ᠣᠯᠠᠨ ᠡᠱᠢᠲᠦ ᠰᠣᠶᠣᠯ ᠵᠢᠭᠤᠯᠴᠢᠯᠠᠯ ᠤ᠋ᠨ ᠪᠡᠶᠡᠴᠢ ᠣᠢᠯᠠᠭᠠᠯᠳᠠ ᠲᠩᠷᠢ ᠡᠯᠡᠰᠦᠨ ᠳ᠋ᠤ ᠱᠢᠨ᠎ᠡ ᠥᠩᠭᠡ ᠪᠤᠳᠤᠭ ᠨᠡᠮᠡᠨ᠎ᠠ
2026-05-26 11:27:55
ᠵᠣᠬᠢᠶᠠᠭ᠍ᠴᠢ᠄
ᠯᠢᠦ ᠬᠤᠩ ᠵᠠᠩ
ᠣᠩᠱᠢᠭ᠍ᠰᠠᠨ ᠣᠳᠠᠭ᠎ᠠ᠄
★★★☆☆

ᠲᠠᠪᠤᠨ ᠰᠠᠷ᠎ᠠ ᠶ᠋ᠢᠨ ᠲᠩᠷᠢ ᠡᠯᠡᠰᠦᠨ ᠳ᠋ᠤ᠂ ᠬᠡᠰᠡᠭ ᠬᠡᠰᠡᠭ ᠨᠣᠭᠣᠭᠠᠨ ᠪᠦᠷᠢᠳᠦ ᠠᠮᠢᠯᠠᠯ ᠵᠢᠡᠷ ᠪᠢᠯᠬᠠᠨ᠂ ᠡᠯᠡᠰᠤᠨ ᠨᠠᠭᠤᠷ ᠲᠡᠭᠷᠢ ᠲᠤᠯᠢᠳᠠᠵᠤ᠂ ᠰᠦᠷᠯᠢᠭ ᠰᠠᠢᠬᠠᠨ ᠦᠵᠡᠮᠵᠢ ᠨᠢ ᠬᠠᠷᠠᠭ᠎ᠠ ᠪᠠᠶᠠᠰᠬᠠᠨ ᠴᠡᠬᠡᠵᠢ ᠵᠢ ᠤᠩᠭᠤᠢᠯᠭᠠᠨ᠎ᠠ᠃ ᠬᠤᠶᠠᠷᠬᠤᠳᠳᠤᠭ ᠤ᠋ᠨ ᠬᠦᠳᠡᠬᠡ ᠵᠢᠨ ᠠᠮᠢ ᠠᠬᠤᠢ ᠶ᠋ᠢᠨ ᠨᠡᠭᠦᠳᠡᠯ ᠠᠷᠠᠳ ᠤ᠋ᠨ ᠵᠢᠱ᠌ᠢᠢ᠎ᠡ ᠦᠵᠡᠭᠦᠯᠬᠦ᠌ ᠣᠷᠣᠨ ᠤ᠋ ᠲᠦᠩᠬᠤ᠌ ᠵᠢᠨ ᠲᠠᠯ᠎ᠠ ᠨᠤᠲᠤᠭ ᠤ᠋ᠨ ᠵᠢᠭᠤᠯᠴᠢᠯᠠᠯ ᠤ᠋ᠨ ᠦᠵᠡᠮᠵᠢ ᠶ᠋ᠢᠨ ᠣᠷᠣᠨ ᠤ᠋ ᠮᠤᠳᠤᠨ ᠵᠠᠮ ᠳᠡᠭᠡᠷ᠎ᠡ ᠵᠢᠭᠤᠯᠴᠢᠯᠠᠬᠰᠠᠳ ᠡᠯᠡᠰᠦᠨ ᠴᠦᠯ᠎ᠳᠤ ᠯᠡ ᠪᠠᠢᠳᠠᠭ ᠥᠪᠡᠷᠮᠢᠴᠡ ᠦᠵᠡᠮᠵᠢ ᠵᠢ ᠪᠠᠬᠠᠷᠬᠠᠨ ᠰᠤᠨᠢᠷᠬᠠᠵᠦ ᠪᠠᠢᠯ᠎ᠠ᠃

《ᠪᠢᠳᠡ ᠠᠯᠠᠱᠠ ᠶ᠋ᠢᠨ ᠡᠯᠡᠰᠦᠨ ᠴᠦᠯ ᠤ᠋ᠨ ᠦᠵᠡᠮᠵᠢ ᠵᠢ ᠦᠵᠡᠬᠦ᠌ ᠶ᠋ᠢᠨ ᠲᠥᠯᠥᠭᠡ ᠰᠸᠴᠤᠸᠠᠨ ᠡᠴᠡ ᠲᠤᠰᠭᠠᠢᠯᠠᠨ ᠵᠤᠷᠢᠵᠦ ᠢᠷᠡᠭ᠌ᠰᠡᠨ ᠶᠤᠮ᠂ ᠡᠨᠳᠡ ᠰᠦᠷᠯᠢᠭ ᠪᠠᠷᠳᠠᠭ᠎ᠠ ᠲᠠᠢ ᠡᠯᠡᠰᠦᠨ ᠴᠤᠬᠢᠶ᠎ᠠ᠂ ᠦᠵᠡᠮᠵᠢ ᠰᠠᠢᠳᠠᠢ ᠲᠠᠯ᠎ᠠ ᠨᠤᠲᠤᠭ᠂ ᠲᠤᠩᠭᠠᠯᠠᠭ ᠨᠠᠭᠤᠷ᠂ ᠴᠡᠪᠡᠷ ᠠᠭᠠᠷ ᠲᠠᠢ ᠪᠠᠢᠵᠤ᠂ ᠮᠢᠨᠦ᠍ ᠪᠤᠳᠤᠳᠠᠭ ᠡᠯᠡᠰᠦᠨ ᠴᠦᠯ ᠲᠠᠢ ᠪᠦᠷᠢᠮᠦᠰᠦᠨ ᠤᠨᠳᠤᠤ ᠪᠠᠢᠨ᠎ᠠ》 ᠭᠡᠵᠦ᠍ ᠰᠸᠴᠤᠸᠠᠨ ᠡᠴᠡ ᠢᠷᠡᠭᠰᠡᠨ ᠵᠢᠭᠤᠯᠴᠢᠯᠠᠭᠴᠢ ᠴᠧᠨ ᠯᠢ ᠰᠤᠷᠪᠤᠯᠵᠢᠯᠠᠭ᠍ᠴᠢ ᠳ᠋ᠤ ᠪᠠᠬᠠᠳᠤᠨ ᠬᠡᠯᠡᠨ᠎ᠠ᠃

ᠡᠯᠡᠰᠦᠨ ᠴᠥᠯ ᠤ᠋ᠨ ᠠᠮᠢ ᠠᠬᠤᠶ ᠶ᠋ᠢᠨ ᠡᠬᠢ ᠪᠠᠶᠠᠯᠢᠭ ᠢ᠋ ᠬᠡᠷᠬᠢᠨ ᠨᠠᠩ ᠶᠡᠬᠡ ᠰᠣᠶᠣᠯ ᠵᠢᠭᠤᠯᠴᠢᠯᠠᠯ ᠤ᠋ᠨ ᠲᠠᠲᠠᠬᠤ ᠬᠦᠴᠦᠨ ᠲᠡᠶ ᠪᠣᠯᠭᠠᠬᠤ ᠪᠣᠶ? 《ᠪᠢᠳᠡ ᠡᠯᠡᠰᠦᠨ ᠴᠥᠯ ᠤ᠋ᠨ ᠨᠣᠭᠣᠭᠠᠨ ᠪᠦᠷᠢᠳᠦ᠍ ᠶ᠋ᠢᠨ ᠠᠮᠢ ᠠᠬᠤᠶ ᠶ᠋ᠢᠨ ᠳᠠᠪᠠᠭᠤᠯᠢᠭ ᠲᠦ᠍ ᠰᠠᠭᠤᠷᠢᠯᠠᠨ᠂ ᠮᠣᠩᠭᠣᠯ ᠦᠨᠳᠦᠰᠦᠲᠡᠨ ᠤ᠋ ᠤᠯᠠᠮᠵᠢᠯᠠᠯᠲᠤ ᠪᠡᠶ᠎ᠡ ᠶ᠋ᠢᠨ ᠲᠠᠮᠢᠷ᠂ ᠠᠷᠠᠳ ᠤ᠋ᠨ ᠵᠠᠩ ᠦᠶ᠋ᠯᠡ ᠶ᠋ᠢᠨ ᠰᠣᠶᠣᠯ ᠢ᠋ ᠭᠦᠨᠵᠡᠭᠡᠶ ᠠᠭᠤᠰᠤᠯᠴᠠᠭᠤᠯᠵᠤ᠂ ᠪᠦᠬᠦᠯᠢ ᠡᠳᠦᠷ ᠤ᠋ᠨ ᠣᠨᠴᠠᠯᠢᠭ᠍ᠲᠤ ᠰᠣᠶᠣᠯ ᠵᠢᠭᠤᠯᠴᠢᠯᠠᠯ ᠤ᠋ᠨ ᠠᠵᠢᠯᠯᠠᠭ᠎ᠠ ᠡᠷᠬᠢᠯᠡᠨ᠂ ᠵᠢᠭᠤᠯᠴᠢᠯᠠᠭᠰᠠᠳ ᠲᠦ᠍ ᠪᠠᠢᠭᠠᠯᠢ ᠶ᠋ᠢᠨ ᠠᠮᠢ ᠠᠬᠤᠶ ᠶ᠋ᠢᠨ ᠭᠤᠤ᠎ᠠ ᠰᠠᠢᠬᠠᠨ ᠢ᠋ ᠣᠢᠷ᠎ᠠ ᠵᠠᠶ ᠡᠴᠡ ᠮᠡᠳᠡᠷᠡᠭᠦᠯᠬᠦ᠌ ᠶ᠋ᠢᠨ ᠬᠠᠮᠲᠤ ᠵᠤᠭᠠᠴᠠᠨ ᠨᠠᠭᠠᠳᠭᠤ ᠲᠥᠷᠥᠭ᠌ᠳᠡᠯ ᠢ᠋ ᠨᠢ ᠤᠯᠠᠮ ᠨᠢᠭᠡ ᠠᠯᠬᠤᠮ ᠪᠠᠶᠠᠯᠢᠭ᠍ᠵᠢᠭᠤᠯᠵᠤ᠂ ᠦᠵᠡᠮᠵᠢ ᠶ᠋ᠢᠨ ᠣᠷᠣᠨ ᠤ᠋ ᠠᠯᠳᠠᠷᠱᠢᠯ ᠪᠠ ᠨᠡᠷ᠎ᠠ ᠨᠦᠯᠦᠬᠡ ᠪᠠᠨ ᠲᠠᠰᠤᠷᠠᠯᠲᠠ ᠥᠬᠡᠶ ᠳᠡᠭᠡᠭ᠌ᠰᠢᠯᠡᠭᠦᠯᠪᠡ》 ᠭᠡᠵᠦ ᠲᠦᠩᠬᠤ ᠵᠢᠨ ᠲᠠᠯ᠎ᠠ ᠨᠤᠲᠤᠭ ᠤ᠋ᠨ ᠵᠢᠭᠤᠯᠴᠢᠯᠠᠯ ᠤ᠋ᠨ ᠦᠵᠡᠮᠵᠢ ᠶ᠋ᠢᠨ ᠣᠷᠣᠨ ᠤ᠋ ᠬᠠᠷᠢᠭᠤᠴᠠᠯᠭᠠᠲᠠᠨ ᠵᠣᠣ ᡁᠢ ᠵᠢᠩ ᠲᠠᠨᠢᠯᠴᠠᠭᠤᠯᠤᠯ᠎ᠠ᠃

ᠵᠣᠨ ᠤ᠋ ᠡᠬᠢ ᠪᠤᠯᠵᠤ᠂ ᠵᠢᠭᠤᠯᠴᠢᠯᠠᠯ ᠤ᠋ᠨ ᠬᠥᠭ᠌ᠵᠢᠶᠡᠨᠲᠦ ᠤᠯᠠᠷᠢᠯ ᠬᠦᠷᠴᠦ᠍ ᠢᠷᠡᠯ᠎ᠠ᠃ ᠬᠤᠶᠠᠷᠬᠤᠳᠳᠤᠭ ᠤ᠋ᠨ ᠬᠦᠳᠡᠬᠡ ᠵᠢᠨ ᠠᠮᠢ ᠠᠬᠤᠶ ᠶ᠋ᠢᠨ ᠨᠡᠭᠦᠳᠡᠯ ᠠᠷᠠᠳ ᠤ᠋ᠨ ᠵᠢᠱ᠌ᠢᠶ᠎ᠡ ᠦᠵᠡᠭᠦᠯᠬᠦ᠌ ᠣᠷᠣᠨ ᠨᠢ ᠡᠯᠡᠰᠦᠨ ᠴᠥᠯ ᠤ᠋ᠨ ᠲᠠᠯ᠎ᠠ ᠨᠤᠲᠤᠭ ᠤ᠋ᠨ ᠥᠪᠡᠷᠮᠢᠴᠡ ᠥᠩᠭᠡ ᠦᠵᠡᠮᠵᠢ᠂ ᠭᠣᠢᠳᠠ ᠰᠠᠢᠬᠠᠨ ᠰᠣᠶᠣᠯ ᠵᠢᠭᠤᠯᠴᠢᠯᠠᠯ ᠤ᠋ᠨ ᠠᠵᠢᠯᠯᠠᠭ᠎ᠠ ᠪᠣᠯᠤᠨ ᠪᠦᠷᠢᠨ ᠲᠥᠬᠥᠷ ᠦᠶ᠋ᠯᠡᠴᠢᠯᠡᠭᠡ ᠪᠡᠷ ᠢ᠋ᠶ᠋ᠡᠨ ᠵᠢᠭᠤᠯᠴᠢᠯᠠᠯ ᠤ᠋ᠨ ᠬᠠᠯᠠᠭᠤᠨ ᠥᠷᠨᠢᠯᠲᠡ ᠵᠢ ᠦᠳᠲᠡᠷ ᠲᠦᠷᠭᠡᠨ ᠤᠭ᠍ᠲᠤᠨ ᠠᠪᠴᠢᠷᠠᠵᠠᠶ᠃ ᠦᠵᠡᠮᠵᠢ ᠶ᠋ᠢᠨ ᠣᠷᠣᠨ ᠤ᠋ 《ᠡᠳᠦᠷ ᠲᠡᠬᠡᠨ ᠬᠠᠯᠠᠭᠤᠨ᠂ ᠰᠥᠨᠢ ᠳ᠋ᠡᠭᠡᠨ ᠬᠦᠶ᠋ᠲᠡᠨ》 ᠪᠠᠢᠳᠠᠭ ᠳᠤᠲᠠᠭᠤᠳᠠᠯ ᠢ᠋ ᠰᠢᠢᠳᠪᠦᠷᠢᠯᠡᠬᠦ ᠶ᠋ᠢᠨ ᠲᠥᠯᠥᠭᠡ᠂ ᠲᠦᠩᠬᠤ ᠵᠢᠨ ᠲᠠᠯ᠎ᠠ ᠨᠤᠲᠤᠭ ᠤ᠋ᠨ ᠦᠵᠡᠮᠵᠢ ᠶ᠋ᠢᠨ ᠣᠷᠣᠨ ᠳ᠋ᠤ 《ᠡᠳᠦᠷ + ᠰᠦᠨᠢ》ᠵᠢᠨ ᠵᠢᠭᠤᠯᠴᠢᠯᠠᠯ ᠤ᠋ᠨ ᠠᠵᠢᠯᠯᠠᠭ᠎ᠠ ᠲᠤᠬᠢᠷᠠᠭᠤᠯᠵᠤ᠂ ᠰᠤᠶᠤᠯ ᠵᠢᠭᠤᠯᠴᠢᠯᠠᠯ ᠤ᠋ᠨ ᠪᠠᠶᠠᠴᠢ ᠣᠢᠯᠠᠭᠠᠯᠲᠠ ᠶ᠋ᠢ ᠲᠠᠰ ᠳᠡᠪᠱᠢᠬᠦᠯᠪᠡ᠃

ᠲᠦᠩᠬᠤ ᠵᠢᠨ ᠲᠠᠯ᠎ᠠ ᠨᠤᠲᠤᠭ ᠤ᠋ᠨ ᠦᠵᠡᠮᠵᠢ ᠶ᠋ᠢᠨ ᠣᠷᠣᠨ ᠤ᠋ 《ᠲᠡᠮᠡᠭᠡᠨ ᠵᠢᠩ ᠤ᠋ᠨ ᠳᠠᠭᠤᠤ》᠂ 《ᠲᠩᠷᠢ ᠶ᠋ᠢᠨ ᠬᠦᠯᠦᠭ ᠤ᠋ᠨ ᠮᠠᠭᠳᠠᠭᠠᠯ》 ᠭᠡᠬᠦ᠌ ᠡᠳᠤᠷ ᠵᠢᠡᠷ ᠶᠠᠪᠤᠭᠳᠠᠬᠤ ᠬᠣᠶᠠᠷ ᠶᠡᠬᠡ ᠪᠣᠳᠠᠲᠤ ᠦᠵᠡᠭ᠌ᠳᠡᠯᠳᠦ ᠲᠣᠭ᠍ᠯᠠᠯᠲᠠ ᠨᠢ ᠨᠡᠯᠦᠬᠡᠷ ᠶᠡᠬᠡ ᠡᠯᠡᠰᠦᠨ ᠴᠦᠯ ᠢ᠋ᠶ᠋ᠡᠷ ᠬᠥᠱᠢᠭᠡ ᠪᠤᠯᠭᠠᠨ᠂ ᠨᠣᠮᠢᠨ ᠨᠣᠭᠣᠭᠠᠨ ᠲᠠᠯ᠎ᠠ ᠪᠡᠷ ᠲᠠᠢ᠌ᠰᠠ ᠪᠣᠯᠭᠠᠵᠤ᠂ ᠠᠷᠠᠳ ᠤ᠋ᠨ ᠵᠠᠩ ᠦᠢᠯᠡ ᠶ᠋ᠢᠨ ᠰᠣᠶᠣᠯ ᠢ᠋ ᠥᠷᠭᠡᠨ ᠠᠭᠤᠳᠠᠮ ᠪᠠᠢᠭᠠᠯᠢ ᠶ᠋ᠢᠨ ᠦᠩᠭᠡ ᠦᠵᠡᠮᠵᠢ ᠲᠡᠶ ᠵᠠᠢ ᠵᠠᠪᠰᠠᠷ ᠦᠭᠡᠢ ᠠᠭᠤᠰᠤᠯᠴᠠᠭᠤᠯᠵᠤ᠂ ᠵᠢᠭᠤᠯᠴᠢᠯᠠᠭᠰᠠᠳ ᠲᠦ᠍ ᠤᠷᠠᠯᠢᠭ ᠰᠤᠶᠤᠯ ᠤ᠋ᠨ ᠦᠪᠡᠳᠡᠭ᠌ᠰᠢ ᠨᠠᠢᠷ ᠢ᠋ ᠰᠤᠨᠢᠷᠬᠠᠭᠤᠯᠤᠨ᠎ᠠ᠃ ᠰᠥᠨᠢ ᠶ᠋ᠢᠨ ᠬᠥᠱᠢᠭᠡ ᠪᠠᠭᠤᠵᠦ ᠤᠳᠤᠳ ᠲᠦᠭᠡᠬᠦ ᠳ᠋ᠤ ᠦᠵᠡᠮᠵᠢ ᠶ᠋ᠢᠨ ᠣᠷᠣᠨ ᠤᠯᠠᠮ ᠬᠦᠭᠵᠢᠶᠡᠨ ᠲᠠᠢ ᠪᠤᠯᠵᠤ᠂ 《ᠰᠠᠨᠠᠭᠰᠠᠨ ᠬᠡᠷᠡᠭ ᠰᠡᠳᠬᠢᠴᠢᠯᠡᠨ ᠪᠦᠳᠦᠬᠦ᠌》 ᠭᠣᠣᠯ ᠰᠡᠳᠦᠪᠲᠦ ᠲᠦᠳᠡᠭ ᠭᠠᠯ ᠤ᠋ᠨ ᠦᠳᠡᠱᠢᠯᠡᠭᠡ ᠶᠠᠪᠤᠭ᠍ᠳᠠᠵᠤ᠂ ᠬᠤᠸᠠᠷ ᠫᠤᠤᠵᠢᠩ ᠰᠥᠨᠢ ᠶ᠋ᠢᠨ ᠣᠭ᠍ᠲᠠᠷᠭᠤᠢ ᠵᠢ ᠵᠦᠰᠦᠨ᠂ ᠵᠢᠭᠤᠯᠴᠢᠯᠠᠭᠰᠠᠳ ᠭᠠᠷ ᠭᠠᠷ ᠢ᠋ᠶ᠋ᠠᠨ ᠬᠣᠯᠪᠣᠨ ᠳᠠᠭᠤᠯᠠᠨ ᠪᠥᠵᠢᠭ᠌ᠯᠡᠵᠦ᠍᠂ ᠡᠯᠡᠰᠦᠨ ᠴᠦᠯ ᠤ᠋ᠨ ᠰᠦᠨᠢ ᠵᠢᠨ ᠰᠠᠯᠬᠢᠨ ᠳ᠋ᠤ ᠠᠷᠠᠳ ᠤ᠋ᠨ ᠵᠠᠩ ᠦᠢᠯᠡ ᠶ᠋ᠢᠨ ᠪᠠᠶᠠᠷ ᠪᠠᠶᠠᠰᠤᠯ ᠳ᠋ᠤ ᠰᠤᠭᠳᠤᠭᠤᠷᠠᠨ᠎ᠠ᠃

ᠭᠣᠣᠯ ᠦᠵᠡᠮᠵᠢ ᠶ᠋ᠢᠨ ᠣᠷᠣᠨ ᠨᠢ ᠡᠢᠨ ᠬᠦ᠌ ᠬᠠᠯᠠᠮᠰᠢᠯ ᠪᠤᠯᠬᠤ ᠳ᠋ᠤ ᠤᠨᠴᠠᠯᠢᠭᠳᠦ ᠠᠷᠠᠳ ᠤ᠋ᠨ ᠰᠠᠭᠤᠴᠠ ᠬᠢᠭᠡᠳ ᠬᠡᠬᠡᠷᠡᠯᠡᠨ ᠪᠠᠭᠤᠳᠠᠯᠯᠠᠬᠤ ᠵᠢᠭᠤᠯᠴᠢᠯᠠᠯ ᠨᠢ ᠴᠦ᠍ ᠬᠦᠭᠵᠢᠶᠡᠨᠳᠡᠢ ᠪᠤᠯᠵᠠᠢ᠃ ᠬᠤᠶᠠᠷᠬᠤᠳᠳᠤᠭ ᠤ᠋ᠨ ᠬᠦᠳᠡᠬᠡ ᠵᠢᠨ ᠠᠮᠢ ᠠᠬᠤᠢ ᠶ᠋ᠢᠨ ᠨᠡᠭᠦᠳᠡᠯ ᠠᠷᠠᠳ ᠤ᠋ᠨ ᠵᠢᠱ᠌ᠢᠢ᠎ᠡ ᠦᠵᠡᠭᠦᠯᠬᠦ᠌ ᠣᠷᠣᠨ ᠨᠢ ᠲᠩᠷᠢ ᠡᠯᠡᠰᠦᠨ ᠴᠦᠯ ᠎ᠤᠨ ᠡᠬᠢ ᠪᠠᠶᠠᠯᠢᠭ ᠤ᠋ᠨ ᠳᠠᠪᠠᠭᠤᠯᠢᠭ ᠪᠤᠯᠤᠨ 80 ᠭᠠᠷᠤᠶ ᠠᠷᠠᠳ ᠤ᠋ᠨ ᠰᠠᠭᠤᠴᠠ ᠶ᠋ᠢᠨ ᠴᠤᠭ᠍ᠯᠠᠷᠠᠯ᠂ ᠤᠨᠴᠠᠯᠢᠭ᠍ᠳᠤ ᠬᠤᠧᠠᠷᠠᠨ ᠳ᠋ᠤ ᠲᠦᠱᠢᠭ᠌ᠯᠡᠨ 《ᠠᠷᠠᠳ ᠤ᠋ᠨ ᠰᠠᠭᠤᠴᠠ +》 ᠵᠢᠭᠤᠯᠴᠢᠯᠠᠯ ᠤ᠋ᠨ ᠬᠥᠭ᠌ᠵᠢᠯᠲᠡ ᠶ᠋ᠢᠨ ᠵᠠᠭ᠍ᠪᠤᠷ ᠎ᠢ ᠱᠢᠨ᠎ᠡ ᠵᠢ ᠡᠭᠦᠳᠦᠨ ᠰᠦᠪᠡᠭ᠌ᠴᠢᠯᠡᠵᠦ᠍᠂ ᠠᠷᠠᠳ ᠤ᠋ᠨ ᠰᠠᠭᠤᠴᠠ ᠶ᠋ᠢᠨ ᠠᠵᠤ ᠦᠶ᠋ᠯᠡᠰ ᠬᠢᠭᠡᠳ ᠪᠠᠢᠭᠠᠯᠢ ᠶ᠋ᠢᠨ ᠥᠩᠭᠡ ᠦᠵᠡᠮᠵᠢ᠂ ᠠᠷᠠᠳ ᠤ᠋ᠨ ᠵᠠᠩ ᠦᠶ᠋ᠯᠡ ᠶ᠋ᠢᠨ ᠪᠡᠶᠡᠴᠢ ᠣᠢᠯᠠᠭᠠᠯᠲᠠ᠂ ᠰᠤᠳᠤᠯᠤᠨ ᠰᠤᠷᠤᠯᠴᠠᠬᠤ ᠡᠷᠡᠭᠦᠯᠵᠢᠯ ᠰᠤᠪᠢᠯᠠᠯᠲᠠ ᠶ᠋ᠢᠨ ᠭᠦᠨᠵᠡᠭᠡᠶ ᠠᠭᠤᠰᠤᠯᠴᠠᠯ ᠢ᠋ ᠠᠬᠢᠭᠤᠯᠵᠤ᠂ ᠣᠯᠠᠨ ᠡᠱᠢᠵᠢᠭ᠌ᠰᠡᠨ᠂ ᠴᠢᠨᠠᠷ ᠰᠠᠢᠲᠠᠶ ᠠᠷᠠᠳ ᠤ᠋ᠨ ᠰᠠᠭᠤᠴᠠ ᠶ᠋ᠢᠨ ᠪᠡᠶᠡᠴᠢ ᠣᠢᠯᠠᠭᠠᠯᠲᠠ ᠵᠢ ᠪᠣᠶ ᠪᠣᠯᠭᠠᠨ᠂ ᠤᠳᠤᠬᠠᠨ ᠤ᠋ ᠥᠪᠡᠷᠮᠢᠴᠡ ᠵᠢᠭᠤᠯᠴᠢᠯᠠᠯ᠂ ᠪᠡᠶᠡᠴᠢᠯᠡᠨ ᠤᠷᠤᠯᠴᠠᠬᠤ ᠮᠠᠶᠢᠭ ᠤ᠋ᠨ ᠵᠢᠭᠤᠯᠴᠢᠯᠠᠯ ᠤ᠋ᠨ ᠬᠡᠷᠡᠭ᠌ᠴᠡᠭᠡ ᠱᠠᠭᠠᠷᠳᠠᠯᠭ᠎ᠠ ᠲᠠᠢ ᠨᠠᠷᠢᠨ ᠣᠨᠣᠴᠠᠲᠠᠶ ᠵᠣᠯᠭᠠᠭᠤᠯᠵᠤ᠂ ᠰᠣᠶᠣᠯ ᠵᠢᠭᠤᠯᠴᠢᠯᠠᠯ ᠤ᠋ᠨ ᠵᠠᠬ᠎ᠠ ᠳᠡᠯᠭᠡᠭᠦᠷ ᠤ᠋ᠨ ᠱᠢᠨ᠎ᠡ ᠬᠢᠯᠠᠰ ᠴᠡᠭ ᠪᠤᠯᠭᠠᠪᠠ᠃

ᠬᠤᠶᠠᠷᠬᠤᠳᠳᠤᠭ ᠤ᠋ᠨ ᠬᠦᠳᠡᠬᠡ ᠵᠢᠨ ᠠᠮᠢ ᠠᠬᠤᠢ ᠶ᠋ᠢᠨ ᠨᠡᠭᠦᠳᠡᠯ ᠠᠷᠠᠳ ᠤ᠋ᠨ ᠵᠢᠱ᠌ᠢᠢ᠎ᠡ ᠦᠵᠡᠭᠦᠯᠬᠦ᠌ ᠣᠷᠣᠨ ᠨᠢ ᠠᠯᠠᠱᠠ ᠠᠢᠮᠠᠭ ᠤ᠋ᠨ ᠠᠩᠬᠠᠳᠠᠭ᠍ᠴᠢ ᠥᠪᠡᠷᠲᠡᠭᠡᠨ ᠵᠠᠰᠠᠬᠤ ᠣᠷᠣᠨ ᠤ᠋ ᠲᠠᠰ ᠤ᠋ᠨ ᠵᠢᠭᠤᠯᠴᠢᠯᠠᠯ ᠠᠮᠠᠷᠠᠯᠲᠠ ᠶ᠋ᠢᠨ ᠣᠷᠣᠨ ᠪᠠᠢᠵᠤ᠂ ᠣᠢᠷ᠎ᠠ ᠶ᠋ᠢᠨ ᠵᠢᠯ ᠳ᠋ᠤ ᠰᠣᠶᠣᠯ ᠵᠢᠭᠤᠯᠴᠢᠯᠠᠯ ᠢ᠋ ᠠᠭᠤᠰᠤᠯᠴᠠᠭᠤᠯᠤᠨ ᠬᠥᠭ᠌ᠵᠢᠭᠦᠯᠬᠦ᠌ ᠵᠠᠮ ᠢ᠋ ᠭᠦᠨᠵᠡᠭᠡᠶ ᠰᠤᠳᠤᠯᠤᠨ ᠨᠡᠭᠡᠭᠡᠵᠦ᠂ ᠣᠯᠠᠨ ᠡᠱᠢᠵᠢᠭ᠌ᠰᠡᠨ ᠵᠢᠭᠤᠯᠴᠢᠯᠠᠯ ᠤ᠋ᠨ ᠪᠦᠲᠦᠭᠡᠭ᠌ᠳᠡᠬᠦᠨ ᠭᠠᠷᠭᠠᠨ᠂ ᠦᠶ᠋ᠯᠡᠴᠢᠯᠡᠭᠡᠨ ᠤ᠋ ᠪᠠᠲᠤᠯᠠᠭ᠎ᠠ ᠶ᠋ᠢᠨ ᠱᠢᠰᠲ᠋ᠧᠮ ᠢ᠋ ᠲᠡᠭᠦᠯᠳᠡᠷᠵᠢᠭᠦᠯᠵᠦ᠍᠂ 《ᠡᠯᠡᠰᠦᠨ ᠴᠥᠯ ᠳ᠋ᠤ ᠰᠤᠳᠤᠯᠤᠨ ᠰᠤᠷᠤᠯᠴᠠᠬᠤ + ᠰᠣᠶᠣᠯ ᠢ᠋ ᠪᠡᠶᠡᠴᠢᠯᠡᠨ ᠣᠢᠯᠠᠭᠠᠬᠤ + ᠠᠮᠢ ᠠᠬᠤᠶ ᠶ᠋ᠢᠨ ᠵᠢᠭᠤᠯᠴᠢᠯᠠᠯ》 ᠢ᠋ ᠠᠭᠤᠰᠤᠯᠴᠠᠭᠤᠯᠤᠨ ᠬᠥᠭ᠌ᠵᠢᠭᠦᠯᠬᠦ᠌ ᠵᠠᠭ᠍ᠪᠤᠷ ᠢ᠋ ᠪᠠᠢᠭᠤᠯᠤᠨ᠂ 《ᠡᠳᠦᠷ ᠨᠢ ᠦᠵᠡᠮᠵᠢ ᠰᠤᠨᠢᠷᠬᠠᠨ᠂ ᠣᠷᠣᠶ ᠨᠢ ᠲᠣᠭ᠍ᠯᠠᠭᠠᠮ ᠲᠤᠭᠯᠠᠵᠤ᠂ ᠳᠥᠷᠪᠡᠨ ᠤᠯᠠᠷᠢᠯ ᠳ᠋ᠤ ᠬᠠᠯᠠᠮᠱᠢᠯ ᠲᠠᠶ》 ᠪᠦᠬᠦᠯᠢ ᠡᠳᠦᠷ ᠤ᠋ᠨ᠂ ᠪᠥᠬᠥ᠌ ᠣᠷᠣᠨ ᠪᠦᠰᠡ ᠶ᠋ᠢᠨ ᠰᠣᠶᠣᠯ ᠵᠢᠭᠤᠯᠴᠢᠯᠠᠯ ᠤ᠋ᠨ ᠬᠡᠷᠡᠭ᠌ᠯᠡᠭᠡᠨ ᠤ᠋ ᠪᠠᠢᠷᠢᠱᠢᠯ ᠢ᠋ ᠪᠦᠷᠢᠯᠳᠦᠭᠦᠯᠵᠦ᠍᠂ ᠰᠣᠶᠣᠯ ᠵᠢᠭᠤᠯᠴᠢᠯᠠᠯ ᠤ᠋ᠨ ᠬᠥᠭ᠌ᠵᠢᠯᠲᠡ ᠶ᠋ᠢᠨ ᠱᠢᠨ᠎ᠡ ᠬᠥᠳᠡᠯᠭᠡᠬᠦ᠌ ᠡᠨᠧᠷᠭᠢ ᠵᠢ ᠲᠠᠰᠤᠷᠠᠯᠳᠠ ᠦᠬᠡᠢ ᠬᠥᠭ᠌ᠵᠢᠭᠡᠪᠡ᠃ ᠡᠨᠡ ᠵᠢᠯ ᠤ᠋ᠨ 《5·1》 ᠤ᠋ ᠠᠮᠠᠷᠠᠯᠲᠠ ᠶ᠋ᠢᠨ ᠬᠤᠭᠤᠴᠠᠭᠠᠨ ᠳ᠋ᠤ ᠲᠣᠰ ᠵᠢᠱ᠌ᠢᠶ᠎ᠡ ᠦᠵᠡᠭᠦᠯᠬᠦ᠌ ᠣᠷᠣᠨ ᠨᠢ 6.5 ᠲᠦᠮᠡᠨ ᠬᠥᠮᠦᠨ ᠤᠳᠠᠭ᠎ᠠ ᠵᠢᠨ ᠵᠢᠭᠤᠯᠴᠢᠯᠠᠭᠴᠢ ᠵᠢ ᠭᠥᠯᠢᠶᠡᠨ ᠠᠪᠴᠤ᠌᠂ 2881.18 ᠲᠦᠮᠡᠨ ᠲᠥᠭᠥᠷᠢᠭ ᠤ᠋ᠨ ᠵᠢᠭᠤᠯᠴᠢᠯᠠᠯ ᠤ᠋ᠨ ᠣᠷᠣᠯᠭ᠎ᠠ ᠤᠯᠵᠠᠢ᠃

《ᠪᠢᠳᠡ ᠵᠢᠭᠤᠯᠴᠢᠯᠠᠭ᠍ᠰᠠᠳ ᠤ᠋ᠨ ᠪᠡᠶᠡᠴᠢᠯᠡᠨ ᠣᠢᠯᠠᠭᠠᠬᠤ ᠲᠥᠷᠥᠭ᠌ᠳᠡᠯ ᠢ᠋ ᠳᠡᠭᠡᠭ᠌ᠰᠢᠯᠡᠭᠦᠯᠬᠦ᠌ ᠵᠢ ᠲᠡᠷᠢᠭᠦᠨ ᠳ᠋ᠤ ᠲᠠᠯᠪᠢᠵᠤ᠂ ᠥᠷᠭᠡᠨ ᠣᠯᠠᠨ ᠵᠢᠭᠤᠯᠴᠢᠯᠠᠭ᠍ᠰᠠᠳ ᠲᠦ᠍ ᠦᠷᠭᠦᠯᠵᠢᠯᠡᠨ ᠴᠢᠨᠠᠷ ᠰᠠᠢᠲᠠᠶ ᠳᠥᠭᠥᠮ ᠳᠥᠲᠡ ᠦᠶ᠋ᠯᠡᠴᠢᠯᠡᠭᠡ ᠬᠠᠩᠭᠠᠨ᠂ ᠲᠠᠭᠠᠯᠠᠮᠵᠢᠲᠠᠶ ᠪᠦᠬᠡᠳ ᠲᠠᠪᠠᠳᠠᠢ ᠵᠢᠭᠤᠯᠴᠢᠯᠠᠯ ᠤ᠋ᠨ ᠣᠷᠴᠢᠨ ᠨᠥᠬᠥᠴᠡᠯ ᠢ᠋ ᠪᠣᠶ ᠪᠣᠯᠭᠠᠵᠤ᠂ ᠵᠢᠭᠤᠯᠴᠢᠯᠠᠭ᠍ᠰᠠᠳ ᠤ᠋ᠨ ᠵᠤᠷᠢᠯᠳᠠᠳᠦ ᠤᠷᠤᠨ᠂ ᠬᠤᠷᠭᠤᠳᠠᠬᠤ ᠤᠷᠤᠨ ᠪᠣᠯᠭᠠᠪᠠ》 ᠬᠡᠵᠦ ᠬᠤᠶᠠᠷᠬᠤᠳᠳᠤᠭ ᠤ᠋ᠨ ᠬᠦᠳᠡᠬᠡ ᠵᠢᠨ ᠠᠮᠢ ᠠᠬᠤᠢ ᠶ᠋ᠢᠨ ᠨᠡᠭᠦᠳᠡᠯ ᠠᠷᠠᠳ ᠤ᠋ᠨ ᠵᠢᠱ᠌ᠢᠢ᠎ᠡ ᠦᠵᠡᠭᠦᠯᠬᠦ᠌ ᠣᠷᠣᠨ ᠤ᠋ ᠨᠡᠢᠭᠡᠮ ᠤ᠋ᠨ ᠬᠡᠷᠡᠭ ᠶᠠᠪᠤᠳᠠᠯ ᠤ᠋ᠨ ᠲᠣᠪᠴᠢᠶ᠎ᠠ ᠵᠢᠨ ᠳᠡᠳ᠋ ᠳᠠᠷᠤᠭ᠎ᠠ ᠭᠠᠨ ᠸᠧᠶ ᠴᠤᠤ ᠲᠠᠨᠢᠯᠴᠠᠭᠤᠯᠤᠨ᠎ᠠ᠃


  [ᠰᠤᠷᠪᠤᠯᠵᠢᠯᠠᠭ᠍ᠴᠢ ᠶ᠋ᠢᠨ ᠡᠪᠤᠷ ᠲᠡᠮᠳᠡᠭ᠌ᠯᠡᠯ]

ᠬᠤᠶᠠᠷᠬᠤᠳᠳᠤᠭ ᠤ᠋ᠨ ᠬᠦᠳᠡᠬᠡ ᠵᠢᠨ ᠠᠮᠢ ᠠᠬᠤᠢ ᠶ᠋ᠢᠨ ᠨᠡᠭᠦᠳᠡᠯ ᠠᠷᠠᠳ ᠤ᠋ᠨ ᠵᠢᠱ᠌ᠢᠢ᠎ᠡ ᠦᠵᠡᠭᠦᠯᠬᠦ᠌ ᠣᠷᠣᠨ ᠤ᠋ ᠲᠩᠷᠢ ᠡᠯᠡᠰᠦᠨ ᠳ᠋ᠤ ᠡᠯᠡᠰᠦᠨ ᠴᠦᠯ ᠤ᠋ᠨ ᠬᠣᠭᠣᠷᠣᠨᠳᠣ ᠨᠣᠭᠣᠭᠠᠨ ᠪᠦᠷᠢᠳᠦ ᠦᠷᠭᠦᠯᠵᠢᠯᠡᠵᠦ᠍᠂ ᠴᠡᠯᠡᠭᠡᠷ ᠲᠤᠩᠭᠠᠯᠠᠭ ᠨᠠᠭᠤᠷ ᠤ᠋ᠨ ᠤᠰᠤ ᠨᠢ ᠰᠤᠷᠪᠤᠯᠵᠢᠯᠠᠭ᠍ᠴᠢ ᠶ᠋ᠢᠨ ᠡᠯᠡᠰᠦᠨ ᠴᠦᠯ ᠤ᠋ᠨ ᠲᠤᠬᠠᠢ ᠰᠠᠭᠤᠭ᠍ᠳᠠᠯ ᠢ᠋ ᠲᠤᠢᠯᠪᠤᠷᠢᠲᠠᠢ ᠦᠬᠡᠷᠡᠴᠢᠯᠡᠪᠠ᠃

 ᠬᠤᠶᠠᠷᠬᠤᠳᠳᠤᠭ ᠤ᠋ᠨ ᠬᠦᠳᠡᠬᠡ ᠵᠢᠨ ᠠᠮᠢ ᠠᠬᠤᠢ ᠶ᠋ᠢᠨ ᠨᠡᠭᠦᠳᠡᠯ ᠠᠷᠠᠳ ᠤ᠋ᠨ ᠵᠢᠱ᠌ᠢᠢ᠎ᠡ ᠦᠵᠡᠭᠦᠯᠬᠦ᠌ ᠣᠷᠣᠨ ᠨᠢ ᠡᠬᠢ ᠪᠠᠶᠠᠯᠢᠭ ᠤ᠋ᠨ ᠳᠠᠪᠠᠭᠤᠯᠢᠭ ᠲᠠᠭᠠᠨ ᠰᠠᠭᠤᠷᠢᠯᠠᠨ᠂ ᠰᠣᠶᠣᠯ ᠵᠢᠭᠤᠯᠴᠢᠯᠠᠯ ᠤ᠋ᠨ ᠠᠭᠤᠰᠤᠯᠴᠠᠯ  ᠢ᠋ ᠭᠦᠨᠵᠡᠭᠡᠢᠷᠡᠭᠦᠯᠵᠦ᠍᠂ ᠱᠢᠨ᠎ᠡ ᠵᠢ ᠡᠭᠦᠳᠬᠦ᠌ ᠪᠡᠷ ᠬᠦᠭᠵᠢᠯᠳᠡ ᠵᠢ ᠠᠬᠢᠭᠤᠯᠤᠨ᠂ ᠶᠠᠰᠤ ᠴᠢᠨᠠᠷ ᠵᠢᠡᠷ ᠬᠦᠴᠦᠨ ᠢ᠋ ᠨᠢᠭ᠍ᠲᠠᠷᠠᠭᠤᠯᠵᠤ᠂ ᠠᠮᠢ ᠠᠬᠤᠢ ᠶ᠋ᠢᠨ ᠵᠢᠭᠤᠯᠴᠢᠯᠠᠯ᠂ ᠠᠷᠠᠳ ᠤ᠋ᠨ ᠵᠠᠩ ᠦᠢᠯᠡ ᠵᠢ ᠪᠡᠶᠡᠴᠢᠯᠡᠨ ᠣᠢᠯᠠᠭᠠᠬᠤ᠂ ᠡᠯᠡᠰᠦ ᠮᠠᠩᠬ᠎ᠠ ᠪᠡᠷ ᠰᠤᠳᠤᠯᠤᠨ ᠰᠤᠷᠤᠯᠴᠠᠬᠤ ᠵᠡᠷᠭᠡ ᠡᠵᠡᠩᠨᠡᠯᠲᠡ ᠶ᠋ᠢᠨ ᠬᠡᠯᠪᠡᠷᠢ ᠵᠢ ᠤᠷᠠᠨ ᠬᠠᠪᠤᠯᠢᠭ ᠵᠢᠡᠷ ᠠᠭᠤᠰᠤᠯᠴᠠᠭᠤᠯᠵᠤ᠂ ᠥᠪᠡᠷᠮᠢᠴᠡ ᠣᠨᠴᠠᠯᠢᠭ ᠲᠠᠢ ᠰᠣᠶᠣᠯ ᠵᠢᠭᠤᠯᠴᠢᠯᠠᠯ ᠤ᠋ᠨ ᠬᠥᠭ᠌ᠵᠢᠯᠲᠡ ᠶ᠋ᠢᠨ ᠵᠠᠮ ᠢ᠋ ᠨᠡᠭᠡᠭᠡᠨ᠂ ᠡᠯᠡᠰᠦᠨ ᠴᠦᠯ ᠤ᠋ᠨ ᠦᠩᠭᠡ ᠦᠵᠡᠮᠵᠢ ᠳ᠋ᠤ ᠱᠢᠨ᠎ᠡ ᠭᠡᠷᠡᠯ ᠭᠢᠯᠪᠠᠭ᠎ᠠ ᠨᠡᠮᠡᠷᠢᠯᠡᠭ᠌ᠰᠡᠨ ᠢ᠋ᠶ᠋ᠡᠷ ᠪᠠᠷᠠᠬᠤ ᠦᠭᠡᠢ ᠰᠣᠶᠣᠯ ᠵᠢᠭᠤᠯᠴᠢᠯᠠᠯ ᠤ᠋ᠨ ᠠᠭᠤᠰᠤᠯᠴᠠᠯ ᠳ᠋ᠤ ᠡᠨ᠋ᠸᠷᠬᠢ ᠨᠡᠮᠡᠷᠢᠯᠡᠬᠦ᠌ ᠬᠢᠵᠠᠭᠠᠯᠠᠰᠢ ᠦᠭᠡᠢ ᠪᠣᠯᠤᠯᠴᠠᠭ᠎ᠠ ᠵᠢ ᠢᠯᠡᠷᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号