5 ᠰᠠᠷ᠎ᠠ᠎ᠶ᠋ᠢᠨ 25 ᠤ᠋ ᠦᠳᠡ᠎ᠶ᠋ᠢᠨ ᠬᠣᠢᠨ᠎ᠠ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠲᠦᠷᠦ᠍᠎ᠶ᠋ᠢᠨ ᠶᠠᠪᠤᠳᠠᠯ᠎ᠤᠨ ᠠᠢᠯᠴᠢᠯᠠᠯᠲᠠ ᠬᠢᠬᠦ᠌᠎ᠪᠡᠷ ᠳᠤᠮᠳᠠᠳᠤ ᠤᠯᠤᠰ᠎ᠲᠤ ᠢᠷᠡᠭ᠌ᠰᠡᠨ ᠰᠸᠷᠪᠢᠶ᠎ᠠ ᠵᠢᠨ ᠶᠡᠷᠦᠩᠬᠡᠢᠯᠡᠭ᠌ᠴᠢ ᠥᠴᠢᠴᠢ᠎ᠲᠡᠶ ᠬᠡᠯᠡᠯᠴᠡᠭᠡ ᠬᠢᠪᠡ᠃
ᠰᠢ ᠵᠢᠨ ᠫᠢᠩ᠂ 2024 ᠣᠨ᠎ᠳᠤ ᠪᠢ ᠰᠸᠷᠪᠢᠶ᠎ᠠ᠎ᠳᠤ ᠲᠦᠷᠦ᠍᠎ᠶ᠋ᠢᠨ ᠶᠠᠪᠤᠳᠠᠯ᠎ᠤᠨ ᠠᠢᠯᠴᠢᠯᠠᠯᠲᠠ ᠬᠢᠵᠦ᠍᠂ ᠬᠣᠶᠠᠷ ᠲᠠᠯ᠎ᠠ᠎ᠪᠠᠷ᠎ᠢᠶᠠᠨ ᠱᠢᠨ᠎ᠡ ᠴᠠᠭ ᠦᠶ᠎ᠡ᠎ᠶ᠋ᠢᠨ ᠳᠤᠮᠳᠠᠳᠤ ᠰᠸᠷᠪᠢᠶ᠎ᠠ ᠵᠢᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ ᠴᠣ ᠱᠢᠨ᠎ᠡ ᠬᠠᠭᠤᠳᠠᠰᠤ᠎ᠶ᠋ᠢ ᠬᠠᠮᠲᠤ᠎ᠪᠠᠷ ᠨᠡᠭᠡᠭᠡᠪᠡ᠃ ᠬᠣᠶᠠᠷ ᠵᠢᠯ᠎ᠦᠨ ᠲᠤᠷᠰᠢ᠂ ᠳᠤᠮᠳᠠᠳᠤ ᠰᠧᠷᠪᠢᠶ᠎ᠠ᠎ᠶ᠋ᠢᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ ᠢᠳᠡᠪᠬᠢᠲᠡᠢ ᠦᠷ᠎ᠡ ᠪᠦᠲᠦᠭᠡᠯ ᠣᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠪᠤᠶᠠᠨ ᠦᠢᠯᠡᠳᠦᠭ᠌ᠰᠡᠨ᠎ᠢᠶᠡᠷ ᠪᠠᠷᠠᠬᠤ ᠦᠭᠡᠢ ᠪᠠᠰᠠ ᠤᠯᠤᠰ ᠪᠣᠯᠤᠨ ᠤᠯᠤᠰ᠎ᠤᠨ ᠬᠣᠭᠣᠷᠣᠨᠳᠣᠬᠢ ᠬᠠᠷᠢᠯᠴᠠᠭ᠎ᠠ᠎ᠶ᠋ᠢᠨ ᠬᠡᠪ ᠳᠠᠭᠤᠷᠢᠶᠠᠯ᠎ᠢ ᠪᠤᠢ ᠪᠣᠯᠭᠠᠵᠠᠢ᠃ ᠳᠤᠮᠳᠠᠳᠤ ᠰᠸᠷᠪᠢᠶ᠎ᠠ ᠬᠣᠶᠠᠷ ᠦᠨᠳᠦᠰᠦᠲᠡᠨ ᠴᠥᠮ ᠬᠦᠴᠢᠷ ᠪᠡᠷᠬᠡᠱᠢᠶᠡᠯ ᠭᠡᠷᠡᠯ ᠰᠠᠴᠤᠷᠠᠩᠭᠤᠢ᠎ᠶ᠋ᠢ ᠥᠩᠭᠡᠷᠡᠭᠡᠵᠦ᠍᠂ ᠴᠥᠮ ᠱᠢᠨᠲᠠᠷᠠᠰᠢ ᠦᠭᠡᠢ᠂ ᠨᠤᠭᠤᠷᠠᠰᠢ ᠦᠭᠡᠢ ᠵᠣᠷᠢᠭ ᠰᠠᠨᠠᠭᠠᠨ᠎ᠤ ᠬᠡᠪ ᠴᠢᠨᠠᠷᠲᠠᠶ ᠪᠠᠢᠵᠤ᠂ ᠴᠥᠮ ᠪᠡᠶ᠎ᠡ᠎ᠪᠡᠨ ᠳᠠᠭᠠᠭᠠᠵᠤ ᠡᠵᠡᠨ ᠮᠡᠳᠡᠬᠦ᠌ ᠵᠢ ᠡᠷᠡᠰ ᠬᠦᠬᠡᠬᠡᠴᠡᠯᠳᠦᠵᠦ᠂ ᠦᠨᠳᠦᠰᠦᠲᠡᠨ᠎ᠦ ᠨᠡᠷ᠎ᠡ ᠬᠦᠨᠳᠦ᠍᠎ᠪᠡᠨ ᠡᠷᠡᠰ ᠬᠠᠮᠠᠭᠠᠯᠠᠵᠤ᠂ ᠴᠥᠮ ᠡᠩᠬᠡ ᠲᠠᠢᠪᠤᠩ ᠬᠥᠭ᠌ᠵᠢᠯᠲᠡ᠎ᠶ᠋ᠢ ᠪᠠᠷᠢᠮᠲᠠᠯᠠᠬᠤ᠂ ᠲᠥᠪ ᠭᠣᠣᠯᠴᠢ ᠱᠢᠳᠤᠷᠭᠤ ᠶᠣᠰᠣ᠎ᠶ᠋ᠢ ᠪᠠᠲᠤ ᠰᠠᠬᠢᠬᠤ ᠲᠤᠬᠠᠢ ᠭᠦᠨᠵᠡᠭᠡᠢ ᠣᠢᠯᠠᠭᠠᠯᠲᠠ᠎ᠲᠠᠶ ᠶᠤᠮ᠃ ᠬᠣᠶᠠᠷ ᠲᠠᠯ᠎ᠠ᠎ᠪᠠᠷ᠎ᠢᠶᠠᠨ ᠶᠠᠪᠤᠯᠴᠠᠭ᠎ᠠ᠎ᠪᠠᠨ ᠴᠢᠩᠭᠠᠳᠭᠠᠵᠤ᠂ ᠢᠲᠡᠭᠡᠯᠴᠡᠭᠡ᠎ᠪᠡᠨ ᠪᠡᠬᠢᠵᠢᠭᠦᠯᠵᠦ᠍᠂ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠬᠠᠷᠢᠯᠴᠠᠨ ᠳᠡᠮᠵᠢᠯᠴᠡᠵᠦ᠍᠂ ᠬᠤᠪᠢ ᠵᠠᠶᠠᠭ᠎ᠠ᠎ᠪᠠᠨ ᠬᠠᠮᠲᠤᠳᠭᠠᠬᠤ᠂ ᠬᠠᠮᠲᠤ᠎ᠪᠠᠷ ᠴᠡᠴᠡᠭ᠌ᠯᠡᠨ ᠬᠥᠭ᠌ᠵᠢᠬᠦ᠌ ᠭᠡᠭᠡᠨ ᠰᠠᠷᠠᠭᠤᠯ ᠵᠠᠮ᠎ᠢᠶᠠᠷ ᠭᠠᠷ ᠬᠣᠯᠪᠣᠨ ᠵᠠᠮᠨᠠᠵᠤ᠂ ᠳᠤᠮᠳᠠᠳᠤ ᠰᠧᠷᠪᠢᠶ᠎ᠠ᠎ᠶ᠋ᠢᠨ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠨᠢᠲᠠᠨ᠎ᠤ ᠬᠠᠷᠢᠯᠴᠠᠭ᠎ᠠ᠎ᠶ᠋ᠢᠨ ᠱᠢᠨ᠎ᠡ ᠦᠨᠳᠦᠷᠴᠡ᠎ᠳᠤ ᠭᠠᠷᠬᠤ᠎ᠶ᠋ᠢ ᠠᠬᠢᠭᠤᠯᠤᠶ᠎ᠠ ᠭᠡᠵᠦ ᠵᠢᠭᠠᠵᠤ ᠭᠠᠷᠭᠠᠪᠠ᠃

5 ᠰᠠᠷ᠎ᠠ᠎ᠶ᠋ᠢᠨ 25 ᠤ᠋ ᠦᠳᠡ᠎ᠶ᠋ᠢᠨ ᠬᠣᠢᠨ᠎ᠠ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠲᠦᠷᠦ᠍᠎ᠶ᠋ᠢᠨ ᠶᠠᠪᠤᠳᠠᠯ᠎ᠤᠨ ᠠᠢᠯᠴᠢᠯᠠᠯᠲᠠ ᠬᠢᠬᠦ᠌᠎ᠪᠡᠷ ᠳᠤᠮᠳᠠᠳᠤ ᠤᠯᠤᠰ᠎ᠲᠤ ᠢᠷᠡᠭ᠌ᠰᠡᠨ ᠰᠸᠷᠪᠢᠶ᠎ᠠ ᠵᠢᠨ ᠶᠡᠷᠦᠩᠬᠡᠢᠯᠡᠭ᠌ᠴᠢ ᠥᠴᠢᠴᠢ᠎ᠲᠡᠶ ᠬᠡᠯᠡᠯᠴᠡᠭᠡ ᠬᠢᠪᠡ᠃ ᠵᠢᠷᠤᠭ ᠪᠤᠯ ᠬᠡᠯᠡᠯᠴᠡᠭᠡ ᠬᠢᠬᠦ ᠡᠴᠡ ᠡᠮᠦᠨ᠎ᠡ ᠰᠢ ᠵᠢᠨ ᠫᠢᠩ ᠬᠠᠳᠤᠨ ᠫᠸᠩ ᠯᠢ ᠶᠤᠸᠠᠨ᠎ᠲᠠᠶ᠎ᠪᠠᠨ ᠥᠴᠢᠴᠢ ᠪᠣᠯᠤᠨ ᠲᠡᠭᠦᠨ᠎ᠦ ᠬᠠᠳᠤᠨ ᠲᠠᠮᠠᠯᠠ ᠲᠠᠢ ᠬᠠᠮᠲᠤ ᠵᠢᠨ ᠭᠡᠷᠡᠯ ᠵᠢᠷᠤᠭ ᠲᠠᠲᠠᠭᠤᠯᠵᠤ ᠪᠠᠢᠭ᠎ᠠ ᠨᠢ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠭᠴᠢ ᠰᠢᠶᠧ ᠬᠤᠸᠠᠨ ᠤ᠋ᠤᠢ ᠰᠡᠭᠦᠳᠡᠷᠯᠡᠪᠡ
ᠰᠢ ᠵᠢᠨ ᠫᠢᠩ᠂ ᠳᠤᠮᠳᠠᠳᠤ ᠰᠸᠷᠪᠢᠶ᠎ᠠ ᠵᠢᠨ ᠪᠠᠲᠤ ᠪᠡᠬᠢ ᠨᠥᠬᠥᠷᠯᠡᠯ ᠪᠣᠯ ᠥᠪᠡᠷᠮᠢᠴᠡ ᠣᠨᠴᠠᠯᠢᠭ᠎ᠲᠠᠶ᠂ ᠭᠦᠨ ᠵᠤᠵᠠᠭᠠᠨ ᠲᠡᠦᠬᠡ᠎ᠶ᠋ᠢᠨ ᠯᠣᠭᠢᠭ ᠪᠠ ᠪᠣᠳᠠᠲᠤ ᠰᠠᠭᠤᠷᠢ᠎ᠲᠠᠶ ᠶᠤᠮ᠃ ᠬᠣᠶᠠᠷ ᠲᠠᠯ᠎ᠠ᠎ᠪᠠᠷ᠎ᠢᠶᠠᠨ ᠦᠷᠭᠦᠯᠵᠢᠯᠡᠨ ᠡᠷᠡᠰ ᠲᠡᠮᠵᠢᠯᠴᠡᠶᠡ᠃ ᠳᠤᠮᠳᠠᠳᠤ ᠤᠯᠤᠰ ᠰᠧᠷᠪᠢᠶ᠎ᠠ᠎ᠶ᠋ᠢᠨ ᠬᠢᠨ᠎ᠦ ᠲᠤᠰ ᠤᠯᠤᠰ᠎ᠤᠨ᠎ᠢᠶᠠᠨ ᠪᠠᠢᠳᠠᠯ᠎ᠳᠤ ᠨᠡᠢᠴᠡᠭ᠌ᠰᠡᠨ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠬᠤ᠎ᠶ᠋ᠢ ᠳᠡᠮᠵᠢᠵᠦ᠍᠂ ᠳᠤᠷᠠᠲᠠᠶ᠎ᠠ ᠰᠧᠷᠪᠢᠶ᠎ᠠ᠎ᠶ᠋ᠢᠨ ᠬᠢᠨ᠎ᠲᠡᠶ ᠲᠦᠷᠦ᠍᠎ᠶ᠋ᠢ ᠵᠠᠰᠠᠬᠤ ᠲᠤᠷᠱᠢᠯᠭ᠎ᠠ᠎ᠶ᠋ᠢᠨ ᠰᠣᠯᠢᠯᠴᠠᠭ᠎ᠠ᠎ᠪᠠᠨ ᠴᠢᠩᠭᠠᠳᠭᠠᠨ᠎ᠠ᠃ ᠳᠤᠮᠳᠠᠳᠤ ᠤᠯᠤᠰ᠎ᠤᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ ᠴᠢᠨᠠᠷ ᠰᠠᠢᠲᠠᠢ ᠬᠥᠭ᠌ᠵᠢᠯᠲᠡ᠎ᠶ᠋ᠢᠨ ᠬᠠᠷᠠᠯᠲᠠ᠎ᠶ᠋ᠢ ᠪᠦᠬᠦ᠌ ᠲᠠᠯ᠎ᠠ᠎ᠪᠠᠷ ᠪᠠᠢᠷᠢᠱᠢᠭᠤᠯᠪᠠ᠂ ᠬᠣᠶᠠᠷ ᠲᠠᠯ᠎ᠠ᠎ᠪᠠᠷ᠎ᠢᠶᠠᠨ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠵᠣᠯᠭᠠᠯᠴᠠᠭ᠎ᠠ᠎ᠪᠠᠨ ᠴᠢᠩᠭᠠᠳᠭᠠᠵᠤ᠂ 《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠪᠦᠳᠦᠭᠡᠨ ᠪᠠᠢᠭᠤᠯᠬᠤ ᠳᠤᠮᠳᠠ ᠬᠤᠭᠤᠴᠠᠭᠠᠨ᠎ᠤ ᠠᠵᠢᠯᠯᠠᠭᠠᠨ᠎ᠤ ᠲᠥᠯᠥᠪᠯᠡᠭᠡ᠎ᠶ᠋ᠢ ᠰᠠᠢᠲᠤᠷ ᠨᠠᠢᠳᠠᠪᠤᠷᠢᠵᠢᠭᠤᠯᠵᠤ᠂ ᠵᠠᠮ ᠬᠠᠷᠢᠯᠴᠠᠭ᠎ᠠ ᠪᠠ ᠡᠨᠧᠷᠭᠢ᠎ᠶ᠋ᠢᠨ ᠰᠠᠭᠤᠷᠢ ᠲᠥᠬᠥᠭᠡᠷᠦᠮᠵᠢ ᠵᠡᠷᠭᠡ ᠬᠦᠷᠢᠶᠡᠨ᠎ᠦ ᠬᠠᠮᠲᠤᠷᠠᠯᠴᠠᠭ᠎ᠠ᠎ᠶ᠋ᠢ ᠦᠷᠭᠦᠯᠵᠢᠯᠡᠨ ᠠᠬᠢᠭᠤᠯᠤᠶ᠎ᠠ᠃ ᠰᠢᠨ᠎ᠡ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠤᠪᠢᠰᠬᠠᠯ ᠪᠣᠯᠣᠨ ᠠᠵᠤ ᠦᠢᠯᠡᠰ᠎ᠦᠨ ᠬᠤᠪᠢᠰᠤᠯᠲᠠ᠎ᠶᠢᠨ ᠤᠷᠤᠰᠬᠠᠯ᠎ᠤᠨ ᠡᠮᠦᠨ᠎ᠡ᠂ ᠬᠣᠶᠠᠷ ᠲᠠᠯ᠎ᠠ᠎ᠪᠠᠷ᠎ᠢᠶᠠᠨ ᠵᠣᠬᠢᠶᠠᠮᠠᠯ ᠤᠶᠤᠨ ᠴᠢᠳᠠᠪᠤᠷᠢ᠂ ᠲᠣᠭᠠᠴᠢᠯᠠᠭᠰᠠᠨ ᠠᠵᠤ ᠠᠬᠤᠢ᠂ ᠪᠣᠬᠢᠷᠲᠤᠯ ᠦᠭᠡᠢ ᠡᠨᠧᠷᠭᠢ᠂ ᠲᠡᠷᠢᠭᠦᠨ᠎ᠦ ᠦᠢᠯᠡᠳᠬᠡᠯ ᠵᠡᠷᠭᠡ ᠰᠢᠨ᠎ᠡ᠎ᠪᠡᠷ ᠮᠠᠨᠳᠤᠭᠰᠠᠨ ᠬᠦᠷᠢᠶᠡᠨ᠎ᠦ ᠬᠠᠮᠲᠤᠷᠠᠯᠴᠠᠭ᠎ᠠ᠎ᠶᠢ ᠪᠠᠢᠷᠢᠰᠢᠭᠤᠯᠬᠤ᠎ᠪᠠᠨ ᠴᠢᠩᠭᠠᠳᠬᠠᠵᠤ᠂ ᠰᠢᠨ᠎ᠡ ᠨᠡᠮᠡᠭᠳᠡᠯ᠎ᠦᠨ ᠴᠡᠭ᠎ᠢ ᠨᠡᠭᠡᠭᠡᠶ᠎ᠡ᠃ ᠨᠢᠳᠤᠨᠤᠨ᠎ᠤ 《ᠳᠤᠮᠳᠠᠳᠤ ᠰᠸᠷᠪᠢᠶ᠎ᠠ ᠵᠢᠨ ᠠᠷᠠᠳ ᠲᠦᠮᠡᠨ᠎ᠦ ᠨᠥᠬᠥᠷᠯᠡᠯ᠎ᠦᠨ 70 ᠵᠢᠯ》 ᠢ᠋ ᠪᠡᠯᠭᠡᠯᠡᠬᠦ ᠰᠢᠷᠢᠰ ᠠᠵᠢᠯᠯᠠᠭ᠎ᠠ ᠴᠢᠩᠭ᠎ᠠ ᠲᠤᠰᠬᠠᠯ ᠭᠠᠷᠪᠠ᠃ ᠬᠣᠶᠠᠷ ᠲᠠᠯ᠎ᠠ᠎ᠪᠠᠷ᠎ᠢᠶᠠᠨ ᠵᠠᠯᠠᠭᠤᠴᠤᠳ ᠪᠣᠯᠣᠨ ᠰᠣᠶᠣᠯ ᠢᠷᠭᠡᠨᠰᠢᠯ᠎ᠦᠨ ᠰᠣᠯᠢᠯᠴᠠᠭ᠎ᠠ᠎ᠪᠠᠨ ᠦᠷᠭᠦᠯᠵᠢᠯᠡᠨ ᠴᠢᠩᠭᠠᠳᠬᠠᠵᠤ᠂ 《ᠦᠯᠦ ᠸᠢᠰᠠᠯᠠᠬᠤ + ᠴᠢᠯᠦᠭᠡᠲᠦ ᠠᠷᠠᠯᠵᠢᠶ᠎ᠠ + ᠰᠢᠭᠤᠳ ᠬᠦᠷᠬᠦ ᠡᠭᠡᠯᠵᠢ ᠵᠢᠨ ᠨᠢᠰᠭᠡᠯ》 ᠤ᠋ᠨ ᠪᠣᠰᠣᠭ᠎ᠠ ᠴᠣᠭᠴᠠᠲᠤ ᠪᠦᠲᠦᠴᠡ᠎ᠶᠢ ᠰᠠᠢᠲᠤᠷ ᠠᠰᠢᠭ᠍ᠯᠠᠵᠤ᠂ ᠰᠣᠶᠣᠯ ᠂ ᠰᠤᠷᠭᠠᠨ ᠬᠥᠮᠦᠵᠢᠯ᠂ ᠪᠡᠶ᠎ᠡ᠎ᠶᠢᠨ ᠲᠠᠮᠢᠷ᠂ ᠵᠢᠭᠤᠯᠴᠢᠯᠠᠯ᠂ ᠣᠷᠣᠨ ᠨᠤᠲᠤᠭ ᠵᠡᠷᠭᠡ᠎ᠶᠢᠨ ᠬᠠᠮᠲᠤᠷᠠᠯᠴᠠᠭ᠎ᠠ᠎ᠶᠢ ᠪᠦᠬᠦ ᠲᠠᠯ᠎ᠠ᠎ᠪᠠᠷ ᠥᠷᠭᠡᠳᠬᠡᠵᠦ᠂ ᠳᠤᠮᠳᠠᠳᠤ ᠰᠸᠷᠪᠢᠶ᠎ᠠ ᠵᠢᠨ ᠠᠷᠠᠳ ᠲᠦᠮᠡᠨ᠎ᠦ ᠤᠯᠠᠮᠵᠢᠯᠠᠯᠲᠤ ᠨᠥᠬᠥᠷᠯᠡᠯ᠎ᠢ ᠰᠠᠢᠲᠤᠷ ᠵᠠᠯᠭᠠᠮᠵᠢᠯᠠᠨ ᠪᠠᠳᠠᠷᠠᠭᠤᠯᠤᠶ᠎ᠠ᠃ ᠣᠳᠣᠬᠠᠨ᠎ᠳᠤ ᠳᠡᠯᠡᠬᠡᠢ᠎ᠶᠢᠨ ᠪᠠᠢᠳᠠᠯ ᠡᠭᠡᠳᠡᠷᠡᠭᠡᠨ ᠪᠤᠳᠤᠯᠢᠶᠠᠨᠲᠠᠢ ᠪᠠᠢᠨ᠎ᠠ᠂ ᠳᠤᠮᠳᠠᠳᠤ ᠰᠸᠷᠪᠢᠶ᠎ᠠ ᠬᠣᠶᠠᠷ ᠤᠯᠤᠰ ᠦᠷᠭᠦᠯᠵᠢᠯᠡᠨ ᠳᠡᠯᠡᠬᠡᠢ᠎ᠶᠢᠨ ᠬᠡᠷᠡᠭ ᠶᠠᠪᠤᠳᠠᠯ ᠳᠤᠮᠳᠠ ᠵᠣᠬᠢᠴᠠᠭᠤᠯᠭ᠎ᠠ ᠪᠠ ᠬᠠᠮᠵᠢᠯᠴᠠᠭ᠎ᠠ᠎ᠪᠠᠨ ᠴᠢᠩᠭᠠᠳᠬᠠᠵᠤ᠂ ᠵᠢᠩᠬᠢᠨᠢ ᠤᠯᠠᠨ ᠲᠠᠯᠠᠲᠤ ᠦᠵᠡᠯ᠎ᠢ ᠦᠢᠯᠡᠳᠦᠯᠭᠡᠵᠢᠭᠦᠯᠵᠦ᠂ ᠡᠷᠬᠡ ᠲᠡᠭᠰᠢ ᠡᠮᠬᠢ ᠳᠢᠭ᠌ᠯᠢᠮ᠎ᠲᠠᠢ ᠳᠡᠯᠡᠬᠡᠢ᠎ᠶᠢᠨ ᠤᠯᠠᠨ ᠲᠤᠢᠯᠵᠢᠯᠲᠠ᠂ ᠲᠦᠭᠡᠮᠡᠯ ᠬᠠᠷᠠᠭᠠᠯᠵᠠᠯᠲᠦ ᠪᠠᠭᠲᠠᠭᠠᠮᠵᠢᠲᠠᠢ ᠠᠵᠤ ᠠᠬᠤᠢ᠎ᠶᠢᠨ ᠳᠡᠯᠡᠬᠡᠢᠵᠢᠯᠲᠡ ᠵᠢ ᠠᠬᠢᠭᠤᠯᠬᠤ᠂ ᠬᠥᠮᠥᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠎ᠶᠢ ᠲᠦᠯᠬᠢᠨ ᠠᠬᠢᠭᠤᠯᠬᠤ ᠪᠡᠷ ᠴᠥᠬᠥᠷᠡᠰᠢ ᠦᠭᠡᠢ ᠴᠢᠷᠮᠠᠢᠶᠡ ᠭᠡᠵᠦ ᠴᠢᠬᠤᠯᠠᠴᠢᠯᠠᠪᠠ᠃
ᠦᠴᠢᠴᠢ᠂ ᠳᠤᠮᠳᠠᠳᠤ ᠤᠯᠤᠰ᠎ᠤᠨ 《ᠠᠷᠪᠠᠨ ᠲᠠᠪᠤᠳᠤᠭᠠᠷ ᠲᠠᠪᠤᠨ ᠵᠢᠯ》 ᠦ᠋ᠨ ᠲᠥᠯᠦᠪᠵᠢᠭᠦᠯᠭᠡ᠎ᠶᠢ ᠠᠮᠵᠢᠯᠲᠠ᠎ᠲᠠᠢ᠎ᠪᠠᠷ ᠲᠣᠭᠲᠠᠭᠠᠵᠤ ᠡᠬᠢᠯᠡᠨ ᠬᠡᠷᠡᠭᠵᠢᠭᠦᠯᠦᠭᠰᠡᠨ᠎ᠳᠦ ᠪᠠᠶᠠᠷ ᠬᠦᠷᠭᠡᠵᠦ ᠪᠠᠢᠨ᠎ᠠ᠂ ᠲᠡᠷᠢᠭᠦᠯᠡᠭᠴᠢ ᠰᠢ᠎ᠶᠢᠨ ᠫᠢᠩ᠎ᠤᠨ ᠤᠳᠤᠷᠢᠳᠤᠯᠭ᠎ᠠ ᠳᠣᠣᠷ᠎ᠠ ᠳᠤᠮᠳᠠᠳᠤ ᠤᠯᠤᠰ ᠨᠡᠩ ᠶᠡᠬᠡ ᠬᠥᠭᠵᠢᠯᠲᠡ᠎ᠶᠢᠨ ᠠᠮᠵᠢᠯᠲᠠ ᠪᠦᠲᠦᠮᠵᠢ ᠣᠯᠬᠤ᠎ᠶᠢ ᠢᠲᠡᠭᠡᠵᠦ ᠪᠠᠢᠨ᠎ᠠ᠃ ᠰᠸᠷᠪᠢᠶ᠎ᠠ ᠳᠤᠮᠳᠠᠳᠤ ᠤᠯᠤᠰ᠎ᠲᠠᠢ ᠪᠦᠬᠦ ᠲᠠᠯ᠎ᠠ᠎ᠶᠢᠨ ᠪᠠᠢᠯᠳᠤᠬᠤ ᠪᠣᠳᠣᠯᠭ᠎ᠠ᠎ᠶᠢᠨ ᠬᠠᠨᠢᠲᠠᠨ᠎ᠤ ᠬᠠᠷᠢᠯᠴᠠᠭ᠎ᠠ ᠪᠠᠢᠭᠤᠯᠤᠭᠰᠠᠨ᠎ᠡᠴᠡ ᠨᠠᠭᠠᠰᠢ᠂ ᠬᠣᠶᠠᠷ ᠤᠯᠤᠰ᠎ᠤᠨ ᠬᠠᠷᠢᠯᠴᠠᠭ᠎ᠠ ᠮᠡᠳᠡᠭᠳᠡᠮ᠎ᠡ ᠠᠬᠢᠴᠠ᠎ᠲᠠᠢ ᠪᠣᠯᠵᠤ᠂ ᠡᠯ᠎ᠡ ᠬᠦᠷᠢᠶᠡᠨ᠎ᠦ ᠬᠠᠮᠲᠤᠷᠠᠯᠴᠠᠭ᠎ᠠ ᠲᠠᠰᠤᠷᠠᠯᠳᠡ ᠦᠭᠡᠢ ᠭᠦᠨᠵᠡᠭᠡᠢᠷᠡᠪᠡ᠃ ᠰᠸᠷᠪᠢᠶ᠎ᠠ ᠳᠤᠮᠳᠠᠳᠤ᠎ᠶᠢᠨ ᠠᠷᠠᠳ ᠲᠦᠮᠡᠨ ᠪᠠᠲᠤ ᠴᠢᠩᠭ᠎ᠠ ᠨᠥᠬᠥᠷᠯᠡᠯ᠎ᠲᠠᠢ ᠶᠤᠮ᠃ ᠰᠸᠷᠪᠢᠶ᠎ᠠ ᠵᠢᠨ ᠠᠷᠠᠳ ᠲᠦᠮᠡᠨ ᠳᠤᠮᠳᠠᠳᠤ ᠤᠯᠤᠰ᠎ᠤᠨ ᠰᠸᠷᠪᠢᠶ᠎ᠠ ᠵᠢᠨ ᠲᠤᠰᠠᠭᠠᠷ ᠲᠣᠭᠲᠠᠨᠢᠯ ᠪᠠ ᠡᠷᠬᠡ ᠮᠡᠳᠡᠯ᠎ᠢᠶᠡᠨ ᠬᠠᠮᠠᠭᠠᠯᠠᠬᠤ᠂ ᠪᠡᠶ᠎ᠡ᠎ᠪᠡᠨ ᠳᠠᠭᠠᠭᠠᠵᠤ ᠬᠥᠭᠵᠢᠯᠲᠡ᠎ᠶᠢᠨ ᠵᠠᠮ᠎ᠢᠶᠠᠨ ᠰᠦᠪᠡᠭᠴᠢᠯᠡᠬᠦ᠎ᠶᠢ ᠳᠡᠮᠵᠢᠭᠰᠡᠨᠢ ᠡᠭᠦᠷᠢᠳᠡ ᠮᠠᠷᠲᠠᠬᠤ ᠦᠭᠡᠢ ᠶᠤᠮ᠂ ᠳᠤᠮᠳᠠᠳᠤ ᠤᠯᠤᠰ᠎ᠤᠨ ᠠᠵᠤ ᠠᠬᠤᠢᠯᠠᠯ᠎ᠤᠨ ᠰᠸᠷᠪᠢᠶ᠎ᠠ ᠵᠢᠨ ᠤᠯᠤᠰ᠎ᠤᠨ ᠪᠦᠲᠦᠭᠡᠨ ᠪᠠᠢᠭᠤᠯᠤᠯᠲᠠ᠎ᠳᠤ ᠣᠷᠣᠯᠴᠠᠬᠤ᠎ᠶᠢᠨ ᠬᠠᠮᠲᠤ ᠴᠢᠬᠤᠯᠠ ᠬᠤᠪᠢ ᠨᠡᠮᠡᠷᠢ ᠦᠵᠡᠭᠦᠯᠦᠭᠰᠡᠨ᠎ᠳᠦ ᠲᠠᠯᠠᠷᠬᠠᠵᠤ ᠪᠠᠢᠨ᠎ᠠ᠃ ᠰᠸᠷᠪᠢᠶ᠎ᠠ ᠵᠢᠨ ᠲᠠᠯ᠎ᠠ ᠳᠤᠮᠳᠠᠳᠤ ᠤᠯᠤᠰ ᠯᠤᠭ᠎ᠠ ᠬᠠᠷᠢᠯᠴᠠᠭ᠎ᠠ᠎ᠪᠠᠨ ᠬᠥᠭᠵᠢᠭᠦᠯᠬᠦ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠳᠤᠮᠳᠠᠳᠤ ᠤᠯᠤᠰ᠎ᠤᠨ ᠭᠣᠣᠯᠯᠠᠭ᠍ᠴᠢ ᠠᠰᠢᠭ᠋ ᠲᠤᠰᠠ᠎ᠶᠢ ᠭᠤᠢᠪᠢᠰᠢ ᠦᠭᠡᠢ ᠡᠷᠡᠰ ᠲᠡᠮᠵᠢᠨ᠎ᠠ᠃ ᠳᠤᠮᠳᠠᠳᠤ᠎ᠶᠢᠨ ᠲᠠᠯ᠎ᠠ᠎ᠲᠠᠢ ᠬᠠᠮᠲᠤ ᠪᠠᠷ 《ᠨᠢᠭᠡ ᠪᠦᠰᠡ ᠨᠢᠭᠡ ᠵᠠᠮ》 ᠢ᠋ ᠴᠢᠨᠠᠷ ᠰᠠᠢᠲᠠᠢ ᠬᠠᠮᠲᠤ ᠪᠠᠷ ᠪᠦᠲᠦᠭᠡᠨ ᠪᠠᠶ᠋ᠢᠭᠤᠯᠬᠤ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠵᠦ᠂ ᠴᠢᠬᠤᠯᠠ ᠶᠡᠬᠡ ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ᠎ᠶᠢ ᠠᠬᠢᠭᠤᠯᠵᠤ᠂ ᠰᠣᠶᠣᠯ ᠢᠷᠭᠡᠨᠰᠢᠯ᠎ᠦᠨ ᠰᠣᠯᠢᠯᠴᠠᠭ᠎ᠠ᠎ᠶᠢ ᠨᠢᠭ᠍ᠲᠠᠷᠠᠭᠤᠯᠵᠤ᠂ ᠬᠣᠶᠠᠷ ᠤᠯᠤᠰ᠎ᠤᠨ ᠬᠠᠷᠢᠯᠴᠠᠭ᠎ᠠ᠎ᠶᠢᠨ ᠨᠡᠩ ᠤᠯᠠᠨ ᠦᠨᠡᠨ ᠪᠣᠳᠠᠲᠠᠢ ᠦᠷ᠎ᠡ ᠪᠦᠲᠦᠭᠡᠯ ᠣᠯᠬᠤ᠎ᠶᠢ ᠲᠦᠯᠬᠢᠨ ᠠᠬᠢᠭᠤᠯᠬᠤ᠎ᠶᠢ ᠬᠦᠰᠡᠵᠦ ᠪᠠᠢᠨ᠎ᠠ᠃ ᠳᠤᠮᠳᠠᠳᠤ ᠤᠯᠤᠰ ᠶᠡᠬᠡ ᠤᠯᠤᠰ ᠪᠣᠯᠤᠭᠰᠠᠨ᠎ᠤ ᠬᠤᠪᠢ᠎ᠳᠤ᠂ ᠢᠮᠠᠭᠲᠠ ᠪᠠᠭ᠎ᠠ ᠤᠯᠤᠰ᠎ᠤᠨ ᠡᠷᠬᠡ ᠲᠡᠭᠰᠢ ᠪᠠᠢᠬᠤ ᠵᠢ ᠬᠦᠨᠳᠦᠳᠬᠡᠵᠦ᠂ ᠤᠯᠠᠨ ᠤᠯᠤᠰ᠎ᠤᠨ ᠬᠠᠤᠯᠢ᠎ᠶᠢ ᠵᠢᠷᠤᠮᠯᠠᠨ ᠰᠠᠬᠢᠵᠤ᠂ ᠳᠡᠯᠡᠬᠡᠢ ᠳ᠋ᠠᠬᠢᠨ᠎ᠳᠤ ᠦᠯᠢᠭᠡᠷ ᠳᠠᠭᠤᠷᠢᠶᠠᠯ ᠦᠵᠡᠭᠦᠯᠪᠡ᠃ ᠰᠸᠷᠪᠢᠶ᠎ᠠ ᠵᠢᠨ ᠲᠠᠯ᠎ᠠ ᠲᠡᠷᠢᠭᠦᠯᠡᠭᠴᠢ ᠰᠢ᠎ᠶᠢᠨ ᠫᠢᠩ᠎ᠤᠨ ᠳᠤᠷᠠᠳᠤᠭᠰᠠᠨ ᠴᠢᠬᠤᠯᠠ ᠶᠡᠬᠡ ᠪᠦᠬᠦ ᠪᠥᠮᠪᠥᠷᠴᠡᠭ᠎ᠦᠨ ᠰᠠᠨᠠᠭᠠᠴᠢᠯᠠᠭ᠎ᠠ᠎ᠶᠢ ᠳᠡᠮᠵᠢᠵᠦ᠂ ᠳᠤᠷᠠᠲᠠᠶ᠎ᠠ ᠳᠤᠮᠳᠠᠳᠤ᠎ᠶᠢᠨ ᠲᠠᠯ᠎ᠠ᠎ᠲᠠᠢ ᠦᠷᠭᠦᠯᠵᠢᠯᠡᠨ ᠤᠯᠠᠨ ᠲᠠᠯ᠎ᠠ᠎ᠶᠢᠨ ᠬᠠᠮᠵᠢᠯᠴᠠᠭ᠎ᠠ᠎ᠪᠠᠨ ᠴᠢᠩᠭᠠᠳᠬᠠᠵᠤ᠂ ᠳᠡᠯᠡᠬᠡᠢ᠎ᠶᠢᠨ ᠡᠩᠬᠡ ᠲᠠᠢᠪᠤᠩ ᠪᠡ ᠲᠥᠪ ᠭᠣᠣᠯᠴᠢ ᠰᠢᠳᠤᠷᠭᠤ ᠶᠣᠰᠣ᠌᠎ᠶᠢ ᠬᠠᠮᠠᠭᠠᠯᠠᠨ᠎ᠠ ᠭᠡᠵᠦ ᠢᠯᠡᠳᠬᠡᠪᠡ᠃
ᠬᠡᠯᠡᠯᠴᠡᠭᠡ ᠲᠡᠭᠦᠰᠦᠭ᠌ᠰᠡᠨ᠎ᠦ ᠲᠠᠷᠠᠭ᠎ᠠ᠂ ᠬᠣᠶᠠᠷ ᠤᠯᠤᠰ᠎ᠤᠨ ᠲᠡᠷᠢᠭᠦᠨ ᠤᠯᠤᠰ ᠲᠦᠷᠦ᠍᠂ ᠠᠵᠤ ᠠᠬᠤᠢ ᠠᠷᠠᠯᠵᠢᠶ᠎ᠠ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠂ ᠰᠤᠷᠭᠠᠨ ᠬᠥᠮᠦᠵᠢᠯ᠂ ᠬᠠᠤᠯᠢ ᠪᠠᠷᠢᠬᠤ᠂ ᠰᠣᠶᠣᠯ ᠵᠡᠷᠭᠡ ᠬᠦᠷᠢᠶᠡᠨ᠎ᠳᠡᠬᠢ 20 ᠭᠠᠷᠤᠢ ᠵᠦᠢᠯ᠎ᠦᠨ ᠬᠠᠮᠲᠤᠷᠠᠯᠴᠠᠭᠠᠨ᠎ᠤ ᠪᠢᠴᠢᠭ ᠮᠠᠲ᠋ᠧᠷᠢᠶᠠᠯ᠎ᠳᠤ ᠭᠠᠷᠤᠨ ᠦᠰᠦᠭ ᠵᠢᠷᠤᠬᠤ᠎ᠶ᠋ᠢ ᠬᠠᠮᠲᠤ᠎ᠪᠠᠷ ᠭᠡᠷᠡᠴᠢᠯᠡᠪᠡ᠃
ᠬᠣᠶᠠᠷ ᠲᠠᠯ᠎ᠠ᠎ᠪᠠᠷ᠎ᠢᠶᠠᠨ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠣᠯᠤᠨ ᠪᠥᠬᠥᠳᠡ ᠨᠠᠢᠷᠠᠮᠳᠠᠬᠤ ᠰᠧᠷᠪᠢᠶ᠎ᠠ ᠤᠯᠤᠰ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠰᠧᠷᠪᠢᠶ᠎ᠠ᠎ᠶ᠋ᠢᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠦᠷᠭᠦᠯᠵᠢᠯᠡᠨ ᠠᠬᠢᠭᠤᠯᠬᠤ ᠲᠤᠬᠠᠶ ᠬᠠᠮᠲᠤᠷᠠᠭ᠍ᠰᠠᠨ ᠢᠯᠡᠷᠬᠡᠢᠯᠡᠯᠲᠡ》 ᠪᠣᠯᠤᠨ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠣᠯᠤᠨ ᠪᠥᠬᠥᠳᠡ ᠨᠠᠢᠷᠠᠮᠳᠠᠬᠤ ᠰᠧᠷᠪᠢᠶ᠎ᠠ ᠤᠯᠤᠰ᠎ᠤᠨ ᠪᠥᠬᠥ᠌ ᠪᠥᠮᠪᠥᠷᠴᠡᠭ᠎ᠦᠨ ᠳᠥᠷᠪᠡᠨ ᠶᠡᠬᠡ ᠰᠠᠨᠠᠭᠠᠴᠢᠯᠠᠭ᠎ᠠ᠎ᠶ᠋ᠢ ᠨᠠᠢᠳᠠᠪᠤᠷᠢᠵᠢᠭᠤᠯᠬᠤ᠎ᠶ᠋ᠢ ᠬᠠᠮᠲᠤ᠎ᠪᠠᠷ ᠠᠬᠢᠭᠤᠯᠬᠤ ᠲᠤᠬᠠᠶ ᠬᠠᠮᠲᠤᠷᠠᠭ᠍ᠰᠠᠨ ᠢᠯᠡᠷᠬᠡᠢᠯᠡᠯᠲᠡ》 ᠶ᠋ᠢ ᠨᠡᠢᠲᠡᠯᠡᠪᠡ᠃
ᠬᠡᠯᠡᠯᠴᠡᠭᠡ ᠬᠢᠬᠦ᠌᠎ᠡᠴᠡ ᠡᠮᠦᠨ᠎ᠡ᠂ ᠰᠢ ᠵᠢᠨ ᠫᠢᠩ ᠬᠠᠳᠤᠨ ᠫᠸᠩ ᠯᠢ ᠶᠤᠸᠠᠨ᠎ᠲᠠᠶ᠎ᠪᠠᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠬᠣᠢᠲᠤ ᠶᠡᠬᠡ ᠲᠢᠩᠬᠢᠮ᠎ᠳᠦ ᠥᠴᠢᠴᠢ ᠪᠣᠯᠤᠨ ᠲᠡᠭᠦᠨ᠎ᠦ ᠬᠠᠳᠤᠨ ᠲᠠᠮᠠᠯᠠ ᠵᠢ ᠤᠭ᠍ᠲᠤᠬᠤ ᠶᠣᠰᠣᠯᠠᠯ ᠶᠠᠪᠤᠭᠤᠯᠪᠠ᠃
ᠥᠴᠢᠴᠢ ᠬᠦᠷᠴᠦ᠍ ᠢᠷᠡᠬᠦ᠌᠎ᠳᠦ ᠶᠣᠰᠣᠯᠠᠯ᠎ᠤᠨ ᠴᠡᠷᠢᠭ ᠮᠥᠷᠯᠡᠨ ᠵᠣᠭ᠍ᠰᠣᠵᠤ ᠶᠣᠰᠣᠯᠠᠪᠠ᠃ ᠬᠣᠶᠠᠷ ᠤᠯᠤᠰ᠎ᠤᠨ ᠲᠡᠷᠢᠭᠦᠨ ᠱᠢᠯᠭᠠᠨ ᠦᠵᠡᠬᠦ᠌ ᠲᠠᠢᠰᠠᠨ᠎ᠳᠤ ᠭᠠᠷᠴᠤ᠌᠂ ᠴᠡᠷᠢᠭ᠎ᠦᠨ ᠬᠥᠭ᠌ᠵᠢᠮ᠎ᠦᠨ ᠪᠦᠯᠬᠦᠮ ᠳᠤᠮᠳᠠᠳᠤ ᠰᠧᠷᠪᠢᠶ᠎ᠠ ᠬᠣᠶᠠᠷ ᠤᠯᠤᠰ᠎ᠤᠨ ᠤᠯᠤᠰ᠎ᠤᠨ ᠰᠦᠯᠳᠡ ᠳᠠᠭᠤᠤ᠎ᠶ᠋ᠢ ᠬᠥᠭ᠌ᠵᠢᠮᠳᠡᠵᠦ᠍᠂ ᠲᠢᠶᠠᠨ ᠠᠨ ᠮᠸᠨ ᠠᠭᠤᠳᠠᠮ ᠲᠠᠯᠠᠪᠠᠢ᠎ᠳᠤ ᠶᠣᠰᠣᠯᠠᠯ᠎ᠤᠨ ᠫᠤᠤ᠎ᠶ᠋ᠢ 21 ᠳᠤᠤᠭᠠᠷᠭᠠᠪᠠ᠃ ᠥᠴᠢᠴᠢ ᠰᠢ ᠵᠢᠨ ᠫᠢᠩ᠎ᠦᠨ ᠪᠠᠷ᠎ᠠ ᠪᠤᠯᠤᠯᠭ᠎ᠠ᠎ᠲᠠᠶ᠎ᠪᠠᠷ ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ᠌ ᠴᠡᠷᠢᠭ᠎ᠦᠨ ᠶᠣᠰᠣᠯᠠᠯ᠎ᠤᠨ ᠠᠩᠬᠢ᠎ᠶ᠋ᠢ ᠱᠢᠯᠭᠠᠨ ᠦᠵᠡᠭ᠌ᠰᠡᠨ ᠪᠥᠭᠡᠳ ᠵᠢᠭ᠍ᠰᠠᠭᠠᠯ᠎ᠢ ᠰᠣᠨᠢᠷᠬᠠᠪᠠ᠃
ᠲᠤᠰ ᠤᠷᠤᠢ᠂ ᠰᠢ ᠵᠢᠨ ᠫᠢᠩ ᠪᠣᠯᠤᠨ ᠫᠸᠩ ᠯᠢ ᠶᠤᠸᠠᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠰᠢᠵᠢᠷ ᠠᠯᠳᠠᠨ ᠲᠢᠩᠬᠢᠮ᠎ᠳᠦ ᠥᠴᠢᠴᠢ ᠪᠣᠯᠤᠨ ᠲᠡᠭᠦᠨ᠎ᠦ ᠬᠠᠳᠤᠨ᠎ᠢ ᠤᠭ᠍ᠲᠤᠬᠤ ᠳᠠᠢᠯᠠᠯᠭ᠎ᠠ ᠬᠢᠪᠡ᠃
ᠸᠠᠩ ᠢ ᠬᠠᠮᠢᠶ᠎ᠠ ᠪᠦᠬᠦᠢ ᠠᠵᠢᠯᠯᠠᠭ᠎ᠠ᠎ᠳᠤ ᠣᠷᠣᠯᠴᠠᠪᠠ᠃
(ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 5 ᠰᠠᠷ᠎ᠠ᠎ᠶ᠋ᠢᠨ 25 ᠤ᠋ ᠴᠠᠬᠢᠯᠭᠠᠨ ᠮᠡᠳᠡᠭᠡ)