5 ᠰᠠᠷ᠎ᠠ᠎ᠶ᠋ᠢᠨ 25 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢᠩᠭᠤ᠎ᠶ᠋ᠢᠨ ᠬᠤᠷᠠᠯ ᠵᠢᠴᠢ ᠠᠶᠤᠯᠭᠦᠢ ᠦᠢᠯᠡᠳᠪᠦᠷᠢᠯᠡᠯ᠎ᠦᠨ ᠵᠥᠪᠯᠡᠯ᠎ᠦᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠱᠠᠨ ᠰᠢ᠎ᠶ᠋ᠢᠨ ᠴᠠᠩ ᡁᠢ ᠬᠤᠳᠠ᠎ᠶ᠋ᠢᠨ ᠴᠢᠨ ᠶᠤᠸᠠᠨ ᠱᠢᠶᠠᠨ᠎ᠤ ᠨᠢᠭᠡᠨ ᠨᠡᠭᠦᠷᠡᠰᠦᠨ ᠠᠭᠤᠷᠬᠠᠢ᠎ᠶ᠋ᠢᠨ ᠭᠠᠰ ᠳᠡᠯᠪᠡᠷᠡᠭ᠌ᠰᠡᠨ ᠡᠨᠳᠡᠯ᠎ᠦᠨ ᠲᠤᠬᠠᠢ ᠦᠭᠭᠦᠭᠰᠡᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ ᠂ ᠲᠥᠪ᠎ᠦᠨ ᠲᠣᠭᠣᠷᠢᠨ ᠪᠠᠢᠴᠠᠭᠠᠵᠤ ᠬᠠᠷᠢᠭᠤ ᠲᠤᠰᠭᠠᠭ᠍ᠰᠠᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠤᠭ᠍ᠰᠠᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠪᠠ᠃
ᠬᠤᠷᠠᠯ᠎ᠡᠴᠡ᠂ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠶᠡᠷᠦᠩᠬᠡᠶ ᠰᠠᠢᠳ ᠯᠢ ᠴᠢᠶᠠᠩ᠎ᠤᠨ ᠴᠣᠬᠣᠯᠠᠪᠤᠷᠢ᠎ᠶ᠋ᠢᠨ ᠱᠠᠭᠠᠷᠳᠠᠯᠭ᠎ᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠡᠨᠳᠡᠯ᠎ᠡᠴᠡ ᠭᠦᠨᠵᠡᠭᠡᠶ ᠰᠤᠷᠭᠠᠮᠵᠢ ᠠᠪᠴᠤ᠌᠂ ᠠᠭᠤᠷᠬᠠᠶ᠎ᠶ᠋ᠢᠨ ᠠᠮᠤᠷ ᠲᠦᠪᠱᠢᠨ᠎ᠦ 《ᠨᠠᠶ᠋ᠮᠠᠨ ᠬᠠᠲᠠᠭᠤ ᠠᠷᠭ᠎ᠠ ᠬᠡᠮᠵᠢᠶ᠎ᠡ》 ᠶ᠋ᠢ ᠴᠢᠩᠭ᠎ᠠ ᠨᠠᠢᠳᠠᠪᠤᠷᠢᠵᠢᠭᠤᠯᠵᠤ᠂ ᠨᠡᠭᠦᠷᠡᠰᠦᠨ ᠠᠭᠤᠷᠬᠠᠶ ᠪᠣᠯᠤᠨ ᠨᠡᠭᠦᠷᠡᠰᠦᠨ᠎ᠦ ᠪᠤᠰᠤ ᠠᠭᠤᠷᠬᠠᠶ᠎ᠶ᠋ᠢᠨ ᠠᠮᠤᠷ ᠲᠦᠪᠱᠢᠨ᠎ᠦ ᠬᠡᠮ ᠰᠣᠭᠣᠭ᠎ᠢ ᠵᠢᠭ᠍ᠰᠠᠭᠠᠨ ᠪᠠᠢᠴᠠᠭᠠᠬᠤ ᠠᠵᠢᠯ᠎ᠢ ᠪᠥᠬᠥ᠌ ᠲᠠᠯ᠎ᠠ᠎ᠪᠠᠷ ᠥᠷᠨᠢᠭᠦᠯᠵᠦ᠍᠂ ᠦᠶ᠋ᠯᠡᠳᠪᠦᠷᠢᠯᠡᠯ᠎ᠦᠨ ᠡᠮᠦᠨ᠎ᠡ ᠹᠷᠣᠨᠲ ᠪᠣᠯᠤᠨ ᠠᠵᠢᠯᠯᠠᠬᠤ ᠲᠤᠬᠠᠶ᠎ᠶ᠋ᠢᠨ ᠲᠠᠯᠠᠪᠠᠶ᠎ᠶ᠋ᠢᠨ ᠠᠮᠤᠷ ᠲᠦᠪᠱᠢᠨ᠎ᠦ ᠬᠠᠮᠢᠶᠠᠷᠤᠯᠲᠠ᠎ᠶ᠋ᠢ ᠴᠢᠩᠭᠠᠳᠭᠠᠵᠤ᠂ ᠬᠦᠨᠳᠦ ᠣᠨᠴᠠ ᠶᠡᠬᠡ ᠡᠨᠳᠡᠯ ᠭᠠᠷᠬᠤ᠎ᠶ᠋ᠢ ᠡᠷᠡᠰ ᠰᠡᠷᠭᠡᠢᠯᠡᠨ ᠬᠣᠷᠢᠭ᠍ᠯᠠᠬᠤ ᠬᠡᠷᠡᠭ᠌ᠲᠡᠶ᠃ ᠪᠣᠷᠣᠭᠠᠨ᠎ᠤ ᠪᠠᠢᠳᠠᠯ ᠤᠰᠤᠨ᠎ᠤ ᠪᠠᠢᠳᠠᠯ ᠴᠢᠭᠢᠭ᠎ᠦᠨ ᠪᠠᠢᠳᠠᠯ᠎ᠢ ᠬᠥᠳᠡᠯᠦᠩᠭᠦᠶ᠎ᠪᠡᠷ ᠬᠢᠨᠠᠨ ᠬᠡᠮᠵᠢᠵᠦ᠍ ᠵᠠᠷᠯᠠᠨ ᠮᠡᠳᠡᠭ᠌ᠳᠡᠵᠦ᠍᠂ ᠤᠰᠤᠨ ᠴᠥᠭᠥᠷᠥᠮ᠎ᠦᠨ ᠬᠠᠱᠢᠯᠭ᠎ᠠ ᠳᠠᠯᠠᠩ᠎ᠢ ᠴᠠᠭ᠍ᠳᠠᠨ ᠪᠠᠢᠴᠠᠭᠠᠵᠤ ᠬᠠᠮᠠᠭᠠᠯᠠᠬᠤ ᠠᠶᠤᠯ ᠲᠦᠭᠰᠢᠭᠦᠷᠢ ᠵᠢ ᠪᠠᠢᠴᠠᠭᠠᠬᠤ᠂ ᠬᠣᠲᠠ᠎ᠶ᠋ᠢᠨ ᠳᠣᠲᠣᠭᠠᠳᠤ᠎ᠶ᠋ᠢᠨ ᠤᠰᠤᠲᠤᠯ᠎ᠤᠨ ᠬᠡᠮ ᠰᠣᠭᠣᠭ᠎ᠢ ᠵᠢᠭ᠍ᠰᠠᠭᠠᠨ ᠪᠠᠢᠴᠠᠭᠠᠬᠤ ᠪᠠ ᠭᠠᠩ ᠬᠠᠭ᠍ᠰᠠᠷᠠᠭᠠᠨ᠎ᠲᠠᠶ ᠲᠡᠮᠡᠴᠡᠵᠦ᠍ ᠭᠠᠮᠱᠢᠭ᠎ᠢ ᠪᠠᠭᠠᠰᠭᠠᠬᠤ ᠵᠡᠷᠭᠡ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠰᠠᠢᠲᠤᠷ ᠠᠳᠭᠤᠵᠤ᠂ ᠪᠠᠴᠢᠮ ᠪᠠᠢᠳᠠᠯ᠎ᠢ ᠠᠷᠭᠠᠴᠠᠭᠠᠬᠤ ᠵᠢᠵᠢᠭᠦᠷᠯᠡᠨ ᠠᠵᠢᠯ᠎ᠤᠨ ᠪᠠᠢᠷᠢ ᠪᠡᠨ ᠰᠠᠬᠢᠬᠤ᠎ᠶ᠋ᠢ ᠴᠢᠩᠭᠠᠳᠭᠠᠨ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ᠎ᠶ᠋ᠢᠨ ᠠᠮᠤᠷ ᠲᠦᠪᠱᠢᠨ᠎ᠢ ᠪᠠᠲᠤᠯᠠᠬᠤ ᠬᠡᠷᠡᠭ᠌ᠲᠡᠶ᠃ ᠡᠯ᠎ᠡ ᠱᠠᠲᠤᠨ᠎ᠤ ᠠᠶᠤᠯᠭᠦᠢ ᠦᠢᠯᠡᠳᠪᠦᠷᠢᠯᠡᠯ᠎ᠦᠨ ᠵᠥᠪᠯᠡᠯ᠎ᠦᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠠᠵᠢᠯ ᠲᠦᠷᠦᠯ ᠰᠠᠯᠠᠭ᠎ᠠ ᠮᠥᠴᠢᠷ᠎ᠦᠨ ᠬᠢᠨᠠᠯᠲᠠ ᠬᠠᠮᠢᠶᠠᠷᠤᠯᠲᠠ᠎ᠶ᠋ᠢᠨ ᠬᠠᠷᠢᠭᠤᠴᠠᠯᠭ᠎ᠠ᠂ ᠠᠵᠤ ᠠᠬᠤᠢᠯᠠᠯ᠎ᠤᠨ ᠭᠣᠣᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠪᠤᠲᠠᠲᠠᠢᠵᠢᠭᠤᠯᠵᠤ᠂ ᠠᠰᠠᠭᠤᠳᠠᠯ᠎ᠢ ᠦᠨᠡᠨ ᠬᠦ᠌ ᠴᠤᠬᠤᠢᠬᠤ ᠦᠶ᠎ᠡ᠎ᠳᠦᠨᠢ᠂ ᠭᠠᠮᠱᠢᠭ ᠪᠣᠯᠬᠤ᠎ᠡᠴᠡ ᠨᠢ ᠡᠮᠦᠨ᠎ᠡ ᠱᠢᠢᠳᠪᠦᠷᠢᠯᠡᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃
ᠬᠤᠷᠠᠯ᠎ᠡᠴᠡ᠂ ᠪᠤᠳᠤᠯᠲᠠ ᠵᠢᠨ ᠬᠦᠴᠦᠨ ᠪᠣᠯ ᠤᠯᠤᠰ᠎ᠤᠨ ᠶᠡᠷᠦᠩᠬᠡᠢᠯᠡᠭ᠌ᠰᠡᠨ ᠤᠯᠤᠰ᠎ᠤᠨ ᠬᠦᠴᠦᠨ᠎ᠦ ᠴᠢᠬᠤᠯᠠ ᠢᠯᠡᠷᠡᠯ ᠮᠥᠨ᠂ ᠪᠦᠬᠦ᠌ ᠤᠯᠤᠰ᠎ᠤᠨ ᠨᠢᠭᠡ ᠴᠤᠭ᠍ᠴᠠᠵᠢᠭᠤᠯᠤᠭ᠍ᠰᠠᠨ ᠪᠤᠳᠤᠯᠲᠠ ᠵᠢᠨ ᠬᠦᠴᠦᠨ᠎ᠤ ᠲᠤᠤᠷ᠎ᠤᠨ ᠪᠦᠲᠦᠭᠡᠨ ᠪᠠᠢᠭᠤᠯᠤᠯᠲᠠ᠎ᠶ᠋ᠢᠨ ᠴᠢᠬᠤᠯᠠ ᠶᠡᠬᠡ ᠪᠠᠢᠯᠳᠤᠬᠤ ᠪᠤᠳᠤᠯᠭ᠎ᠠ᠎ᠶ᠋ᠢᠨ ᠠᠵᠠ ᠲᠣᠬᠢᠶᠠᠯ᠎ᠢ ᠠᠮᠵᠢᠵᠤ᠂ ᠤᠯᠤᠰ᠎ᠤᠨ ᠪᠤᠳᠤᠯᠲᠠ ᠵᠢᠨ ᠬᠦᠴᠦᠨ᠎ᠤ ᠪᠦᠬᠦᠯᠢ ᠴᠣᠭ᠍ᠴᠠ᠎ᠶ᠋ᠢᠨ ᠪᠠᠢᠷᠢᠱᠢᠭᠤᠯᠤᠯᠲᠠ᠎ᠳᠤ ᠰᠠᠨᠠᠭᠠᠴᠢᠯᠠᠭ᠎ᠠ᠎ᠡᠴᠡ᠎ᠪᠠᠨ ᠠᠭᠤᠰᠤᠯᠴᠠᠵᠤ᠂ ᠪᠤᠳᠤᠯᠲᠠ ᠵᠢᠨ ᠬᠦᠴᠦᠨ ᠴᠠᠬᠢᠯᠭᠠᠨ ᠬᠦᠴᠦᠨ᠎ᠤ ᠬᠠᠮᠵᠢᠯᠴᠠᠨ ᠬᠥᠭ᠌ᠵᠢᠬᠦ᠌᠎ᠶ᠋ᠢ ᠭᠦᠨᠵᠡᠭᠡᠢᠷᠡᠭᠦᠯᠵᠦ᠍᠂ ᠲᠣᠭ᠎ᠠ ᠪᠠᠷᠢᠮᠲᠠ᠎ᠶ᠋ᠢᠨ ᠠᠷᠠᠯᠵᠢᠶᠠᠨ᠎ᠤ ᠲᠠᠪᠴᠠᠩ᠎ᠢ ᠰᠠᠢᠲᠤᠷ ᠪᠠᠢᠭᠤᠯᠤᠨ ᠰᠠᠢᠲᠤᠷ ᠬᠡᠷᠡᠭ᠌ᠯᠡᠵᠦ᠍᠂ AI ᠵᠢᠨ ᠪᠦᠬᠦ᠌ ᠲᠠᠯ᠎ᠠ᠎ᠶ᠋ᠢᠨ ᠬᠡᠷᠡᠭ᠌ᠯᠡᠭᠡ᠎ᠶ᠋ᠢ ᠠᠬᠢᠭᠤᠯᠵᠤ᠂ ᠪᠤᠳᠤᠯᠲᠠ ᠵᠢᠨ ᠬᠦᠴᠦᠨᠤᠰᠦᠯᠵᠢᠶᠡᠨᠦ ᠲᠣᠭ᠎ᠠ ᠪᠠᠷᠢᠮᠲᠠ᠎ᠶ᠋ᠢᠨ ᠠᠮᠤᠷ ᠲᠦᠪᠱᠢᠨ᠎ᠢ ᠬᠠᠮᠠᠭᠠᠯᠠᠵᠤ᠂ ᠪᠦᠬᠦ᠌ ᠤᠯᠤᠰ᠎ᠤᠨ ᠪᠤᠳᠤᠯᠲᠠ ᠵᠢᠨ ᠬᠦᠴᠦᠨ᠎ᠤ ᠱᠢᠰᠲ᠋ᠧᠮ᠎ᠦᠨ ᠪᠠᠢᠭᠤᠯᠤᠯᠲᠠ᠎ᠳᠤ ᠥᠪᠥᠷ ᠮᠣᠩᠭᠣᠯ᠎ᠤᠨ ᠬᠤᠪᠢ ᠨᠡᠮᠡᠷᠢ ᠵᠢ ᠦᠵᠡᠭᠦᠯᠬᠦ᠌ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃
ᠬᠤᠷᠠᠯ᠎ᠡᠴᠡ᠂ ᠳᠡᠭᠡᠳᠦ ᠬᠡᠮᠵᠢᠶᠡᠨ᠎ᠦ ᠤᠯᠤᠰ ᠲᠦᠷᠦ᠍᠎ᠶ᠋ᠢᠨ ᠬᠠᠷᠢᠭᠤᠴᠠᠯᠭᠠᠲᠤ ᠰᠡᠳᠭᠢᠯᠭᠡ᠎ᠪᠡᠷ ᠲᠥᠪ᠎ᠦᠨ ᠲᠣᠭᠣᠷᠢᠨ ᠪᠠᠢᠴᠠᠭᠠᠵᠤ ᠬᠠᠷᠢᠭᠤ ᠲᠤᠰᠭᠠᠭ᠍ᠰᠠᠨ ᠰᠠᠨᠠᠯ᠎ᠢ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ ᠠᠵᠢᠯ᠎ᠢ ᠰᠠᠢᠲᠤᠷ ᠬᠢᠵᠦ᠍᠂ 《ᠬᠣᠶᠠᠷ ᠰᠠᠭᠤᠷᠢᠨ》 ᠤ᠋ ᠪᠦᠳᠦᠭᠡᠨ ᠪᠠᠢᠭᠤᠯᠤᠯᠲᠠ᠎ᠶ᠋ᠢ ᠠᠬᠢᠭᠤᠯᠬᠤ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ ᠵᠡᠷᠭᠡ ᠭᠣᠣᠯᠳᠠᠯᠭ᠎ᠠ᠎ᠲᠠᠶ ᠡᠭᠦᠷᠭᠡ᠎ᠶ᠋ᠢ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠦᠷᠨᠢᠭᠦᠯᠬᠦ᠎ᠲᠡᠶ ᠤᠶᠠᠯᠳᠤᠭᠤᠯᠵᠤ᠂ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ᠎ᠤᠨ ᠠᠰᠠᠭᠤᠳᠠᠯ᠎ᠢ ᠴᠡᠭ᠌ᠴᠡᠯᠡᠨ ᠵᠠᠰᠠᠬᠤ᠎ᠲᠠᠶ ᠤᠶᠠᠯᠳᠤᠭᠤᠯᠵᠤ᠂ ᠲᠣᠭ᠍ᠲᠠᠭ᠍ᠰᠠᠨ ᠬᠤᠭᠤᠴᠠᠭᠠᠨ᠎ᠳᠤ ᠪᠡᠶᠡᠯᠡᠭᠦᠯᠬᠦ᠌᠎ᠪᠡᠷ ᠪᠠᠷᠠᠬᠤ ᠦᠭᠡᠢ ᠨᠡᠩ ᠴᠤ᠌ ᠶᠠᠰᠤ ᠴᠢᠨᠠᠷ᠎ᠢ ᠪᠠᠲᠤᠯᠠᠵᠤ᠂ ᠴᠠᠭᠠᠰᠤᠨ ᠳᠡᠭᠡᠷ᠎ᠡ ᠯᠡ ᠴᠡᠭ᠌ᠴᠡᠯᠡᠨ ᠰᠠᠢᠵᠢᠷᠠᠭᠤᠯᠬᠤ᠎ᠶ᠋ᠢ ᠬᠣᠷᠢᠭ᠍ᠯᠠᠵᠤ᠂ ᠴᠡᠭ᠌ᠴᠡᠯᠡᠨ ᠰᠠᠢᠵᠢᠷᠠᠭᠤᠯᠤᠭ᠍ᠰᠠᠨ ᠬᠠᠷᠢᠭᠤᠯᠲᠠ᠎ᠶ᠋ᠢᠨ ᠬᠠᠭᠤᠳᠠᠰᠤ᠎ᠶ᠋ᠢ ᠦᠨᠡᠨ ᠪᠣᠳᠠᠲᠠᠢ ᠲᠤᠱᠢᠶᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃
ᠬᠤᠷᠠᠯ᠎ᠡᠴᠡ᠂ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠤᠨ ᠬᠠᠤᠯᠢ ᠵᠢᠴᠢ ᠲᠡᠭᠦᠨ᠎ᠤ ᠬᠡᠷᠡᠭ᠌ᠵᠢᠭᠦᠯᠬᠦ᠌ ᠲᠦᠷᠢᠮ᠎ᠢ ᠭᠦᠨᠵᠡᠭᠡᠶ ᠰᠤᠷᠤᠯᠴᠠᠨ ᠤᠬᠠᠭᠤᠯᠬᠤ᠎ᠶ᠋ᠢᠨ ᠬᠠᠮᠲᠤ ᠴᠢᠩᠭ᠎ᠠ ᠬᠡᠷᠡᠭ᠌ᠵᠢᠭᠦᠯᠵᠦ᠍᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠠᠮᠢᠶ᠎ᠠ ᠪᠥᠬᠥᠶ ᠲᠥᠯᠥᠪᠵᠢᠭᠦᠯᠭᠡ᠎ᠶ᠋ᠢ ᠨᠠᠷᠢᠨ ᠨᠢᠮᠪᠠᠶ ᠨᠠᠢᠷᠠᠭᠤᠯᠤᠨ ᠵᠣᠬᠢᠶᠠᠵᠤ᠂ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠠᠭᠤᠷᠬᠠᠶ᠎ᠶ᠋ᠢᠨ ᠭᠠᠷᠤᠯᠲᠠ᠎ᠶ᠋ᠢ ᠬᠠᠢᠨ ᠱᠢᠨᠵᠢᠵᠦ᠍ ᠨᠡᠭᠡᠭᠡᠨ ᠬᠥᠭ᠌ᠵᠢᠭᠦᠯᠬᠦ᠌ ᠪᠠ ᠨᠥᠭᠡᠴᠡ ᠵᠢᠨ ᠬᠡᠮᠵᠢᠶ᠎ᠡ᠎ᠶ᠋ᠢ ᠨᠡᠮᠡᠭ᠌ᠳᠡᠭᠦᠯᠦᠨ ᠦᠢᠯᠡᠳᠪᠦᠷᠢᠯᠡᠯ᠎ᠤᠨ ᠬᠡᠮᠵᠢᠶ᠎ᠡ ᠵᠢ ᠲᠡᠭᠡᠭᠰᠢᠯᠡᠭᠦᠯᠬᠦ᠎ᠶ᠋ᠢ ᠴᠢᠩᠭᠠᠳᠭᠠᠵᠤ᠂ ᠨᠦᠬᠡᠴᠡ ᠠᠭᠤᠷᠬᠠᠶ᠎ᠶ᠋ᠢᠨ ᠡᠬᠢ ᠪᠠᠶᠠᠯᠢᠭ᠎ᠢ ᠠᠮᠢᠳᠤᠯᠢᠭ᠍ᠵᠢᠭᠤᠯᠤᠨ ᠨᠡᠢᠳᠭᠡᠵᠦ᠍᠂ ᠪᠣᠬᠢᠷᠲᠤᠯ ᠥᠬᠡᠶ ᠠᠭᠤᠷᠬᠠᠶ᠎ᠶ᠋ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ ᠬᠡᠷᠡᠭ᠌ᠲᠡᠶ ᠭᠡᠵᠦ ᠱᠠᠭᠠᠷᠳᠠᠪᠠ᠃
ᠬᠤᠷᠠᠯ᠎ᠡᠴᠡ ᠣᠷᠣᠱᠢᠨ ᠰᠠᠭᠤᠷᠢᠰᠢᠬᠤ᠎ᠳᠤ ᠲᠣᠬᠢᠷᠠᠮᠵᠢᠲᠠᠶ ᠦᠶ᠋ᠯᠡᠰ ᠪᠤᠰᠭᠠᠬᠤ᠎ᠳᠤ ᠲᠣᠬᠢᠷᠠᠮᠵᠢᠲᠠᠶ ᠡᠶ᠎ᠡ ᠵᠤᠬᠢᠴᠠᠩᠭᠤᠢ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ᠎ᠤ ᠪᠥᠲᠥᠭᠡᠨ ᠪᠠᠢᠭᠤᠯᠤᠯᠲᠠ᠂ ᠤᠯᠠᠭᠠᠨᠴᠠᠪ᠎ᠤᠨ ᠴᠠᠬᠠᠷ ᠳ᠋ᠠᠢᠲ᠋ᠠ᠎ᠶ᠋ᠢᠨ ᠬᠦᠷᠢᠶᠡᠯᠡᠩ ᠲᠣᠭᠣᠷᠢᠭ᠎ᠤᠨ ᠪᠣᠬᠢᠷᠲᠤᠯ ᠥᠬᠡᠶ ᠴᠠᠬᠢᠯᠭᠠᠨ᠎ᠢ ᠱᠢᠭᠤᠳ ᠬᠣᠯᠪᠣᠬᠤ ᠪᠠ ᠨᠡᠮᠡᠭ᠌ᠳᠡᠯ ᠴᠠᠬᠢᠯᠭᠠᠨ ᠲᠦᠭᠡᠭᠡᠬᠦ᠌ ᠲᠤᠤᠷ ᠵᠡᠷᠭᠡ ᠶᠠᠪᠤᠳᠠᠯ᠎ᠢ ᠰᠤᠳᠤᠯᠪᠠ᠃