ᠠᠶᠤᠯᠭᠦᠶ ᠦᠶ᠋ᠯᠡᠳᠪᠦᠷᠢᠯᠡᠯ᠎ᠦᠨ ᠬᠠᠷᠢᠭᠤᠴᠠᠯᠭ᠎ᠠ ᠵᠢ ᠨᠡᠩ ᠴᠢᠩᠭᠠᠳᠬᠠᠬᠤ ᠬᠡᠷᠡᠭᠲᠡᠢ
2026-05-26 11:47:36
ᠵᠣᠬᠢᠶᠠᠭ᠍ᠴᠢ᠄
ᠱᠢᠨᠬᠤᠸᠠ ᠬᠣᠷᠢᠶ᠎ᠠ ᠵᠢᠨ ᠰᠤᠷᠪᠤᠯᠵᠢᠯᠠᠭ᠍ᠴᠢ
ᠣᠩᠱᠢᠭ᠍ᠰᠠᠨ ᠣᠳᠠᠭ᠎ᠠ᠄
★★★☆☆

— ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ᠎ᠦᠨ᠎ᠬᠢᠨ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ ᠳᠠᠬᠢᠨ ᠪᠠᠢᠷᠢᠯᠠᠭᠤᠯᠵᠤ ᠳᠠᠬᠢᠨ ᠪᠠᠢᠴᠠᠭᠠᠵᠤ ᠲᠠᠬᠢᠨ ᠨᠠᠢᠳᠠᠪᠤᠷᠢᠵᠢᠭᠤᠯᠵᠤ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ᠎ᠶ᠋ᠢᠨ ᠠᠮᠤᠷ ᠲᠦᠪᠱᠢᠨ᠎ᠢ ᠬᠠᠮᠠᠭᠠᠯᠠᠵᠤ ᠪᠤᠢ


5 ᠰᠠᠷ᠎ᠠ᠎ᠶ᠋ᠢᠨ 22 ᠎ᠤ᠋ᠨ ᠡᠳᠦᠷ᠎ᠦᠨ 19 ᠴᠠᠭ 29 ᠮᠢᠨᠦ᠋ᠲ᠎ᠲᠦ᠂ ᠱᠠᠨ ᠰᠢ᠎ᠶ᠋ᠢᠨ ᠴᠠᠩ ᡁᠢ ᠬᠣᠲᠠ᠎ᠶ᠋ᠢᠨ ᠴᠢᠨ ᠶᠤᠸᠠᠨ ᠱᠢᠶᠠᠨ᠎ᠤ ᠱᠠᠨ ᠰᠢ᠎ᠶ᠋ᠢᠨ ᠲᠦᠩ ᠵᠧᠸ᠋ ᠪᠦᠯᠦᠭ᠌ᠯᠡᠯ᠎ᠦᠨ ᠯᠢᠦ ᠱᠸᠨ ᠢᠦᠶ ᠨᠡᠭᠦᠷᠡᠰᠦᠨ᠎ᠦ ᠦᠢᠯᠡᠰ᠎ᠦᠨ ᠬᠢᠵᠠᠭᠠᠷᠲᠤ ᠺᠣᠮᠫᠠᠨᠢ᠎ᠶ᠋ᠢᠨ ᠬᠤᠳᠳᠤᠭ ᠳᠣᠲᠣᠷ᠎ᠠ ᠭᠠᠰ ᠳᠡᠯᠪᠡᠷᠡᠭ᠌ᠰᠡᠨ ᠡᠨᠳᠡᠯ ᠭᠠᠷᠴᠤ᠌᠂ ᠬᠥᠮᠦᠨ ᠬᠠᠷ᠎ᠠ ᠶᠡᠬᠡ᠎ᠪᠡᠷ ᠡᠨᠳᠡᠵᠤ ᠱᠢᠷᠬᠠᠲᠤᠵᠠᠶ᠃

ᠡᠨᠳᠡᠯ ᠡᠭᠦᠰᠦᠭ᠌ᠰᠡᠨ᠎ᠦ ᠳᠠᠷᠠᠭ᠎ᠠ᠂ ᠶᠡᠷᠦᠩᠬᠡᠢ ᠱᠦᠵᠢ ᠰᠢ ᠵᠢᠨ ᠫᠢᠩ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠬᠤ ᠵᠢᠨ ᠬᠠᠮᠳᠤ ᠴᠢᠬᠤᠯᠠ ᠵᠢᠭᠠᠪᠤᠷᠢ ᠥᠭ᠌ᠴᠦ᠂ 《ᠱᠢᠷᠬᠠᠲᠤᠭ᠍ᠰᠠᠳ᠎ᠢ ᠪᠦᠬᠦ᠌ ᠬᠦᠴᠦ᠍᠎ᠪᠡᠷ᠎ᠢᠶᠡᠨ ᠠᠪᠤᠷᠠᠨ ᠡᠮᠨᠡᠵᠦ᠍᠂ ᠱᠢᠨᠵᠢᠯᠡᠬᠦ᠌ ᠤᠬᠠᠭᠠᠨᠴᠢ᠎ᠪᠠᠷ ᠵᠣᠬᠢᠶᠠᠨ ᠪᠠᠢᠭᠤᠯᠤᠨ ᠡᠷᠢᠵᠦ᠍ ᠠᠪᠤᠷᠠᠨ᠂ ᠬᠣᠢᠲᠤᠬᠢ ᠶᠠᠪᠤᠳᠠᠯ᠎ᠢ ᠱᠢᠢᠳᠪᠦᠷᠢᠯᠡᠬᠦ᠌ ᠠᠵᠢᠯ᠎ᠢ ᠲᠣᠬᠢᠲᠠᠢ ᠰᠠᠢᠲᠤᠷ ᠬᠢᠬᠦ᠌ ᠬᠡᠷᠡᠭ᠌ᠲᠡᠢ》 ᠂ 《ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠡᠨᠳᠡᠯ᠎ᠡᠴᠡ ᠰᠤᠷᠭᠠᠮᠵᠢ ᠠᠪᠴᠤ᠌᠂ ᠠᠶᠤᠯᠭᠦᠢ ᠦᠢᠯᠡᠳᠪᠦᠷᠢᠯᠡᠯ ᠬᠡᠬᠦ ᠡᠨᠡ ᠬᠦ᠌ ᠬᠦᠪᠴᠢ ᠵᠢ ᠴᠠᠭ ᠢᠮᠠᠭ᠍ᠲᠠ ᠴᠢᠩᠭᠠᠯᠠᠵᠤ᠂ ᠡᠯ᠎ᠡ ᠵᠦᠢᠯ᠎ᠦᠨ ᠠᠶᠤᠯ ᠲᠦᠭ᠌ᠰᠢᠭᠦᠷᠢ ᠵᠢᠨ ᠭᠡᠮ ᠰᠣᠭᠣᠭ᠎ᠢ ᠭᠦᠨᠵᠡᠭᠡᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠵᠤ᠂ ᠬᠦᠨᠳᠦ ᠣᠨᠴᠠ ᠶᠡᠬᠡ ᠡᠨᠳᠡᠯ ᠭᠠᠷᠬᠤ᠎ᠶ᠋ᠢ ᠡᠷᠡᠰ ᠰᠡᠷᠭᠡᠢᠯᠡᠨ ᠬᠣᠷᠢᠭ᠍ᠯᠠᠬᠤ ᠬᠡᠷᠡᠭ᠌ᠲᠡᠢ》 ᠭᠡᠵᠦ᠍ ᠴᠢᠬᠤᠯᠠᠴᠢᠯᠠᠪᠠ᠃

ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠬᠣᠯᠪᠣᠭ᠍ᠳᠠᠯ ᠪᠥᠬᠥᠶ ᠭᠠᠵᠠᠷ ᠣᠷᠣᠨ ᠪᠠ ᠰᠠᠯᠠᠭ᠎ᠠ ᠮᠥᠴᠢᠷ ᠤ᠋ᠨ ᠬᠢᠨ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ᠎ᠶ᠋ᠢᠨ ᠠᠮᠤᠷ ᠲᠦᠪᠱᠢᠨ᠎ᠢ ᠲᠡᠷᠢᠭᠦᠨ᠎ᠳᠤ ᠲᠠᠯᠪᠢᠵᠤ᠂ ᠬᠣᠷᠢᠭ᠍ᠳᠠᠵᠤ ᠪᠠᠢᠭ᠎ᠠ ᠬᠥᠮᠦᠰ᠎ᠢ ᠪᠥᠬᠥ᠌ ᠬᠦᠴᠦ᠍᠎ᠪᠡᠷ᠎ᠢᠶᠡᠨ ᠡᠷᠢᠨ ᠠᠪᠤᠷᠠᠵᠤ᠂ ᠱᠢᠷᠬᠠᠲᠤᠭ᠍ᠰᠠᠳ᠎ᠢ ᠠᠪᠤᠷᠠᠨ ᠡᠮᠨᠡᠵᠦ᠍᠂ ᠬᠣᠢᠲᠤᠬᠢ ᠶᠠᠪᠤᠳᠠᠯ᠎ᠢ ᠰᠠᠢᠳᠤᠷ ᠬᠢᠨ᠎ᠠ᠃ ᠡᠭᠦᠨ᠎ᠦ ᠵᠡᠷᠭᠡ ᠪᠡᠷ ᠡᠨᠳᠡᠯ᠎ᠦᠨ ᠪᠠᠢᠴᠠᠭᠠᠯᠲᠠ᠎ᠶ᠋ᠢ ᠰᠠᠢᠲᠤᠷ ᠬᠢᠵᠦ᠍᠂ ᠠᠶᠤᠯᠭᠦᠢ ᠦᠢᠯᠡᠳᠪᠦᠷᠢᠯᠡᠯ᠎ᠦᠨ ᠬᠠᠷᠢᠭᠤᠴᠠᠯᠭ᠎ᠠ᠎ᠶ᠋ᠢᠨ ᠨᠠᠢᠳᠠᠪᠤᠷᠢᠵᠢᠭᠤᠯᠤᠯᠲᠠ᠎ᠶ᠋ᠢ ᠴᠢᠩᠭᠠᠳᠭᠠᠵᠤ᠂ ᠭᠣᠣᠯᠳᠠᠯᠭ᠎ᠠ᠎ᠲᠠᠶ ᠠᠵᠢᠯ ᠲᠦᠷᠦᠯ᠎ᠦᠨ ᠬᠦᠷᠢᠶᠡᠨ᠎ᠳ᠋ᠡᠬᠢ ᠠᠮᠤᠷ ᠲᠦᠪᠱᠢᠨ᠎ᠦ ᠬᠡᠮ ᠰᠣᠭᠣᠭ᠎ᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ᠎ᠶ᠋ᠢ ᠦᠨᠡᠨ ᠬᠦ᠌ ᠰᠠᠢᠲᠤᠷ ᠠᠳᠭᠤᠵᠤ᠂ ᠬᠦᠨᠳᠦ ᠣᠨᠴᠠ ᠶᠡᠬᠡ ᠡᠨᠳᠡᠯ ᠭᠠᠷᠬᠤ᠎ᠶ᠋ᠢ ᠡᠷᠡᠰ ᠰᠡᠷᠭᠡᠢᠯᠡᠨ᠎ᠡ ᠭᠡᠵᠤ ᠢᠯᠡᠳᠭᠡᠪᠡ᠃

ᠠᠷᠠᠳ ᠲᠦᠮᠡᠨ᠎ᠢ ᠳᠡᠭᠡᠳᠦᠯᠡᠵᠦ᠍᠂ ᠠᠮᠢ ᠨᠠᠰᠤ᠎ᠶ᠋ᠢ ᠳᠡᠭᠡᠳᠦᠯᠠᠨ᠎ᠠ᠃

— ᠱᠠᠨ ᠰᠢ ᠮᠤᠵᠢ᠎ᠶ᠋ᠢᠨ ᠬᠢᠨ ᠮᠤᠵᠢ᠎ᠶ᠋ᠢᠨ ᠲᠡᠰ᠎ᠤᠨ ᠪᠠᠴᠢᠮ ᠪᠠᠢᠳᠠᠯ᠎ᠢ ᠠᠷᠭᠠᠴᠠᠭᠠᠬᠤ ᠠᠪᠤᠷᠠᠨ ᠲᠤᠰᠠᠯᠠᠬᠤ ᠲᠤᠬᠠᠢ᠎ᠶ᠋ᠢᠨ ᠲᠠᠯᠠᠪᠠᠢ᠎ᠶ᠋ᠢᠨ ᠵᠢᠯᠣᠭᠣᠳᠭᠤ ᠭᠠᠵᠠᠷ᠎ᠢ ᠪᠠᠢᠭᠤᠯᠵᠤ᠂ ᠲᠡᠬᠦᠨ᠎ᠤ ᠳᠣᠣᠷ᠎ᠠ ᠨᠢ ᠠᠶᠤᠯ᠎ᠡᠴᠡ ᠠᠪᠤᠷᠠᠬᠤ ᠠᠪᠤᠷᠠᠨ ᠲᠤᠰᠠᠯᠠᠬᠤ ᠳᠤᠭᠤᠢᠯᠠᠩ᠂ ᠡᠮᠴᠢᠯᠡᠭᠡᠨ ᠤ᠋ ᠠᠪᠤᠷᠠᠨ ᠡᠮᠨᠡᠬᠦ᠌ ᠳᠤᠭᠤᠢᠯᠠᠩ᠂ ᠪᠠᠴᠢᠮ ᠪᠠᠢᠳᠠᠯ᠎ᠢ ᠠᠷᠭᠠᠴᠠᠭᠠᠬᠤ ᠪᠠᠲᠤᠯᠠᠭ᠎ᠠ᠎ᠶ᠋ᠢᠨ ᠳᠤᠭᠤᠢᠯᠠᠩ ᠵᠡᠷᠭᠡ 9 ᠠᠵᠢᠯᠯᠠᠬᠤ ᠳᠤᠭᠤᠢᠯᠠᠩ᠎ᠢ ᠪᠠᠢᠭᠤᠯᠪᠠ᠃

22 ᠎ᠤ᠋ᠨ ᠡᠳᠦᠷ᠎ᠦᠨ 21 ᠴᠠᠭ 15 ᠮᠢᠨᠦ᠋ᠲ᠎ᠲᠦ᠂ ᠴᠢᠨ ᠶᠤᠸᠠᠨ ᠱᠢᠶᠠᠨ᠎ᠤ ᠠᠪᠤᠷᠠᠨ ᠲᠤᠰᠠᠯᠠᠬᠤ ᠠᠩᠭᠢ᠎ᠶ᠋ᠢᠨ 20 ᠬᠥᠮᠦᠨ ᠲᠤᠬᠠᠶ᠎ᠶ᠋ᠢᠨ ᠲᠠᠯᠠᠪᠠᠶ᠎ᠳᠤ ᠬᠦᠷᠴᠦ᠍᠂ ᠪᠤᠰᠤᠳ ᠠᠪᠤᠷᠠᠨ ᠲᠤᠰᠠᠯᠠᠬᠤ ᠠᠩᠭᠢ ᠬᠣᠢᠨ᠎ᠠ ᠬᠣᠢᠨ᠎ᠠ᠎ᠡᠴᠡ᠎ᠪᠠᠨ ᠬᠦᠷᠤᠯᠴᠠᠨ ᠢᠷᠡᠵᠤ ᠣᠷᠣᠯᠴᠠᠵᠠᠶ᠃ 23 ᠤ᠋ ᠦᠳᠡ᠎ᠶ᠋ᠢᠨ ᠬᠣᠢᠨ᠎ᠠ ᠪᠣᠯᠬᠤ᠎ᠳᠤ᠂ ᠱᠠᠨ ᠰᠢ ᠮᠤᠵᠢ ᠨᠢᠭᠡᠨᠲᠡ ᠠᠪᠤᠷᠠᠨ ᠲᠤᠰᠠᠯᠠᠬᠤ ᠪᠠ ᠡᠮᠴᠢᠯᠡᠭᠡᠨ ᠤ᠋ 7 ᠰᠠᠯᠠᠭ᠎ᠠ 755 ᠬᠥᠮᠦᠨ᠎ᠢ ᠱᠢᠯᠵᠢᠭᠦᠯᠵᠦ᠍᠂ ᠪᠠᠴᠢᠮ ᠪᠠᠢᠳᠠᠯ᠎ᠢ ᠠᠷᠭᠠᠴᠠᠭᠠᠵᠤ ᠠᠪᠤᠷᠠᠨ ᠲᠤᠰᠠᠯᠠᠬᠤ᠂ ᠡᠮᠴᠢᠯᠡᠭᠡᠨ ᠤ᠋ ᠠᠪᠤᠷᠠᠨ ᠡᠮᠨᠡᠬᠦ᠂ ᠲᠤᠬᠠᠢ᠎ᠶ᠋ᠢᠨ ᠲᠠᠯᠠᠪᠠᠢ᠎ᠳᠤ ᠱᠢᠢᠳᠪᠦᠷᠢᠯᠡᠬᠦ᠌ ᠠᠵᠢᠯ᠎ᠢ ᠪᠦᠬᠦ᠌ ᠬᠦᠴᠦ᠍᠎ᠪᠡᠷ᠎ᠢᠶᠡᠨ ᠥᠷᠨᠢᠭᠦᠯᠪᠡ᠃

ᠡᠨᠳᠡᠯ᠎ᠦᠨ ᠲᠤᠬᠠᠢ᠎ᠶ᠋ᠢᠨ ᠲᠠᠯᠠᠪᠠᠢ ᠳ᠋ᠤ᠂ ᠠᠪᠤᠷᠠᠨ ᠲᠤᠰᠠᠯᠠᠬᠤ ᠠᠵᠢᠯᠲᠠᠳ ᠴᠠᠭ᠎ᠢ ᠠᠮᠵᠢᠨ ᠬᠦᠮᠦᠨ ᠬᠠᠷ᠎ᠠ ᠵᠢ ᠡᠷᠢᠨ ᠠᠪᠤᠷᠠᠵᠤ᠂ ᠲᠤᠬᠠᠢ᠎ᠶ᠋ᠢᠨ ᠲᠠᠯᠠᠪᠠᠢ ᠵᠢ ᠴᠡᠪᠡᠷᠯᠡᠪᠠ᠃ ᠤᠯᠠᠨ᠎ᠢᠶᠠᠷ᠎ᠢᠶᠠᠨ᠂ ᠶᠡᠷᠦᠩᠬᠡᠢ ᠱᠦᠵᠢ ᠰᠢ ᠵᠢᠨ ᠫᠢᠩ᠎ᠦᠨ ᠱᠠᠭᠠᠷᠳᠠᠯᠭ᠎ᠠ᠎ᠶ᠋ᠢ ᠲᠡᠷᠡ ᠶᠣᠰᠣᠭᠠᠷ ᠨᠢ ᠨᠠᠢᠳᠠᠪᠤᠷᠢᠵᠢᠭᠤᠯᠵᠤ᠂ ᠪᠦᠬᠦ᠌ ᠬᠦᠴᠦ᠍᠎ᠪᠡᠷ᠎ᠢᠶᠡᠨ ᠡᠷᠢᠨ ᠠᠪᠤᠷᠠᠵᠤ᠂ ᠱᠢᠨᠵᠢᠯᠡᠬᠦ᠌ ᠤᠬᠠᠭᠠᠨᠴᠢ᠎ᠪᠠᠷ ᠡᠷᠢᠨ ᠠᠪᠤᠷᠠᠵᠤ᠂ ᠦᠴᠦᠬᠡᠨ ᠲᠡᠳᠦᠢ ᠬᠦᠰᠡᠯ ᠪᠤᠯᠤᠮᠵᠢ ᠵᠢ ᠴᠤ᠌ ᠲᠠᠶᠠᠭ᠍ᠳᠠᠬᠤ ᠦᠭᠡᠢ᠂ ᠡᠭᠦᠨ᠎ᠦ ᠵᠡᠷᠭᠡ᠎ᠪᠡᠷ ᠲᠠᠭᠠᠯᠳᠤᠵᠤ ᠡᠭᠦᠰᠬᠦ ᠡᠨᠳᠡᠯ ᠱᠢᠷᠬᠠᠲᠤᠯ᠎ᠡᠴᠡ ᠵᠠᠢᠯᠠᠰᠭᠢᠨ᠎ᠡ ᠭᠡᠵᠦ᠍ ᠢᠯᠡᠳᠭᠡᠵᠡᠭᠡᠪᠡ᠃

— ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠶᠠᠮᠤᠨ᠂ ᠤᠯᠤᠰ᠎ᠤᠨ ᠠᠭᠤᠷᠬᠠᠢ᠎ᠶ᠋ᠢᠨ ᠠᠶᠤᠯᠭᠦᠢ᠎ᠶ᠋ᠢ ᠬᠢᠨᠠᠨ ᠪᠠᠢᠴᠠᠭᠠᠬᠤ ᠲᠣᠪᠴᠢᠶ᠎ᠠ ᠵᠢᠨ ᠬᠣᠯᠪᠣᠭ᠍ᠳᠠᠯ ᠪᠦᠬᠦᠢ ᠬᠠᠷᠢᠭᠤᠴᠠᠯᠭᠠᠲᠠᠨ ᠵᠢᠴᠢ ᠬᠣᠯᠪᠣᠭ᠍ᠳᠠᠯ ᠪᠦᠬᠦᠢ ᠲᠤᠰᠭᠠᠢ ᠮᠡᠷᠭᠡᠵᠢᠯᠲᠡᠨ ᠲᠤᠬᠠᠢ᠎ᠶ᠋ᠢᠨ ᠲᠠᠯᠠᠪᠠᠢ ᠳ᠋ᠤ ᠬᠦᠷᠴᠦ᠍ ᠵᠢᠭᠠᠨ ᠵᠢᠯᠣᠭᠣᠳᠴᠤ᠌᠂ ᠠᠪᠤᠷᠠᠨ ᠲᠤᠰᠠᠯᠠᠬᠤ ᠲᠥᠰᠦᠯ᠎ᠢ ᠱᠢᠨᠵᠢᠯᠡᠬᠦ᠌ ᠤᠬᠠᠭᠠᠨᠴᠢ᠎ᠪᠠᠷ ᠲᠣᠭ᠍ᠲᠠᠭᠠᠵᠤ᠂  ᠠᠭᠤᠷᠬᠠᠢ᠎ᠶ᠋ᠢᠨ ᠪᠠᠴᠢᠮ ᠪᠠᠢᠳᠠᠯ᠎ᠢ ᠠᠷᠭᠠᠴᠠᠭᠠᠬᠤ 6 ᠠᠪᠤᠷᠠᠨ ᠲᠤᠰᠠᠯᠠᠬᠤ ᠠᠩᠬᠢ ᠵᠢᠨ 345 ᠬᠥᠮᠦᠨ᠎ᠢ ᠲᠣᠮᠢᠯᠠᠨ ᠲᠤᠨᠤᠭ ᠲᠦᠬᠦᠭᠡᠷᠤᠮᠵᠢ ᠠᠪᠴᠤ᠌ ᠲᠤᠬᠠᠢ᠎ᠶ᠋ᠢᠨ ᠲᠠᠯᠠᠪᠠᠢ ᠳ᠋ᠤ ᠬᠦᠷᠴᠦ᠍ ᠠᠪᠤᠷᠠᠨ ᠲᠤᠰᠠᠯᠠᠬᠤ ᠠᠵᠢᠯ᠎ᠳᠤ ᠣᠷᠣᠯᠴᠠᠭᠤᠯᠪᠠ᠃

— ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠡᠴᠡ ᠣᠯᠠᠨ ᠱᠢᠨᠵᠢᠯᠡᠭᠡᠨ᠎ᠦ ᠰᠠᠯᠠᠭ᠎ᠠ᠎ᠶ᠋ᠢᠨ ᠠᠯᠤᠰ᠎ᠡᠴᠡ ᠬᠠᠮᠲᠤᠷᠠᠨ ᠣᠨᠣᠱᠢᠯᠠᠬᠤ ᠠᠵᠢᠯ᠎ᠢ ᠵᠣᠬᠢᠶᠠᠨ ᠪᠠᠢᠭᠤᠯᠤᠨ ᠥᠷᠨᠢᠭᠦᠯᠵᠦ᠍᠂ ᠠᠮᠢᠰᠭᠤᠯ᠎ᠤᠨ ᠬᠦᠨᠳᠦ ᠡᠪᠡᠳᠴᠢᠨ᠂ ᠲᠦᠯᠡᠭ᠌ᠳᠡᠭ᠌ᠰᠡᠨ ᠱᠢᠷᠬ᠎ᠠ᠂ ᠱᠢᠷᠬᠠᠲᠤᠭ᠍ᠰᠠᠨ ᠶᠠᠰᠤᠨ᠎ᠤ ᠰᠠᠯᠠᠭᠠᠨ᠎ᠤ ᠲᠤᠰᠭᠠᠶ ᠮᠡᠷᠭᠡᠵᠢᠯᠲᠡᠨ᠎ᠢ ᠲᠣᠮᠢᠯᠠᠨ ᠲᠤᠬᠠᠶ᠎ᠶ᠋ᠢᠨ ᠲᠠᠯᠠᠪᠠᠢ ᠳ᠋ᠤ ᠣᠴᠢᠭᠤᠯᠤᠨ ᠠᠪᠤᠷᠠᠨ ᠡᠮᠨᠡᠬᠦ᠌ ᠠᠵᠢᠯ᠎ᠳᠤ ᠣᠷᠣᠯᠴᠠᠭᠤᠯᠵᠤ᠂ ᠰᠡᠳᠭᠢᠴᠡ᠎ᠶ᠋ᠢᠨ ᠵᠢᠯᠣᠭᠣᠳᠣᠯᠭ᠎ᠠ ᠬᠢᠬᠦ᠌ ᠵᠡᠷᠭᠡ ᠠᠵᠢᠯ᠎ᠢ ᠰᠠᠢᠲᠤᠷ ᠬᠢᠬᠦ᠌ ᠲᠤᠬᠠᠶ ᠲᠣᠬᠢᠷᠠᠭᠤᠯᠤᠯᠲᠠ ᠬᠢᠪᠠ᠃

— ᠳᠣᠲᠣᠭᠠᠳᠤ᠎ᠶ᠋ᠢ ᠬᠠᠮᠠᠭᠠᠯᠠᠬᠤ ᠶᠠᠮᠤᠨ ᠬᠠᠷᠢᠶ᠎ᠠ ᠭᠠᠵᠠᠷ᠎ᠤᠨ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠵᠢ ᠲᠤᠬᠢᠷᠠᠭᠤᠯᠤᠨ ᠵᠢᠯᠤᠭᠤᠳᠴᠤ ᠠᠪᠤᠷᠠᠨ ᠲᠤᠰᠠᠯᠠᠵᠤ ᠱᠢᠶ᠋ᠳᠪᠦᠷᠢᠯᠡᠬᠦ᠌ ᠵᠡᠷᠭᠡ ᠠᠵᠢᠯ᠎ᠢ ᠪᠥᠬᠥ᠌ ᠬᠦᠴᠦᠨ᠎ᠢᠶᠡᠷ᠎ᠢᠶᠡᠨ ᠥᠷᠨᠢᠭᠦᠯᠵᠦ᠍᠂ ᠠᠵᠢᠯᠲᠠᠨ᠎ᠤ ᠪᠡᠶ᠎ᠡ᠎ᠶ᠋ᠢᠨ ᠭᠠᠷᠤᠯ᠎ᠢ ᠪᠥᠬᠥ᠌ ᠬᠦᠴᠦᠨ᠎ᠢᠶᠡᠷ᠎ᠢᠶᠡᠨ ᠬᠠᠷᠭᠤᠭᠤᠯᠤᠨ ᠪᠠᠢᠴᠠᠭᠠᠵᠤ᠂ ᠬᠤᠯᠪᠤᠬᠳᠠᠯ ᠪᠥᠬᠥᠶ ᠬᠠᠷᠢᠭᠤᠴᠠᠯᠭᠠᠲᠠᠨ᠎ᠢ ᠡᠵᠡᠮᠳᠡᠪᠠ᠃

ᠠᠶᠤᠯᠭᠦᠢ ᠦᠢᠯᠡᠳᠪᠦᠷᠢᠯᠡᠯ ᠪᠣᠯ ᠤᠯᠠᠭᠠᠨ ᠱᠤᠭᠤᠮ᠂ ᠬᠣᠷᠢᠭ᠎ᠠ ᠱᠤᠭᠤᠮ᠂ ᠨᠡᠩ ᠴᠤ᠌ ᠠᠮᠢ ᠨᠠᠰᠤᠨ᠎ᠤ ᠱᠤᠭᠤᠮ ᠮᠥᠨ᠃ 《ᠠᠶᠤᠯᠭᠦᠢ ᠦᠢᠯᠡᠳᠪᠦᠷᠢᠯᠡᠯ᠎ᠦᠨ ᠬᠠᠷᠢᠭᠤᠴᠠᠯᠭ᠎ᠠ᠎ᠶ᠋ᠢ ᠴᠢᠩᠭ᠎ᠠ ᠠᠳᠭᠤᠨ ᠪᠣᠳᠠᠲᠠᠢ ᠨᠠᠢᠳᠠᠪᠤᠷᠢᠵᠢᠭᠤᠯᠵᠤ᠂ ᠭᠣᠣᠯᠳᠠᠯᠭ᠎ᠠ᠎ᠲᠠᠶ ᠠᠵᠢᠯ ᠲᠦᠷᠦᠯ᠎ᠦᠨ ᠬᠦᠷᠢᠶᠡᠨ᠎ᠳ᠋ᠡᠬᠢ ᠠᠶᠤᠯ ᠲᠦᠭ᠌ᠰᠢᠭᠦᠷᠢ ᠵᠢᠨ ᠭᠡᠮ ᠰᠣᠭᠣᠭ᠎ᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ᠎ᠶ᠋ᠢ ᠰᠠᠢᠲᠤᠷ ᠠᠳᠭᠤᠬᠤ ᠬᠡᠷᠡᠭ᠌ᠲᠡᠢ》᠂ 《ᠤᠯᠠᠨ ᠨᠡᠢᠲᠡ᠎ᠶ᠋ᠢᠨ ᠠᠮᠤᠷ ᠲᠦᠪᠱᠢᠨ᠎ᠦ ᠬᠠᠮᠢᠶᠠᠷᠤᠯᠲᠠ᠎ᠶ᠋ᠢ ᠴᠢᠩᠭᠠᠳᠭᠠᠵᠤ᠂ ᠠᠷᠠᠳ ᠤᠯᠠᠨ᠎ᠤ ᠠᠮᠢ ᠨᠠᠰᠤ ᠡᠳ᠋ ᠬᠦᠷᠦᠩᠬᠡ᠎ᠶ᠋ᠢᠨ ᠠᠮᠤᠷ ᠲᠦᠪᠱᠢᠨ᠎ᠢ ᠦᠨᠡᠨ ᠬᠦ᠌ ᠪᠠᠲᠤᠯᠠᠬᠤ ᠬᠡᠷᠡᠭ᠌ᠲᠡᠢ》᠂ 《ᠪᠠᠴᠢᠮ ᠪᠠᠢᠳᠠᠯ᠎ᠢ ᠠᠷᠭᠠᠴᠠᠭᠠᠬᠤ ᠲᠥᠰᠦᠯ᠎ᠢ ᠲᠡᠭᠦᠯᠳᠡᠷᠵᠢᠭᠦᠯᠵᠦ᠍᠂ ᠠᠶᠤᠯ  ᠲᠦᠭ᠌ᠰᠢᠭᠦᠷᠢ ᠵᠢᠨ ᠭᠡᠮ ᠰᠣᠭᠣᠭ᠎ᠢ ᠵᠢᠭ᠍ᠰᠠᠭᠠᠨ ᠪᠠᠢᠴᠠᠭᠠᠵᠤ᠂ ᠬᠦᠨᠳᠦ ᠶᠡᠬᠡ ᠠᠮᠤᠷ ᠲᠦᠪᠱᠢᠨ᠎ᠦ ᠡᠨᠳᠡᠯ ᠭᠠᠷᠬᠤ᠎ᠶ᠋ᠢ  ᠡᠷᠡᠰ  ᠰᠡᠷᠭᠡᠢᠯᠡᠨ  ᠬᠣᠷᠢᠭ᠍ᠯᠠᠬᠤ  ᠬᠡᠷᠡᠭ᠌ᠲᠡᠢ 》 ᠁ ᠶᠡᠷᠦᠩᠬᠡᠢ  ᠱᠦᠵᠢ ᠰᠢ ᠵᠢᠨ ᠫᠢᠩ ᠤᠯᠠᠨ ᠤᠳᠠᠭ᠎ᠠ ᠴᠢᠬᠤᠯᠠ ᠵᠢᠭᠠᠪᠤᠷᠢ ᠥᠭ᠌ᠴᠦ᠂ ᠠᠶᠤᠯᠭᠦᠢ ᠦᠢᠯᠡᠳᠪᠦᠷᠢᠯᠡᠯ᠎ᠦᠨ ᠠᠵᠢᠯ᠎ᠢ ᠰᠠᠢᠲᠤᠷ ᠬᠢᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃

ᠲᠣᠰ ᠤᠳᠠᠭ᠎ᠠ ᠵᠢᠨ ᠡᠨᠳᠡᠯ᠎ᠳᠦ ᠴᠢᠭ᠌ᠯᠡᠭᠦᠯᠦᠨ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠡᠨᠳᠡᠯ᠎ᠢ ᠪᠠᠢᠴᠠᠭᠠᠬᠤ ᠳᠤᠭᠤᠢᠯᠠᠩ ᠦᠨᠡᠨ ᠬᠦ᠌ ᠬᠠᠳᠠᠭᠤ ᠲᠠᠢ ᠨᠢ ᠬᠠᠯᠳᠠᠵᠤ ᠡᠨᠳᠡᠯ᠎ᠦᠨ ᠪᠠᠢᠴᠠᠭᠠᠯᠲᠠ᠎ᠶ᠋ᠢ ᠨᠠᠷᠢᠨ ᠬᠢᠨᠠᠮᠠᠭᠠᠶ ᠥᠷᠨᠢᠭᠦᠯᠵᠦ᠍᠂ ᠡᠨᠳᠡᠯ᠎ᠦᠨ ᠱᠢᠯᠲᠠᠭᠠᠨ᠎ᠢ ᠪᠠᠢᠴᠠᠭᠠᠨ ᠳᠣᠲᠣᠯᠠᠵᠤ᠂ ᠬᠠᠷᠢᠶ᠎ᠠ ᠭᠠᠵᠠᠷ᠎ᠤᠨ ᠬᠠᠮᠢᠶᠠᠷᠤᠯᠲᠠ᠂ ᠠᠵᠢᠯ ᠲᠥᠷᠥᠯ᠎ᠦᠨ ᠬᠢᠨᠠᠯᠲᠠ ᠬᠠᠮᠢᠶᠠᠷᠤᠯᠲᠠ ᠪᠠ ᠠᠵᠤ ᠠᠬᠤᠢᠯᠠᠯ᠎ᠤᠨ ᠬᠠᠷᠢᠭᠤᠴᠠᠯᠭ᠎ᠠ᠎ᠶ᠋ᠢ ᠲᠤᠭᠤᠰᠢᠳᠠᠢ ᠪᠠᠢᠴᠠᠭᠠᠨ ᠳᠣᠲᠣᠯᠠᠵᠤ᠂ ᠬᠠᠤᠯᠢ ᠲᠣᠭ᠍ᠲᠠᠭᠠᠯ ᠶᠣᠰᠣᠭᠠᠷ ᠴᠢᠩᠭ᠎ᠠ ᠱᠢᠢᠳᠭᠡᠨ᠎ᠡ᠃

ᠤᠯᠤᠰ᠎ᠤᠨ ᠠᠭᠤᠷᠬᠠᠶ᠎ᠶ᠋ᠢᠨ ᠠᠮᠤᠷ ᠲᠦᠪᠱᠢᠨ᠎ᠦ ᠬᠢᠨᠠᠨ ᠪᠠᠢᠴᠠᠭᠠᠬᠤ ᠲᠣᠪᠴᠢᠶ᠎ᠠ᠎ᠡᠴᠡ᠂ ᠲᠦᠷᠦᠭᠦᠬᠡᠨ ᠳᠠᠷᠤᠮᠠᠯᠯᠠᠨ ᠲᠠᠷᠬᠠᠭᠠᠭ᠍ᠰᠠᠨ 《ᠨᠡᠭᠦᠷᠡᠰᠦᠨ ᠠᠭᠤᠷᠬᠠᠶ᠎ᠶ᠋ᠢᠨ ᠬᠦᠮᠦᠨ ᠬᠠᠷ᠎ᠠ ᠬᠤᠳᠳᠤᠭ (ᠨᠦᠭᠡ) ᠲᠤ᠌ ᠣᠷᠣᠬᠤ᠎ᠡᠴᠡ ᠡᠮᠦᠨᠡᠬᠢ ᠬᠥᠮᠦᠵᠢᠯ ᠪᠣᠯᠪᠠᠰᠤᠷᠠᠯ ᠪᠠ ᠲᠤᠬᠠᠶ᠎ᠶ᠋ᠢᠨ ᠲᠠᠯᠠᠪᠠᠶ᠎ᠶ᠋ᠢᠨ ᠠᠶᠤᠯ ᠲᠦᠭ᠌ᠰᠢᠭᠦᠷᠢ᠎ᠶ᠋ᠢᠨ ᠭᠡᠮ ᠰᠤᠭᠤᠭ ᠢ᠋ ᠵᠢᠭ᠍ᠰᠠᠭᠠᠨ ᠪᠠᠢᠴᠠᠭᠠᠵᠤ ᠵᠠᠰᠠᠬᠤ᠎ᠶ᠋ᠢ ᠴᠢᠩᠭᠠᠳᠭᠠᠬᠤ ᠲᠤᠬᠠᠶ ᠮᠡᠳᠡᠭ᠌ᠳᠡᠯ》ᠤ᠋ᠨ ᠶᠣᠰᠣᠭᠠᠷ᠂ ᠡᠯ᠎ᠡ ᠭᠠᠵᠠᠷ᠎ᠤᠨ᠎ᠬᠢᠨ ᠪᠣᠳᠠᠲᠠᠶ ᠠᠰᠠᠭᠤᠳᠠᠯ᠎ᠢ ᠱᠢᠶ᠋ᠳᠪᠦᠷᠢᠯᠡᠬᠦ᠌᠎ᠶ᠋ᠢ ᠲᠡᠷᠢᠬᠦᠨ ᠪᠠᠷᠢᠮᠵᠢᠶ᠎ᠠ ᠪᠣᠯᠭᠠᠵᠤ᠂ ᠵᠢᠵᠢᠬᠦᠷ ᠤ᠋ᠨ ᠡᠮᠦᠨᠡᠬᠢ ᠬᠤᠷᠠᠯ᠂ ᠬᠤᠳᠳᠤᠭ᠎ᠲᠤ ᠣᠷᠣᠬᠤ ᠡᠴᠡ ᠡᠮᠦᠨᠡᠬᠢ ᠪᠡᠶ᠎ᠡ᠎ᠵᠢᠨ ᠪᠠᠢᠴᠠᠭᠠᠯᠳᠠ ᠵᠡᠷᠭᠡ ᠵᠢ ᠳᠣᠪᠣᠢᠯᠭᠠᠨ ᠵᠢᠷᠤᠮᠵᠢᠭᠤᠯᠵᠤ᠂ ᠠᠭᠤᠷᠬᠠᠶ᠎ᠶ᠋ᠢᠨ ᠤᠳᠤᠷᠢᠳᠤᠯᠭ᠎ᠠ ᠠᠨᠭᠭᠢ ᠪᠡᠨ ᠳᠠᠭᠠᠭᠤᠯᠤᠨ ᠬᠤᠳᠳᠤᠭ᠎ᠲᠤ ᠣᠷᠣᠬᠤ᠂ ᠭᠡᠮ ᠰᠤᠭᠤᠭ ᠢ᠋ ᠵᠢᠭ᠍ᠰᠠᠭᠠᠨ ᠪᠠᠢᠴᠠᠭᠠᠵᠤ ᠵᠠᠰᠠᠬᠤ ᠵᠡᠷᠭᠡ《ᠲᠤᠬᠠᠶ᠎ᠶ᠋ᠢᠨ ᠲᠠᠯᠠᠪᠠᠶ᠎ᠶ᠋ᠢᠨ ᠬᠠᠮᠢᠶᠠᠷᠤᠯᠲᠠ》ᠵᠢ ᠴᠢᠩᠭᠠᠳᠭᠠᠵᠤ᠂ ᠠᠮᠤᠷ ᠲᠦᠪᠱᠢᠨ᠎ᠦ ᠬᠠᠮᠢᠶᠠᠷᠤᠯᠲᠠ᠎ᠶ᠋ᠢ ᠤᠷᠢᠳᠴᠢᠯᠠᠨ ᠰᠡᠷᠭᠡᠢᠯᠡᠬᠦ᠌ ᠲᠡᠢᠰᠢ ᠬᠤᠪᠢᠷᠠᠭᠤᠯᠬᠤ᠎ᠶ᠋ᠢ ᠠᠬᠢᠭᠤᠯᠵᠤ᠂ ᠬᠥᠮᠦᠨ᠎ᠦ ᠠᠮᠤᠷ ᠲᠦᠪᠱᠢᠨ ᠪᠤᠰᠤ ᠠᠵᠢᠯᠯᠠᠭ᠎ᠠ ᠪᠠ ᠲᠤᠬᠠᠶ᠎ᠶ᠋ᠢᠨ ᠲᠠᠯᠠᠪᠠᠶ᠎ᠶ᠋ᠢᠨ ᠬᠠᠮᠢᠶᠠᠷᠤᠯᠲᠠ᠎ᠶ᠋ᠢᠨ ᠲᠠᠯ᠎ᠠ᠎ᠪᠠᠷ᠎ᠬᠢ ᠳᠤᠲᠠᠭ᠍ᠳᠠᠯ᠎ᠢ ᠦᠨᠡᠨ ᠬᠦ᠌ ᠱᠢᠶ᠋ᠳᠪᠦᠷᠢᠯᠡᠬᠦ᠌ ᠬᠡᠷᠡᠭ᠌ᠲᠡᠶ ᠭᠡᠵᠤ ᠲᠤᠷᠠᠳᠪᠠ᠃

ᠶᠡᠷᠦᠩᠬᠡᠶ ᠱᠦᠵᠢ ᠰᠢ ᠵᠢᠨ ᠫᠢᠩ᠎ᠦᠨ ᠲᠤᠷᠠᠳᠤᠬᠰᠡᠨ 《ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ ᠬᠢᠨ ᠡᠨᠳᠡᠯ᠎ᠡᠴᠡ ᠰᠤᠷᠭᠠᠮᠵᠢ ᠠᠪᠬᠤ ᠬᠡᠷᠡᠭ᠌ᠲᠡᠶ》 ᠭᠡᠬᠦ ᠱᠠᠭᠠᠷᠳᠠᠯᠭ᠎ᠠ ᠶᠣᠰᠣᠭᠠᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠭᠤᠷᠬᠠᠶ᠎ᠶ᠋ᠢᠨ ᠠᠶᠤᠯᠬᠦᠢ ᠵᠢᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠡᠴᠡ ᠳᠠᠷᠤᠶ ᠲᠦᠷᠭᠡᠨ ᠪᠦᠬᠦ᠌ ᠣᠷᠣᠨ᠎ᠤ ᠨᠡᠭᠦᠷᠡᠰᠦᠨ ᠠᠭᠤᠷᠬᠠᠶ᠎ᠶ᠋ᠢᠨ ᠭᠠᠰ᠎ᠢ ᠰᠡᠷᠭᠡᠢᠯᠡᠨ ᠵᠠᠰᠠᠬᠤ ᠠᠵᠢᠯ᠎ᠤᠨ ᠲᠤᠬᠠᠢ ᠪᠠᠢᠷᠢᠯᠠᠭᠤᠯᠤᠯᠲᠠ ᠬᠢᠵᠦ᠍᠂ ᠠᠵᠢᠯᠯᠠᠬᠤ ᠳᠤᠭᠤᠢᠯᠠᠩ ᠲᠣᠮᠢᠯᠠᠨ ᠪᠦᠬᠦ᠌ ᠣᠷᠣᠨ᠎ᠤ ᠬᠡᠪ᠎ᠦᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ᠎ᠶ᠋ᠢᠨ ᠭᠠᠰ᠎ᠤᠨ ᠠᠭᠤᠷᠬᠠᠶ᠎ᠶ᠋ᠢᠨ ᠬᠤᠳᠳᠤᠭ᠎ᠲᠤ ᠪᠦᠬᠦᠨ᠎ᠢ ᠬᠠᠮᠤᠷᠤᠭ᠍ᠰᠠᠨ ᠠᠶᠤᠯᠬᠦᠢ ᠵᠢᠨ ᠪᠠᠢᠴᠠᠭᠠᠯᠲᠠ᠎ᠶ᠋ᠢ ᠥᠷᠨᠢᠭᠦᠯᠵᠦ᠍᠂ ᠭᠠᠰ᠎ᠢ ᠰᠡᠷᠭᠡᠢᠯᠡᠨ ᠵᠠᠰᠠᠬᠤ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠤᠭ᠍ᠰᠠᠨ ᠦᠭᠡᠶ᠂ ᠭᠠᠰ᠎ᠢ ᠲᠠᠲᠠᠭ᠍ᠰᠠᠨ ᠨᠢ ᠪᠠᠷᠢᠮᠵᠢᠶ᠎ᠠ᠎ᠳᠤ ᠬᠦᠷᠦᠭ᠌ᠰᠡᠨ ᠦᠭᠡᠶ᠂ ᠭᠠᠰ᠎ᠢ ᠬᠡᠮᠵᠢᠶ᠎ᠡ᠎ᠡᠴᠡ ᠬᠡᠲᠦᠷᠡᠭᠦᠯᠦᠨ ᠠᠵᠢᠯᠯᠠᠭ᠍ᠰᠠᠨ᠂ ᠭᠠᠰ᠎ᠢ ᠬᠢᠨᠠᠨ ᠡᠵᠡᠮᠳᠡᠬᠦ᠌ ᠱᠢᠰᠲᠧᠮ᠎ᠢ ᠬᠠᠭᠤᠷᠮᠠᠭ᠍ᠯᠠᠨ ᠵᠣᠬᠢᠶᠠᠭ᠍ᠰᠠᠨ ᠵᠡᠷᠭᠡ ᠬᠠᠤᠯᠢ ᠲᠣᠭ᠍ᠲᠠᠭᠠᠯ᠎ᠡᠴᠡ ᠵᠥᠷᠢᠴᠡᠭ᠌ᠰᠡᠨ ᠡᠯ᠎ᠡ ᠲᠥᠷᠥᠯ᠎ᠦᠨ ᠦᠢᠯᠡ ᠠᠵᠢᠯᠯᠠᠭ᠎ᠠ᠎ᠶ᠋ᠢ ᠴᠢᠩᠭ᠎ᠠ ᠪᠠᠢᠴᠠᠭᠠᠨ ᠱᠢᠶ᠋ᠳᠪᠦᠷᠢᠯᠡᠪᠠ᠃

ᠶᠦᠨᠨᠠᠨ ᠮᠤᠵᠢ ᠨᠡᠭᠦᠷᠡᠰᠦ᠎ᠲᠡᠶ ᠬᠣᠯᠪᠣᠭ᠍ᠳᠠᠭ᠍ᠰᠠᠨ 9 ᠵᠧᠦ ᠬᠤᠳᠠ ᠪᠣᠯᠤᠨ ᠭᠣᠣᠯᠳᠠᠯᠭ᠎ᠠ᠎ᠲᠠᠶ ᠠᠵᠤ ᠠᠬᠤᠢᠯᠠᠯ ᠎ᠳ᠋ᠦ᠍ ᠱᠠᠭᠠᠷᠳᠠᠯᠭ᠎ᠠ ᠵᠢ ᠲᠠᠮᠵᠢᠭᠤᠯᠤᠨ ᠤᠯᠠᠮᠵᠢᠯᠠᠵᠤ᠂ ᠬᠢᠨᠠᠨ ᠬᠠᠮᠢᠶᠠᠷᠬᠤ ᠠᠵᠢᠯᠳᠠᠨ᠎ᠢ ᠠᠵᠢᠯ᠎ᠤᠨ ᠪᠠᠢᠷᠢ ᠳᠡᠭᠡᠷ᠎ᠡ᠎ᠪᠡᠨ ᠪᠠᠳᠤ ᠰᠠᠬᠢᠵᠤ᠂ ᠠᠭᠤᠷᠬᠠᠢ᠎ᠳᠤ ᠰᠠᠭᠤᠭ᠎ᠠ ᠬᠥᠮᠦᠰ᠎ᠢ 24 ᠴᠠᠭ᠎ᠢᠶᠠᠷ ᠵᠢᠵᠢᠭᠦᠷᠯᠡᠵᠦ᠍᠂ ᠠᠵᠤ ᠠᠬᠤᠢᠯᠠᠯ᠎ᠤᠨ ᠭᠣᠣᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠡᠷᠡᠰ ᠪᠣᠳᠠᠲᠠᠢᠵᠢᠭᠤᠯᠬᠤ ᠬᠡᠷᠡᠭ᠌ᠲᠡᠢ ᠭᠡᠵᠦ᠍ ᠱᠠᠭᠠᠷᠳᠠᠪᠠ᠃ 《ᠶᠡᠷᠦᠩᠬᠡᠢ ᠱᠦᠵᠢ ᠰᠢ ᠵᠢᠨ ᠫᠢᠩ᠂ ᠡᠯ᠎ᠡ ᠲᠦᠷᠦᠯ᠎ᠦᠨ ᠠᠶᠤᠯ ᠲᠦᠭ᠌ᠰᠢᠭᠦᠷᠢ ᠵᠢᠨ ᠭᠡᠮ ᠰᠣᠭᠣᠭ᠎ᠢ ᠭᠦᠨᠵᠡᠭᠡᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ ᠬᠡᠷᠡᠭ᠌ᠲᠡᠢ ᠭᠡᠵᠦ᠍ ᠱᠠᠭᠠᠷᠳᠠᠪᠠ᠃ ᠶᠦᠨᠨᠠᠨ ᠮᠤᠵᠢ᠎ᠶ᠋ᠢᠨ᠎ᠬᠢᠨ ᠪᠥᠬᠥ᠌ ᠮᠤᠵᠢ᠎ᠶ᠋ᠢᠨ ᠨᠡᠭᠦᠷᠡᠰᠦᠨ ᠠᠭᠤᠷᠬᠠᠶ᠎ᠶ᠋ᠢᠨ ᠭᠠᠰ᠎ᠢ ᠵᠠᠰᠠᠬᠤ ᠪᠠ ᠦᠶᠡᠷ᠎ᠦᠨ ᠬᠤᠭᠤᠴᠠᠭᠠᠨ᠎ᠤ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠲᠤᠰᠭᠠᠶ ᠠᠵᠢᠯᠯᠠᠭ᠎ᠠ᠎ᠶ᠋ᠢ  ᠱᠠᠯᠠᠪᠳᠠᠨ ᠥᠷᠨᠢᠭᠦᠯᠵᠦ᠍᠂ ᠬᠦᠨᠳᠦ ᠶᠡᠬᠡ ᠠᠶᠤᠯ ᠲᠦᠭ᠌ᠰᠢᠭᠦᠷᠢ ᠵᠢᠨ ᠬᠡᠮ ᠰᠣᠭᠣᠭ᠎ᠢ ᠲᠤᠢᠯᠪᠤᠷᠢᠲᠠᠶ ᠪᠠᠢᠴᠠᠭᠠᠵᠤ᠂ ᠬᠠᠮᠤᠭ᠎ᠤᠨ ᠴᠢᠩᠭ᠎ᠠ ᠪᠠᠷᠢᠮᠵᠢᠶ᠎ᠠ᠂ ᠬᠠᠮᠤᠭ᠎ᠤᠨ ᠬᠠᠲᠠᠭᠤ ᠠᠷᠭ᠎ᠠ ᠬᠡᠮᠵᠢᠶ᠎ᠡ᠎ᠪᠡᠷ ᠬᠦᠨᠳᠦ ᠣᠨᠴᠠ ᠶᠡᠬᠡ ᠡᠨᠳᠡᠯ᠎ᠢ ᠰᠡᠷᠭᠡᠢᠯᠡᠨ ᠬᠣᠷᠢᠭ᠍ᠯᠠᠵᠤ᠂ ᠡᠨᠧᠷᠭᠢ᠎ᠶ᠋ᠢᠨ ᠠᠮᠤᠷ ᠲᠦᠪᠱᠢᠨ ᠪᠠ ᠠᠵᠢᠯᠯᠠᠭ᠍ᠰᠠᠳ᠎ᠤᠨ ᠠᠮᠢ ᠨᠠᠰᠤᠨ᠎ᠤ ᠠᠮᠤᠷ ᠲᠦᠪᠱᠢᠨ᠎ᠢ ᠪᠥᠬᠥ᠌ ᠬᠦᠴᠦᠨ᠎ᠢᠶᠡᠷ᠎ᠢᠶᠡᠨ ᠪᠠᠲᠤᠯᠠᠨ᠎ᠠ》 ᠭᠡᠵᠦ᠍ ᠶᠦᠨᠨᠠᠨ ᠮᠤᠵᠢ᠎ᠶ᠋ᠢᠨ ᠡᠨᠧᠷᠭᠢ᠎ᠶ᠋ᠢᠨ ᠲᠣᠪᠴᠢᠶᠠᠨ᠎ᠤ ᠳᠠᠷᠤᠭ᠎ᠠ ᠴᠧᠨ ᠵᠢᠶᠧ ᠬᠡᠯᠡᠪᠡ᠃

ᠱᠠᠨᠳᠦ᠋ᠩ ᠮᠤᠵᠢ᠎ᠶ᠋ᠢᠨ ᠯᠢᠨ ᠢ ᠬᠣᠲᠠ᠎ᠶ᠋ᠢᠨ ᠭᠠᠯ ᠰᠡᠷᠭᠡᠢᠯᠡᠵᠦ᠍ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶᠠᠨ᠎ᠤ ᠳᠡᠳ᠋ ᠳᠠᠷᠤᠭ᠎ᠠ ᠴᠢᠨ ᠵᠢᠶᠠᠨ ᠪᠥᠸᠧ᠂ ᠶᠡᠷᠦᠩᠬᠡᠶ ᠱᠦᠵᠢ᠎ᠶ᠋ᠢᠨ ᠴᠢᠬᠤᠯᠠ ᠵᠢᠭᠠᠪᠤᠷᠢ᠎ᠶ᠋ᠢᠨ ᠱᠠᠭᠠᠷᠳᠠᠯᠭ᠎ᠠ᠎ᠶ᠋ᠢ ᠡᠷᠡᠰ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠭᠤᠤᠯᠳᠠᠯᠭ᠎ᠠ᠎ᠲᠠᠶ ᠠᠵᠢᠯ ᠲᠥᠷᠥᠯ᠎ᠦᠨ ᠬᠦᠷᠢᠶᠡᠨ᠎ᠳᠡᠬᠢ ᠠᠶᠤᠯ ᠲᠦᠭ᠌ᠰᠢᠭᠦᠷᠢ ᠵᠢᠨ᠎ᠭᠡᠮ ᠰᠣᠭᠣᠭ᠎ᠢ ᠰᠢᠭᠰᠢᠨ ᠪᠠᠢᠴᠠᠭᠠᠵᠤ ᠴᠡᠭ᠌ᠴᠡᠯᠡᠨ ᠵᠠᠰᠠᠬᠤ ᠠᠵᠢᠯ᠎ᠢ ᠰᠠᠢᠲᠤᠷ ᠠᠳᠭᠤᠵᠤ᠂ ᠢᠳᠡᠭᠡᠨ ᠤᠮᠳᠠᠭᠠᠨ᠂ ᠰᠥᠨᠢ᠎ᠶ᠋ᠢᠨ ᠵᠠᠬ᠎ᠠ ᠳᠡᠯᠭᠡᠭᠦᠷ ᠵᠡᠷᠭᠡ ᠲᠠᠯᠠᠪᠤᠷ ᠭᠠᠵᠠᠷ᠎ᠲᠤ ᠴᠢᠭ᠌ᠯᠡᠭᠦᠯᠦᠨ᠂ ᠱᠢᠲᠠᠮᠠᠬᠠᠶ ᠬᠡᠶ᠎ᠶ᠋ᠢᠨ ᠬᠣᠭᠣᠯᠠᠶ ᠬᠠᠭᠤᠴᠢᠷᠠᠬᠤ᠂ ᠵᠥᠭᠡᠯᠡᠨ ᠬᠣᠭᠣᠯᠠᠶ ᠡᠪᠳᠡᠭ᠌ᠳᠡᠬᠦ᠌᠂ ᠲᠣᠭ᠍ᠲᠠᠭᠠᠯ᠎ᠡᠴᠡ ᠵᠥᠷᠢᠴᠡᠨ ᠬᠡᠶ ᠬᠡᠷᠡᠭ᠌ᠯᠡᠬᠦ᠌ ᠵᠢᠴᠢ ᠳᠤᠷ᠎ᠠ᠎ᠪᠠᠷ᠎ᠢᠶᠠᠨ ᠴᠠᠬᠢᠯᠭᠠᠨ ᠤᠲᠠᠰᠤ ᠵᠠᠯᠭᠠᠬᠤ᠂ ᠳᠠᠭᠠᠭᠠᠴᠠ᠎ᠡᠴᠡ ᠬᠡᠲᠦᠷᠡᠭᠦᠯᠦᠨ ᠴᠠᠬᠢᠯᠭᠠᠨ ᠬᠡᠷᠡᠭ᠌ᠯᠡᠬᠦ᠌᠂ ᠵᠠᠮ ᠱᠤᠭᠤᠮ᠎ᠢ ᠰᠠᠢᠲᠤᠷ ᠰᠡᠷᠭᠡᠢᠯᠡᠨ ᠬᠠᠮᠠᠭᠠᠯᠠᠭ᠍ᠰᠠᠨ ᠥᠬᠡᠶ ᠵᠡᠷᠭᠡ ᠲᠣᠪᠣᠢᠮ᠎ᠠ ᠭᠡᠮ ᠰᠣᠭᠣᠭ᠎ᠢ ᠴᠢᠩᠭ᠎ᠠ ᠪᠠᠢᠴᠠᠭᠠᠵᠤ᠂ ᠭᠠᠯ᠎ᠤᠨ ᠭᠠᠮᠱᠢᠭ ᠡᠭᠦᠰᠭᠦ᠎ᠶ᠋ᠢ ᠡᠬᠢ ᠡᠭᠦᠰᠦᠯ᠎ᠡᠴᠡ ᠨᠢ ᠬᠣᠷᠢᠭ᠍ᠯᠠᠨ᠎ᠠ ᠭᠡᠵᠦ ᠢᠯᠡᠳᠭᠡᠪᠡ᠃

ᠣᠢᠷ᠎ᠠ᠎ᠳᠤ᠂ ᠬᠤᠨᠠᠨ᠎ᠤ ᠾᠧᠩ ᠶᠠᠩ ᠲᠣᠮᠣ ᠬᠡᠯᠪᠡᠷᠢ᠎ᠶ᠋ᠢᠨ ᠬᠤᠳᠠᠯᠳᠤᠭᠠᠨ᠎ᠤ ᠬᠠᠮ ᠳᠡᠯᠭᠡᠭᠦᠷ᠂ ᠲᠣᠰᠣ ᠨᠡᠮᠡᠬᠦ᠌ ᠥᠷᠲᠡᠭᠡ᠂ ᠲᠠᠷᠢᠶᠠᠯᠠᠩ᠎ᠤᠨ ᠪᠦᠳᠦᠬᠡᠭᠳᠡᠬᠦᠨ᠎ᠤ ᠠᠷᠠᠯᠵᠢᠶᠠᠨ᠎ᠤ ᠵᠠᠬ᠎ᠠ ᠳᠡᠯᠭᠡᠭᠦᠷ ᠵᠡᠷᠭᠡ ᠭᠤᠤᠯᠳᠠᠯᠭ᠎ᠠ᠎ᠲᠠᠶ ᠲᠠᠯᠠᠪᠤᠷ ᠭᠠᠵᠠᠷ᠎ᠢ ᠪᠥᠬᠥ᠌ ᠲᠠᠯ᠎ᠠ᠎ᠪᠠᠷ ᠪᠠᠢᠳᠠᠯ᠎ᠢ ᠤᠢᠯᠠᠭᠠᠨ ᠰᠢᠭᠰᠢᠨ ᠪᠠᠢᠴᠠᠭᠠᠵᠤ᠂ ᠲᠦᠷᠭᠡᠳᠭᠡᠨ ᠴᠡᠭ᠌ᠴᠡᠯᠡᠨ ᠰᠠᠢᠵᠢᠷᠠᠭᠤᠯᠵᠤ᠂ ᠭᠤᠤᠯᠳᠠᠯᠭ᠎ᠠ᠎ᠲᠠᠶ ᠬᠦᠷᠢᠶ᠎ᠡ ᠴᠠᠷᠠᠭ᠎ᠠ᠂ ᠲᠠᠯᠠᠪᠤᠷ ᠭᠠᠵᠠᠷ᠎ᠲᠤ ᠪᠦᠬᠦᠨ᠎ᠢ ᠬᠠᠮᠤᠷᠬᠤ ᠮᠠᠶᠢᠭ᠎ᠤᠨ ᠭᠡᠮ ᠰᠣᠭᠣᠭ᠎ᠢ ᠰᠢᠭᠰᠢᠨ ᠪᠠᠢᠴᠠᠭᠠᠵᠤ᠂ ᠡᠬᠡ ᠲᠠᠩᠰᠠ᠂ ᠨᠠᠷᠢᠨ ᠲᠠᠩᠰᠠ᠎ᠶ᠋ᠢᠨ ᠬᠠᠮᠢᠶᠠᠷᠤᠯᠲᠠ ᠵᠢ ᠪᠠᠢᠭᠤᠯᠤᠨ ᠴᠡᠭ᠌ᠴᠡᠯᠡᠨ ᠰᠠᠢᠵᠢᠷᠠᠭᠤᠯᠪᠠ᠃ ᠥᠷᠯᠥᠭᠡ᠎ᠶ᠋ᠢᠨ ᠵᠠᠬ᠎ᠠ ᠳᠡᠯᠭᠡᠭᠦᠷ᠂ ᠰᠥᠨᠢ᠎ᠶ᠋ᠢᠨ ᠵᠠᠬ᠎ᠠ ᠳᠡᠯᠭᠡᠭᠦᠷ᠂ ᠬᠥᠳᠡᠭᠡ ᠲᠣᠰᠭᠣᠨ᠎ᠤ ᠴᠤᠭ᠍ᠯᠠᠭ᠎ᠠ ᠮᠠᠢᠮᠠᠶ ᠵᠡᠷᠭᠡ᠎ᠳᠦ ᠴᠢᠭ᠌ᠯᠡᠭᠦᠯᠦᠨ᠂ ᠬᠠᠷᠠᠮᠥ᠋ᠷᠡᠨ ᠮᠤᠵᠢ᠎ᠶ᠋ᠢᠨ ᠬᠠᠷᠪᠢᠨ ᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠲᠣᠭᠣᠷᠢᠨ ᠴᠠᠭᠳᠠᠨ ᠰᠡᠷᠭᠡᠢᠯᠡᠬᠦ᠌ ᠲᠤᠤᠷ ᠰᠦᠯᠵᠢᠶ᠎ᠡ᠎ᠶ᠋ᠢ ᠨᠢᠭ᠍ᠲᠠ ᠰᠦᠯᠵᠢᠬᠦ᠌᠂ ᠵᠥᠷᠢᠴᠡᠯ᠎ᠢ ᠲᠤᠬᠠᠶ᠎ᠶ᠋ᠢᠨ ᠭᠠᠵᠠᠷ᠎ᠲᠤᠨᠢ ᠱᠢᠶ᠋ᠳᠪᠦᠷᠢᠯᠡᠬᠦ᠌ ᠵᠡᠷᠭᠡ ᠠᠷᠭ᠎ᠠ ᠬᠡᠮᠵᠢᠶ᠎ᠡ᠎ᠵᠢ ᠠᠪᠴᠤ᠂ ᠬᠦᠮᠦᠰ᠎ᠤᠨ ᠡᠳᠦᠷ ᠲᠤᠳᠤᠮ᠎ᠤᠨ ᠠᠮᠢᠳᠤᠷᠠᠯ᠎ᠤᠨ ᠲᠤᠭᠳᠠᠭᠤᠨ ᠪᠠᠢᠳᠠᠯ᠎ᠢ ᠪᠥᠬᠥ᠌ ᠬᠦᠴᠦᠨ᠎ᠢᠶᠡᠷ᠎ᠢᠶᠡᠨ ᠰᠠᠬᠢᠨ ᠬᠠᠮᠠᠭᠠᠯᠠᠭ᠍ᠰᠠᠨ ᠪᠥᠭᠡᠳ ᠲᠠᠷᠢᠶᠠᠯᠠᠩ᠎ᠳᠤ ᠬᠡᠷᠡᠭ᠌ᠯᠡᠬᠦ᠌ ᠲᠡᠷᠭᠡ᠎ᠶ᠋ᠢᠨ ᠬᠠᠤᠯᠢ᠎ᠶ᠋ᠢ ᠵᠥᠷᠢᠴᠡᠨ ᠬᠥᠮᠦᠨ ᠰᠠᠭᠤᠯᠭᠠᠬᠰᠠᠨ᠂ ᠮᠤᠬᠤᠯᠠᠭ ᠲᠡᠷᠭᠡ᠎ᠶ᠋ᠢᠨ ᠬᠡᠳᠦᠷᠡᠳᠡᠯ᠎ᠡ ᠬᠥᠮᠦᠨ ᠰᠠᠭᠤᠯᠭᠠᠬᠰᠠᠨ ᠵᠡᠷᠭᠡ ᠦᠶ᠋ᠯᠡ ᠠᠵᠢᠯᠯᠠᠭ᠎ᠠ᠎ᠶ᠋ᠢ ᠴᠢᠩᠭ᠎ᠠ ᠪᠠᠢᠴᠠᠭᠠᠵᠤ᠂ ᠡᠨᠳᠡᠯ᠎ᠦᠨ ᠠᠶᠤᠯ ᠲᠦᠭ᠌ᠰᠢᠭᠦᠷᠢ᠎ᠶ᠋ᠢ ᠡᠬᠢ ᠡᠭᠦᠰᠦᠯ᠎ᠡᠴᠡ ᠨᠢ ᠪᠠᠭᠠᠰᠭᠠᠪᠠ ᠁

ᠣᠢᠷ᠎ᠠ᠎ᠶ᠋ᠢᠨ ᠬᠤᠭᠤᠴᠠᠭᠠᠨ᠎ᠤ ᠱᠢᠷᠦᠭᠦᠨ ᠪᠣᠷᠣᠭᠠᠨ ᠣᠷᠣᠬᠤ ᠲᠠᠪᠳᠠᠮᠵᠢ ᠪᠠ ᠬᠡᠪᠴᠢᠶ᠎ᠡ ᠨᠢ ᠥᠷᠭᠡᠨ᠂ ᠬᠦᠴᠦᠯᠡᠴᠡ ᠨᠢ ᠶᠡᠬᠡ ᠪᠠᠢᠨ᠎ᠠ᠃ ᠬᠤᠨᠠᠨ᠂ ᠭᠦᠶ᠋ᠵᠧᠸ᠋ ᠵᠡᠷᠭᠡ ᠮᠤᠵᠢ᠎ᠶ᠋ᠢᠨ ᠵᠠᠷᠢᠮ ᠭᠠᠵᠠᠷ ᠣᠷᠣᠨ ᠠᠳᠠᠯᠢ ᠪᠤᠰᠤ ᠬᠡᠮᠵᠢᠶ᠎ᠡ᠎ᠪᠡᠷ ᠱᠢᠷᠦᠭᠦᠨ ᠪᠣᠷᠣᠭᠠᠨ᠂ ᠦᠶᠡᠷ ᠤᠰᠤᠲᠤᠯ᠎ᠤᠨ ᠭᠠᠮᠱᠢᠭ᠎ᠲᠤ ᠤᠴᠠᠷᠠᠪᠠ᠃

ᠶᠡᠷᠦᠩᠬᠡᠢ ᠱᠦᠵᠢ ᠰᠢ ᠵᠢᠨ ᠫᠢᠩ᠂ ᠣᠳᠣᠬᠠᠨ᠎ᠪᠤᠯ ᠶᠠᠭ ᠦᠶᠡᠷ᠎ᠦᠨ ᠬᠤᠭᠤᠴᠠᠭ᠎ᠠ ᠪᠣᠯᠤᠨ᠎ᠠ᠂ ᠪᠠᠴᠢᠮ ᠪᠠᠢᠳᠠᠯ᠎ᠢ ᠠᠷᠭᠠᠴᠠᠭᠠᠬᠤ ᠠᠵᠢᠯ᠎ᠤᠨ ᠵᠢᠵᠢᠭᠦᠷᠯᠡᠨ ᠰᠠᠬᠢᠬᠤ᠎ᠶ᠋ᠢ ᠴᠢᠩᠭᠠᠳᠭᠠᠵᠤ᠂ ᠦᠶᠡᠷ᠎ᠢ ᠰᠡᠷᠭᠡᠢᠯᠡᠵᠦ᠍ ᠭᠠᠮᠱᠢᠭ᠎ᠡᠴᠡ ᠠᠪᠤᠷᠠᠬᠤ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠍᠂ ᠠᠷᠠᠳ ᠤᠯᠠᠨ᠎ᠤ ᠠᠮᠢ ᠨᠠᠰᠤ ᠡᠳ᠋ ᠬᠦᠷᠦᠩᠭᠡ᠎ᠶ᠋ᠢᠨ ᠠᠮᠤᠷ ᠲᠦᠪᠱᠢᠨ᠎ᠢ ᠦᠨᠡᠨ ᠬᠦ᠌ ᠬᠠᠮᠠᠭᠠᠯᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃

ᠤᠯᠤᠰ᠎ᠤᠨ ᠦᠶᠡᠷ᠎ᠢ ᠰᠡᠷᠭᠡᠢᠯᠡᠵᠦ᠍ ᠭᠠᠩ ᠬᠠᠭ᠍ᠰᠠᠷᠠᠭᠠᠨ᠎ᠲᠠᠶ ᠲᠡᠮᠡᠴᠡᠬᠦ᠌ ᠶᠡᠷᠦᠩᠬᠡᠶ ᠵᠢᠯᠣᠭᠣᠳᠭᠤ ᠭᠠᠵᠠᠷ᠎ᠤᠨ ᠠᠯᠪᠠᠨ ᠬᠡᠷ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠶᠠᠮᠤᠨ 22᠎ᠤ᠋ᠨ ᠡᠳᠦᠷ ᠴᠠᠭ ᠠᠭᠤᠷ᠂ ᠤᠰᠤᠨ ᠠᠱᠢᠭ᠍ᠯᠠᠯᠲᠠ᠂ ᠪᠠᠢᠭᠠᠯᠢ᠎ᠶ᠋ᠢᠨ ᠡᠬᠢ ᠪᠠᠶᠠᠯᠢᠭ ᠵᠡᠷᠭᠡ ᠰᠠᠯᠠᠭ᠎ᠠ ᠮᠥᠴᠢᠷ ᠪᠣᠯᠤᠨ ᠬᠤᠪᠧᠶ᠂ ᠴᠦᠩᠴᠢᠩ᠂ ᠱᠠᠨᠰᠢ ᠵᠡᠷᠭᠡ ᠭᠤᠤᠯᠳᠠᠯᠭ᠎ᠠ᠎ᠲᠠᠶ ᠮᠤᠵᠢ᠎ᠶ᠋ᠢ ᠵᠣᠬᠢᠶᠠᠨ ᠪᠠᠢᠭᠤᠯᠵᠤ᠂ 23 ᠎ᠤ᠋ ᠡᠳᠦᠷ᠎ᠡᠴᠡ 27 ᠎ᠤ᠋ ᠡᠳᠦᠷ ᠪᠣᠯᠲᠠᠯ᠎ᠠ ᠱᠢᠨ᠎ᠡ ᠨᠢᠭᠡ ᠡᠭᠡᠯᠵᠢ᠎ᠶ᠋ᠢᠨ ᠰᠢᠷᠦᠭᠦᠨ ᠪᠣᠷᠣᠭᠠᠨ᠎ᠤ ᠶᠠᠪᠤᠴᠠ᠎ᠶ᠋ᠢᠨ ᠬᠥᠭ᠌ᠵᠢᠯᠲᠡ᠎ᠶ᠋ᠢᠨ ᠬᠠᠨᠳᠤᠰᠢ᠎ᠶ᠋ᠢ ᠰᠤᠳᠤᠯᠤᠨ ᠮᠠᠭᠠᠳᠯᠠᠵᠤ᠂ ᠭᠤᠤᠯᠳᠠᠯᠭ᠎ᠠ᠎ᠲᠠᠶ ᠭᠠᠵᠠᠷ ᠣᠷᠣᠨ᠎ᠤ ᠦᠶᠡᠷ᠎ᠢ ᠰᠡᠷᠭᠡᠢᠯᠡᠬᠦ᠌ ᠠᠵᠢᠯ᠎ᠢ ᠪᠠᠢᠷᠢᠯᠠᠭᠤᠯᠪᠠ᠃ 23 ᠎ᠤ᠋ ᠡᠳᠦᠷ᠂ ᠤᠯᠤᠰ᠎ᠤᠨ ᠦᠶᠡᠷ᠎ᠢ ᠰᠡᠷᠭᠡᠢᠯᠡᠵᠦ᠍ ᠭᠠᠩ ᠬᠠᠭ᠍ᠰᠠᠷᠠᠭᠠᠨ᠎ᠲᠠᠶ ᠲᠡᠮᠡᠴᠡᠬᠦ᠌ ᠶᠡᠷᠦᠩᠬᠡᠢ ᠵᠢᠯᠣᠭᠣᠳᠭᠤ ᠭᠠᠵᠠᠷ ᠬᠤᠪᠸᠢ᠂ ᠴᠦᠩᠴᠢᠩ᠎ᠳᠦ ᠦᠶᠡᠷ᠎ᠢ ᠰᠡᠷᠭᠡᠢᠯᠡᠬᠦ᠌ ᠳᠥᠷᠪᠡᠳᠦᠭᠡᠷ ᠳᠡᠰ᠎ᠤᠨ ᠪᠠᠴᠢᠮ ᠪᠠᠢᠳᠠᠯ᠎ᠢ ᠠᠷᠭᠠᠴᠠᠭᠠᠬᠤ ᠲᠦᠰᠦᠯ᠎ᠢ ᠡᠬᠢᠯᠡᠭᠦᠯᠵᠦ᠍᠂ ᠤᠯᠤᠰ᠎ᠤᠨ ᠦᠶᠡᠷ᠎ᠢ ᠰᠡᠷᠭᠡᠢᠯᠡᠵᠦ᠍ ᠭᠠᠩ ᠬᠠᠭ᠍ᠰᠠᠷᠠᠭᠠᠨ᠎ᠲᠠᠶ ᠲᠡᠮᠡᠴᠡᠬᠦ᠌ ᠶᠡᠷᠦᠩᠬᠡᠶ ᠵᠢᠯᠣᠭᠣᠳᠭᠤ ᠭᠠᠵᠠᠷ᠎ᠤᠨ ᠠᠯᠪᠠᠨ ᠬᠡᠷ ᠠᠵᠢᠯᠯᠠᠬᠤ ᠳᠤᠭᠤᠢᠯᠠᠩ ᠲᠣᠮᠢᠯᠠᠨ ᠬᠤᠪᠧᠶ᠎ᠳᠦ ᠣᠴᠢᠭᠤᠯᠵᠤ ᠦᠶᠡᠷ᠎ᠢ ᠰᠡᠷᠭᠡᠢᠯᠡᠬᠦ᠌ ᠠᠵᠢᠯ᠎ᠢ ᠬᠠᠪᠰᠤᠷᠤᠨ ᠵᠢᠯᠣᠭᠣᠳᠪᠠ᠃

ᠭᠤᠸᠠᠩᠰᠢ᠎ᠶ᠋ᠢᠨ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠦᠨ ᠬᠢᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠡᠭᠦᠷᠭᠡ ᠴᠢᠳᠠᠪᠬᠢ᠎ᠪᠠᠨ ᠭᠦᠢᠴᠡᠳ ᠪᠠᠳᠠᠷᠠᠭᠤᠯᠵᠤ᠂ ᠪᠦᠬᠦ᠌ ᠣᠷᠣᠨ᠎ᠤ ᠦᠶᠡᠷ᠎ᠢ ᠰᠡᠷᠭᠡᠢᠯᠡᠬᠦ᠌ ᠲᠤᠰᠭᠠᠢ ᠰᠡᠳᠦᠪᠲᠦ ᠵᠥᠪᠳᠡᠯᠴᠡᠨ ᠲᠤᠬᠢᠷᠠᠭᠤᠯᠬᠤ ᠠᠵᠢᠯ᠎ᠢ 20 ᠭᠠᠷᠤᠢ ᠤᠳᠠᠭ᠎ᠠ ᠵᠣᠬᠢᠶᠠᠨ ᠪᠠᠢᠭᠤᠯᠪᠠ᠃《ᠲᠠᠷᠠᠭᠠᠴᠢ᠎ᠶ᠋ᠢᠨ ᠠᠯᠬᠤᠮ᠎ᠳᠤ᠂ ᠪᠢᠳᠡ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶ᠋ᠢᠨ ᠱᠠᠭᠠᠷᠳᠠᠯᠭ᠎ᠠ ᠶᠣᠰᠣᠭᠠᠷ᠂ ᠠᠮᠤᠷ ᠲᠦᠪᠱᠢᠨ ᠬᠡᠬᠦ ᠡᠨᠡ ᠬᠦ᠌ ᠬᠥᠪᠴᠢ᠎ᠵᠢ ᠦᠷᠭᠦᠯᠵᠢᠯᠡᠨ ᠴᠢᠩᠭᠠᠯᠠᠵᠤ᠂ ᠬᠡᠮ ᠰᠣᠭᠣᠭ᠎ᠢ ᠵᠢᠭ᠍ᠰᠠᠭᠠᠨ ᠪᠠᠢᠴᠠᠭᠠᠬᠤ᠎ᠪᠠᠨ ᠭᠦᠨᠵᠡᠭᠡᠢᠷᠡᠭᠦᠯᠵᠦ᠍᠂ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌᠎ᠪᠡᠨ ᠴᠢᠩᠭᠠᠳᠭᠠᠵᠤ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ᠎ᠶ᠋ᠢᠨ ᠠᠮᠤᠷ ᠲᠦᠪᠱᠢᠨ᠎ᠢ ᠪᠥᠬᠥ᠌ ᠬᠦᠴᠦᠨ᠎ᠢᠶᠡᠷ᠎ᠢᠶᠡᠨ ᠪᠠᠲᠤᠯᠠᠨ᠎ᠠ》ᠭᠡᠵᠦ᠍ ᠭᠤᠸᠠᠩᠰᠢ᠎ᠶ᠋ᠢᠨ ᠵᠤᠸᠠᠩ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠲᠢᠩᠬᠢᠮ᠎ᠦᠨ ᠳᠠᠷᠤᠭ᠎ᠠ ᠵᠧᠸ᠋ ᠴᠠᠩ ᠴᠢᠩ ᠬᠡᠯᠡᠪᠡ᠃

ᠠᠮᠤᠷ ᠲᠦᠪᠱᠢᠨ ᠪᠣᠯ ᠬᠥᠭ᠌ᠵᠢᠯᠲᠡ᠎ᠶ᠋ᠢᠨ ᠤᠷᠢᠲᠠᠯ ᠮᠥᠨ᠂ ᠥᠨᠳᠥᠷ ᠲᠦᠪᠱᠢᠨ ᠪᠦᠬᠦᠢ ᠠᠮᠤᠷ ᠲᠦᠪᠱᠢᠨ ᠪᠣᠯ ᠴᠢᠨᠠᠷ ᠰᠠᠢᠲᠠᠶ ᠬᠥᠭ᠌ᠵᠢᠯᠲᠡ᠎ᠶ᠋ᠢᠨ ᠴᠢᠬᠤᠯᠠ ᠪᠠᠲᠤᠯᠠᠭ᠎ᠠ ᠮᠥᠨ᠃

ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ᠎ᠬᠢᠨ ᠶᠡᠷᠦᠩᠬᠡᠶ ᠱᠦᠵᠢ ᠰᠢ ᠵᠢᠨ ᠫᠢᠩ᠎ᠦᠨ ᠠᠶᠤᠯᠭᠦᠶ ᠦᠶ᠋ᠯᠡᠳᠪᠦᠷᠢᠯᠡᠯ᠎ᠦᠨ ᠲᠤᠬᠠᠶ ᠴᠢᠬᠤᠯᠠ ᠥᠭᠦᠯᠡᠯᠲᠡ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠬᠥᠭ᠌ᠵᠢᠯᠲᠡ ᠪᠠ ᠠᠮᠤᠷ ᠲᠦᠪᠱᠢᠨ᠎ᠢ ᠨᠠᠩ ᠰᠠᠢᠲᠤᠷ ᠨᠢᠭᠡᠳᠦᠯᠲᠡᠶ ᠲᠥᠯᠥᠪᠵᠢᠭᠦᠯᠵᠦ᠍᠂ ᠠᠮᠤᠷ ᠲᠦᠪᠱᠢᠨ᠎ᠦ ᠬᠡᠮ ᠰᠣᠭᠣᠭ᠎ᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ᠎ᠶ᠋ᠢ ᠭᠦᠨᠵᠡᠭᠡᠶ ᠠᠬᠢᠭᠤᠯᠵᠤ᠂ ᠨᠠᠩ ᠶᠡᠬᠡ ᠡᠷᠴᠢᠮ᠂ ᠨᠠᠩ ᠪᠦᠲᠦᠮᠵᠢᠲᠡᠶ ᠠᠷᠭ᠎ᠠ ᠬᠡᠮᠵᠢᠶ᠎ᠡ᠎ᠪᠡᠷ ᠬᠡᠮ ᠰᠣᠭᠣᠭ᠎ᠢ ᠴᠤᠬᠤᠢᠬᠤ ᠦᠶ᠎ᠡ᠎ᠳᠦᠨᠢ᠂ ᠭᠠᠮᠱᠢᠭ ᠪᠣᠯᠬᠤ᠎ᠡᠴᠡ ᠡᠮᠦᠨ᠎ᠡ ᠠᠷᠢᠯᠭᠠᠨ ᠰᠢᠢᠳᠪᠦᠷᠢᠯᠡᠵᠤ᠂ ᠠᠶᠤᠯᠭᠦᠶ ᠦᠶ᠋ᠯᠡᠳᠪᠦᠷᠢᠯᠡᠯ᠎ᠦᠨ ᠠᠷᠠᠳ ᠲᠦᠮᠡᠨ᠎ᠦ ᠰᠡᠷᠭᠡᠢᠯᠡᠯᠲᠡ᠎ᠶ᠋ᠢᠨ ᠱᠤᠭᠤᠮ᠎ᠢ ᠡᠷᠡᠰ ᠪᠡᠬᠢᠵᠢᠭᠦᠯᠵᠤ ᠪᠤᠢ᠃

 (ᠰᠢᠨᠬᠤᠸᠠ ᠬᠤᠷᠢᠶ᠎ᠠ ᠵᠢᠨ ᠪᠡᠭᠡᠵᠢᠩ ᠤ᠋ᠨ 5 ᠰᠠᠷ᠎ᠠ ᠵᠢᠨ 23 ᠤ᠋ ᠴᠠᠬᠢᠯᠭᠠᠨ ᠮᠡᠳᠡᠭᠡ ᠡᠴᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号