ᠰᠢ ᠵᠢᠨ ᠫᠢᠩ ᠫᠠᠺᠢᠰᠲ᠋ᠠᠨ᠎ᠤ ᠶᠡᠷᠦᠩᠬᠡᠢ ᠰᠠᠢᠳ ᠱᠢᠶᠠᠪᠠᠽᠢ ᠲᠠᠢ ᠠᠭᠤᠯᠵᠠᠪᠠ
2026-05-26 09:29:56
ᠵᠣᠬᠢᠶᠠᠭ᠍ᠴᠢ᠄
​ᠱᠢᠨᠬᠤᠸᠠ ᠬᠤᠷᠢᠶ᠎ᠠ᠎ᠶᠢᠨ ᠰᠤᠷᠪᠤᠯᠵᠢᠯᠠᠭ᠍ᠴᠢ ᠶᠠᠩ ᠢ ᠵᠢᠶᠦ᠋ᠨ
ᠣᠩᠱᠢᠭ᠍ᠰᠠᠨ ᠣᠳᠠᠭ᠎ᠠ᠄
★★★☆☆

5 ᠰᠠᠷ᠎ᠠ᠎ᠶ᠋ᠢᠨ 25 ᠤ᠋ ᠦᠳᠡ᠎ᠶ᠋ᠢᠨ ᠬᠣᠢᠨ᠎ᠠ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠠᠯᠪᠠᠨ ᠶᠣᠰᠣᠨ᠎ᠤ ᠠᠢᠯᠴᠢᠯᠠᠯᠲᠠ ᠬᠢᠬᠦ᠌᠎ᠪᠡᠷ ᠳᠤᠮᠳᠠᠳᠤ ᠤᠯᠤᠰ᠎ᠲᠤ ᠢᠷᠡᠭ᠌ᠰᠡᠨ ᠫᠠᠺᠢᠰᠲ᠋ᠠᠨ᠎ᠤ ᠶᠡᠷᠦᠩᠬᠡᠢ ᠰᠠᠢᠳ ᠱᠢᠶᠠᠪᠠᠽᠢ ᠲᠠᠢ ᠠᠭᠤᠯᠵᠠᠪᠠ᠃

ᠰᠢ ᠵᠢᠨ ᠫᠢᠩ᠂ ᠳᠤᠮᠳᠠᠳᠤ ᠫᠠᠺᠢᠰᠲ᠋ᠠᠨ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ 75 ᠵᠢᠯ᠎ᠦᠨ ᠲᠤᠷᠰᠢ᠂ ᠬᠣᠶᠠᠷ ᠤᠯᠤᠰ ᠬᠠᠷᠢᠯᠴᠠᠨ ᠣᠢᠯᠠᠭᠠᠯᠴᠠᠵᠤ᠂ ᠬᠠᠷᠢᠯᠴᠠᠨ ᠢᠲᠡᠭᠡᠯᠴᠡᠵᠦ᠍᠂ ᠬᠠᠷᠢᠯᠴᠠᠨ ᠲᠡᠮᠵᠢᠯᠴᠡᠵᠦ᠍᠂ ᠡᠪᠳᠡᠷᠡᠰᠢ ᠦᠭᠡᠢ ᠪᠠᠲᠤ ᠪᠡᠬᠢ ᠤᠯᠠᠮᠵᠢᠯᠠᠯᠲᠤ ᠨᠥᠬᠥᠷᠯᠡᠯ᠎ᠢ ᠪᠠᠢᠭᠤᠯᠵᠤ᠂ ᠬᠣᠶᠠᠷ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠢᠲᠡᠭᠡᠯᠴᠡᠭᠡ ᠪᠣᠯᠤᠨ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ ᠥᠪᠡᠷ ᠥᠪᠡᠷ᠎ᠦᠨ ᠤᠯᠤᠰ᠎ᠤᠨ᠎ᠢᠶᠠᠨ ᠬᠥᠭ᠌ᠵᠢᠯᠲᠡ᠎ᠶ᠋ᠢ ᠬᠦᠴᠦᠲᠡᠢ ᠠᠬᠢᠭᠤᠯᠪᠠ᠃ ᠳᠡᠯᠡᠬᠡᠢ᠎ᠶ᠋ᠢᠨ ᠪᠠᠢᠳᠠᠯ ᠶᠠᠭᠠᠬᠢᠵᠤ ᠬᠤᠪᠢᠷᠠᠭ᠍ᠰᠠᠨ ᠴᠤ᠌᠂ ᠳᠤᠮᠳᠠᠳᠤ ᠤᠯᠤᠰ ᠢᠮᠠᠭ᠍ᠲᠠ ᠳᠤᠮᠳᠠᠳᠤ ᠫᠠᠺᠢᠰᠲ᠋ᠠᠨ ᠤ᠋ ᠬᠠᠷᠢᠯᠴᠠᠭ᠎ᠠ᠎ᠶ᠋ᠢ ᠬᠦᠷᠰᠢ ᠵᠡᠷᠭᠡᠯᠡᠳᠡᠭᠡ᠎ᠶᠢᠨ ᠭᠠᠳᠠᠭᠠᠳᠤ ᠬᠠᠷᠢᠯᠴᠠᠭ᠎ᠠ᠎ᠶ᠋ᠢᠨ ᠤᠷᠢᠳ᠎ᠢᠶᠠᠷ ᠪᠣᠳᠣᠯᠬᠢᠯᠠᠬᠤ ᠴᠢᠭ᠌ᠯᠡᠯ᠎ᠳᠦ ᠲᠠᠯᠪᠢᠭ᠍ᠰᠠᠭᠠᠷ ᠢᠷᠡᠵᠠᠢ᠃ ᠲᠦᠷᠦᠭᠦᠬᠡᠨ᠂ ᠪᠢ ᠲᠢᠶᠠᠨᠵᠢᠨ ᠶᠡᠬᠡ ᠰᠤᠷᠭᠠᠭᠤᠯᠢ᠎ᠶ᠋ᠢᠨ ᠫᠠᠺᠢᠰᠲ᠋ᠠᠨ᠎ᠤ ᠰᠤᠷᠤᠭ᠍ᠴᠢᠳ᠎ᠤᠨ ᠢᠷᠡᠭᠦᠯᠦᠭ᠌ᠰᠡᠨ ᠵᠠᠬᠢᠳᠠᠯ᠎ᠢ ᠤᠯᠪᠠ᠃ ᠨᠥᠬᠥᠳ᠎ᠨᠠᠷ  ᠳᠤᠮᠳᠠᠳᠤ ᠫᠠᠺᠢᠰᠲ᠋ᠠᠨ᠎ᠤ ᠬᠠᠮᠲᠤᠷᠠᠯᠴᠠᠭᠠᠨ᠎ᠤ ᠪᠦᠲᠦᠭᠡᠨ ᠪᠠᠢᠭᠤᠯᠤᠭ᠍ᠴᠢ᠂ ᠰᠣᠯᠢᠯᠴᠠᠭᠠᠨ᠎ᠤ ᠤᠯᠠᠮᠵᠢᠯᠠᠭ᠍ᠴᠢ᠂ ᠨᠥᠬᠥᠷᠯᠡᠯ᠎ᠦᠨ ᠬᠠᠮᠠᠭᠠᠯᠠᠭ᠍ᠴᠢ ᠪᠣᠯᠬᠤ᠎ᠪᠠᠷ ᠵᠣᠷᠢᠭ ᠱᠢᠭᠤᠳᠴᠤ ᠪᠠᠢᠨ᠎ᠠ᠃ ᠬᠣᠶᠠᠷ ᠤᠯᠤᠰ᠎ᠤᠨ ᠨᠥᠬᠥᠷᠯᠡᠯ᠎ᠦᠨ ᠦᠢᠯᠡᠰ᠎ᠲᠦ ᠵᠠᠯᠭᠠᠮᠵᠢᠯᠠᠭ᠍ᠴᠢ᠎ᠲᠠᠶ ᠪᠠᠢᠬᠤ᠎ᠶ᠋ᠢ ᠦᠵᠡᠭᠡᠳ ᠪᠢ ᠮᠠᠰᠢ ᠪᠠᠶᠠᠷᠯᠠᠵᠤ ᠪᠠᠢᠨ᠎ᠠ᠃ ᠬᠣᠶᠠᠷ ᠲᠠᠯ᠎ᠠ᠎ᠪᠠᠷ᠎ᠢᠶᠠᠨ ᠱᠢᠨ᠎ᠡ ᠴᠠᠭ ᠦᠶ᠎ᠡ᠎ᠶ᠋ᠢᠨ ᠨᠠᠩ ᠨᠢᠭ᠍ᠲᠠ ᠳᠤᠮᠳᠠᠳᠤ ᠫᠠᠺᠢᠰᠲ᠋ᠠᠨ᠎ᠤ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠲᠦᠷᠭᠡᠳᠭᠡᠨ ᠪᠠᠢᠭᠤᠯᠵᠤ᠂ ᠬᠣᠶᠠᠷ ᠤᠯᠤᠰ᠎ᠤᠨ ᠪᠥᠬᠥ᠌ ᠲᠠᠯ᠎ᠠ᠎ᠶ᠋ᠢᠨ ᠬᠠᠮᠲᠤᠷᠠᠯᠴᠠᠭ᠎ᠠ ᠨᠠᠩ ᠣᠯᠠᠨ ᠦᠷ᠎ᠡ ᠪᠦᠲᠦᠭᠡᠯ ᠣᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠨᠠᠩ ᠰᠠᠢᠨ ᠪᠤᠶᠠᠨ ᠦᠶ᠋ᠯᠡᠳᠴᠦ᠍᠂ ᠭᠠᠵᠠᠷ ᠣᠷᠣᠨ᠎ᠤ ᠡᠩᠬᠡ ᠲᠠᠢᠪᠤᠩ ᠲᠣᠭ᠍ᠲᠠᠭᠤᠨ᠎ᠢ ᠠᠬᠢᠭᠤᠯᠬᠤ᠎ᠳᠤ ᠬᠤᠪᠢ ᠨᠡᠮᠡᠷᠢ ᠦᠵᠡᠭᠦᠯᠵᠦ᠍᠂ ᠬᠦᠷᠰᠢ ᠵᠡᠷᠭᠡᠯᠡᠳᠡᠭᠡ᠎ᠶᠢᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠳᠤ ᠵᠢᠱ᠌ᠢᠶ᠎ᠡ ᠦᠵᠡᠭᠦᠯᠦᠶ᠎ᠡ ᠭᠡᠵᠦ᠍ ᠢᠯᠡᠳᠬᠡᠪᠡ᠃


2b370146-ab68-49f3-a036-ae429d5d1b22.png


5 ᠰᠠᠷ᠎ᠠ᠎ᠶ᠋ᠢᠨ 25 ᠤ᠋ ᠦᠳᠡ᠎ᠶ᠋ᠢᠨ ᠬᠣᠢᠨ᠎ᠠ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠠᠯᠪᠠᠨ ᠶᠣᠰᠣᠨ᠎ᠤ ᠠᠢᠯᠴᠢᠯᠠᠯᠲᠠ ᠬᠢᠬᠦ᠌᠎ᠪᠡᠷ ᠳᠤᠮᠳᠠᠳᠤ ᠤᠯᠤᠰ᠎ᠲᠤ ᠢᠷᠡᠭ᠌ᠰᠡᠨ ᠫᠠᠺᠢᠰᠲ᠋ᠠᠨ᠎ᠤ ᠶᠡᠷᠦᠩᠬᠡᠢ ᠰᠠᠢᠳ ᠱᠢᠶᠠᠪᠠᠽᠢ ᠲᠠᠢ ᠠᠭᠤᠯᠵᠠᠪᠠ᠃

ᠰᠢᠨᠬᠤᠸᠠ ᠬᠤᠷᠢᠶ᠎ᠠ ᠵᠢᠨ ᠰᠤᠷᠪᠤᠯᠵᠢᠯᠠᠭᠴᠢ   ᠯᠢ ᠱᠢᠶᠠᠩ  ᠰᠡᠭᠦᠳᠡᠷᠯᠡᠪᠡ


ᠰᠢ ᠵᠢᠨ ᠫᠢᠩ᠂ ᠳᠤᠮᠳᠠᠳᠤ ᠤᠯᠤᠰ ᠫᠠᠺᠢᠰᠲ᠋ᠠᠨ᠎ᠦ  ᠬᠢᠨ ᠲᠤᠰᠠᠭᠠᠷ ᠲᠣᠭ᠍ᠲᠠᠨᠢᠯ᠂ ᠡᠷᠬᠡ ᠮᠡᠳᠡᠯ ᠪᠣᠯᠤᠨ ᠨᠤᠲᠤᠭ ᠳᠡᠪᠢᠰᠭᠡᠷ᠎ᠦᠨ ᠪᠦᠷᠢᠨ ᠪᠦᠲᠦᠨ᠎ᠢᠶᠡᠨ ᠬᠠᠮᠠᠭᠠᠯᠠᠬᠤ᠎ᠶ᠋ᠢ ᠡᠷᠡᠰ ᠲᠡᠮᠵᠢᠵᠥ᠍᠂ ᠳᠤᠷᠠᠲᠠᠶ᠎ᠠ ᠫᠠᠺᠢᠰᠲ᠋ᠠᠨ ᠤ᠋ ᠬᠢᠨ᠎ᠲᠡᠶ ᠳᠡᠭᠡᠳᠦ ᠳᠠᠪᠬᠤᠷᠭ᠎ᠠ᠎ᠶ᠋ᠢᠨ ᠶᠠᠪᠤᠯᠴᠠᠭ᠎ᠠ᠎ᠪᠠᠨ ᠪᠠᠲᠤᠯᠠᠵᠤ᠂ ᠪᠠᠢᠯᠳᠤᠬᠤ ᠪᠤᠳᠤᠯᠭ᠎ᠠ᠎ᠶ᠋ᠢᠨ ᠤᠯᠤᠯᠴᠠᠭ᠎ᠠ᠎ᠪᠠᠨ ᠴᠢᠩᠭᠠᠳᠭᠠᠵᠤ᠂ ᠬᠣᠶᠠᠷ ᠤᠯᠤᠰ᠎ᠤᠨ ᠬᠠᠷᠢᠯᠴᠠᠭ᠎ᠠ᠎ᠶ᠋ᠢᠨ ᠵᠥᠪ ᠬᠥᠭ᠌ᠵᠢᠯᠲᠡ᠎ᠶ᠋ᠢᠨ ᠴᠢᠭ᠌ᠯᠡᠯ᠎ᠢ ᠡᠵᠡᠮᠳᠡᠨ᠎ᠡ᠃ ᠬᠣᠶᠠᠷ ᠲᠠᠯ᠎ᠠ᠎ᠪᠠᠷ᠎ᠢᠶᠠᠨ ᠳᠤᠮᠳᠠᠳᠤ ᠫᠠᠺᠢᠰᠲ᠋ᠠᠨ᠎ᠤ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ ᠠᠵᠢᠯᠯᠠᠭᠠᠨ᠎ᠤ ᠲᠥᠯᠥᠪᠯᠡᠭᠡ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠴᠢᠬᠤᠯᠠ ᠶᠡᠬᠡ ᠪᠡᠯᠭᠡ ᠲᠡᠮᠳᠡᠭ᠎ᠦᠨ ᠴᠢᠨᠠᠷᠲᠠᠢ ᠢᠨᠵᠧᠨᠧᠷᠢᠩ ᠪᠣᠯᠤᠨ 《ᠵᠢᠵᠢᠭ ᠠᠳᠠᠯ᠎ᠠ ᠭᠤᠢᠳᠠ》 ᠠᠷᠠᠳ᠎ᠤᠨ ᠠᠮᠢᠳᠤᠷᠠᠯ᠎ᠤᠨ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠬᠥᠳᠡᠭᠡ ᠠᠵᠤ ᠠᠬᠤᠢ᠂ ᠠᠵᠤ ᠦᠢᠯᠡᠰ᠂ ᠵᠣᠬᠢᠶᠠᠮᠠᠯ ᠤᠶᠤᠨ ᠴᠢᠳᠠᠪᠤᠷᠢ᠂ ᠴᠢᠳᠠᠪᠤᠷᠢᠲᠠᠨ᠎ᠢ ᠬᠥᠮᠦᠵᠢᠭᠦᠯᠬᠦ᠌ ᠵᠡᠷᠭᠡ ᠪᠦᠬᠦ᠌ ᠲᠠᠯ᠎ᠠ᠎ᠶ᠋ᠢᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠦᠶ᠎ᠡ᠃ ᠬᠣᠶᠠᠷ ᠲᠠᠯ᠎ᠠ᠎ᠪᠠᠷ᠎ᠢᠶᠠᠨ ᠨᠡᠩ ᠥᠨᠳᠥᠷ ᠲᠦᠪᠱᠢᠨ᠂ ᠨᠡᠩ ᠥᠷᠭᠡᠨ ᠬᠦᠷᠢᠶᠡᠨ᠎ᠦ ᠠᠮᠤᠷ ᠲᠦᠪᠱᠢᠨ᠎ᠦ ᠬᠠᠮᠲᠤᠷᠠᠯᠴᠠᠭ᠎ᠠ ᠥᠷᠨᠢᠭᠦᠯᠵᠦ᠍᠂ ᠭᠠᠵᠠᠷ ᠣᠷᠣᠨ᠎ᠤ ᠡᠩᠬᠡ ᠲᠠᠢᠪᠤᠩ ᠲᠣᠭ᠍ᠲᠠᠭᠤᠨ᠎ᠢ ᠬᠠᠮᠲᠤ᠎ᠪᠠᠷ ᠬᠠᠮᠠᠭᠠᠯᠠᠶ᠎ᠠ᠃ ᠳᠤᠮᠳᠠᠳᠤ᠎ᠶ᠋ᠢᠨ ᠬᠢᠨ ᠫᠠᠺᠢᠰᠲ᠋ᠠᠨ᠎ᠤ ᠬᠢᠨ ᠤ᠋ ᠰᠠᠨᠠᠭᠠᠴᠢᠯᠠᠭ᠎ᠠ ᠡᠴᠡ᠎ᠪᠠᠨ ᠬᠠᠷᠢᠭᠤᠴᠠᠯᠭ᠎ᠠ ᠡᠭᠦᠷᠭᠡᠯᠡᠵᠦ᠍᠂ ᠳᠤᠮᠳᠠᠳᠤ ᠳᠣᠷᠣᠨᠠᠲᠤ ᠣᠷᠣᠨ᠎ᠤ ᠡᠩᠬᠡ ᠲᠠᠢᠪᠤᠩ᠎ᠢ ᠰᠡᠷᠭᠦᠭᠡᠬᠦ᠌᠎ᠳᠦ ᠵᠣᠬᠢᠴᠠᠭᠤᠯᠬᠤ ᠦᠢᠯᠡᠳᠦᠯ ᠦᠵᠡᠭᠦᠯᠦᠭ᠌ᠰᠡᠨ᠎ᠢ ᠮᠠᠭ᠍ᠲᠠᠨ ᠰᠠᠢᠱᠢᠶᠠᠵᠤ ᠪᠠᠢᠨ᠎ᠠ᠃ ᠬᠣᠶᠠᠷ ᠲᠠᠯ᠎ᠠ᠎ᠪᠠᠷ᠎ᠢᠶᠠᠨ ᠦᠷᠭᠦᠯᠵᠢᠯᠡᠨ ᠨᠢᠭ᠍ᠲᠠ ᠤᠯᠤᠯᠴᠠᠭ᠎ᠠ ᠪᠣᠯᠤᠨ ᠵᠣᠬᠢᠴᠠᠭᠤᠯᠭ᠎ᠠ᠎ᠪᠠᠨ ᠪᠠᠲᠤᠯᠠᠵᠤ᠂ ᠭᠠᠭ᠍ᠴᠠ ᠲᠠᠯᠠᠲᠤ ᠦᠵᠡᠯ ᠪᠣᠯᠤᠨ ᠬᠦᠢᠳᠡᠨ ᠲᠠᠢ᠌ᠨ᠎ᠦ ᠰᠡᠳᠭᠢᠬᠦᠢ᠎ᠶ᠋ᠢ ᠬᠠᠮᠲᠤ᠎ᠪᠠᠷ ᠡᠰᠡᠷᠭᠦᠴᠡᠵᠦ᠍᠂ ᠡᠷᠬᠡ ᠲᠡᠭ᠌ᠰᠢ ᠡᠮᠬᠢ ᠵᠢᠷᠤᠮ᠎ᠲᠠᠶ ᠳᠡᠯᠡᠬᠡᠢ᠎ᠶ᠋ᠢᠨ ᠤᠯᠠᠨ ᠲᠤᠢ᠌ᠯᠵᠢᠯᠳᠠ ᠪᠣᠯᠤᠨ ᠲᠦᠭᠡᠮᠡᠯ ᠬᠠᠷᠠᠭᠠᠯᠵᠠᠯᠳᠤ ᠪᠠᠭ᠍ᠲᠠᠭᠠᠮᠵᠢᠲᠠᠢ ᠠᠵᠤ ᠠᠬᠤᠢ᠎ᠶ᠋ᠢᠨ ᠳᠡᠯᠡᠬᠡᠢᠵᠢᠯᠲᠡ᠎ᠶ᠋ᠢ ᠬᠠᠮᠲᠤ᠎ᠪᠠᠷ ᠠᠬᠢᠭᠤᠯᠤᠶ᠎ᠠ ᠭᠡᠵᠦ ᠴᠢᠬᠤᠯᠠᠴᠢᠯᠠᠪᠠ᠃

ᠱᠢᠶᠠᠪᠠᠽᠢ᠂ ᠲᠡᠷᠢᠭᠦᠯᠡᠭ᠌ᠴᠢ ᠰᠢ ᠵᠢᠨ ᠫᠢᠩ ᠪᠣᠯ ᠫᠠᠺᠢᠰᠲ᠋ᠠᠨ᠎ᠤ ᠠᠷᠠᠳ ᠲᠦᠮᠡᠨ᠎ᠦ ᠠᠭᠤᠤ ᠶᠡᠬᠡ ᠨᠠᠢᠵᠠ ᠮᠥᠨ᠂ ᠪᠠᠰᠠ ᠴᠤ᠌ ᠳᠡᠯᠡᠬᠡᠢ ᠳᠡᠭᠡᠷᠡᠬᠢ ᠡᠩᠬᠡ ᠲᠠᠢᠪᠤᠩ᠎ᠢ ᠡᠷᠬᠢᠮᠯᠡᠳᠡᠭ ᠠᠷᠠᠳ ᠲᠦᠮᠡᠨ᠎ᠦ ᠠᠭᠤᠤ ᠶᠡᠬᠡ ᠨᠠᠢᠵᠠ ᠮᠥᠨ᠃ ᠲᠡᠷᠢᠭᠦᠯᠡᠭ᠌ᠴᠢ ᠰᠢ ᠵᠢᠨ ᠫᠢᠩ᠎ᠦᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ᠎ᠤᠨ ᠠᠵᠤ ᠠᠬᠤᠢ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭ᠍ᠰᠠᠨ ᠠᠮᠵᠢᠯᠲᠠ ᠣᠯᠵᠤ᠂ ᠳᠡᠯᠡᠬᠡᠢ᠎ᠶ᠋ᠢᠨ ᠡᠩᠬᠡ ᠲᠠᠢᠪᠤᠩ᠎ᠢ ᠬᠠᠮᠠᠭᠠᠯᠠᠬᠤ᠂ ᠤᠯᠠᠨ ᠲᠤᠢ᠌ᠯᠳᠤ ᠳᠡᠯᠡᠬᠡᠢ ᠶᠢᠷᠲᠢᠨᠴᠦ᠍᠎ᠶ᠋ᠢ ᠪᠠᠢᠭᠤᠯᠬᠤ᠎ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ᠃ ᠫᠠᠺᠢᠰᠲ᠋ᠠᠨ ᠳᠤᠮᠳᠠᠳᠤ᠎ᠶ᠋ᠢᠨ ᠪᠠᠲᠤ ᠪᠡᠬᠢ ᠨᠥᠬᠥᠷᠯᠡᠯ᠎ᠢ ᠬᠣᠶᠠᠷ ᠤᠯᠤᠰ᠎ᠤᠨ ᠠᠬᠠᠮᠠᠳ ᠨᠢᠭᠡ ᠦᠶ᠎ᠡ᠎ᠶ᠋ᠢᠨ ᠤᠳᠤᠷᠢᠳᠭᠤ ᠬᠥᠮᠦᠰ ᠪᠡᠶ᠎ᠡ᠎ᠪᠡᠷ᠎ᠢᠶᠡᠨ ᠴᠣᠭ᠍ᠴᠠᠯᠠᠨ ᠪᠠᠢᠭᠤᠯᠵᠤ᠂ ᠶᠠᠪᠤᠬᠤ ᠲᠤᠳᠤᠮ ᠪᠠᠲᠤ ᠪᠡᠬᠢ ᠪᠤᠯᠵᠤ᠂ ᠵᠦᠢᠷᠯᠡᠰᠢ ᠦᠭᠡᠢ ᠶᠤᠮ᠃ ᠫᠠᠺᠢᠰᠲ᠋ᠠᠨ᠎ᠤ ᠬᠢᠨ ᠨᠢᠭᠡ ᠳᠤᠮᠳᠠᠳᠤ ᠤᠯᠤᠰ ᠪᠠᠢᠬᠤ ᠵᠠᠷᠴᠢᠮ᠎ᠢ ᠡᠷᠡᠰ ᠪᠠᠷᠢᠮᠲᠠᠯᠠᠵᠤ᠂ ᠳᠤᠮᠳᠠᠳᠤ ᠤᠯᠤᠰ᠎ᠤᠨ ᠭᠣᠣᠯᠯᠠᠭ᠍ᠴᠢ ᠠᠱᠢᠭ ᠲᠤᠰᠠ᠎ᠳᠤ ᠬᠣᠯᠪᠣᠭ᠍ᠳᠠᠬᠤ ᠪᠤᠢ ᠪᠦᠬᠦᠢ ᠠᠰᠠᠭᠤᠳᠠᠯ ᠳᠡᠭᠡᠷ᠎ᠡ ᠳᠤᠮᠳᠠᠳᠤ᠎ᠶ᠋ᠢᠨ ᠬᠢᠨ ᠤ᠋ ᠵᠣᠭ᠍ᠰᠣᠯᠲᠠ᠎ᠶ᠋ᠢ ᠡᠷᠡᠰ ᠳᠡᠮᠵᠢᠵᠦ᠍᠂ ᠡᠭᠦᠷᠢᠳᠡ ᠳᠤᠮᠳᠠᠳᠤ ᠤᠯᠤᠰ᠎ᠤᠨ ᠰᠠᠢ᠌ᠨ ᠨᠠᠢᠵᠠ᠂ ᠰᠠᠢ᠌ᠨ ᠬᠠᠨᠢᠲᠠᠨ ᠪᠣᠯᠤᠨ᠎ᠠ᠃ ᠫᠠᠺᠢᠰᠲ᠋ᠠᠨ ᠳᠤᠷᠠᠲᠠᠶ᠎ᠠ ᠳᠤᠮᠳᠠᠳᠤ ᠤᠯᠤᠰ᠎ᠯᠤᠭ᠎ᠠ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ 75 ᠵᠢᠯ᠎ᠦᠨ ᠤᠢ᠎ᠶ᠋ᠢ ᠬᠠᠮᠲᠤ᠎ᠪᠠᠷ ᠪᠡᠯᠭᠡᠯᠡᠵᠦ᠍᠂ ᠳᠤᠮᠳᠠᠳᠤ ᠤᠯᠤᠰ᠎ᠤᠨ ᠲᠦᠷᠦ᠍᠎ᠶ᠋ᠢ ᠵᠠᠰᠠᠬᠤ ᠳᠤᠷᠰᠢᠯᠭ᠎ᠠ ᠵᠢ ᠰᠤᠷᠤᠯᠴᠠᠵᠤ᠂ 《ᠨᠢᠭᠡ ᠪᠦᠰᠡ ᠨᠢᠭᠡ ᠵᠠᠮ》 ᠤ᠋ᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠵᠦ᠍᠂ ᠳᠤᠮᠳᠠᠳᠤ ᠫᠠᠺᠢᠰᠲ᠋ᠠᠨ᠎ᠤ ᠠᠵᠤ ᠠᠬᠤᠢ᠎ᠶ᠋ᠢᠨ ᠬᠤᠩᠬᠢᠯ᠎ᠤᠨ ᠪᠦᠳᠦᠭᠡᠨ ᠪᠠᠢᠭᠤᠯᠤᠯᠲᠠ᠎ᠶ᠋ᠢ ᠠᠬᠢᠭᠤᠯᠵᠤ᠂ ᠫᠠᠺᠢᠰᠲ᠋ᠠᠨ ᠳᠤᠮᠳᠠᠳᠤ᠎ᠶ᠋ᠢᠨ ᠬᠠᠷᠢᠯᠴᠠᠭ᠎ᠠ᠎ᠶ᠋ᠢ ᠲᠠᠰᠤᠷᠠᠯᠳᠠ ᠦᠭᠡᠢ ᠤᠷᠤᠬ᠍ᠰᠢ ᠬᠥᠭ᠌ᠵᠢᠭᠦᠯᠵᠦ᠍᠂ ᠬᠣᠶᠠᠷ ᠤᠯᠤᠰ᠎ᠤᠨ ᠠᠷᠠᠳ ᠲᠦᠮᠡᠨ᠎ᠳᠦ ᠪᠤᠶᠠᠨ ᠦᠢᠯᠡᠳᠦᠨ᠎ᠡ᠃ ᠳᠤᠮᠳᠠᠳᠤ᠎ᠶ᠋ᠢᠨ ᠬᠢᠨ ᠡᠴᠡ ᠫᠠᠺᠢᠰᠲ᠋ᠠᠨ᠎ᠤ ᠠᠮᠧᠷᠢᠺᠠ ᠢᠷᠠᠨ᠎ᠤ ᠬᠡᠯᠡᠯᠴᠡᠭᠡ᠎ᠶ᠋ᠢ ᠡᠪᠰᠡᠭᠦᠯᠬᠦ᠌᠎ᠶ᠋ᠢ ᠳᠡᠮᠵᠢᠭ᠌ᠰᠡᠨ᠎ᠳᠦ ᠲᠠᠯᠠᠷᠬᠠᠵᠤ ᠪᠠᠢᠨ᠎ᠠ᠃ ᠲᠡᠷᠢᠭᠦᠯᠡᠭ᠌ᠴᠢ ᠰᠢ ᠵᠢᠨ ᠫᠢᠩ᠎ᠦᠨ ᠳᠤᠮᠳᠠᠳᠤ ᠳᠣᠷᠣᠨᠠᠲᠤ᠎ᠶ᠋ᠢᠨ ᠪᠠᠢᠳᠠᠯ᠎ᠤᠨ ᠲᠤᠬᠠᠢ ᠳᠤᠷᠠᠳᠤᠭ᠍ᠰᠠᠨ ᠲᠦᠷᠪᠡᠨ ᠵᠣᠷᠢᠯᠲᠠ ᠪᠣᠯ ᠡᠩᠬᠡ ᠲᠠᠢᠪᠤᠩ᠎ᠢ ᠪᠡᠶᠡᠯᠡᠭᠦᠯᠬᠦ᠌ ᠵᠢᠯᠣᠭᠣᠳᠭᠤ ᠴᠢᠨᠠᠷᠲᠠᠢ ᠲᠥᠰᠦᠯ ᠪᠣᠯᠤᠨ᠎ᠠ᠃ ᠫᠠᠺᠢᠰᠲ᠋ᠠᠨ᠎ᠤ᠎ᠬᠢᠨ ᠳᠤᠷᠠᠲᠠᠶ᠎ᠠ ᠳᠤᠮᠳᠠᠳᠤ ᠤᠯᠤᠰ᠎ᠯᠤᠭ᠎ᠠ ᠨᠢᠭ᠍ᠲᠠ ᠵᠣᠬᠢᠴᠠᠭᠤᠯᠵᠤ᠂ ᠳᠡᠯᠡᠬᠡᠢ᠎ᠶ᠋ᠢᠨ ᠡᠩᠬᠡ ᠲᠠᠢᠪᠤᠩ ᠲᠣᠭ᠍ᠲᠠᠭᠤᠨ᠎ᠢ ᠠᠬᠢᠭᠤᠯᠬᠤ᠎ᠳᠤ ᠬᠠᠮᠲᠤ᠎ᠪᠠᠷ ᠬᠤᠪᠢ ᠨᠡᠮᠡᠷᠢ ᠦᠵᠡᠭᠦᠯᠦᠨ᠎ᠡ ᠭᠡᠵᠦ᠍ ᠢᠯᠡᠳᠭᠡᠪᠡ᠃

ᠸᠠᠩ ᠢ ᠠᠭᠤᠯᠵᠠᠯᠲᠠ᠎ᠳᠤ ᠣᠷᠣᠯᠴᠠᠵᠠᠢ᠃

(ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 5 ᠰᠠᠷ᠎ᠠ᠎ᠶ᠋ᠢᠨ 25 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号