ᠥᠪᠥᠷ ᠮᠣᠩᠭᠣᠯ ᠬᠡᠷᠡᠭᠯᠡᠬᠡᠨ ᠤ᠋ ᠵᠦᠢᠯᠡᠰ ᠤ᠋ᠨ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ ᠪᠤᠷᠤᠯᠠᠭᠤᠯᠭ᠎ᠠ ᠢ᠋ᠢ 122.6 ᠳ᠋ᠦᠩᠱᠢᠭᠤᠷ ᠲᠥᠭᠥᠷᠢᠭ ᠳᠠᠢᠴᠢᠯᠠᠵᠠᠢ
2026-05-26 09:37:07
ᠵᠣᠬᠢᠶᠠᠭ᠍ᠴᠢ᠄
ᠰᠠᠷᠭᠠᠢ
ᠣᠩᠱᠢᠭ᠍ᠰᠠᠨ ᠣᠳᠠᠭ᠎ᠠ᠄
★★★☆☆

ᠡᠨᠡ ᠵᠢᠯ ᠤ᠋ᠨ 4 ᠰᠠᠷ᠎ᠡ ᠢ᠋ᠢᠨ ᠰᠡᠬᠦᠯᠴᠢ ᠪᠤᠯᠳᠠᠯ᠎ᠡ᠂ ᠥᠪᠥᠷ ᠮᠣᠩᠭᠣᠯ ᠬᠡᠷᠡᠭᠯᠡᠬᠡᠨ ᠤ᠋ ᠵᠦᠢᠯᠡᠰ ᠤ᠋ᠨ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ᠎ᠠᠵᠢᠯ ᠢ᠋ ᠠᠬᠢᠭᠤᠯᠬᠤ ᠪᠡᠷ ᠲᠠᠮᠵᠢᠨ ᠬᠡᠷᠡᠭᠯᠡᠬᠡᠨ ᠤ᠋ ᠵᠦᠢᠯᠡᠰ ᠤ᠋ᠨ ᠪᠤᠷᠤᠯᠠᠭᠤᠯᠭ᠎ᠠ ᠢ᠋ᠢ 122.6 ᠳ᠋ᠦᠩᠱᠢᠭᠤᠷ ᠲᠥᠭᠥᠷᠢᠭ ᠳᠠᠢᠴᠢᠯᠠᠪᠠ᠃ ᠡᠭᠦᠨ᠎ᠳᠦ ᠮᠠᠱᠢᠨ ᠲᠡᠷᠭᠡᠨ᠎ᠦ ᠬᠦᠷᠢᠶᠡᠨ᠎ᠳᠦ 87.4 ᠳ᠋ᠦᠩᠱᠢᠭᠤᠷ ᠲᠥᠭᠥᠷᠢᠭ᠎ᠦᠨ ᠬᠡᠷᠡᠭ᠌ᠯᠡᠭᠡ᠎ᠶ᠋ᠢ ᠲᠠᠢᠴᠢᠯᠠᠵᠤ᠂ ᠬᠡᠷ᠎ᠦᠨ ᠴᠠᠬᠢᠯᠭᠠᠨ ᠬᠡᠷᠡᠭ᠌ᠰᠡᠯ ᠪᠠ ᠲᠣᠭᠠᠴᠢᠯᠠᠭ᠍ᠰᠠᠨ ᠣᠶᠤᠨᠴᠢ ᠦᠶ᠋ᠯᠡᠳᠬᠦᠨ᠎ᠦ ᠬᠦᠷᠢᠶᠡᠨ᠎ᠳᠦ 35.2 ᠳ᠋ᠦᠩᠱᠢᠭᠤᠷ ᠲᠥᠭᠥᠷᠢᠭ᠎ᠦᠨ ᠬᠡᠷᠡᠭ᠌ᠯᠡᠭᠡ᠎ᠶ᠋ᠢ ᠲᠠᠢᠴᠢᠯᠠᠪᠠ᠃

ᠡᠨᠡ ᠵᠢᠯ ᠤ᠋ᠨ ᠡᠬᠢᠨ᠎ᠠᠴᠠ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠡᠷᠡᠭ᠌ᠯᠡᠭᠡᠨ᠎ᠦ ᠵᠦᠶ᠋ᠯᠡᠰ᠎ᠦᠨ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ ᠠᠵᠢᠯ᠎ᠤᠨ ᠪᠠᠢᠷᠢᠯᠠᠭᠤᠯᠤᠯᠲᠠ᠎ᠶ᠋ᠢ ᠴᠢᠨᠠᠬᠰᠢᠳᠠ ᠨᠠᠢᠳᠠᠪᠤᠷᠢᠵᠢᠭᠤᠯᠬᠤ᠎ᠶ᠋ᠢᠨ ᠲᠥᠯᠥᠭᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ ᠪᠣᠯᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ ᠵᠡᠷᠭᠡ ᠰᠠᠯᠠᠭ᠎ᠠ ᠮᠥᠴᠢᠷ ᠬᠠᠮᠵᠢᠯᠴᠠᠨ ᠬᠦᠴᠦᠯᠡᠵᠦ᠍᠂ ᠡᠳ᠋᠎ᠦᠨ ᠵᠠᠰᠠᠭ᠎ᠤᠨ ᠪᠠᠯᠠ ᠮᠥᠩᠭᠥ᠎ᠪᠡᠷ ᠬᠡᠷᠡᠭ᠌ᠯᠡᠭᠡᠨ᠎ᠦ ᠵᠦᠶ᠋ᠯᠡᠰ᠎ᠦᠨ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ᠎ᠳᠤ ᠨᠥᠬᠥᠪᠥᠷᠢ ᠥᠭ᠌ᠬᠦ ᠲᠥᠷᠥ᠎ᠶ᠋ᠢᠨ ᠪᠣᠳᠣᠯᠭ᠎ᠠ᠎ᠶ᠋ᠢᠨ ᠠᠱᠢᠭ ᠢ᠋ ᠶᠠᠭ ᠲᠦᠷᠭᠡᠨ ᠵᠠᠬ᠎ᠠ ᠳᠡᠯᠭᠡᠭᠦᠷ᠎ᠦᠨ ᠬᠡᠷᠡᠭᠯᠡᠬᠡ ᠢ᠋ᠢ ᠬᠦᠭᠵᠢᠬᠡᠬᠦ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ ᠪᠠᠢᠨ᠎ᠠ᠃

ᠪᠠᠯᠠ ᠮᠥᠩᠭᠥ᠎ᠶ᠋ᠢ ᠨᠢᠭᠡᠳᠦᠯᠲᠡᠶ ᠲᠦᠯᠦᠪᠵᠢᠬᠦᠯᠦᠨ᠂ ᠲᠥᠷᠥ᠎ᠶ᠋ᠢᠨ ᠪᠣᠳᠣᠯᠭ᠎ᠠ᠎ᠶ᠋ᠢᠨ ᠦᠶ᠋ᠯᠡᠳᠦᠯ᠎ᠢ ᠥᠷᠭᠡᠳᠭᠡᠵᠤ᠂ ᠦᠪᠤᠷ ᠮᠤᠨᠭᠭᠤᠯ ᠤ᠋ᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠠᠴᠠ ᠲᠥᠪ᠎ᠦᠨ ᠡᠳ᠋᠎ᠦᠨ ᠵᠠᠰᠠᠭ᠎ᠤᠨ ᠤᠯᠤᠰ᠎ᠤᠨ ᠬᠡᠳᠤ ᠣᠷᠳᠣ ᠬᠤᠭᠤᠴᠠᠭᠠᠨ᠎ᠤ ᠣᠨᠴᠠᠭᠠᠶ ᠵᠢᠭᠡᠯᠡᠯᠭᠡ ᠢ᠋ᠢᠨ ᠲᠡᠮᠳᠡᠭᠳᠤ ᠪᠠ ᠣᠷᠣᠨ ᠨᠤᠲᠤᠭ᠎ᠤᠨ ᠡᠳ᠋᠎ᠦᠨ ᠵᠠᠰᠠᠭ᠎ᠤᠨ ᠪᠠᠯᠠ ᠮᠥᠩᠭᠥ᠎ᠪᠡᠷ ᠬᠡᠷᠡᠭᠯᠡᠬᠡᠨ ᠤ᠋ ᠵᠦᠶ᠋ᠯᠡᠰ᠎ᠦᠨ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ᠎ᠶ᠋ᠢ ᠳᠡᠮᠵᠢᠬᠦ᠌᠎ᠢ᠋ᠢ ᠨᠢᠬᠡᠳᠤᠯᠳᠡᠢ ᠲᠦᠯᠦᠪᠵᠢᠬᠦᠯᠬᠦ ᠢ᠋ᠢᠨ ᠬᠠᠮᠲᠤ ᠨᠥᠬᠥᠴᠡᠯ᠎ᠲᠡᠶ ᠠᠢᠮᠠᠭ ᠬᠣᠲᠠ᠎ᠶ᠋ᠢᠨ᠎ᠬᠢᠨ᠎ᠦ ᠲᠣᠰ ᠱᠠᠲᠤᠨ᠎ᠤ ᠲᠤᠰᠭᠠᠶ ᠪᠠᠯᠠ ᠮᠥᠩᠭᠥ᠎ᠶ᠋ᠢ ᠨᠢᠭᠡᠳᠦᠯᠲᠡᠶ ᠲᠦᠯᠦᠪᠵᠢᠬᠦᠯᠦᠨ ᠬᠡᠷᠡᠭ᠌ᠯᠡᠬᠦ᠌᠎ᠶ᠋ᠢ ᠵᠣᠷᠢᠭ᠍ᠵᠢᠭᠤᠯᠵᠤ᠂ ᠲᠣᠰ ᠭᠠᠵᠠᠷ ᠣᠷᠣᠨ᠎ᠤ ᠬᠡᠷᠡᠭ᠌ᠯᠡᠭᠡ᠎ᠶ᠋ᠢᠨ ᠵᠠᠬ᠎ᠠ ᠳᠡᠯᠭᠡᠭᠦᠷ᠎ᠦᠨ ᠣᠨᠴᠠᠯᠢᠭ᠎ᠲᠠᠶ ᠤᠶᠠᠯᠳᠤᠭᠤᠯᠤᠨ ᠣᠨᠣᠪᠴᠢᠲᠠᠶ᠎ᠪᠠᠷ ᠲᠥᠷᠥ᠎ᠶ᠋ᠢᠨ ᠪᠣᠳᠣᠯᠭ᠎ᠠ ᠬᠡᠷᠡᠭ᠌ᠵᠢᠭᠦᠯᠵᠦ᠍᠂ ᠲᠥᠪ᠎ᠦᠨ ᠡᠳ᠋᠎ᠦᠨ ᠵᠠᠰᠠᠭ ᠪᠤᠯᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠬᠠᠮᠢᠶ᠎ᠠ ᠪᠥᠬᠥᠶ ᠳᠡᠮᠵᠢᠯᠭᠡ᠎ᠶ᠋ᠢᠨ ᠲᠥᠷᠥ᠎ᠶ᠋ᠢᠨ ᠪᠣᠳᠣᠯᠭ᠎ᠠ᠎ᠯᠤᠭ᠎ᠠ ᠨᠡᠢᠯᠡᠮᠡᠯ ᠬᠦᠴᠦᠨ᠎ᠢ ᠪᠦᠷᠢᠯᠳᠦᠭᠦᠯᠵᠦ᠍᠂ ᠲᠡᠮᠵᠢᠯᠬᠡ ᠢ᠋ᠢᠨ ᠡᠷᠴᠢᠮ᠎ᠢᠶᠡᠨ ᠤᠯᠠᠮ ᠨᠢᠭᠡ ᠠᠯᠬᠤᠮ ᠴᠢᠩᠭᠠᠷᠠᠭᠤᠯᠤᠨ᠂ ᠣᠯᠠᠨ ᠲᠦᠮᠡᠨ᠎ᠦ ᠠᠱᠢᠭ ᠭᠥᠷᠳᠡᠬᠦ᠌ ᠬᠡᠪᠴᠢᠶ᠎ᠡ᠎ᠶ᠋ᠢ ᠥᠷᠭᠡᠳᠭᠡᠵᠦ᠍᠂ ᠨᠠᠩ ᠣᠯᠠᠨ ᠬᠡᠷᠡᠭ᠌ᠯᠡᠭ᠌ᠴᠢᠳ᠎ᠲᠦ ᠲᠥᠷᠥ᠎ᠶ᠋ᠢᠨ ᠪᠣᠳᠣᠯᠭ᠎ᠠ᠎ᠶ᠋ᠢᠨ ᠠᠱᠢᠭ ᠬᠦᠷᠳᠡᠬᠡᠵᠡᠢ᠃

ᠨᠥᠬᠥᠪᠥᠷᠢ᠎ᠶ᠋ᠢᠨ ᠬᠠᠮᠢᠶᠠᠷᠤᠯᠲᠠ᠎ᠶ᠋ᠢ ᠱᠢᠯᠢᠳᠡᠭ᠌ᠵᠢᠭᠦᠯᠵᠦ᠍᠂ ᠤᠷᠳᠤ ᠬᠤᠭᠤᠴᠠᠭᠠᠨ᠎ᠤ ᠪᠦᠲᠦᠮᠵᠢᠲᠡᠢ ᠠᠵᠢᠯᠯᠠᠭᠠᠨ᠎ᠤ ᠲᠣᠭ᠍ᠲᠠᠴᠠ᠎ᠶ᠋ᠢ ᠲᠡᠭᠦᠯᠳᠡᠷᠵᠢᠭᠦᠯᠤᠨ᠂ ᠪᠥᠬᠥ᠌ ᠣᠷᠣᠨ᠎ᠤ ᠡᠯ᠎ᠡ ᠱᠠᠲᠤᠨ᠎ᠤ ᠡᠳ᠋᠎ᠦᠨ ᠵᠠᠰᠠᠭ᠎ᠤᠨ ᠰᠠᠯᠠᠭ᠎ᠠ ᠮᠥᠴᠢᠷ᠎ᠤᠨ ᠬᠢᠨ ᠬᠤᠳᠠᠯᠳᠤᠭᠠᠨ᠎ᠤ ᠶᠠᠪᠤᠳᠠᠯ ᠵᠡᠷᠭᠡ ᠰᠠᠯᠠᠭ᠎ᠠ ᠮᠥᠴᠢᠷ᠎ᠲᠡᠶ ᠬᠠᠮᠵᠢᠯᠴᠠᠨ ᠨᠥᠬᠥᠪᠥᠷᠢ᠎ᠶ᠋ᠢᠨ ᠬᠡᠪᠴᠢᠶ᠎ᠡ ᠪᠠ ᠪᠠᠷᠢᠮᠵᠢᠶ᠎ᠠ᠎ᠶ᠋ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠨᠥᠬᠥᠪᠥᠷᠢ᠎ᠶ᠋ᠢ ᠬᠢᠨᠠᠨ ᠬᠠᠷᠭᠤᠭᠤᠯᠬᠤ ᠪᠠ ᠣᠯᠭᠣᠬᠤ ᠴᠠᠭ ᠬᠤᠭᠤᠴᠠᠭ᠎ᠠ᠎ᠶ᠋ᠢ ᠪᠣᠭᠣᠨᠢᠰᠭᠠᠨ᠂ ᠪᠠᠯᠠ ᠮᠥᠩᠭᠥ᠌ ᠪᠠᠭᠤᠯᠭᠠᠬᠤ ᠦᠷ᠎ᠡ ᠪᠦᠲᠦᠮᠵᠢ᠎ᠶ᠋ᠢ ᠨᠡᠮᠡᠭᠳᠡᠬᠦᠯᠵᠤ᠂ 《ᠤᠷᠢᠳ᠎ᠵᠢᠨᠷ ᠤᠷᠢᠳᠴᠢᠯᠠᠨ ᠪᠠᠭᠤᠯᠭᠠᠬᠤ᠂ ᠳᠠᠷᠠᠭ᠎ᠠ ᠨᠢ ᠳ᠋ᠦᠨᠭᠨᠡᠨ ᠪᠣᠳᠣᠬᠤ》 ᠬᠠᠮᠢᠶᠠᠷᠤᠯᠲᠠ᠎ᠶ᠋ᠢᠨ ᠵᠠᠭ᠍ᠪᠤᠷ᠎ᠢᠶᠠᠷ ᠳᠠᠮᠵᠢᠭᠤᠯᠤᠨ᠂ ᠨᠥᠬᠥᠪᠥᠷᠢ ᠪᠡᠯᠡ ᠮᠥᠩᠭᠥ᠎ᠶ᠋ᠢᠨ ᠪᠦᠬᠦ᠌ ᠶᠠᠪᠤᠴᠠ᠎ᠶ᠋ᠢᠨ ᠬᠠᠮᠢᠶᠠᠷᠤᠨ ᠡᠵᠡᠮᠳᠡᠬᠦ᠌᠎ᠶ᠋ᠢ ᠴᠢᠨᠭᠭᠠᠷᠠᠭᠤᠯᠪᠠ᠃

ᠬᠠᠮᠵᠢᠯᠴᠠᠨ ᠬᠣᠯᠪᠣᠭᠠᠯᠠᠨ ᠬᠥᠳᠡᠯᠦᠯᠴᠡᠬᠦ᠌᠎ᠶ᠋ᠢ ᠴᠢᠩᠭᠠᠳᠭᠠᠵᠤ᠂ ᠬᠡᠷᠡᠭᠯᠡᠬᠡ ᠢ᠋ᠢᠨ ᠵᠠᠬ᠎ᠠ ᠳᠡᠯᠭᠡᠭᠦᠷ᠎ᠦᠨ ᠱᠢᠨ᠎ᠡ ᠬᠥᠳᠡᠯᠭᠡᠬᠦ᠌ ᠬᠦᠴᠦᠨ ᠢ᠋ ᠬᠦᠭᠵᠢᠬᠡᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ ᠪᠣᠯᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ ᠵᠡᠷᠭᠡ ᠰᠠᠯᠠᠭ᠎ᠠ ᠮᠥᠴᠢᠷ᠎ᠡᠴᠡ ᠡᠯ᠎ᠡ ᠭᠠᠵᠠᠷ᠎ᠤᠨ᠎ᠬᠢᠨ ᠤ᠋ ᠬᠡᠷᠡᠭ᠌ᠯᠡᠭᠡᠨ᠎ᠦ ᠲᠡᠮᠳᠡᠭ᠌ᠲᠦ ᠢ᠋ᠢ ᠲᠠᠪᠬᠤᠴᠠᠭᠤᠯᠤᠨ ᠲᠠᠷᠬᠠᠭᠠᠬᠤ ᠵᠡᠷᠭᠡ ᠠᠷᠭ᠎ᠠ ᠬᠡᠯᠪᠡᠷᠢ᠎ᠪᠡᠷ ᠳᠠᠮᠵᠢᠭᠤᠯᠤᠨ᠂ ᠬᠡᠷᠡᠭ᠌ᠯᠡᠭᠡᠨ᠎ᠦ ᠵᠦᠶ᠋ᠯᠡᠰ᠎ᠦᠨ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ ᠬᠡᠷᠡᠭ᠌ᠴᠡᠭᠡ᠎ᠶ᠋ᠢ ᠪᠦᠲᠦᠮᠵᠢᠲᠡᠶ ᠬᠥᠭ᠌ᠵᠢᠭᠡᠵᠦ᠍ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号