ᠡᠮᠥᠨᠡᠬᠡᠨ᠂ ᠲᠦᠩᠯᠢᠶᠣᠣ ᠬᠣᠲᠠ᠎ᠶᠢᠨ ᠡᠪᠦᠯᠵᠢᠬᠥ ᠬᠠᠷ᠎ᠠ ᠪᠤᠭᠤᠳᠠᠢ᠎ᠶᠢᠨ ᠲᠤᠷᠰᠢᠯᠲᠠ᠎ᠶᠢᠨ ᠲᠠᠷᠢᠮᠠᠯ᠎ᠤᠨ ᠲᠤᠬᠠᠢ᠎ᠶᠢᠨ ᠲᠠᠯᠠᠪᠠᠢ ᠵᠢᠨ ᠦᠵᠡᠭᠦᠯᠭᠡ᠎ᠶᠢᠨ ᠪᠣᠯᠪᠠᠰᠤᠷᠠᠯ᠎ᠤᠨ ᠠᠩᠭᠢ ᠤᠷᠤᠭᠰᠢᠲᠠᠢ ᠡᠬᠢᠯᠡᠪᠡ᠃ ᠡᠯ᠎ᠡ ᠠᠢᠮᠠᠭ ᠬᠣᠲᠠ᠎ᠶᠢᠨ ᠲᠠᠷᠢᠶᠠᠯᠠᠩ ᠮᠠᠯ ᠠᠵᠤ ᠠᠬᠤᠢ᠎ᠶᠢᠨ ᠮᠡᠷᠭᠡᠵᠢᠯ᠎ᠢ ᠳᠡᠯᠭᠡᠷᠡᠭᠦᠯᠬᠦ ᠪᠠᠢᠭᠤᠯᠤᠮᠵᠢ᠂ ᠡᠯ᠎ᠡ ᠬᠣᠰᠢᠭᠤ ᠰᠢᠶᠠᠨ ᠬᠣᠲᠠ ᠲᠣᠭᠣᠷᠢᠭ᠋᠎ᠤᠨ ᠲᠠᠷᠢᠶᠠᠯᠠᠩ ᠮᠠᠯ ᠠᠵᠤ ᠠᠬᠤᠢ᠎ᠶᠢᠨ ᠬᠠᠮᠢᠶ᠎ᠠ ᠪᠦᠬᠦᠢ ᠨᠢᠭᠡᠴᠢ᠂ ᠲᠠᠷᠢᠶᠠᠯᠠᠩ᠎ᠳᠤ ᠬᠣᠯᠪᠣᠭᠳᠠᠬᠤ ᠠᠵᠤ ᠠᠬᠤᠢᠯᠠᠯ ᠵᠢᠴᠢ ᠲᠠᠷᠢᠮᠠᠯ᠎ᠤᠨ ᠲᠣᠮᠣ᠌ ᠡᠷᠦᠬᠡ᠎ᠶᠢᠨ 100 ᠭᠠᠷᠤᠢ ᠲᠥᠯᠥᠭᠡᠯᠡᠭᠴᠢ ᠪᠤᠯᠪᠠᠰᠤᠷᠠᠯ ᠳ᠋ᠤ ᠤᠷᠤᠯᠴᠠᠨ᠂ ᠡᠪᠦᠯᠵᠢᠬᠥ ᠬᠠᠷ᠎ᠠ ᠪᠤᠭᠤᠳᠠᠢ ᠳᠠᠷᠢᠬᠤ ᠮᠡᠷᠭᠡᠵᠢᠯ ᠪᠠ ᠠᠵᠤ ᠦᠢᠯᠡᠰ᠎ᠢ ᠬᠥᠭᠵᠢᠭᠥᠯᠥᠭᠰᠡᠨ ᠲᠤᠷᠰᠢᠯᠭ᠎ᠠ᠎ᠪᠠᠨ ᠰᠣᠯᠢᠯᠴᠠᠵᠠᠭᠠᠪᠠ᠃
ᠲᠣᠰ ᠤᠳᠠᠭᠠᠨ᠎ᠤ ᠪᠣᠯᠪᠠᠰᠤᠷᠠᠯ ᠨᠢ ᠰᠢᠨ᠎ᠡ᠎ᠶᠢ ᠡᠭᠦᠳᠴᠥ 《ᠲᠤᠬᠠᠢ᠎ᠶᠢᠨ ᠲᠠᠯᠠᠪᠠᠢ ᠳ᠋ᠤ ᠲᠣᠭᠣᠷᠢᠨ ᠦᠵᠡᠬᠦ + ᠣᠨᠣᠯ᠎ᠤᠨ ᠬᠢᠴᠢᠶᠡᠯ》 ᠬᠤᠤᠰ ᠵᠠᠭᠪᠤᠷ᠎ᠢ ᠬᠡᠷᠡᠭᠯᠡᠨ᠂ ᠬᠤᠷᠠᠯ᠎ᠳᠤ ᠣᠷᠣᠯᠴᠠᠭᠰᠠᠳ᠎ᠤᠨ ᠦᠢᠯᠡᠳᠦᠯᠭᠡ᠎ᠶᠢᠨ ᠦᠷ᠎ᠡ ᠪᠦᠲᠥᠮᠵᠢ ᠵᠢ ᠰᠢᠭᠤᠳ ᠣᠢᠯᠠᠭᠠᠬᠤ ᠮᠥᠷᠲᠡᠭᠡᠨ ᠲᠤᠰᠬᠠᠢ ᠮᠡᠷᠭᠡᠵᠢᠯ᠎ᠦᠨ ᠮᠡᠳᠡᠯᠭᠡ᠎ᠶᠢ ᠰᠢᠰᠲᠧᠮ᠎ᠲᠠᠢ ᠡᠵᠡᠮᠰᠢᠬᠦ᠎ᠶᠢ ᠦᠨᠡᠨ ᠬᠦ᠌ ᠪᠠᠲᠤᠯᠠᠵᠠᠢ᠃ ᠦᠵᠡᠭᠦᠯᠭᠡ᠎ᠶᠢᠨ ᠶᠠᠪᠤᠴᠠ᠎ᠳᠤ᠂ ᠲᠥᠯᠥᠭᠡᠯᠡᠭᠴᠢᠳ ᠤᠷᠢᠳ ᠬᠣᠵᠢᠳ ᠬᠣᠷᠴᠢᠨ ᠵᠡᠭᠦᠨ ᠭᠠᠷᠤᠨ ᠬᠣᠢᠲᠤ ᠬᠣᠰᠢᠭᠤᠨ᠎ᠤ ᠨᠤᠭᠤᠰᠤᠲᠠᠢ ᠪᠠᠯᠭᠠᠰᠤᠨ ᠳ᠋ᠡᠬᠢ ᠥᠪᠥᠷ ᠮᠣᠩᠭᠣᠯ᠎ᠤᠨ ᠮᠢ ᠳ᠋ᠦᠸᠸ ᠳ᠋ᠦᠧᠧ ᠲᠠᠷᠢᠶᠠᠯᠠᠩ ᠮᠠᠯ ᠠᠵᠤ ᠠᠬᠤᠢ᠎ᠶᠢᠨ ᠬᠥᠭᠵᠢᠯᠲᠡ᠎ᠶᠢᠨ ᠬᠢᠵᠠᠭᠠᠷᠲᠤ ᠺᠣᠮᠫᠠᠨᠢ᠎ᠶᠢᠨ ᠡᠪᠦᠯᠵᠢᠬᠥ ᠬᠠᠷ᠎ᠠ ᠪᠤᠭᠤᠳᠠᠢ ᠲᠠᠷᠢᠬᠤ ᠰᠠᠭᠤᠷᠢᠨ ᠬᠢᠭᠡᠳ ᠲᠦᠩᠯᠢᠶᠣᠣ ᠬᠤᠳᠠ᠎ᠶᠢᠨ ᠲᠠᠷᠢᠶᠠᠯᠠᠩ ᠮᠠᠯ ᠠᠵᠤ ᠠᠬᠤᠢ᠎ᠶᠢᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠲᠤᠷᠰᠢᠯᠲᠠ᠎ᠶᠢᠨ ᠲᠠᠷᠢᠶᠠᠨ᠎ᠳᠤ ᠬᠦᠷᠴᠦ᠂ ᠡᠪᠦᠯᠵᠢᠬᠥ ᠬᠠᠷ᠎ᠠ ᠪᠤᠭᠤᠳᠠᠢ ᠵᠢᠨ ᠤᠷᠭᠤᠴᠠ᠎ᠶᠢᠨ ᠪᠠᠢᠳᠠᠯ᠎ᠢ ᠲᠤᠬᠠᠢ᠎ᠶᠢᠨ ᠭᠠᠵᠠᠷ ᠲᠤᠨᠢ ᠪᠠᠢᠴᠠᠭᠠᠨ ᠦᠵᠡᠵᠦ᠂ 《ᠡᠪᠦᠯᠵᠢᠬᠥ ᠬᠠᠷ᠎ᠠ ᠪᠤᠭᠤᠳᠠᠢ +》 ᠲᠠᠪᠳᠠᠨ ᠲᠠᠷᠢᠵᠤ ᠡᠭᠡᠯᠵᠢᠯᠡᠨ ᠲᠠᠷᠢᠬᠤ ᠵᠠᠭᠪᠤᠷ᠎ᠤᠨ ᠬᠡᠷᠡᠭᠯᠡᠭᠡᠨ᠎ᠦ ᠦᠷ᠎ᠡ ᠪᠦᠲᠦᠮᠵᠢ᠎ᠶᠢ ᠭᠦᠨᠵᠡᠭᠡᠢ ᠣᠢᠯᠠᠭᠠᠪᠠ᠃ ᠲᠤᠬᠠᠢ᠎ᠶᠢᠨ ᠲᠠᠯᠠᠪᠠᠢ ᠳ᠋ᠤ᠂ ᠲᠥᠷᠥᠯ ᠵᠦᠢᠯ᠎ᠦᠨ ᠣᠨᠴᠠᠯᠢᠭ᠋ ᠰᠢᠨᠵᠢ᠂ ᠲᠠᠷᠢᠶᠠᠨ ᠭᠠᠵᠠᠷ᠎ᠤᠨ ᠬᠠᠮᠢᠶᠠᠷᠤᠯᠲᠠ᠎ᠶᠢᠨ ᠠᠷᠭ᠎ᠠ ᠬᠡᠮᠵᠢᠶ᠎ᠡ ᠵᠢᠴᠢ ᠡᠭᠡᠯᠵᠢᠯᠡᠨ ᠳᠠᠷᠢᠬᠤ᠎ᠶᠢ ᠵᠣᠯᠭᠠᠭᠤᠯᠬᠤ ᠶᠠᠪᠤᠴᠠ᠎ᠶᠢ ᠠᠵᠢᠭ᠍ᠯᠠᠵᠤ ᠥᠢᠯᠠᠭᠠᠬᠤ᠎ᠪᠠᠷ ᠳᠡᠮᠵᠢᠨ᠂ ᠣᠯᠠᠨ᠎ᠢᠶᠠᠷ ᠡᠪᠦᠯᠵᠢᠬᠥ ᠬᠠᠷ᠎ᠠ ᠪᠤᠭᠤᠳᠠᠢ ᠳᠠᠷᠢᠬᠤ ᠵᠠᠩᠭᠢᠯᠠᠭ᠎ᠠ᠎ᠶᠢᠨ ᠮᠡᠷᠭᠡᠵᠢᠯ᠎ᠦᠨ ᠲᠠᠯ᠎ᠠ᠎ᠪᠠᠷ ᠰᠢᠭᠤᠳ ᠲᠠᠨᠢᠯᠲᠠ᠎ᠲᠠᠢ ᠪᠣᠯᠤᠭᠰᠠᠨ ᠪᠠᠢᠨ᠎ᠠ᠃ ᠣᠨᠣᠯ᠎ᠤᠨ ᠪᠣᠯᠪᠠᠰᠤᠷᠠᠯ᠎ᠤᠨ ᠱᠠᠲᠤᠨ᠎ᠳᠤ᠂ ᠲᠤᠰᠬᠠᠢ ᠮᠡᠷᠭᠡᠵᠢᠯᠲᠡᠳ ᠡᠪᠦᠯᠵᠢᠬᠥ ᠬᠠᠷ᠎ᠠ ᠪᠤᠭᠤᠳᠠᠢ᠎ᠶᠢᠨ ᠡᠭᠡᠯᠵᠢᠯᠡᠨ ᠳᠠᠷᠢᠬᠤ ᠵᠠᠭᠪᠤᠷ᠎ᠤᠨ ᠰᠢᠨ᠎ᠡ᠎ᠶᠢ ᠡᠭᠦᠳᠬᠦ ᠪᠠ ᠪᠠᠷᠢᠮᠵᠢᠶᠠᠵᠢᠭᠤᠯᠤᠨ ᠳᠠᠷᠢᠬᠤ ᠮᠡᠷᠭᠡᠵᠢᠯ᠎ᠦᠨ ᠭᠣᠣᠯᠳᠠᠯᠭ᠎ᠠ ᠵᠡᠷᠭᠡ ᠭᠣᠣᠯ ᠠᠭᠤᠯᠭ᠎ᠠ᠎ᠶᠢᠨ ᠲᠣᠭᠣᠷᠢᠨ᠎ᠳᠤ ᠰᠢᠰᠲᠧᠮ᠎ᠲᠠᠢ ᠲᠠᠢᠯᠤᠮᠵᠢ ᠬᠢᠵᠦ᠂ ᠡᠭᠦᠯᠳᠡᠷ ᠰᠣᠩᠭᠣᠨ ᠪᠣᠢᠵᠢᠭᠤᠯᠬᠤ᠂ ᠳᠠᠷᠢᠵᠤ ᠤᠷᠭᠤᠭᠤᠯᠬᠤ ᠬᠠᠮᠢᠶᠠᠷᠤᠯᠲᠠ᠎ᠠᠴᠠ ᠠᠵᠤ ᠦᠢᠯᠡᠰ᠎ᠦᠨ ᠪᠠᠢᠷᠢᠰᠢᠯ᠎ᠳᠤ ᠬᠦᠷᠲᠡᠯ᠎ᠡ᠂ ᠳᠠᠷᠢᠮᠠᠯ᠎ᠤᠨ ᠭᠣᠣᠯ ᠴᠣᠭᠴᠠ᠎ᠳᠤ ᠪᠥᠬᠥ ᠶᠠᠪᠤᠴᠠ᠎ᠶᠢᠨ ᠮᠡᠷᠭᠡᠵᠢᠯ᠎ᠦᠨ ᠵᠢᠯᠣᠭᠣᠳᠤᠯᠭ᠎ᠠ ᠬᠠᠩᠭᠠᠨ᠂ ᠪᠣᠳᠠᠲᠠᠢ ᠦᠢᠯᠡᠳᠪᠦᠷᠢᠯᠡᠯ᠎ᠦᠨ ᠳᠤᠮᠳᠠᠬᠢ ᠬᠦᠴᠢᠷ ᠠᠰᠠᠭᠤᠳᠠᠯ᠎ᠢ ᠰᠢᠢᠳᠪᠦᠷᠢᠯᠡᠬᠦ᠎ᠳᠦ ᠮᠡᠷᠭᠡᠵᠢᠯ ᠪᠡ ᠥᠢᠯᠡᠳᠥᠯᠭᠡ ᠵᠢᠨ ᠳᠤᠯᠭᠠᠭᠤᠷᠢᠯᠡᠯ ᠬᠠᠩᠭᠠᠬᠰᠠᠨ ᠪᠠᠢᠨ᠎ᠠ᠃
2019 ᠣᠨ᠎ᠠᠴᠠ ᠡᠬᠢᠯᠡᠨ᠂ ᠲᠦᠩᠯᠢᠶᠣᠣ ᠬᠣᠲᠠ᠎ᠶᠢᠨ ᠲᠠᠷᠢᠶᠠᠯᠠᠩ ᠮᠠᠯ ᠠᠵᠤ ᠠᠬᠤᠢ᠎ᠶᠢᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠤᠨ ᠬᠢᠨ ᠳᠤᠮᠳᠠᠳᠤ ᠤᠯᠤᠰ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠦᠨᠳᠦᠰᠦᠲᠡᠨ᠎ᠦ ᠶᠡᠬᠡ ᠰᠤᠷᠭᠠᠭᠤᠯᠢ ᠵᠡᠷᠭᠡ ᠰᠢᠨᠵᠢᠯᠡᠬᠦ ᠤᠬᠠᠭᠠᠨ᠎ᠤ ᠰᠤᠳᠤᠯᠭᠠᠨ᠎ᠤ ᠶᠡᠬᠡ ᠰᠤᠷᠭᠠᠭᠤᠯᠢ᠎ᠲᠠᠢ ᠬᠣᠯᠪᠤᠭᠠᠯᠠᠨ᠂ ᠬᠣᠷᠴᠢᠨ᠎ᠤ ᠡᠯᠡᠰᠦᠷᠬᠡᠭ ᠭᠠᠵᠠᠷ᠎ᠢᠶᠠᠷ ᠭᠣᠣᠯ ᠣᠷᠣᠨ ᠪᠦᠰᠡ ᠪᠣᠯᠭᠠᠨ ᠡᠪᠦᠯᠵᠢᠬᠥ ᠬᠠᠷ᠎ᠠ ᠪᠤᠭᠤᠳᠠᠢ᠎ᠶᠢᠨ ᠲᠤᠷᠰᠢᠯᠲᠠ᠎ᠶᠢᠨ ᠵᠢᠱ᠌ᠢᠶ᠎ᠡ ᠦᠵᠡᠭᠦᠯᠬᠦ ᠠᠵᠢᠯ᠎ᠢ ᠥᠷᠨᠢᠭᠦᠯᠪᠡ᠃ 6 ᠵᠢᠯ᠎ᠦᠨ ᠲᠤᠷᠰᠢ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠦᠯᠬᠦᠮ᠎ᠤᠨ ᠬᠢᠨ 《ᠡᠪᠦᠯᠵᠢᠬᠥ ᠬᠠᠷ᠎ᠠ ᠪᠤᠭᠤᠳᠠᠢ +》 ᠲᠠᠪᠳᠠᠨ ᠲᠠᠷᠢᠵᠤ ᠡᠭᠡᠯᠵᠢᠯᠡᠨ ᠲᠠᠷᠢᠬᠤ ᠮᠡᠷᠭᠡᠵᠢᠯ᠎ᠦᠨ ᠵᠠᠭᠪᠤᠷ᠎ᠢ ᠰᠤᠳᠤᠯᠤᠨ ᠨᠡᠭᠡᠭᠡᠬᠦ ᠪᠠ ᠵᠢᠱ᠌ᠢᠶ᠎ᠡ ᠦᠵᠡᠭᠦᠯᠬᠦ ᠮᠡᠷᠭᠡᠵᠢᠯ᠎ᠢ 43 ᠴᠡᠭ ᠤᠳᠠᠭ᠎ᠠ ᠬᠡᠷᠡᠭᠵᠢᠭᠥᠯᠬᠥ ᠵᠢ ᠪᠡᠶᠡᠯᠡᠭᠦᠯᠵᠦ᠂ 《ᠡᠭᠥᠯᠳᠡᠷᠢ ᠰᠣᠩᠭᠣᠨ ᠪᠣᠢᠵᠢᠭᠤᠯᠬᠤ + ᠵᠠᠭᠪᠤᠷ᠎ᠤᠨ ᠰᠢᠨ᠎ᠡ᠎ᠶᠢ ᠡᠭᠦᠳᠬᠦ + ᠤᠯᠠᠨ ᠡᠰᠢᠲᠦ ᠦᠷ᠎ᠡ ᠠᠰᠢᠭ᠋᠎ᠢ ᠪᠡᠶᠡᠯᠡᠭᠥᠯᠬᠥ》 ᠪᠦᠷᠢᠨ ᠲᠥᠬᠥᠷ ᠮᠡᠷᠭᠡᠵᠢᠯ᠎ᠦᠨ ᠰᠢᠰᠲ᠋ᠧᠮ᠎ᠢ ᠠᠯᠬᠤᠮ ᠠᠯᠬᠤᠮ᠎ᠢᠶᠠᠷ ᠪᠠᠢᠭᠤᠯᠵᠠᠢ᠃ ᠲᠤᠬᠠᠢ᠎ᠶᠢᠨ ᠲᠠᠯᠠᠪᠠᠶ᠎ᠶᠢᠨ ᠦᠵᠡᠭᠦᠯᠭᠡ᠎ᠶᠢᠨ ᠴᠤᠭᠯᠠᠭᠠᠨ᠂ ᠮᠡᠷᠭᠡᠵᠢᠯ᠎ᠦᠨ ᠪᠣᠯᠪᠠᠰᠤᠷᠠᠯ᠎ᠤᠨ ᠠᠩᠭᠢ ᠡᠷᠬᠢᠯᠡᠬᠥ ᠵᠡᠷᠭᠡ ᠬᠡᠯᠪᠡᠷᠢ᠎ᠪᠡᠷ ᠳᠠᠮᠵᠢᠭᠤᠯᠤᠨ᠂ ᠲᠣᠰ ᠮᠡᠷᠭᠡᠵᠢᠯ᠎ᠢ ᠨᠢᠭᠡᠨᠲᠡ ᠣᠷᠳᠣᠰ᠂ ᠤᠯᠠᠭᠠᠨᠬᠠᠳᠠ᠂ ᠪᠠᠶᠠᠨᠨᠠᠭᠤᠷ ᠵᠡᠷᠭᠡ ᠠᠢᠮᠠᠭ ᠬᠣᠲᠠ᠎ᠳᠤ ᠲᠠᠷᠬᠠᠭᠠᠨ ᠳᠡᠯᠭᠡᠷᠡᠭᠦᠯᠪᠡ᠃ 2025 ᠣᠨ᠎ᠳᠤ ᠥᠪᠥᠷ ᠮᠣᠩᠭᠣᠯ ᠣᠷᠣᠨ᠎ᠤ ᠡᠪᠦᠯᠵᠢᠬᠥ ᠬᠠᠷ᠎ᠠ ᠪᠤᠭᠤᠳᠠᠢ᠎ᠶᠢ ᠳᠡᠯᠭᠡᠷᠡᠭᠦᠯᠥᠭᠰᠡᠨ ᠲᠠᠯᠠᠪᠠᠢ 1 ᠲᠦᠮᠡᠨ ᠮᠦ᠍᠎ᠶᠢ ᠳᠠᠪᠠᠵᠤ᠂ ᠡᠭᠦᠨ᠎ᠳᠦ ᠲᠦᠩᠯᠢᠶᠣᠣ ᠬᠤᠳᠠ 7000 ᠮᠦ᠍᠎ᠳᠦ ᠬᠦᠷᠴᠦ᠂ ᠮᠡᠷᠭᠡᠵᠢᠯ᠎ᠢ ᠨᠠᠢᠳᠠᠪᠤᠷᠢᠵᠢᠭᠤᠯᠤᠨ ᠬᠡᠷᠡᠭᠯᠡᠭᠰᠠᠨ ᠭᠣᠣᠯ ᠵᠢᠱ᠌ᠢᠶ᠎ᠡ ᠦᠵᠡᠭᠦᠯᠬᠦ ᠣᠷᠣᠨ ᠪᠣᠯᠤᠬᠰᠠᠨ ᠪᠠᠢᠨ᠎ᠠ᠃
《ᠡᠪᠦᠯᠵᠢᠬᠥ ᠬᠠᠷ᠎ᠠ ᠪᠤᠭᠤᠳᠠᠢ + 》 ᠲᠠᠪᠳᠠᠨ ᠲᠠᠷᠢᠵᠤ ᠡᠭᠡᠯᠵᠢᠯᠡᠨ ᠲᠠᠷᠢᠬᠤ ᠮᠡᠷᠭᠡᠵᠢᠯ᠎ᠦᠨ ᠵᠠᠭᠪᠤᠷ ᠨᠢ ᠤᠮᠠᠷᠠᠲᠤ᠎ᠶᠢᠨ ᠲᠠᠷᠢᠶᠠᠯᠠᠩ ᠮᠠᠯ ᠠᠵᠤ ᠠᠬᠤᠢ ᠰᠣᠯᠪᠢᠴᠠᠭᠰᠠᠨ ᠣᠷᠣᠨ᠎ᠳᠤ ᠠᠮᠢ ᠠᠬᠤᠢ ᠪᠣᠯᠣᠨ ᠠᠵᠤ ᠦᠢᠯᠡᠰ᠎ᠦᠨ ᠬᠠᠮᠵᠢᠯᠴᠠᠨ ᠬᠥᠭᠵᠢᠬᠦ ᠰᠢᠨ᠎ᠡ ᠠᠷᠭ᠎ᠠ ᠵᠠᠮ᠎ᠢ ᠬᠠᠢᠨ ᠰᠦᠪᠡᠭᠴᠢᠯᠡᠵᠦ ᠥᠭᠴᠡᠢ᠃ ᠠᠮᠢ ᠠᠬᠤᠢ᠎ᠶᠢᠨ ᠳᠠᠯᠠᠳᠤ᠂ ᠡᠪᠦᠯᠵᠢᠬᠥ ᠬᠠᠷ᠎ᠠ ᠪᠤᠭᠤᠳᠠᠢ᠎ᠶᠢᠨ ᠡᠪᠦᠯ᠎ᠦᠨ ᠤᠯᠠᠷᠢᠯ᠎ᠤᠨ ᠪᠦᠷᠬᠦᠴᠡ ᠨᠢ ᠬᠥᠷᠥᠰᠥ ᠰᠢᠷᠣᠢ᠎ᠶᠢᠨ ᠰᠠᠯᠬᠢᠨ᠎ᠳᠤ ᠢᠳᠡᠭᠳᠡᠵᠦ ᠡᠯᠡᠰᠦᠷᠬᠡᠭᠵᠢᠬᠦ᠎ᠶᠢ ᠪᠦᠲᠦᠮᠵᠢᠲᠡᠶ ᠪᠠᠭᠠᠰᠬᠠᠵᠤ᠂ ᠬᠥᠷᠥᠰᠥ ᠰᠢᠷᠣᠢ᠎ᠶᠢᠨ ᠰᠢᠮᠡᠵᠢᠯᠢ ᠳᠡᠭᠡᠭᠰᠢᠯᠡᠭᠦᠯᠪᠡ; ᠠᠵᠤ ᠠᠬᠤᠢ᠎ᠶᠢᠨ ᠲᠠᠯ᠎ᠠ᠎ᠪᠠᠷ᠂ ᠳᠠᠪᠳᠠᠨ ᠳᠠᠷᠢᠵᠤ ᠡᠭᠡᠯᠵᠢᠯᠡᠨ ᠳᠠᠷᠢᠬᠤ᠎ᠪᠠᠷ ᠳᠡᠮᠵᠢᠭᠤᠯᠤᠨ ᠭᠠᠵᠠᠷ ᠰᠢᠷᠣᠢ᠎ᠶᠢᠨ ᠠᠰᠢᠭ᠍ᠯᠠᠯᠲᠠ᠎ᠶᠢᠨ ᠨᠣᠷᠮ᠎ᠠ᠎ᠶᠢ ᠳᠡᠭᠡᠭᠰᠢᠯᠡᠭᠦᠯᠵᠦ᠂ ᠮᠠᠯ ᠠᠵᠤ ᠠᠬᠤᠢ᠎ᠶᠢᠨ ᠬᠥᠭᠵᠢᠯᠲᠡ᠎ᠳᠦ ᠴᠢᠨᠠᠷ ᠰᠠᠢᠲᠠᠢ ᠡᠪᠡᠰᠦ ᠪᠣᠷᠳᠣᠭ᠎ᠠ ᠬᠠᠩᠭᠠᠨ᠂ ᠠᠮᠢ ᠠᠬᠤᠢ᠎ᠶᠢᠨ ᠦᠷ᠎ᠡ ᠠᠰᠢᠭ᠋ ᠬᠢᠭᠡᠳ ᠠᠵᠤ ᠠᠬᠤᠢ᠎ᠶᠢᠨ ᠦᠷ᠎ᠡ ᠠᠰᠢᠭ᠋᠎ᠤᠨ ᠬᠣᠣᠰ ᠠᠮᠵᠢᠯᠲᠠ᠎ᠶᠢ ᠪᠡᠶᠡᠯᠡᠭᠦᠯᠵᠠᠢ᠃ ᠣᠳᠣᠬᠠᠨ᠎ᠳᠤ᠂ ᠲᠣᠰ ᠮᠡᠷᠭᠡᠵᠢᠯ ᠨᠢ ᠨᠢᠭᠡᠨᠲᠡ 《2025 ᠤᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ᠎ᠶᠢᠨ 〈ᠵᠢᠷᠭᠤᠭᠠᠨ ᠰᠢᠨ᠎ᠡ〉 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ》 ᠪᠠ 《2025 ᠤᠨ᠎ᠤ ᠳᠤᠮᠳᠠᠳᠤ ᠤᠯᠤᠰ᠎ᠤᠨ ᠲᠠᠷᠢᠶᠠᠯᠠᠩ᠎ᠤᠨ ᠴᠢᠬᠤᠯᠠ ᠶᠡᠬᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ ᠦᠷ᠎ᠡ ᠪᠦᠲᠦᠭᠡᠯ》 ᠳ᠋ᠤ᠌ ᠠᠮᠵᠢᠯᠲᠠ᠎ᠲᠠᠢ ᠰᠣᠩᠭᠣᠭᠳᠠᠵᠤ᠂ ᠲᠠᠷᠢᠶᠠᠯᠠᠩ ᠮᠠᠯ ᠠᠵᠤ ᠠᠬᠤᠢ᠎ᠶᠢᠨ ᠪᠣᠬᠢᠷᠲᠤᠯ ᠦᠭᠡᠢ᠎ᠪᠡᠷ ᠬᠡᠯᠪᠡᠷᠢ᠎ᠪᠡᠨ ᠬᠤᠪᠢᠷᠠᠭᠤᠯᠬᠤ᠎ᠶᠢ ᠲᠦᠯᠬᠢᠨ ᠠᠬᠢᠭᠤᠯᠬᠤ ᠨᠡᠢᠲᠡᠯᠢᠭ ᠵᠢᠱ᠌ᠢᠶ᠎ᠡ ᠪᠣᠯᠤᠭᠰᠠᠨ ᠪᠠᠢᠨ᠎ᠠ᠃
ᠡᠪᠡᠰᠦ ᠪᠣᠷᠳᠣᠭ᠎ᠠ᠎ᠶᠢᠨ ᠠᠵᠤ ᠦᠢᠯᠡᠰ᠎ᠦᠨ 《ᠰᠢᠨ᠎ᠡ ᠬᠦᠴᠦᠨ》 ᠪᠣᠯᠤᠭᠰᠠᠨ᠎ᠤ ᠬᠤᠪᠢ᠎ᠳᠤ᠂ ᠡᠪᠦᠯᠵᠢᠬᠥ ᠬᠠᠷ᠎ᠠ ᠪᠤᠭᠤᠳᠠᠢ ᠨᠢ ᠡᠪᠡᠰᠦ ᠪᠣᠷᠳᠣᠭ᠎ᠠ᠎ᠶᠢᠨ ᠬᠠᠩᠭᠠᠯᠭ᠎ᠠ᠎ᠶᠢᠨ ᠪᠡᠷᠬᠡ ᠰᠡᠳᠦᠪ᠎ᠢ ᠰᠢᠢᠳᠪᠦᠷᠢᠯᠡᠬᠦ᠂ ᠭᠠᠵᠠᠷ ᠰᠢᠷᠣᠢ᠎ᠶᠢᠨ ᠦᠢᠯᠡᠳᠪᠦᠷᠢᠯᠡᠯ᠎ᠦᠨ ᠳᠠᠯᠳᠠ ᠬᠦᠴᠦᠨ᠎ᠢ ᠠᠭᠤᠳᠠᠯᠬᠤ᠂ ᠲᠠᠷᠢᠶᠠᠯᠠᠩ ᠮᠠᠯ ᠠᠵᠤ ᠠᠬᠤᠢ᠎ᠶᠢᠨ ᠠᠵᠤ ᠦᠢᠯᠡᠰ᠎ᠦᠨ ᠲᠠᠰ ᠳᠡᠪᠰᠢᠬᠦ᠎ᠶᠢ ᠠᠬᠢᠭᠤᠯᠬᠤ᠎ᠳᠤ ᠴᠢᠬᠤᠯᠠ ᠡᠭᠦᠷᠭᠡ᠎ᠶᠢ ᠡᠭᠦᠷᠭᠡᠯᠡᠵᠦ ᠪᠠᠢᠳᠠᠭ᠃ ᠲᠣᠰ ᠤᠳᠠᠭᠠᠨ᠎ᠤ ᠦᠵᠡᠭᠦᠯᠭᠡ᠎ᠶᠢᠨ ᠪᠣᠯᠪᠠᠰᠤᠷᠠᠯ᠎ᠤᠨ ᠠᠩᠭᠢ ᠨᠢ ᠲᠦᠩᠯᠢᠶᠣᠣ ᠬᠣᠲᠠ᠎ᠶᠢᠨ ᠡᠪᠦᠯᠵᠢᠬᠥ ᠬᠠᠷ᠎ᠠ ᠪᠤᠭᠤᠳᠠᠢ᠎ᠶᠢᠨ ᠲᠤᠷᠰᠢᠯᠲᠠ᠎ᠶᠢᠨ ᠵᠢᠱ᠌ᠢᠶ᠎ᠡ ᠦᠵᠡᠭᠦᠯᠬᠦ ᠦᠷ᠎ᠡ ᠪᠦᠲᠦᠮᠵᠢ ᠵᠢᠨ ᠲᠥᠪᠯᠡᠷᠡᠩᠭᠦᠢ ᠦᠵᠡᠭᠦᠯᠭᠡ ᠪᠣᠯᠬᠤ᠎ᠪᠠᠷ ᠪᠠᠷᠠᠬᠤ ᠦᠭᠡᠢ᠂ ᠪᠠᠰᠠ ᠴᠤ᠌ ᠨᠢᠭᠡ ᠤᠳᠠᠭᠠᠨ᠎ᠤ ᠮᠡᠷᠭᠡᠵᠢᠯ᠎ᠢ ᠭᠦᠨᠵᠡᠭᠡᠢᠷᠡᠭᠦᠯᠦᠨ ᠲᠦᠭᠡᠮᠡᠯᠵᠢᠭᠦᠯᠬᠦ ᠪᠣᠳᠠᠲᠠᠢ᠎ᠶᠢ ᠡᠷᠬᠢᠮᠯᠡᠭᠰᠡᠨ ᠠᠵᠢᠯᠯᠠᠭ᠎ᠠ ᠪᠤᠯᠬᠤ ᠶᠤᠮ᠂ ᠮᠥᠨᠬᠦ ᠡᠪᠦᠯᠵᠢᠬᠥ ᠬᠠᠷ᠎ᠠ ᠪᠤᠭᠤᠳᠠᠢ᠎ᠶᠢᠨ ᠳᠠᠷᠢᠬᠤ ᠮᠡᠷᠭᠡᠵᠢᠯ᠎ᠢ ᠳᠡᠯᠭᠡᠷᠡᠭᠦᠯᠦᠨ ᠬᠡᠷᠡᠭᠯᠡᠬᠦ᠎ᠶᠢ ᠤᠯᠠᠮ ᠨᠢᠭᠡ ᠠᠯᠬᠤᠮ ᠲᠦᠷᠭᠡᠳᠬᠡᠵᠦ᠂ ᠤᠮᠠᠷᠠᠲᠤ᠎ᠶᠢᠨ ᠲᠠᠷᠢᠶᠠᠯᠠᠩ ᠮᠠᠯ ᠠᠵᠤ ᠠᠬᠤᠢ ᠰᠣᠯᠪᠢᠴᠠᠭᠰᠠᠨ ᠣᠷᠣᠨ᠎ᠤ ᠴᠢᠨᠠᠷ ᠰᠠᠢᠲᠠᠢ ᠬᠥᠭᠵᠢᠯᠲᠡ᠎ᠳᠦ ᠰᠢᠨ᠎ᠡ ᠬᠥᠳᠡᠯᠭᠡᠭᠴᠢ ᠬᠥᠴᠥᠨ ᠨᠡᠮᠡᠷᠢᠯᠡᠬᠦ ᠪᠣᠯᠣᠨ᠎ᠠ᠃