ᠰᠤᠷᠪᠤᠯᠵᠢᠯᠠᠬᠴᠢ ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠡᠴᠡ ᠤᠢᠯᠠᠭᠠᠭᠰᠠᠨ ᠶ᠋ᠢᠡᠷ᠂ 2026 ᠤᠨ ᠤ᠋ ᠦᠪᠦᠷ ᠮᠤᠡᠭᠭᠤᠯ ᠤ᠋ᠨ ᠲᠠᠯ᠎ᠠ ᠨᠤᠲᠤᠭ ᠤ᠋ᠨ ᠰᠢᠯᠢᠳᠡᠭ ᠪᠦᠲᠦᠭᠡᠭᠳᠡᠭᠦᠨ ᠢ᠋ ᠰᠢᠶᠦ᠋ᠡᠭ ᠠᠨ ᠳ᠋ᠦ ᠳᠡᠯᠭᠡᠨ ᠪᠤᠷᠤᠯᠠᠭᠤᠯᠬᠤ ᠠᠵᠢᠯᠯᠠᠭ᠎ᠠ ᠲᠦᠷᠦᠭᠦᠬᠡᠨ ᠰᠢᠶᠦ᠋ᠡᠭ ᠠᠨ ᠰᠢᠨ᠎ᠡ ᠲᠤᠭᠤᠷᠢᠭ ᠲᠦ᠍ ᠶᠠᠪᠤᠭᠳᠠᠵᠤ᠂ ᠲᠤᠬᠠᠢ ᠶ᠋ᠢᠨ ᠲᠠᠯᠠᠪᠠᠢ ᠳ᠋ᠦ 1.32 ᠳ᠋ᠦᠩᠱᠢᠭᠤᠷ ᠲᠦᠭᠦᠷᠢᠭ ᠤ᠋ᠨ ᠭᠡᠷ᠎ᠡ ᠲᠤᠭᠲᠠᠪᠠ᠃
ᠲᠤᠰ ᠤᠳᠠᠭ᠎ᠠ ᠵᠢᠨ ᠠᠵᠢᠯᠯᠠᠭ᠎ᠠ ᠳ᠋ᠦ ᠮᠠᠨ ᠤ᠋ ᠤᠷᠤᠨ 100 ᠭᠠᠷᠤᠶ ᠠᠵᠤ ᠠᠬᠤᠢᠯᠠᠯ ᠢ᠋ ᠵᠣᠬᠢᠶᠠᠨ ᠪᠠᠢᠭᠤᠯᠵᠤ᠂ ᠰᠢᠯᠢ ᠶ᠋ᠢᠨ ᠭᠤᠤᠯ ᠤ᠋ᠨ ᠬᠤᠨᠢᠨ ᠮᠢᠬ᠎ᠠ᠂ ᠬᠤᠷᠴᠢᠨ ᠤ᠋ ᠦᠬᠡᠷ ᠤ᠋ᠨ ᠮᠢᠬ᠎ᠠ᠂ ᠬᠢᠡᠭᠭᠠᠨ ᠠᠢᠮᠠᠭ ᠤ᠋ᠨ ᠲᠤᠲᠤᠷᠭ᠎ᠠ᠂ ᠤᠯᠠᠭᠠᠨᠴᠠᠪ ᠤ᠋ᠨ ᠨᠤᠬᠠᠢ ᠬᠤᠰᠢᠭᠤ᠂ ᠪᠤᠷᠤᠲᠤᠬᠤᠢ ᠶ᠋ᠢᠨ ᠨᠠᠷᠠᠨ ᠬᠤᠸᠠᠷ᠂ ᠠᠯᠠᠱᠠ ᠶ᠋ᠢᠨ ᠲᠡᠮᠡᠭᠡᠨ ᠤ᠋ ᠠᠰᠢᠭ ᠰᠢᠮ᠎ᠡ ᠵᠡᠷᠭᠡ ᠤᠨᠴᠠᠯᠢᠭᠲᠦ ᠪᠦᠲᠦᠭᠡᠭᠳᠡᠭᠦᠨ ᠢ᠋ ᠬᠠᠮᠤᠷᠤᠭᠰᠠᠨ 500 ᠭᠠᠷᠤᠶ ᠵᠦᠶ᠋ᠯ ᠤ᠋ᠨ ᠴᠢᠨᠠᠷ ᠰᠠᠢᠲᠠᠶ ᠮᠠᠯ ᠤ᠋ᠨ ᠠᠱᠢᠭ ᠱᠢᠮ᠎ᠡ ᠲᠠᠷᠢᠶᠠᠯᠠᠡᠭ ᠤ᠋ᠨ ᠪᠦᠲᠦᠭᠡᠭᠳᠡᠭᠦᠨ ᠢ᠋ ᠳᠡᠯᠭᠡᠨ ᠪᠤᠷᠤᠯᠠᠭᠤᠯᠪᠠ᠃ ᠡᠭᠦᠨᠤ ᠬᠠᠮᠳᠤ 6 《ᠲᠠᠯ᠎ᠠ ᠨᠤᠲᠤᠭ ᠤ᠋ᠨ ᠱᠢᠯᠢᠳᠡᠭ ᠪᠦᠲᠦᠭᠡᠭ᠌ᠳᠡᠬᠦᠨ ᠤ᠋ ᠪᠠᠢᠯᠳᠤᠬᠤ ᠪᠣᠳᠣᠯᠭᠠᠶ᠋ᠢᠨ ᠬᠠᠮᠲᠤᠷᠠᠯᠴᠠᠭᠠᠨ ᠤ᠋ ᠨᠢᠭᠡᠴᠢ》᠂ 6 《ᠲᠠᠯ᠎ᠠ ᠨᠤᠲᠤᠭ ᠤ᠋ᠨ ᠱᠢᠯᠢᠳᠡᠭ ᠪᠦᠲᠦᠭᠡᠭ᠌ᠳᠡᠬᠦᠨ ᠤ᠋ ᠲᠣᠭ᠍ᠲᠠᠭ᠍ᠰᠠᠨ ᠬᠠᠩᠭᠠᠯᠭᠠᠶ᠋ᠢᠨ ᠬᠤᠳᠠᠯᠳᠤᠭᠠᠴᠢᠨ》᠂ 3 《ᠲᠠᠯ᠎ᠠ ᠨᠤᠲᠤᠭ ᠤ᠋ᠨ ᠱᠢᠯᠢᠳᠡᠭ ᠪᠦᠲᠦᠭᠡᠭ᠌ᠳᠡᠬᠦᠨ ᠤ᠋ ᠱᠢᠶᠦ᠋ᠩ ᠠᠨ ᠨᠡᠢᠭᠡᠮ ᠲᠣᠭᠣᠷᠢᠭ ᠤ᠋ᠨ ᠳᠡᠯᠭᠡᠭᠦᠷ》 ᠲᠦ᠍ ᠫᠠᠢᠰᠠ ᠣᠯᠭᠣᠵᠤ᠂ ᠦᠪᠦᠷ ᠮᠤᠡᠭᠭᠤᠯ ᠤ᠋ᠨ ᠴᠢᠨᠠᠷ ᠰᠠᠢᠲᠠᠶ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠱᠢᠶᠦ᠋ᠩ ᠠᠨ ᠱᠢᠨ᠎ᠡ ᠲᠣᠭᠣᠷᠢᠭ ᠤ᠋ᠨ ᠡᠵᠡᠩᠨᠡᠨ ᠪᠣᠷᠣᠯᠠᠭᠤᠯᠬᠤ ᠲᠥᠪ ᠪᠣᠯᠤᠨ ᠪᠡᠭᠡᠵᠢᠩ ᠲᠢᠶᠠᠨᠵᠢᠨ ᠾᠧᠪᠧᠶ ᠵᠡᠷᠭᠡ ᠭᠠᠵᠠᠷ ᠣᠷᠣᠨ ᠤ᠋ 8 ᠬᠤᠳᠠᠯᠳᠤᠨ ᠠᠪᠬᠤ ᠬᠤᠳᠠᠯᠳᠤᠭᠠᠴᠢᠨ ᠲᠠᠢ ᠭᠡᠷ᠎ᠡ ᠲᠤᠭᠲᠠᠵᠠᠢ᠃ ᠠᠵᠢᠯᠯᠠᠭ᠎ᠠ ᠳ᠋ᠤ ᠳᠡᠯᠭᠡᠨ ᠪᠤᠷᠤᠯᠠᠭᠤᠯᠵᠤ ᠳᠠᠨᠢᠯᠴᠠᠭᠤᠯᠬᠤ᠂ ᠦᠢᠯᠡᠳᠪᠦᠷᠢᠯᠡᠯᠤᠨ ᠪᠤᠷᠤᠯᠠᠭᠤᠯᠭ᠎ᠠ ᠵᠢ ᠵᠤᠯᠭᠠᠭᠤᠯᠬᠤ᠂ ᠲᠦᠷᠦᠯ ᠲᠠᠮᠲᠡᠭ ᠲᠦ᠍ ᠫᠠᠢᠰᠠ ᠤᠯᠭᠤᠬᠤ᠂ ᠲᠦᠪᠯᠡᠷᠡᠭᠦᠯᠦᠨ ᠭᠡᠷ᠎ᠡ ᠲᠤᠭᠲᠠᠬᠤ᠂ ᠰᠤᠶᠤᠯ ᠤ᠋ᠨ ᠦᠵᠡᠭᠦᠯᠭᠡ ᠵᠡᠷᠭᠡ ᠠᠷᠭ᠎ᠠ ᠬᠡᠯᠪᠡᠷᠢ ᠪᠡᠷ ᠳᠠᠮᠵᠢᠨ ᠦᠪᠤᠷ ᠮᠤᠩᠭᠤᠯ ᠴᠢᠨᠠᠷ ᠰᠠᠢᠲᠠᠢ ᠮᠠᠯ ᠤ᠋ᠨ ᠠᠰᠢᠭ ᠰᠢᠮ᠎ᠠ ᠲᠠᠷᠢᠶᠠᠯᠠᠡᠭ ᠤ᠋ᠨ ᠪᠦᠲᠦᠭᠡᠭᠳᠡᠭᠦᠨ ᠢ᠋ ᠰᠢᠶᠦ᠋ᠡᠭ ᠠᠨ ᠳ᠋ᠦ ᠪᠤᠷᠤᠯᠠᠭᠤᠯᠵᠤ᠂ ᠪᠡᠭᠡᠵᠢᠩ ᠲᠢᠶᠠᠨᠵᠢᠨ ᠾᠸᠪᠸᠢ ᠵᠢᠨ ᠵᠠᠬ᠎ᠠ ᠳᠡᠯᠭᠡᠭᠦᠷ ᠢ᠋ ᠦᠷᠭᠡᠳᠭᠡᠬᠦ ᠵᠢ ᠠᠬᠢᠭᠤᠯᠪᠠ᠃
ᠤᠢᠯᠠᠭᠠᠭᠰᠠᠨ ᠶ᠋ᠢᠡᠷ᠂ ᠲᠣᠰ ᠤᠳᠠᠭ᠎ᠠ ᠵᠢᠨ ᠠᠵᠢᠯᠯᠠᠭ᠎ᠠ ᠨᠢ ᠮᠠᠨ ᠤ᠋ ᠤᠷᠤᠨ ᠤ᠋ ᠪᠣᠬᠢᠷᠲᠤᠯ ᠥᠬᠡᠶ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠲᠥᠪᠯᠡᠷᠡᠩᠭᠦᠶ ᠦᠵᠡᠭᠦᠯᠭᠡ ᠪᠣᠯᠤᠭᠰᠠᠨ ᠵᠢᠡᠷ ᠪᠠᠷᠠᠬᠤ ᠥᠬᠡᠶ ᠨᠠᠩ ᠴᠤ᠌ ᠣᠷᠣᠨ ᠪᠦᠰᠡ ᠶ᠋ᠢᠨ ᠬᠠᠮᠵᠢᠯᠴᠠᠭᠠᠨ ᠤ᠋ ᠠᠮᠢᠳᠤᠯᠢᠭ ᠦᠶ᠋ᠯᠡᠳᠦᠯᠭᠡ ᠪᠤᠯᠵᠠᠢ᠃ ᠣᠢᠷ᠎ᠠ ᠶ᠋ᠢᠨ ᠵᠢᠯ ᠳ᠋ᠦ ᠮᠠᠨ ᠤ᠋ ᠤᠷᠤᠨ ᠮᠠᠯ ᠠᠵᠤ ᠠᠬᠤᠶ ᠲᠠᠷᠢᠶᠠᠯᠠᠡᠭ ᠤ᠋ᠨ ᠲᠦᠷᠦᠯ ᠲᠡᠮᠳᠡᠭ᠌ ᠤ᠋ᠨ ᠵᠢᠭ᠍ᠰᠠᠭᠠᠯ ᠢ᠋ ᠬᠦᠴᠦᠯᠡᠨ ᠪᠠᠢᠭᠤᠯᠵᠤ᠂ 2025 ᠣᠨ ᠳ᠋ᠤ ᠪᠥᠬᠥ᠌ ᠣᠷᠣᠨ ᠤ᠋ ᠮᠠᠯ ᠠᠵᠤ ᠠᠬᠤᠶ ᠲᠠᠷᠢᠶᠠᠯᠠᠡᠭ ᠤ᠋ᠨ ᠲᠦᠷᠦᠯ ᠲᠡᠮᠳᠡᠭ᠌ ᠤ᠋ᠨ ᠶᠡᠷᠦᠩᠬᠡᠶ ᠥᠷᠲᠡᠭ 6070 ᠳ᠋ᠦᠩᠱᠢᠭᠤᠷ ᠲᠥᠭᠥᠷᠢᠭ ᠲᠦ᠍ ᠬᠦᠷᠴᠡᠶ᠃ ᠰᠢᠶᠦ᠋ᠡᠭ ᠠᠨ ᠱᠢᠨ᠎ᠡ ᠲᠣᠭᠣᠷᠢᠭ ᠴᠤ᠌ ᠱᠢᠨ᠎ᠡ ᠴᠠᠭ ᠦᠶ᠎ᠡ ᠶ᠋ᠢᠨ ᠱᠢᠨ᠎ᠡ ᠶ᠋ᠢ ᠡᠭᠦᠳᠬᠦ᠌ ᠥᠨᠳᠥᠷᠯᠢᠭ ᠪᠣᠯᠤᠨ ᠴᠢᠨᠠᠷ ᠰᠠᠢᠲᠠᠢ ᠬᠥᠭ᠌ᠵᠢᠯᠲᠡ ᠶ᠋ᠢ ᠠᠬᠢᠭᠤᠯᠬᠤ ᠵᠠᠭ᠍ᠪᠤᠷ ᠢ᠋ ᠴᠢᠷᠮᠠᠢᠨ ᠪᠠᠢᠭᠤᠯᠵᠤ ᠪᠠᠢᠨ᠎ᠠ᠃ ᠬᠣᠶᠠᠷ ᠭᠠᠵᠠᠷ ᠤ᠋ᠨ ᠡᠬᠢ ᠪᠠᠶᠠᠯᠢᠭ ᠤ᠋ᠨ ᠳᠠᠪᠠᠭᠤᠯᠢᠭ ᠪᠣᠯᠤᠨ ᠬᠥᠭ᠌ᠵᠢᠯᠲᠡ ᠶ᠋ᠢᠨ ᠪᠠᠢᠷᠢ ᠲᠣᠭ᠍ᠲᠠᠭᠠᠯᠲᠠ ᠨᠢ ᠬᠠᠷᠢᠯᠴᠠᠨ ᠨᠦᠬᠦᠪᠦᠷᠢᠯᠡᠵᠦ᠂ ᠵᠠᠬ᠎ᠠ ᠳᠡᠯᠭᠡᠭᠦᠷ ᠤ᠋ᠨ ᠬᠠᠷᠢᠯᠴᠠᠨ ᠨᠡᠪᠲᠡᠷᠡᠯᠴᠡᠬᠦ᠌᠂ ᠠᠵᠤ ᠦᠢᠯᠡᠰ ᠶ᠋ᠢᠡᠷ ᠬᠠᠷᠢᠯᠴᠠᠨ ᠠᠬᠢᠭᠤᠯᠬᠤ᠂ ᠬᠠᠮᠲᠤ ᠪᠡᠷ ᠬᠦᠭᠵᠢᠵᠦ ᠬᠠᠮᠲᠤ ᠪᠡᠷ ᠠᠱᠢᠭ ᠬᠦᠷᠲᠡᠭᠡᠬᠦ᠌ ᠲᠠᠯ᠎ᠠ ᠪᠠᠷ ᠥᠷᠭᠡᠨ ᠠᠭᠤᠳᠠᠮ ᠬᠠᠮᠵᠢᠯᠴᠠᠭᠠᠨ ᠤ᠋ ᠣᠷᠣᠨ ᠵᠠᠢ ᠲᠠᠶ ᠶᠤᠮ᠃ ᠲᠣᠰ ᠤᠳᠠᠭ᠎ᠠ ᠵᠢᠨ ᠠᠵᠢᠯᠯᠠᠭ᠎ᠠ ᠨᠢ ᠠᠵᠤ ᠠᠬᠤᠢᠯᠠᠯ ᠪᠠ ᠵᠠᠬ᠎ᠠ ᠳᠡᠯᠭᠡᠭᠦᠷ᠂ ᠭᠠᠷᠤᠯᠲᠠ ᠶ᠋ᠢᠨ ᠤᠷᠤᠨ ᠪᠠ ᠪᠤᠷᠤᠯᠠᠭᠤᠯᠭ᠎ᠠ ᠶ᠋ᠢᠨ ᠭᠠᠵᠠᠷ ᠲᠦ᠍ ᠦᠨᠳᠦᠷ ᠪᠦᠲᠦᠮᠵᠢᠲᠠᠢ ᠵᠤᠯᠭᠠᠯᠴᠠᠭᠠᠨ ᠤ᠋ ᠲᠠᠪᠴᠠᠡᠭ ᠬᠠᠡᠭᠭᠠᠵᠤ᠂ ᠨᠡᠡᠭ ᠤᠯᠠᠨ 《ᠦᠪᠦᠷ ᠮᠤᠡᠭᠭᠤᠯ ᠨᠡᠷᠡᠮᠵᠢᠲᠦ》 ᠲᠦᠷᠦᠯ ᠲᠡᠮᠲᠡᠭᠲᠦ ᠪᠤᠬᠢᠷᠳᠤᠯ ᠦᠭᠡᠢ ᠴᠢᠨᠠᠷ ᠰᠠᠢᠲᠠᠢ ᠪᠦᠲᠦᠭᠡᠭᠳᠡᠭᠦᠨ ᠤ᠋ ᠲᠦᠭ ᠲᠦᠮᠡᠨ ᠡᠷᠦᠬᠡ ᠶ᠋ᠢᠨ ᠬᠤᠭᠤᠯᠠᠨ ᠰᠢᠷᠡᠭᠡᠨ ᠳ᠋ᠦ ᠭᠠᠷᠬᠤ ᠵᠢ ᠪᠦᠲᠦᠮᠵᠢᠲᠡᠢ ᠠᠬᠢᠭᠤᠯᠪᠠ᠃