《ᠰᠢ ᠵᠢᠨ ᠫᠢᠩ ᠲᠦᠷᠦ᠍᠎ᠶ᠋ᠢ ᠵᠠᠰᠠᠬᠤ ᠲᠤᠬᠠᠢ》 ᠭᠡᠬᠦ᠌ ᠨᠣᠮ᠎ᠤᠨ ᠲᠠᠪᠤᠳᠤᠭᠠᠷ ᠪᠤᠳᠢ᠎ᠶ᠋ᠢᠨ ᠹᠷᠠᠨᠼᠢ ᠤᠷᠤᠰ ᠠᠷᠠᠪ ᠵᠡᠷᠭᠡ ᠬᠡᠯᠡᠨ᠎ᠦ ᠬᠡᠪᠯᠡᠯ ᠵᠢᠴᠢ ᠬᠢᠳᠠᠳ ᠬᠡᠯᠡᠨ ᠤ᠋ ᠤᠤᠯ ᠪᠢᠴᠢᠯᠭᠡ᠎ᠶᠢᠨ ᠬᠡᠪᠯᠡᠯ᠎ᠢ ᠬᠡᠪᠯᠡᠨ ᠲᠠᠷᠬᠠᠭᠠᠪᠠ
2026-05-26 11:43:30
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

《ᠰᠢ ᠵᠢᠨ ᠫᠢᠩ ᠲᠦᠷᠦ᠍᠎ᠶ᠋ᠢ ᠵᠠᠰᠠᠬᠤ ᠲᠤᠬᠠᠢ》 ᠭᠡᠬᠦ᠌ ᠨᠣᠮ᠎ᠤᠨ ᠲᠠᠪᠤᠳᠤᠭᠠᠷ ᠪᠣᠲᠢ᠎ᠶ᠋ᠢᠨ ᠹᠷᠠᠨᠼᠢ ᠬᠡᠯᠡ᠂ ᠣᠷᠣᠰ ᠬᠡᠯᠡ᠂ ᠠᠷᠠᠪ ᠬᠡᠯᠡ᠂ ᠢᠰᠫᠠᠨᠢ ᠬᠡᠯᠡ᠂ ᠫᠣᠷᠲ᠋ᠦ᠋ᠭᠠᠯ ᠬᠡᠯᠡ᠂ ᠭᠧᠷᠮᠠᠨ ᠬᠡᠯᠡ᠂ ᠶᠠᠫᠣᠨ ᠬᠡᠯᠡ ᠵᠢᠴᠢ ᠬᠢᠳᠠᠳ ᠬᠡᠯᠡᠨ ᠤ᠋ ᠤᠤᠯ ᠪᠢᠴᠢᠯᠭᠡ ᠵᠡᠷᠭᠡ 8 ᠬᠡᠯᠡᠨ᠎ᠦ ᠬᠡᠪᠯᠡᠯ᠎ᠢ ᠣᠢᠷ᠎ᠠ᠎ᠳᠤ ᠭᠠᠳᠠᠭᠠᠳᠤ ᠬᠡᠯᠡᠨ᠎ᠦ ᠬᠡᠪᠯᠡᠯ᠎ᠦᠨ ᠬᠣᠷᠢᠶ᠎ᠠ ᠡᠴᠡ ᠬᠡᠪᠯᠡᠭᠦᠯᠵᠦ᠍᠂ ᠤᠯᠤᠰ᠎ᠤᠨ ᠳᠣᠲᠣᠭᠠᠳᠤ ᠭᠠᠳᠠᠭᠠᠳᠤ᠎ᠳᠤ ᠲᠠᠷᠬᠠᠭᠠᠪᠠ᠃

《ᠰᠢ ᠵᠢᠨ ᠫᠢᠩ ᠲᠦᠷᠦ᠍᠎ᠶ᠋ᠢ ᠵᠠᠰᠠᠬᠤ ᠲᠤᠬᠠᠢ》 ᠭᠡᠬᠦ᠌ ᠨᠣᠮ᠎ᠤᠨ ᠲᠠᠪᠤᠳᠤᠭᠠᠷ ᠪᠤᠳᠢ᠎ᠶ᠋ᠢ ᠲᠥᠪ᠎ᠦᠨ ᠤᠬᠠᠭᠤᠯᠬᠤ ᠬᠡᠯᠲᠡᠰ (ᠲᠦᠷᠦ᠍᠎ᠶ᠋ᠢᠨ ᠶᠠᠪᠤᠳᠠᠯ᠎ᠤᠨ ᠬᠤᠷᠢᠶ᠎ᠠ᠎ᠶᠢᠨ ᠰᠣᠨᠢᠨ ᠮᠡᠳᠡᠭᠡᠨ᠎ᠦ ᠠᠯᠪᠠᠨ ᠭᠡᠷ) ᠡᠴᠡ ᠲᠥᠪ᠎ᠦᠨ ᠨᠠᠮ᠎ᠤᠨ ᠲᠡᠦᠬᠡ ᠪᠠ ᠲᠤᠯᠭᠤᠷ ᠪᠢᠴᠢᠭ᠎ᠦᠨ ᠰᠤᠳᠤᠯᠭᠠᠨ᠎ᠤ ᠬᠦᠷᠢᠶᠡᠯᠡᠩ᠂ ᠳᠤᠮᠳᠠᠳᠤ ᠤᠯᠤᠰ᠎ᠤᠨ ᠭᠠᠳᠠᠭᠠᠳᠤ ᠬᠡᠯᠡᠨ᠎ᠦ ᠬᠡᠪᠯᠡᠨ ᠲᠠᠷᠬᠠᠭᠠᠬᠤ ᠦᠢᠯᠡᠰ᠎ᠦᠨ ᠲᠤᠪᠴᠢᠶ᠎ᠠ᠎ᠲᠠᠶ ᠬᠠᠮᠲᠤᠷᠠᠨ ᠨᠠᠢᠷᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ 2022 ᠣᠨ᠎ᠤ 5 ᠰᠠᠷ᠎ᠠ᠎ᠶ᠋ᠢᠨ 27 ᠤ᠋ ᠡᠳᠦᠷ᠎ᠡᠴᠡ 2024 ᠣᠨ᠎ᠤ 12 ᠰᠠᠷ᠎ᠠ᠎ᠶ᠋ᠢᠨ 20 ᠤ᠋ ᠡᠳᠦᠷ ᠪᠣᠯᠲᠠᠯᠠᠬᠢ ᠬᠤᠭᠤᠴᠠᠭᠠᠨ᠎ᠳᠠᠬᠢ ᠢᠯᠡᠳᠭᠡᠯ᠂ ᠶᠠᠷᠢᠶ᠎ᠠ᠂ ᠶᠠᠷᠢᠯᠴᠠᠭ᠎ᠠ᠂ ᠶᠠᠷᠢᠶ᠎ᠠ ᠢᠯᠡᠳᠭᠡᠯ᠂ ᠪᠠᠶᠠᠷ᠎ᠤᠨ ᠦᠭᠡ᠂ ᠵᠣᠬᠢᠶᠠᠯ᠂ ᠵᠢᠭᠠᠪᠤᠷᠢ ᠵᠡᠷᠭᠡ 91 ᠵᠣᠬᠢᠶᠠᠯ᠎ᠢ ᠣᠷᠣᠭᠤᠯᠵᠤ᠂ ᠪᠠᠰᠠ ᠶᠡᠷᠦᠩᠬᠡᠢ ᠱᠦᠵᠢ ᠰᠢ ᠵᠢᠨ ᠫᠢᠩ᠎ᠦᠨ ᠡᠨᠡ ᠬᠡᠰᠡᠭ ᠬᠤᠭᠤᠴᠠᠭᠠᠨ᠎ᠳᠠᠬᠢ 41 ᠭᠡᠷᠡᠯ ᠵᠢᠷᠤᠭ᠎ᠢ ᠣᠷᠣᠭᠤᠯᠵᠠᠢ᠃ ᠪᠦᠬᠦ᠌ ᠨᠣᠮ 18 ᠲᠤᠰᠭᠠᠢ ᠰᠡᠳᠦᠪ ᠬᠤᠪᠢᠶᠠᠵᠤ᠂ ᠬᠦᠨᠳᠦ ᠨᠣᠴᠢᠲᠠᠶ ᠲᠦᠪᠡᠭ ᠪᠤᠳᠤᠯᠢᠶᠠᠨᠲᠠᠶ ᠳᠡᠯᠡᠬᠡᠶ᠎ᠶ᠋ᠢᠨ ᠣᠷᠴᠢᠨ ᠨᠥᠬᠥᠴᠡᠯ ᠪᠠ ᠤᠯᠤᠰ᠎ᠤᠨ ᠳᠣᠲᠣᠭᠠᠳᠤ᠎ᠶ᠋ᠢᠨ ᠥᠭᠡᠷᠡᠴᠢᠯᠡᠯᠲᠡ ᠬᠢᠬᠦ᠌ ᠬᠥᠭ᠌ᠵᠢᠭᠦᠯᠬᠦ᠌ ᠲᠣᠭ᠍ᠲᠠᠭᠤᠨ ᠪᠠᠢᠯᠭᠠᠬᠤ ᠬᠠᠲᠠᠭᠤ ᠪᠡᠷᠬᠡ ᠪᠥᠭᠡᠳ ᠨᠦᠰᠡᠷ ᠬᠦᠨᠳᠦ ᠡᠭᠦᠷᠭᠡ᠎ᠳᠦ ᠬᠠᠨᠳᠤᠵᠤ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠣᠶᠠᠷ ᠶᠡᠬᠡ ᠲᠠᠯ᠎ᠠ᠎ᠶ᠋ᠢ ᠨᠢᠭᠡᠳᠦᠯᠲᠡᠢ ᠲᠥᠯᠥᠪᠵᠢᠭᠦᠯᠵᠦ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ ᠵᠦᠪ ᠣᠨᠣᠪᠴᠢᠲᠠᠶ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠬᠦᠴᠦᠯᠡᠨ ᠠᠬᠢᠭᠤᠯᠵᠤ᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠶ᠋ᠢ ᠲᠦᠯᠦᠪᠵᠢᠭᠦᠯᠬᠦ ᠪᠠ ᠠᠬᠢᠭᠤᠯᠵᠤ᠂ ᠥᠨᠳᠥᠷ ᠲᠦᠪᠱᠢᠨ ᠪᠦᠬᠦᠢ ᠭᠠᠳᠠᠭᠠᠳᠤ ᠨᠡᠭᠡᠭᠡᠯᠲᠡ᠎ᠶ᠋ᠢ ᠠᠬᠢᠭᠤᠯᠤᠨ᠂ ᠬᠦᠴᠢᠷ ᠪᠡᠷᠬᠡᠱᠢᠶᠡᠯ᠎ᠢ ᠢᠯᠠᠨ ᠳᠠᠪᠠᠵᠤ᠂ ᠡᠷᠡᠮᠡᠬᠡᠢᠯᠡᠨ ᠲᠠᠪᠰᠢᠵᠤ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ ᠯᠠᠪᠳᠠᠭᠤᠨ ᠪᠠᠲᠤᠲᠠᠶ ᠠᠯᠬᠤᠮ᠎ᠢ ᠠᠯᠬᠤᠭᠰᠠᠨ ᠦᠶ᠋ᠯᠡᠳᠦᠯᠭᠡ ᠵᠢ ᠠᠮᠢᠳᠤᠯᠢᠭ᠎ᠢᠶᠠᠷ ᠲᠡᠮᠳᠡᠭ᠌ᠯᠡᠵᠦ᠂ 《ᠬᠣᠶᠠᠷ᠎ᠢ ᠤᠶᠠᠯᠳᠤᠭᠤᠯᠬᠤ》 ᠶ᠋ᠢ ᠪᠠᠷᠢᠮᠲᠠᠯᠠᠬᠤ᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ᠌᠎ᠶ᠋ᠢ ᠠᠬᠢᠭᠤᠯᠤᠭ᠍ᠰᠠᠨ ᠬᠠᠮᠤᠭ᠎ᠤᠨ ᠱᠢᠨ᠎ᠡ ᠦᠷ᠎ᠡ ᠪᠦᠲᠦᠭᠡᠯ᠎ᠢ ᠲᠥᠪᠯᠡᠷᠡᠭᠦᠯᠦᠨ ᠢᠯᠡᠷᠡᠭᠦᠯᠵᠦ᠂ ᠮᠠᠨ᠎ᠤ ᠨᠠᠮ᠎ᠤᠨ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠠᠬᠢᠭᠤᠯᠬᠤ᠎ᠳᠤ ᠦᠵᠡᠭᠦᠯᠦᠭ᠌ᠰᠡᠨ ᠣᠶᠤᠨ ᠤᠬᠠᠭᠠᠨᠴᠢ ᠲᠥᠰᠦᠯ᠎ᠢ ᠭᠦᠶ᠋ᠴᠡᠳ ᠲᠤᠰᠬᠠᠵᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠬᠠᠮᠤᠭ᠎ᠤᠨ ᠱᠢᠨ᠎ᠡ ᠦᠷ᠎ᠡ ᠪᠦᠲᠦᠭᠡᠯ᠎ᠢ ᠪᠦᠬᠦ᠌ ᠲᠠᠯ᠎ᠠ᠎ᠪᠠᠷ ᠱᠢᠰᠲ᠋ᠧᠮ᠎ᠲᠡᠶ ᠬᠠᠷᠠᠭᠤᠯᠤᠭᠰᠠᠨ ᠡᠷᠬᠡ ᠰᠦᠷᠲᠦ ᠵᠣᠬᠢᠶᠠᠯ ᠪᠦᠳᠦᠭᠡᠯ ᠮᠥᠨ᠃

《ᠰᠢ ᠵᠢᠨ ᠫᠢᠩ ᠲᠦᠷᠦ᠍᠎ᠶ᠋ᠢ ᠵᠠᠰᠠᠬᠤ ᠲᠤᠬᠠᠢ》 ᠭᠡᠬᠦ᠌ ᠨᠣᠮ᠎ᠤᠨ ᠲᠠᠪᠤᠳᠤᠭᠠᠷ ᠪᠤᠳᠢ᠎ᠶ᠋ᠢᠨ ᠬᠢᠲᠠᠳ᠂ ᠠᠨᠭ᠌ᠭ᠌ᠯᠢ ᠬᠡᠯᠡᠨ᠎ᠦ ᠬᠡᠪᠯᠡᠯ᠎ᠢ 2025 ᠣᠨ᠎ᠤ 7 ᠰᠠᠷ᠎ᠠ᠎ᠳᠤ ᠬᠡᠪᠯᠡᠨ ᠲᠠᠷᠬᠠᠭᠠᠭ᠍ᠰᠠᠨ ᠡᠴᠡ ᠨᠠᠭᠠᠰᠢ᠂ ᠤᠯᠤᠰ᠎ᠤᠨ ᠳᠣᠲᠣᠭᠠᠳᠤ ᠭᠠᠳᠠᠭᠠᠳᠤ᠎ᠳᠤ ᠴᠢᠩᠭ᠎ᠠ ᠲᠤᠰᠭᠠᠯ ᠭᠠᠷᠴᠠᠢ᠃ 《ᠰᠢ ᠵᠢᠨ ᠫᠢᠩ ᠲᠦᠷᠦ᠍᠎ᠶ᠋ᠢ ᠵᠠᠰᠠᠬᠤ ᠲᠤᠬᠠᠢ》 ᠭᠡᠬᠦ᠌ ᠨᠣᠮ᠎ᠤᠨ ᠲᠠᠪᠤᠳᠤᠭᠠᠷ ᠪᠤᠳᠢ᠎ᠶ᠋ᠢᠨ ᠹᠷᠠᠨᠼᠢ ᠤᠷᠤᠰ ᠠᠷᠠᠪ ᠵᠡᠷᠭᠡ ᠬᠡᠯᠡᠨ᠎ᠦ ᠬᠡᠪᠯᠡᠯ ᠵᠢᠴᠢ ᠬᠢᠲᠠᠳ ᠬᠡᠯᠡᠨ᠎ᠦ ᠤᠤᠯ ᠪᠢᠴᠢᠯᠭᠡ᠎ᠶᠢᠨ ᠬᠡᠪᠯᠡᠯ᠎ᠢ ᠬᠡᠪᠯᠡᠨ ᠲᠠᠷᠬᠠᠭᠠᠭ᠍ᠰᠠᠨ ᠨᠢ ᠳᠡᠯᠡᠬᠡᠢ ᠨᠡᠢᠭᠡᠮ᠎ᠦᠨ ᠬᠢᠨ᠎ᠦ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠬᠠᠮᠤᠭ᠎ᠤᠨ ᠱᠢᠨ᠎ᠡ ᠬᠥᠭ᠌ᠵᠢᠯᠲᠡ᠎ᠶ᠋ᠢ ᠴᠠᠭ ᠲᠤᠬᠠᠢ᠎ᠳᠤᠨᠢ ᠣᠢᠯᠠᠭᠠᠬᠤ᠂ ᠳᠤᠮᠳᠠᠳᠤ ᠤᠯᠤᠰ᠎ᠤᠨ ᠣᠢᠯᠠᠭᠠᠭ᠍ᠳᠠᠬᠤᠨ᠂ ᠳᠤᠮᠳᠠᠳᠤ ᠤᠯᠤᠰ᠎ᠤᠨ ᠲᠥᠰᠦᠯ᠂ ᠳᠤᠮᠳᠠᠳᠤ ᠤᠯᠤᠰ᠎ᠤᠨ ᠤᠶᠤᠨ ᠤᠬᠠᠭᠠᠨ᠎ᠤ ᠲᠤᠬᠠᠢ ᠣᠢᠯᠠᠭᠠᠯᠲᠠ᠎ᠪᠠᠨ ᠭᠦᠨᠵᠡᠭᠡᠢᠷᠡᠭᠦᠯᠬᠦ᠌᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠭᠠᠷ ᠬᠣᠯᠪᠣᠯᠴᠠᠨ ᠬᠠᠮᠲᠤ᠎ᠪᠠᠷ ᠪᠠᠢᠭᠤᠯᠬᠤ᠎ᠳᠤ ᠴᠢᠬᠤᠯᠠ ᠠᠴᠢ ᠬᠣᠯᠪᠣᠭ᠍ᠳᠠᠯ᠎ᠲᠠᠶ ᠶᠤᠮ᠃

ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 5 ᠰᠠᠷ᠎ᠠ᠎ᠶ᠋ᠢᠨ 25 ᠎ᠤ᠋ ᠴᠠᠬᠢᠯᠭᠠᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号