ᠤᠭᠲᠤᠵᠤ ᠪᠠᠢᠬᠤ᠎ᠪᠠᠨ ᠢᠯᠡᠳᠬᠡᠵᠦ᠂ ᠤᠯᠤᠰ ᠎ᠤᠨ ᠭᠠᠢᠯᠢ᠎ᠶᠢᠨ ᠶᠠᠪᠤᠳᠠᠯ᠎ᠤᠨ ᠶᠡᠷᠦᠩᠬᠡᠢ ᠲᠣᠪᠴᠢᠶ᠎ᠠ᠎ᠶᠢᠨ ᠤᠷᠳᠤ ᠬᠤᠭᠤᠴᠠᠭᠠᠨ᠎ᠤ ᠲᠤᠷᠰᠢ ᠥᠪᠥᠷ ᠮᠣᠩᠭᠣᠯ᠎ᠤᠨ ᠬᠥᠭᠵᠢᠯᠲᠡ᠎ᠳᠦ ᠬᠦᠴᠦᠲᠡᠢ ᠳᠡᠮᠵᠢᠯᠭᠡ ᠦᠵᠡᠭᠦᠯᠦᠭᠰᠡᠨ᠎ᠳᠦ ᠲᠠᠯᠠᠷᠬᠠᠪᠠ᠃ ᠸᠠᠩ ᠸᠧᠢ ᠵᠦᠩ ᠪᠦᠬᠦ ᠣᠷᠣᠨ᠎ᠤ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠪᠠᠢᠳᠠᠯ᠎ᠢ ᠲᠠᠨᠢᠯᠴᠠᠭᠤᠯᠪᠠ᠃ ᠲᠡᠷᠡ᠂ ᠶᠡᠷᠦᠩᠬᠡᠢ ᠱᠦᠵᠢ ᠰᠢ᠎ᠶᠢᠨ ᠫᠢᠩ ᠥᠪᠥᠷ ᠮᠣᠩᠭᠣᠯ᠎ᠤᠨ ᠬᠥᠭᠵᠢᠯᠲᠡ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠭᠦᠨᠵᠡᠭᠡᠢ ᠬᠠᠯᠠᠮᠵᠢᠯᠠᠵᠤ᠂ ᠥᠪᠥᠷ ᠮᠣᠩᠭᠣᠯ ᠎ᠤᠨ ᠠᠵᠢᠯ᠎ᠤᠨ ᠲᠤᠬᠠᠢ ᠤᠯᠠᠨ ᠤᠳᠠᠭ᠎ᠠ ᠴᠢᠬᠤᠯᠠ ᠶᠠᠷᠢᠶ᠎ᠠ ᠲᠠᠯᠪᠢᠵᠤ᠂ ᠴᠢᠬᠤᠯᠠ ᠵᠢᠭᠠᠪᠤᠷᠢ ᠥᠭᠴᠦ᠂ ᠮᠠᠨ᠎ᠤ ᠣᠷᠣᠨ᠎ᠳᠦ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢ ᠪᠠᠢᠭᠤᠯᠬᠤ᠎ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ ᠪᠠ ᠡᠭᠦᠷᠭᠡ ᠬᠠᠷᠢᠭᠤᠴᠠᠯᠭ᠎ᠠ ᠣᠯᠭᠣᠪᠠ᠃ ᠣᠳᠣᠬᠠᠨ ᠳ᠋ᠦ᠂ ᠣᠷᠣᠨ ᠲᠠᠶᠠᠭᠠᠷ ᠶᠠᠭ ᠶᠡᠷᠦᠩᠬᠡᠢ ᠱᠦᠵᠢ  ᠰᠢ᠎ᠶᠢᠨ ᠫᠢᠩ ᠎ᠤᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》ᠠᠵᠢᠯ᠎ᠤᠨ ᠪᠠᠢᠷᠢᠯᠠᠭᠤᠯᠤᠯᠲᠠ ᠶᠣᠰᠣᠭᠠᠷ᠂ ᠡᠨᠧᠷᠭᠢ᠂ ᠬᠢᠮᠢ᠎ᠶᠢᠨ ᠠᠵᠤ ᠦᠢᠯᠡᠳᠪᠦᠷᠢ᠂ ᠲᠡᠮᠦᠷᠯᠢᠭ ᠬᠠᠢᠯᠤᠭᠤᠯᠬᠤ ᠵᠡᠷᠭᠡ ᠤᠯᠠᠮᠵᠢᠯᠠᠯᠲᠤ ᠠᠵᠤ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠳᠡᠰ ᠳᠡᠪᠰᠢᠬᠦᠯᠬᠦ᠎ᠶᠢ ᠦᠷᠭᠦᠯᠵᠢᠯᠡᠨ ᠠᠬᠢᠭᠤᠯᠵᠤ᠂ ᠪᠣᠬᠢᠷᠲᠤᠯ ᠦᠭᠡᠢ ᠪᠣᠳᠣᠯᠳᠠ᠎ᠶᠢᠨ ᠬᠦᠴᠦᠨ᠂ ᠵᠣᠬᠢᠶᠠᠮᠠᠯ ᠤᠶᠤᠨ ᠴᠢᠳᠠᠪᠤᠷᠢ᠂ ᠤᠢᠷ᠎ᠠ ᠣᠭᠲᠠᠷᠭᠤᠢ᠎ᠶᠢᠨ ᠠᠵᠤ ᠠᠬᠤᠢ᠂ ᠬᠤᠳᠠᠯᠳᠤᠭᠠᠨ᠎ᠤ ᠰᠠᠨᠰᠠᠷ᠎ᠤᠨ ᠠᠶᠠᠯᠠᠯ᠂ ᠠᠮᠢᠳᠤ ᠪᠣᠳᠠᠰ᠎ᠤᠨ ᠦᠢᠯᠡᠳᠬᠡᠯ ᠵᠡᠷᠭᠡ ᠰᠢᠨ᠎ᠡ᠎ᠪᠡᠷ ᠮᠠᠨᠳᠤᠭᠰᠠᠨ ᠠᠵᠤ ᠦᠢᠯᠡᠰ ᠪᠣᠯᠣᠨ ᠢᠷᠡᠭᠡᠳᠦᠢ᠎ᠶᠢᠨ ᠠᠵᠤ ᠦᠢᠯᠡᠰ᠎ᠢ ᠶᠡᠬᠡ ᠪᠡᠷ ᠬᠥᠭᠵᠢᠭᠦᠯᠵᠦ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠠᠯ᠎ᠠ ᠪᠡᠷ ᠪᠡᠶ᠎ᠡ᠎ᠪᠡᠨ ᠳᠠᠭᠠᠭᠠᠵᠤ ᠬᠦᠴᠦᠷᠭᠡᠭᠵᠢᠬᠦ᠎ᠶᠢ ᠲᠦᠷᠭᠡᠳᠬᠡᠵᠦ᠂ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠢ ᠪᠦᠲᠦᠭᠡᠨ ᠪᠠᠶ᠋ᠢᠭᠤᠯᠬᠤ᠎ᠪᠠᠷ ᠬᠦᠳᠦᠯᠦᠨ ᠲᠠᠢᠴᠢᠯᠠᠵᠤ ᠪᠦᠬᠦ ᠲᠠᠯ᠎ᠠ᠎ᠪᠠᠷ ᠭᠠᠳᠠᠭᠠᠳᠤ ᠨᠡᠭᠡᠭᠡᠯᠲᠡ ᠬᠢᠬᠦ᠎ᠶᠢ ᠥᠷᠭᠡᠳᠬᠡᠵᠦ᠂ ᠴᠢᠨᠠᠷ ᠰᠠᠢᠲᠠᠢ ᠬᠥᠭᠵᠢᠯᠲᠡ᠎ᠶᠢᠨ ᠴᠢᠳᠠᠪᠤᠷᠢ ᠲᠡᠰ᠎ᠤᠨ ᠲᠦᠪᠰᠢᠨ᠎ᠢ ᠳᠠᠰᠤᠷᠠᠯᠳᠠ ᠦᠭᠡᠢ ᠳᠡᠭᠡᠭᠰᠢᠯᠡᠭᠦᠯᠵᠤ ᠪᠠᠢᠨ᠎ᠠ᠃ ᠤᠯᠤᠰ᠎ᠤᠨ ᠭᠠᠢᠯᠢ᠎ᠶᠢᠨ ᠶᠠᠪᠤᠳᠠᠯ᠎ᠤᠨ ᠶᠡᠷᠦᠩᠬᠡᠢ ᠲᠣᠪᠴᠢᠶ᠎ᠠ ᠥᠩᠭᠡᠷᠡᠭᠰᠡᠨ᠎ᠲᠠᠢ᠎ᠪᠡᠨ ᠠᠳᠠᠯᠢ ᠎ᠪᠠᠷ ᠥᠪᠥᠷ ᠮᠣᠩᠭᠣᠯ᠎ᠤᠨ ᠬᠥᠭᠵᠢᠯᠲᠡ᠎ᠶᠢ ᠬᠠᠯᠠᠮᠵᠢᠯᠠᠨ ᠳᠡᠮᠵᠢᠵᠦ᠂ ᠪᠦᠬᠦ ᠤᠯᠤᠰ ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠦᠨ ᠪᠦᠲᠦᠭᠡᠨ ᠪᠠᠢᠭᠤᠯᠤᠯᠲᠠ᠎ᠳᠤ ᠠᠭᠤᠰᠤᠯᠴᠠᠬᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ᠂ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ᠎ᠢ ᠰᠢᠯᠢᠳᠡᠭᠵᠢᠭᠦᠯᠬᠦ᠂ ᠡᠳ᠋᠎ᠦᠨ ᠵᠠᠰᠠᠭ ᠭᠠᠢᠯᠢ᠎ᠶᠢᠨ ᠪᠠᠢᠭᠤᠯᠤᠮᠵᠢ᠎ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ᠂ ᠭᠣᠣᠯᠳᠠᠯᠭ᠎ᠠ᠎ᠲᠠᠢ ᠠᠵᠢᠯ ᠲᠦᠷᠦᠯ᠎ᠦᠨ ᠭᠠᠢᠯᠢ ᠲᠠᠲᠠᠪᠤᠷᠢ᠎ᠶᠢᠨ ᠪᠠᠷᠢᠮᠵᠢᠶ᠎ᠠ᠎ᠶᠢ ᠲᠡᠭᠦᠯᠳᠡᠷᠵᠢᠭᠦᠯᠬᠦ ᠵᠡᠷᠭᠡ ᠲᠠᠯ᠎ᠠ᠎ᠪᠠᠷ ᠨᠡᠩ ᠤᠯᠠᠨ ᠵᠢᠯᠣᠭᠣᠳᠤᠯᠭ᠎ᠠ ᠳᠡᠮᠵᠢᠯᠭᠡ ᠦᠵᠡᠭᠦᠯᠵᠦ᠂ ᠥᠪᠥᠷ ᠮᠣᠩᠭᠣᠯ᠎ᠤᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠳᠤ ᠨᠡᠩ ᠰᠠᠢᠨ ᠳᠡᠮᠵᠢᠯᠭᠡ ᠦᠵᠡᠭᠦᠯᠬᠦ᠎ᠶᠢ ᠬᠦᠰᠡᠵᠦ ᠪᠠᠢᠨ᠎ᠠ ᠭᠡᠪᠡ᠃

ᠬ᠍ᠤ ᠵᠢᠩ ᠯᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ ᠡᠴᠡ ᠭᠠᠢᠯᠢ ᠲᠠᠲᠠᠪᠤᠷᠢ᠎ᠶᠢᠨ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ ᠪᠠᠢᠬᠤ ᠪᠠ ᠶᠡᠬᠡ ᠪᠡᠷ ᠳᠡᠮᠵᠢᠭᠰᠡᠨ᠎ᠳᠦ ᠲᠠᠯᠠᠷᠬᠠᠵᠤ᠂ ᠪᠦᠬᠦ ᠣᠷᠣᠨ᠎ᠤ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠣᠯᠣᠭᠰᠠᠨ ᠰᠢᠨ᠎ᠡ ᠦᠷ᠎ᠡ ᠪᠦᠲᠦᠮᠵᠢ᠎ᠳᠦ ᠪᠠᠶᠠᠷ ᠬᠦᠷᠭᠡᠵᠦ ᠪᠠᠢᠬᠤ᠎ᠪᠠᠨ ᠢᠯᠡᠳᠬᠡᠪᠡ᠃ ᠲᠡᠷᠡ᠂ ᠣᠢᠷ᠎ᠠ᠎ᠶᠢᠨ ᠵᠢᠯ᠎ᠡᠴᠡ ᠥᠪᠥᠷ ᠮᠣᠩᠭᠣᠯ ᠣᠷᠣᠨ ᠪᠦᠰᠡ᠎ᠶᠢᠨ ᠬᠥᠭᠵᠢᠯᠲᠡ᠎ᠶᠢᠨ ᠪᠠᠢᠷᠢ ᠲᠣᠭᠲᠠᠭᠠᠯᠲᠠ᠎ᠳᠠᠭᠠᠨ ᠰᠠᠭᠤᠷᠢᠯᠠᠵᠤ᠂ ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠶᠡᠬᠡ ᠲᠠᠯ᠎ᠠ᠎ᠳᠤ ᠰᠠᠨᠠᠭᠠᠴᠢᠯᠠᠭ᠎ᠠ᠎ᠡᠴᠡ᠎ᠪᠠᠨ ᠦᠢᠯᠡᠴᠢᠯᠡᠵᠦ᠂ ᠠᠵᠤ ᠠᠬᠤᠢ᠎ᠶᠢᠨ ᠬᠥᠭᠵᠢᠯᠲᠡ᠎ᠶᠢᠨ ᠬᠠᠨᠳᠦᠰᠢ ᠰᠠᠢᠨ ᠪᠠᠢᠵᠤ᠂ ᠨᠥᠭᠡᠴᠡ ᠬᠦᠴᠦᠨ ᠲᠡᠭᠦᠯᠳᠡᠷ ᠪᠠᠢᠨ᠎ᠠ᠃ ᠤᠯᠤᠰ᠎ᠤᠨ ᠭᠠᠢᠯᠢ ᠎ᠶᠢᠨ ᠶᠠᠪᠤᠳᠠᠯ ᠎ᠤᠨ ᠶᠡᠷᠦᠩᠬᠡᠢ ᠲᠣᠪᠴᠢᠶ᠎ᠠ᠎ᠡᠴᠡ ᠨᠠᠮ᠎ᠤᠨ ᠲᠥᠪ ᠬᠣᠷᠢᠶ᠎ᠠ᠂ ᠲᠦᠷᠦ᠎ᠶᠢᠨ ᠶᠠᠪᠤᠳᠠᠯ ᠎ᠤᠨ ᠬᠣᠷᠢᠶ᠎ᠡ ᠵᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠭᠠᠢᠯᠢ ᠲᠠᠲᠠᠪᠤᠷᠢ᠎ᠶᠢᠨ ᠡᠭᠦᠷᠭᠡ ᠴᠢᠳᠠᠪᠬᠢ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠡᠯ᠎ᠡ ᠵᠦᠢᠯ᠎ᠦᠨ ᠭᠠᠢᠯᠢ ᠰᠦᠢᠳᠬᠡᠯ᠎ᠦᠨ ᠬᠠᠷᠠᠭᠠᠯᠵᠠᠯ᠎ᠤᠨ ᠲᠦᠷᠦ᠎ᠶᠢᠨ ᠪᠣᠳᠣᠯᠭ᠎ᠠ᠎ᠶᠢ ᠲᠡᠷᠡ ᠬᠡᠪ᠎ᠢᠶᠡᠷ ᠨᠢ ᠨᠠᠢᠳᠠᠪᠤᠷᠢᠵᠢᠭᠤᠯᠵᠤ᠂ ᠭᠠᠢᠯᠢ ᠲᠠᠲᠠᠪᠤᠷᠢ᠎ᠶᠢᠨ ᠦᠢᠯᠡᠴᠢᠯᠡᠭᠡ᠎ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠬᠠᠤᠯᠢ ᠪᠡᠷ ᠵᠠᠰᠠᠭᠰᠠᠨ ᠨᠢ ᠡᠷᠬᠡ ᠲᠡᠭᠰᠢ᠂ ᠲᠦᠷᠢᠮ᠎ᠳᠤ ᠨᠡᠢᠴᠡᠭᠰᠡᠨ ᠬᠠᠮᠢᠶᠠᠷᠤᠯᠲᠠ᠎ᠪᠦᠬᠦᠢ ᠰᠠᠢᠨ ᠰᠠᠢᠬᠠᠨ ᠭᠠᠢᠯᠢ ᠲᠠᠲᠠᠪᠤᠷᠢ᠎ᠶᠢᠨ ᠣᠷᠴᠢᠨ ᠨᠦᠭᠦᠴᠡᠯ᠎ᠢ ᠢᠳᠡᠪᠬᠢᠲᠡᠢ ᠪᠤᠢ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠳᠦ ᠬᠦᠴᠦᠲᠡᠢ ᠪᠠᠲᠤᠯᠠᠭ᠎ᠠ ᠬᠠᠩᠭᠠᠨ᠎ᠠ ᠭᠡᠪᠡ᠃

ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠬᠤᠸᠠᠩ ᡁᠢ ᠴᠢᠶᠠᠩ᠂ ᠢᠦᠢ ᠯᠢ ᠰᠢᠨ ᠣᠷᠣᠯᠴᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号