ᠰᠢ᠎ᠶᠢᠨ ᠫᠢᠩ ᠰᠸᠷᠪᠢᠶ᠎ᠠ ᠵᠢᠨ ᠶᠡᠷᠦᠩᠬᠡᠢᠯᠡᠭᠴᠢ ᠦᠴᠢᠴᠢ᠎ᠳᠦ 《ᠨᠥᠬᠥᠷᠯᠡᠯ᠎ᠦᠨ ᠭᠠᠪᠢᠶᠠᠨ ᠲᠡᠮᠳᠡᠭ》 ᠣᠯᠭᠣᠬᠤ ᠶᠣᠰᠣᠯᠠᠯ ᠶᠠᠪᠤᠭᠤᠯᠪᠠ
2026-05-26 09:22:20
ᠵᠣᠬᠢᠶᠠᠭ᠍ᠴᠢ᠄
​ᠰᠢᠨᠬᠤᠸᠠ ᠬᠣᠷᠢᠶ᠎ᠡ ᠵᠢᠨ ᠰᠤᠷᠪᠤᠯᠵᠢᠯᠠᠭ᠍ᠴᠢ ᠶᠠᠩ ᠢ ᠵᠢᠶᠦ᠋ᠨ
ᠣᠩᠱᠢᠭ᠍ᠰᠠᠨ ᠣᠳᠠᠭ᠎ᠠ᠄
★★★☆☆

5 ᠰᠠᠷ᠎ᠠ᠎ᠶᠢᠨ 25 ᠎ᠤ᠋ ᠣᠷᠣᠢ᠂ ᠤᠯᠤᠰ᠎ᠤᠨ ᠲᠡᠷᠢᠭᠦᠯᠡᠭᠴᠢ ᠰᠢ᠎ᠶᠢᠨ ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠰᠸᠷᠪᠢᠶ᠎ᠠ ᠵᠢᠨ ᠶᠡᠷᠦᠩᠬᠡᠢᠯᠡᠭᠴᠢ ᠦᠴᠢᠴᠢ᠎ᠳᠦ 《ᠨᠥᠬᠥᠷᠯᠡᠯ᠎ᠦᠨ ᠭᠠᠪᠢᠶᠠᠨ ᠲᠡᠮᠳᠡᠭ》 ᠣᠯᠭᠣᠬᠤ ᠶᠣᠰᠣᠯᠠᠯ ᠶᠠᠪᠤᠭᠤᠯᠪᠠ᠃

ᠳᠤᠮᠳᠠᠳᠤ ᠰᠸᠷᠪᠢᠶ᠎ᠠ ᠬᠣᠶᠠᠷ ᠤᠯᠤᠰ᠎ᠤᠨ ᠤᠯᠤᠰ᠎ᠤᠨ ᠲᠤᠭ᠎ᠢ ᠲᠡᠷᠢ ᠲᠡᠭᠰᠢ ᠵᠢᠭ᠍ᠰᠠᠭᠠᠵᠤ᠂ ᠠᠷᠤ ᠦᠵᠡᠭᠳᠡᠯ᠎ᠦᠨ ᠬᠠᠪᠲᠠᠰᠤᠨ ᠲᠡᠭᠡᠷ᠎ᠠ ᠠᠯᠳᠠᠨ ᠰᠢᠷᠭᠠᠯ 《ᠨᠥᠬᠥᠷᠯᠡᠯ᠎ᠦᠨ ᠭᠠᠪᠢᠶᠠᠨ ᠲᠡᠮᠳᠡᠭ》 ᠤ᠋ᠨ ᠵᠢᠷᠤᠭ ᠳᠦᠷᠰᠦ ᠭᠢᠯᠠᠯᠵᠠᠨ ᠬᠠᠷᠠᠭᠳᠠᠨ᠎ᠠ᠃ ᠳᠤᠮᠳᠠᠳᠤ ᠤᠯᠤᠰ᠎ᠤᠨ ᠠᠷᠠᠳ᠎ᠤᠨ ᠴᠢᠯᠦᠭᠡᠯᠡᠬᠦ ᠴᠡᠷᠢᠭ᠎ᠦᠨ ᠵᠢᠭᠰᠠᠭᠠᠯ᠎ᠤᠨ ᠠᠩᠭᠢ ᠵᠢᠨ ᠶᠣᠰᠣᠯᠠᠯ᠎ᠤᠨ ᠴᠡᠷᠢᠭ ᠭᠠᠪᠢᠶᠠᠨ ᠲᠡᠮᠳᠡᠭ ᠣᠯᠭᠣᠬᠤ ᠲᠠᠢᠰᠠᠨ᠎ᠤ ᠬᠣᠶᠠᠷ ᠲᠠᠯ᠎ᠠ᠎ᠳᠤ ᠲᠦᠪ ᠵᠣᠭᠰᠣᠪᠠ᠃


fb34267c-0ad1-46a6-bf6d-b4394aee77e1.png


5 ᠰᠠᠷ᠎ᠠ᠎ᠶᠢᠨ 25 ᠎ᠤ᠋ ᠣᠷᠣᠢ᠂ ᠤᠯᠤᠰ᠎ᠤᠨ ᠲᠡᠷᠢᠭᠦᠯᠡᠭᠴᠢ ᠰᠢ᠎ᠶᠢᠨ ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠰᠸᠷᠪᠢᠶ᠎ᠠ ᠵᠢᠨ ᠶᠡᠷᠦᠩᠬᠡᠢᠯᠡᠭᠴᠢ ᠦᠴᠢᠴᠢ᠎ᠳᠦ 《ᠨᠥᠬᠥᠷᠯᠡᠯ᠎ᠦᠨ ᠭᠠᠪᠢᠶᠠᠨ ᠲᠡᠮᠳᠡᠭ》 ᠣᠯᠭᠣᠬᠤ ᠶᠣᠰᠣᠯᠠᠯ ᠶᠠᠪᠤᠭᠤᠯᠪᠠ᠃

ᠰᠢᠨᠬᠤᠸᠠ ᠬᠤᠷᠢᠶ᠎ᠠ ᠵᠢᠨ ᠰᠤᠷᠪᠤᠯᠵᠢᠯᠠᠭᠴᠢ  ᠯᠢ ᠱᠢᠶᠠᠩ  ᠰᠡᠭᠦᠳᠡᠷᠯᠡᠪᠡ


ᠶᠣᠰᠣᠯᠠᠯ ᠡᠬᠢᠯᠡᠵᠤ᠂ ᠰᠦᠷ ᠵᠢᠪᠬᠤᠯᠠᠩᠲᠤ ᠶᠣᠰᠣᠯᠠᠯ᠎ᠤᠨ ᠬᠥᠭᠵᠢᠮ ᠴᠤᠤᠷᠢᠶᠠᠳᠤᠵᠤ᠂ ᠠᠯᠳᠠᠨ ᠰᠢᠷᠭᠠᠯ ᠲᠣᠮᠣ᠌ ᠬᠠᠭᠠᠯᠭ᠎ᠠ ᠠᠯᠭᠤᠷᠬᠠᠨ ᠨᠡᠭᠡᠭᠡᠭᠳᠡᠵᠦ᠂ ᠲᠡᠷᠢᠭᠦᠯᠡᠭᠴᠢ ᠰᠢ᠎ᠶᠢᠨ ᠫᠢᠩ ᠪᠣᠯᠣᠨ ᠶᠡᠷᠦᠩᠬᠡᠢᠯᠡᠭᠴᠢ ᠦᠴᠢᠴᠢ ᠬᠠᠮᠲᠤ᠎ᠪᠠᠷ ᠶᠡᠬᠡ ᠲᠢᠩᠬᠢᠮ᠎ᠳᠦ ᠠᠯᠬᠤᠨ ᠣᠷᠣᠪᠠ᠃ ᠲᠡᠷᠢᠭᠦᠯᠡᠭᠴᠢ ᠰᠢ᠎ᠶᠢᠨ ᠫᠢᠩ᠎ᠤᠨ ᠬᠠᠳᠤᠨ ᠫᠸᠩ ᠯᠢ ᠶᠤᠸᠠᠨ᠂ ᠶᠡᠷᠦᠩᠬᠡᠢᠯᠡᠭᠴᠢ ᠦᠴᠢᠴᠢ᠎ᠶᠢᠨ ᠬᠠᠳᠤᠨ ᠲᠠᠮᠠᠯᠠ ᠬᠠᠮᠲᠤ ᠶᠠᠪᠤᠪᠠ᠃ ᠪᠦᠬᠦ ᠲᠠᠯᠠᠪᠠᠢ᠎ᠶᠢᠨ ᠬᠦᠨᠳᠦᠲᠦ ᠵᠣᠴᠢᠳ ᠪᠣᠰᠤᠨ ᠵᠣᠭᠰᠣᠵᠤ᠂ ᠨᠢᠵᠢᠭᠢᠨᠡᠲᠡᠯ᠎ᠡ ᠠᠯᠠᠭ᠎ᠠ ᠲᠠᠰᠢᠵᠠᠭᠠᠵᠤ᠂ ᠰᠢᠷᠳᠡᠨ ᠬᠠᠷᠠᠬᠤ ᠶᠤᠰᠤᠯᠠᠯ ᠶᠠᠪᠤᠭᠤᠯᠪᠠ᠃

ᠰᠢ᠎ᠶᠢᠨ ᠫᠢᠩ ᠪᠣᠯᠣᠨ ᠦᠴᠢᠴᠢ ᠭᠠᠪᠢᠶᠠᠨ ᠲᠡᠮᠳᠡᠭ ᠣᠯᠭᠣᠬᠤ ᠲᠠᠢᠰᠠᠨ᠎ᠳᠤ ᠭᠠᠷᠪᠠ᠃

ᠴᠡᠷᠢᠭ᠎ᠦᠨ ᠬᠥᠭᠵᠢᠮ᠎ᠦᠨ ᠪᠦᠯᠬᠦᠮ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠰᠦᠯᠳᠡ ᠳᠠᠭᠤᠤ᠎ᠶᠢ ᠬᠦᠭᠵᠢᠮᠳᠡᠪᠡ᠃

ᠰᠢ᠎ᠶᠢᠨ ᠫᠢᠩ ᠪᠠᠶᠠᠷ᠎ᠤᠨ ᠦᠭᠡ ᠬᠡᠯᠡᠪᠡ᠃

ᠰᠢ᠎ᠶᠢᠨ ᠫᠢᠩ᠂ ᠶᠡᠷᠦᠩᠬᠡᠢᠯᠡᠭᠴᠢ ᠥᠴᠢᠴᠢ ᠣᠷᠳᠣ᠌ ᠬᠤᠭᠤᠴᠠᠭᠠᠨ᠎ᠤ ᠲᠤᠷᠰᠢ ᠳᠤᠮᠳᠠᠳᠤ ᠰᠸᠷᠪᠢᠶ᠎ᠠ ᠵᠢᠨ ᠨᠥᠬᠥᠷᠯᠡᠯ᠎ᠦᠨ ᠲᠥᠯᠥᠭᠡ ᠵᠢᠳᠬᠦᠵᠦ᠂ ᠬᠣᠶᠠᠷ ᠤᠯᠤᠰ᠎ᠤᠨ ᠬᠠᠷᠢᠯᠴᠠᠭᠠᠨ᠎ᠤ ᠬᠥᠭᠵᠢᠯᠲᠡ᠎ᠶᠢ ᠶᠡᠬᠡ᠎ᠪᠡᠷ ᠲᠦᠯᠬᠢᠨ ᠠᠬᠢᠭᠤᠯᠵᠤ᠂ ᠳᠤᠮᠳᠠᠳᠤ ᠰᠸᠷᠪᠢᠶ᠎ᠠ ᠵᠢᠨ ᠪᠥᠬᠥ ᠲᠠᠯ᠎ᠠ᠎ᠶᠢᠨ ᠪᠠᠢᠯᠳᠤᠬᠤ ᠪᠣᠳᠣᠯᠭ᠎ᠠ᠎ᠶᠢᠨ ᠬᠠᠨᠢᠲᠠᠨ᠎ᠤ ᠬᠠᠷᠢᠯᠴᠠᠭ᠎ᠠ᠎ᠶᠢᠨ ᠢᠳᠡᠪᠬᠢᠲᠡᠢ ᠪᠦᠲᠦᠭᠡᠨ ᠪᠠᠢᠭᠤᠯᠤᠭ᠍ᠴᠢ ᠪᠠ ᠡᠷᠡᠰ ᠪᠠᠲᠤ ᠬᠠᠮᠠᠭᠠᠯᠠᠭ᠍ᠴᠢ ᠮᠥᠨ᠃ ᠳᠤᠮᠳᠠᠳᠤ ᠤᠯᠤᠰ᠎ᠤᠨ ᠭᠣᠣᠯᠯᠠᠭ᠍ᠴᠢ ᠠᠰᠢᠭ᠋ ᠲᠤᠰᠠ ᠪᠣᠯᠣᠨ ᠠᠩᠬᠠᠷᠴᠤ ᠪᠠᠢᠭ᠎ᠠ ᠴᠢᠬᠤᠯᠠ ᠶᠡᠬᠡ ᠠᠰᠠᠭᠤᠳᠠᠯ᠎ᠤᠨ ᠲᠠᠯ᠎ᠠ᠎ᠪᠠᠷ᠂ ᠶᠡᠷᠦᠩᠬᠡᠢᠯᠡᠭᠴᠢ ᠦᠴᠢᠴᠢ ᠢᠮᠠᠭᠲᠠ ᠳᠤᠮᠳᠠᠳᠤ᠎ᠶᠢᠨ ᠲᠠᠯ᠎ᠠ᠎ᠳᠤ ᠬᠠᠮᠤᠭ᠎ᠤᠨ ᠡᠷᠡᠰ ᠪᠠᠲᠤ᠂ ᠬᠠᠮᠤᠭ᠎ᠤᠨ ᠲᠣᠳᠣᠷᠬᠠᠢ ᠳᠡᠮᠵᠢᠯᠭᠡ ᠦᠵᠡᠭᠦᠯᠵᠦ᠂ ᠥᠷᠭᠡᠨ ᠤᠯᠠᠨ ᠳᠤᠮᠳᠠᠳᠤ ᠤᠯᠤᠰ᠎ᠤᠨ ᠠᠷᠠᠳ ᠲᠦᠮᠡᠨ᠎ᠦ ᠬᠦᠨᠳᠦᠳᠬᠡᠯ᠎ᠢ ᠤᠯᠪᠠ᠃ ᠣᠳᠣᠬᠠᠨ᠎ᠳᠤ᠂ ᠳᠤᠮᠳᠠᠳᠤ ᠰᠸᠷᠪᠢᠶ᠎ᠠ ᠬᠣᠶᠠᠷ ᠤᠯᠤᠰ᠎ᠤᠨ ᠤᠯᠤᠰ ᠲᠦᠷᠦ᠎ᠶᠢᠨ ᠢᠲᠡᠭᠡᠯᠴᠡᠭᠡ ᠬᠠᠳᠠ ᠴᠢᠯᠠᠭᠤ ᠮᠡᠲᠦ ᠪᠠᠲᠤ ᠪᠡᠬᠢ ᠪᠠᠢᠵᠤ᠂ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ᠎ᠶᠢᠨ ᠦᠷ᠎ᠡ ᠪᠦᠲᠦᠭᠡᠯ ᠬᠥᠮᠥᠰ᠎ᠦᠨ ᠠᠩᠬᠠᠷᠤᠯ᠎ᠢ ᠲᠠᠲᠠᠵᠤ᠂ ᠦᠶ᠎ᠡ᠎ᠶᠢᠨ ᠦᠶ᠎ᠡ᠎ᠳᠡᠭᠡᠨ ᠨᠥᠬᠥᠷᠰᠡᠭ ᠪᠠᠢᠬᠤ ᠨᠢ ᠬᠥᠮᠥᠰ᠎ᠦᠨ ᠰᠡᠳᠬᠢᠯ᠎ᠳᠦ ᠭᠦᠨ ᠰᠠᠭᠤᠭᠳᠠᠵᠤ᠂ ᠨᠥᠬᠥᠷᠰᠡᠭ ᠬᠠᠮᠲᠤᠷᠠᠯᠴᠠᠭ᠎ᠠ᠎ᠶᠢᠨ ᠰᠣᠩᠭᠣᠳᠠᠭ ᠲᠦᠷᠦᠯ ᠵᠦᠢᠯ᠎ᠦᠳ᠎ᠢ ᠬᠠᠮᠲᠤ ᠪᠠᠷ ᠴᠣᠭᠴᠠᠯᠠᠨ ᠪᠠᠢᠭᠤᠯᠪᠠ᠃ ᠳᠤᠮᠳᠠᠳᠤ ᠰᠸᠷᠪᠢᠶ᠎ᠠ ᠬᠣᠶᠠᠷ ᠤᠯᠤᠰ ᠬᠠᠷᠢᠯᠴᠠᠨ ᠳᠡᠮᠵᠢᠵᠦ᠂ ᠬᠥᠭᠵᠢᠯᠲᠡ᠎ᠶᠢ ᠬᠠᠮᠲᠤ ᠪᠠᠷ ᠡᠷᠢᠯᠬᠢᠯᠡᠵᠦ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ᠋ ᠬᠦᠷᠲᠡᠨ᠂ ᠬᠠᠷᠢᠯᠴᠠᠨ ᠠᠮᠵᠢᠯᠲᠠ ᠣᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠦᠨᠡᠨ ᠬᠦ᠌ ᠪᠤᠶᠠᠨ ᠦᠢᠯᠡᠳᠴᠦ᠂ ᠤᠯᠤᠰ ᠤᠯᠤᠰ᠎ᠤᠨ ᠬᠣᠭᠣᠷᠣᠨᠳᠣᠬᠢ ᠶᠠᠪᠤᠯᠴᠠᠭ᠎ᠠ᠎ᠶᠢᠨ ᠬᠡᠪ ᠳᠠᠭᠤᠷᠢᠶᠠᠯ᠎ᠢ ᠪᠤᠢ ᠪᠣᠯᠭᠠᠵᠤ᠂ ᠳᠡᠯᠡᠬᠡᠢ ᠨᠡᠢᠭᠡᠮ᠎ᠳᠦ ᠲᠣᠯᠢ ᠪᠣᠯᠭᠠᠭᠤᠰᠢᠲᠠᠢ ᠬᠡᠪ ᠳᠠᠭᠤᠷᠢᠶᠠᠯ᠎ᠢ ᠬᠠᠩᠭᠠᠵᠠᠢ ᠭᠡᠳᠡᠭ᠎ᠢ ᠪᠣᠳᠠᠲᠤ ᠶᠠᠪᠤᠳᠠᠯ ᠭᠡᠷᠡᠴᠢᠯᠡᠪᠡ ᠭᠡᠵᠤ ᠵᠢᠭᠠᠵᠤ ᠭᠠᠷᠭᠠᠪᠠ᠃

ᠰᠢ ᠵᠢᠨ ᠫᠢᠩ᠂ 《ᠨᠥᠬᠥᠷᠯᠡᠯ᠎ᠦᠨ ᠭᠠᠪᠢᠶᠠᠨ ᠲᠡᠮᠳᠡᠭ》 ᠪᠣᠯ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠳᠠᠭᠠᠳᠤ ᠬᠠᠷᠢᠯᠴᠠᠭᠠᠨ᠎ᠤ ᠬᠠᠮᠤᠭ᠎ᠤᠨ ᠳᠡᠭᠡᠳᠦ ᠢᠷᠠᠭᠤ ᠠᠯᠳᠠᠷ᠎ᠤᠨ ᠭᠠᠪᠢᠶᠠᠨ ᠲᠡᠮᠳᠡᠭ ᠮᠥᠨ᠂ ᠡᠨᠡ ᠬᠦ᠌ ᠭᠠᠪᠢᠶᠠᠨ ᠲᠡᠮᠳᠡᠭ᠎ᠨᠢ ᠶᠡᠷᠦᠩᠬᠡᠢᠯᠡᠭ᠌ᠴᠢ ᠥᠴᠢᠴᠢ᠎ᠶᠢᠨ ᠳᠤᠮᠳᠠᠳᠤ ᠰᠸᠷᠪᠢᠶ᠎ᠠ ᠵᠢᠨ ᠨᠥᠬᠥᠷᠯᠡᠯ᠎ᠳᠦ ᠦᠵᠡᠭᠦᠯᠦᠭ᠌ᠰᠡᠨ ᠬᠤᠪᠢ ᠨᠡᠮᠡᠷᠢ᠎ᠶ᠋ᠢ ᠳᠡᠭᠡᠳᠦ ᠬᠡᠮᠵᠢᠶ᠎ᠡ᠎ᠪᠡᠷ ᠨᠤᠲᠠᠯᠠᠭ᠍ᠰᠠᠨ᠎ᠢᠶᠠᠷ ᠪᠠᠷᠠᠬᠤ ᠥᠬᠡᠢ ᠪᠠᠰᠠ ᠬᠣᠶᠠᠷ ᠤᠯᠤᠰ᠎ᠤᠨ ᠠᠷᠠᠳ ᠲᠦᠮᠡᠨ᠎ᠦ ᠱᠢᠨ᠎ᠡ ᠴᠠᠭ ᠦᠶ᠎ᠡ᠎ᠶ᠋ᠢᠨ ᠳᠤᠮᠳᠠᠳᠤ ᠰᠸᠷᠪᠢᠶ᠎ᠠ ᠵᠢᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ ᠵᠢᠨ ᠳᠤᠬᠠᠢ ᠴᠢᠩ ᠰᠡᠳᠭᠢᠯ᠎ᠤᠨ ᠬᠦᠰᠡᠯ ᠨᠠᠢᠳᠠᠯᠭ᠎ᠠ᠎ᠶᠢ ᠠᠴᠢᠶᠠᠯᠠᠵᠤ ᠪᠠᠢᠨ᠎ᠠ᠃ ᠳᠤᠮᠳᠠᠳᠤ ᠰᠸᠷᠪᠢᠶ᠎ᠠ ᠵᠢᠨ ᠨᠥᠬᠥᠷᠯᠡᠯ ᠴᠢᠰᠤ ᠪᠠ ᠭᠠᠯ᠎ᠤᠨ ᠳᠠᠪᠲᠠᠯᠲᠠ᠎ᠶ᠋ᠢ ᠥᠩᠭᠡᠷᠡᠭᠡᠵᠦ᠍᠂ ᠣᠳᠣᠬᠠᠨ᠎ᠤ ᠳᠡᠯᠡᠬᠡᠢ᠎ᠶ᠋ᠢᠨ ᠤᠷᠪᠠᠭᠠᠨ ᠬᠥᠷᠪᠡᠭᠡᠨ ᠳᠤᠮᠳᠠ ᠨᠡᠩ ᠴᠤ᠌ ᠡᠷᠬᠢᠮ ᠨᠠᠨᠳᠢᠨ ᠪᠣᠯᠵᠠᠢ᠃ ᠳᠤᠮᠳᠠᠳᠤ ᠰᠸᠷᠪᠢᠶ᠎ᠠ ᠵᠢᠨ ᠠᠷᠠᠳ ᠲᠦᠮᠡᠨ ᠪᠡᠶ᠎ᠡ᠎ᠪᠡᠨ ᠳᠠᠭᠠᠭᠠᠵᠤ ᠡᠵᠡᠨ ᠮᠡᠳᠡᠬᠦ᠌᠎ᠶ᠋ᠢ ᠡᠷᠡᠰ ᠬᠥᠭᠡᠭᠡᠴᠡᠯᠳᠦᠵᠦ᠍᠂ ᠦᠨᠳᠦᠰᠦᠲᠡᠨ᠎ᠦ ᠨᠡᠷ᠎ᠡ ᠬᠦᠨᠳᠦ᠍᠎ᠪᠡᠨ ᠡᠷᠡᠰ ᠬᠠᠮᠠᠭᠠᠯᠠᠵᠤ᠂ ᠳᠡᠯᠡᠬᠡᠢ᠎ᠶ᠋ᠢᠨ ᠲᠥᠪ ᠭᠣᠣᠯᠴᠢ ᠱᠢᠳᠤᠷᠭᠤ ᠶᠣᠰᠣ᠎ᠶ᠋ᠢ ᠡᠷᠡᠰ ᠬᠠᠮᠠᠭᠠᠯᠠᠪᠠᠯ᠂ ᠯᠠᠪᠲᠠᠢ ᠲᠤᠰ ᠲᠤᠰ᠎ᠤᠨ᠎ᠢᠶᠠᠨ ᠬᠥᠭ᠌ᠵᠢᠯ ᠮᠠᠨᠳᠤᠯ᠎ᠤᠨ ᠵᠠᠮ ᠳᠡᠭᠡᠷ᠎ᠡ ᠲᠠᠰᠤᠷᠠᠯᠳᠠ ᠦᠭᠡᠢ ᠱᠢᠨ᠎ᠡ ᠢᠯᠠᠯᠲᠠ ᠤᠯᠬᠤ ᠶᠤᠮ ᠭᠡᠵᠦ ᠴᠢᠬᠤᠯᠠᠴᠢᠯᠠᠪᠠ᠃

ᠳᠠᠷᠠᠭ᠎ᠠ᠎ᠨᠢ᠂ ᠨᠠᠮ ᠪᠣᠯᠤᠨ ᠤᠯᠤᠰ᠎ᠤᠨ ᠭᠠᠪᠢᠶ᠎ᠠ ᠵᠢᠳᠬᠦᠯ ᠢᠷᠠᠭᠤ ᠠᠯᠳᠠᠷ᠎ᠢ ᠬᠥᠬᠢᠭᠦᠯᠦᠨ ᠰᠠᠢᠱᠢᠶᠠᠬᠤ ᠠᠵᠢᠯ᠎ᠤᠨ ᠵᠥᠪᠯᠡᠯ᠎ᠦᠨ ᠳᠡᠳ᠋ ᠡᠷᠬᠢᠯᠡᠭ᠌ᠴᠢ᠂ ᠭᠠᠳᠠᠭᠠᠳᠤ ᠶᠠᠪᠤᠳᠠᠯ᠎ᠤᠨ ᠶᠠᠮᠤᠨ᠎ᠤ ᠰᠠᠢᠳ ᠸᠠᠩ ᠢ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠷᠢᠭᠦᠯᠡᠭ᠌ᠴᠢ᠎ᠶ᠋ᠢᠨ ᠭᠠᠪᠢᠶᠠᠨ ᠲᠡᠮᠳᠡᠭ ᠣᠯᠭᠣᠬᠤ ᠵᠠᠷᠯᠢᠭ》 ᠢ᠋ ᠤᠩᠱᠢᠨ ᠨᠡᠢᠲᠡᠯᠡᠪᠡ᠃

ᠶᠣᠰᠣᠯᠠᠯ᠎ᠤᠨ ᠴᠡᠷᠢᠭ 《ᠨᠥᠬᠥᠷᠯᠡᠯ᠎ᠦᠨ ᠭᠠᠪᠢᠶᠠᠨ ᠲᠡᠮᠳᠡᠭ》 ᠢ᠋ ᠬᠠᠮᠠᠭᠠᠯᠠᠨ ᠲᠠᠯᠠᠪᠠᠢ᠎ᠳᠤ ᠣᠷᠣᠪᠠ᠃

ᠲᠥᠪ ᠶᠡᠬᠡᠮᠰᠦᠭ ᠬᠥᠭ᠌ᠵᠢᠮ᠎ᠦᠨ ᠠᠶᠠᠰ ᠳᠤᠮᠳᠠ᠂ ᠰᠢ ᠵᠢᠨ ᠫᠢᠩ ᠲᠦᠪ ᠬᠢᠴᠢᠶᠡᠩᠬᠦᠢ ᠪᠡᠷ ᠥᠴᠢᠴᠢ᠎ᠳᠦ ᠭᠠᠪᠢᠶᠠᠨ ᠲᠡᠮᠳᠡᠭ ᠵᠡᠭᠦᠯᠭᠡᠪᠡ᠃ ᠬᠣᠶᠠᠷ ᠤᠯᠤᠰ᠎ᠤᠨ ᠲᠡᠷᠢᠭᠦᠨ ᠳᠣᠲᠣᠨᠣ᠎ᠪᠠᠷ ᠭᠠᠷ ᠠᠳᠭᠤᠪᠠ᠃ ᠪᠦᠬᠦ᠌ ᠲᠠᠯᠠᠪᠠᠢ᠎ᠳᠤ ᠤᠳᠠᠲᠠᠯ᠎ᠠ ᠠᠯᠠᠭ᠎ᠠ ᠲᠠᠱᠢᠵᠠᠭᠠᠪᠠ᠃ ᠴᠡᠷᠢᠭ᠎ᠦᠨ ᠬᠥᠭ᠌ᠵᠢᠮ᠎ᠦᠨ ᠪᠦᠯᠬᠦᠮ ᠪᠦᠬᠦᠳᠠ ᠨᠠᠢᠷᠠᠮᠳᠠᠬᠤ ᠰᠸᠷᠪᠢᠶ᠎ᠠ ᠤᠯᠤᠰ᠎ᠤᠨ ᠤᠯᠤᠰ᠎ᠤᠨ ᠰᠦᠯᠳᠡ ᠳᠠᠭᠤᠤ᠎ᠶ᠋ᠢ ᠬᠥᠭ᠌ᠵᠢᠮᠳᠡᠪᠡ᠃ ᠥᠴᠢᠴᠢ ᠬᠠᠷᠢᠭᠤ ᠪᠠᠶᠠᠷ᠎ᠤᠨ ᠦᠭᠡ ᠬᠡᠯᠡᠪᠡ᠃ ᠥᠴᠢᠴᠢ᠂ ᠳᠤᠮᠳᠠᠳᠤ᠎ᠶ᠋ᠢᠨ ᠬᠢᠨ ᠡᠴᠡ ᠨᠠᠳᠠ᠎ᠳᠤ 《ᠨᠥᠬᠥᠷᠯᠡᠯ᠎ᠦᠨ ᠭᠠᠪᠢᠶᠠᠨ ᠲᠡᠮᠳᠡᠭ》 ᠣᠯᠭᠣᠭ᠍ᠰᠠᠨ᠎ᠳᠤ ᠲᠠᠯᠠᠷᠬᠠᠵᠤ ᠪᠠᠢᠨ᠎ᠠ᠂ ᠪᠢ ᠰᠸᠷᠪᠢᠶ᠎ᠠ ᠵᠢᠨ ᠤᠯᠤᠰ ᠪᠣᠯᠤᠨ ᠠᠷᠠᠳ ᠲᠦᠮᠡᠨ᠎ᠦ ᠡᠮᠦᠨ᠎ᠡ᠎ᠡᠴᠡ ᠡᠨᠡ ᠬᠦ᠌ ᠭᠠᠪᠢᠶᠠᠨ ᠲᠡᠮᠳᠡᠭ᠎ᠢ ᠬᠦᠯᠢᠶᠡᠨ ᠠᠪᠤᠪᠠ᠃ ᠡᠨᠡ ᠪᠣᠯ ᠮᠢᠨᠦ᠍ ᠨᠢᠭᠡ ᠨᠠᠰᠤᠨ᠎ᠤ ᠬᠠᠮᠤᠭ᠎ᠤᠨ ᠴᠢᠬᠤᠯᠠ ᠴᠠᠭ ᠮᠥᠴᠡ᠎ᠶᠢᠨ ᠨᠢᠭᠡ ᠪᠣᠯᠤᠨ᠎ᠠ᠂ ᠡᠨᠡ ᠬᠦ᠌ ᠭᠠᠪᠢᠶᠠᠨ ᠲᠡᠮᠳᠡᠭ ᠨᠢ ᠮᠢᠨᠦ᠍ ᠬᠤᠪᠢ ᠬᠥᠮᠦᠨ᠎ᠦ ᠡᠷᠬᠢᠮ ᠳᠡᠭᠡᠳᠦ ᠢᠷᠠᠭᠤ ᠠᠯᠳᠠᠷ ᠪᠣᠯᠬᠤ᠎ᠪᠠᠷ ᠪᠠᠷᠠᠬᠤ ᠦᠭᠡᠢ ᠪᠠᠰᠠ ᠴᠤ᠌ ᠰᠸᠷᠪᠢᠶ᠎ᠠ ᠵᠢᠨ ᠡᠷᠬᠡ ᠮᠡᠳᠡᠯ᠂ ᠲᠤᠰᠠᠭᠠᠷ ᠲᠣᠭ᠍ᠲᠠᠨᠢᠯ ᠪᠠ ᠬᠥᠭ᠌ᠵᠢᠯᠲᠡ᠎ᠶ᠋ᠢ ᠬᠥᠭᠡᠭᠡᠴᠡᠯᠳᠦᠭ᠌ᠰᠡᠨ ᠢ᠋ ᠮᠡᠳᠡᠷᠡᠵᠦ ᠪᠠᠢᠬᠤ ᠶᠠᠪᠤᠳᠠᠯ ᠪᠣᠯᠤᠨ᠎ᠠ᠃ ᠳᠤᠮᠳᠠᠳᠤ ᠤᠯᠤᠰ ᠢᠮᠠᠭ᠍ᠲᠠ ᠪᠠᠭ᠎ᠠ ᠤᠯᠤᠰ᠎ᠢ ᠬᠦᠨᠳᠦᠳᠭᠡᠵᠦ᠍᠂ ᠬᠦᠴᠢᠷ ᠪᠡᠷᠬᠡᠱᠢᠶᠡᠯ᠎ᠲᠡᠶ ᠴᠠᠭ ᠦᠶ᠎ᠡ᠎ᠳᠦ ᠢᠮᠠᠭ᠍ᠲᠠ ᠰᠸᠷᠪᠢᠶ᠎ᠠ ᠵᠢᠨ ᠠᠷᠠᠳ ᠲᠦᠮᠡᠨ᠎ᠲᠡᠶ ᠬᠠᠮᠲᠤ ᠵᠣᠭ᠍ᠰᠣᠵᠤ᠂ ᠰᠸᠷᠪᠢᠶ᠎ᠠ ᠵᠢᠨ ᠬᠢᠨ ᠤ᠋ ᠬᠥᠭ᠌ᠵᠢᠯᠲᠡ᠎ᠶ᠋ᠢ ᠬᠠᠪᠰᠤᠷᠳᠠᠭ᠂ ᠪᠢᠳᠡ ᠳᠤᠮᠳᠠᠳᠤ ᠤᠯᠤᠰ᠎ᠤᠨ ᠳᠡᠮᠵᠢᠯᠭᠡ ᠬᠠᠪᠰᠤᠷᠤᠯᠭ᠎ᠠ᠎ᠶ᠋ᠢ ᠡᠭᠦᠷᠢᠳᠡ ᠮᠠᠷᠲᠠᠬᠤ ᠦᠭᠡᠢ ᠶᠤᠮ᠃ ᠪᠢ ᠰᠸᠷᠪᠢᠶ᠎ᠠ ᠳᠤᠮᠳᠠᠳᠤ᠎ᠶ᠋ᠢᠨ ᠨᠥᠬᠥᠷᠯᠡᠯ᠎ᠦᠨ ᠦᠢᠯᠡᠰ᠎ᠦᠨ ᠲᠥᠯᠥᠭᠡ ᠦᠷᠭᠦᠯᠵᠢᠯᠡᠨ ᠴᠢᠷᠮᠠᠢᠵᠤ᠂ ᠳᠤᠮᠳᠠᠳᠤ ᠤᠯᠤᠰ᠎ᠲᠠᠶ ᠬᠠᠮᠲᠤ᠎ᠪᠠᠷ ᠰᠸᠷᠪᠢᠶ᠎ᠠ ᠳᠤᠮᠳᠠᠳᠤ᠎ᠶ᠋ᠢᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠠᠬᠢᠭᠤᠯᠤᠨ᠎ᠠ ᠭᠡᠵᠦ ᠢᠯᠡᠳᠬᠡᠪᠡ᠃

ᠨᠠᠮ ᠪᠣᠯᠤᠨ ᠤᠯᠤᠰ᠎ᠤᠨ ᠭᠠᠪᠢᠶ᠎ᠠ ᠵᠢᠳᠬᠦᠯ ᠢᠷᠠᠭᠤ ᠠᠯᠳᠠᠷ᠎ᠢ ᠬᠥᠬᠢᠭᠦᠯᠦᠨ ᠰᠠᠢᠱᠢᠶᠠᠬᠤ ᠠᠵᠢᠯ᠎ᠤᠨ ᠵᠥᠪᠯᠡᠯ᠎ᠦᠨ ᠡᠷᠬᠢᠯᠡᠭ᠌ᠴᠢ ᠼᠠᠢ ᠴᠢ᠂ ᠳᠡᠳ᠋ ᠡᠷᠬᠢᠯᠡᠭ᠌ᠴᠢ ᠯᠢ ᠭᠠᠨ ᠵᠢᠶᠧ᠂ ᠯᠢ ᠬᠣᠩ ᠵᠥᠩ᠂ ᠡᠸ᠋ ᠵᠧᠩ ᠯᠦᠩ ᠨᠠᠷ ᠶᠣᠰᠣᠯᠠᠯ᠎ᠳᠤ ᠣᠷᠣᠯᠴᠠᠪᠠ᠃

(ᠰᠢᠨᠬᠤᠸᠠ ᠬᠣᠷᠢᠶ᠎ᠡ ᠵᠢᠨ ᠪᠡᠭᠡᠵᠢᠩ᠎ᠦᠨ 5 ᠰᠠᠷ᠎ᠠ᠎ᠶᠢᠨ 25᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号