ᠣᠢᠷ᠎ᠠ᠎ᠶᠢᠨ ᠡᠳᠦᠷ᠂ ᠠᠵᠤ ᠦᠶ᠋ᠯᠡᠳᠪᠦᠷᠢ ᠪᠠ ᠮᠡᠳᠡᠭᠡ ᠵᠠᠩᠭᠢᠴᠢᠯᠠᠯᠳᠠ᠎ᠶ᠋ᠢᠨ ᠶᠠᠮᠤᠨ᠂ ᠠᠮᠢ ᠠᠬᠤᠶ ᠣᠷᠴᠢᠨ ᠲᠣᠭᠣᠷᠢᠨ᠎ᠤ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠠᠮᠤᠨ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ ᠡᠴᠡ ᠬᠠᠮᠲᠤᠷᠠᠨ ᠳᠠᠷᠤᠮᠠᠯᠯᠠᠨ ᠲᠠᠷᠬᠠᠭᠠᠬᠰᠠᠨ 《ᠬᠠᠶᠠᠭ᠍ᠳᠠᠮᠠᠯ ᠬᠠᠭᠤᠴᠢᠨ ᠬᠥᠳᠡᠯᠭᠡᠬᠦ᠌ ᠬᠦᠴᠦᠨ᠎ᠦ ᠳ᠋ᠢᠶᠠᠨ ᡂᠢ᠎ᠶ᠋ᠢ ᠪᠤᠴᠠᠭᠠᠨ ᠬᠤᠷᠢᠶᠠᠵᠤ ᠠᠱᠢᠭ᠍ᠯᠠᠬᠤ᠎ᠶ᠋ᠢ ᠲᠦᠷᠢᠮᠵᠢᠭᠦᠯᠬᠦ ᠬᠠᠮᠲᠤᠷᠠᠭ᠍ᠰᠠᠨ ᠬᠠᠤᠯᠢ ᠬᠡᠷᠡᠭ᠌ᠵᠢᠭᠦᠯᠬᠦ᠌ ᠲᠤᠰᠭᠠᠶ ᠠᠵᠢᠯᠯᠠᠭ᠎ᠠ ᠥᠷᠨᠢᠭᠦᠯᠬᠦ᠌ ᠲᠤᠬᠠᠶ ᠮᠡᠳᠡᠭ᠌ᠳᠡᠯ》 (ᠳᠣᠷᠣᠭ᠍ᠰᠢ 《ᠮᠡᠳᠡᠭ᠌ᠳᠡᠯ》 ᠭᠡᠵᠦ᠍ ᠲᠣᠪᠴᠢᠯᠠᠨ᠎ᠠ) ᠤ᠋ᠨ ᠱᠠᠭᠠᠷᠳᠠᠯᠭ᠎ᠠ᠎ᠶ᠋ᠢ ᠨᠠᠩ ᠰᠠᠢᠲᠤᠷ ᠨᠠᠢᠳᠠᠪᠤᠷᠢᠵᠢᠭᠤᠯᠬᠤ᠎ᠶ᠋ᠢᠨ ᠲᠥᠯᠥᠭᠡ ᠥᠪᠥᠷ ᠮᠣᠩᠭᠣᠯ᠎ᠤᠨ ᠠᠵᠤ ᠦᠶ᠋ᠯᠡᠳᠪᠦᠷᠢ ᠪᠠ ᠮᠡᠳᠡᠭᠡ ᠵᠠᠩᠭᠢᠴᠢᠯᠠᠯᠳᠠ᠎ᠶ᠋ᠢᠨ ᠲᠢᠩᠬᠢᠮ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠂ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠲᠠᠶ ᠬᠠᠮᠲᠤᠷᠠᠨ ᠪᠥᠬᠥ᠌ ᠣᠷᠣᠨ᠎ᠤ ᠬᠠᠶᠠᠭ᠍ᠳᠠᠮᠠᠯ ᠬᠠᠭᠤᠴᠢᠨ ᠬᠥᠳᠡᠯᠭᠡᠬᠦ᠌ ᠬᠦᠴᠦᠨ᠎ᠦ ᠳ᠋ᠢᠶᠠᠨ ᡂᠢ᠎ᠶ᠋ᠢ ᠡᠭᠡᠭᠦᠯᠦᠨ ᠬᠤᠷᠢᠶᠠᠵᠤ ᠠᠱᠢᠭ᠍ᠯᠠᠬᠤ᠎ᠶ᠋ᠢ ᠲᠦᠷᠢᠮᠵᠢᠭᠦᠯᠬᠦ ᠬᠠᠮᠲᠤᠷᠠᠭ᠍ᠰᠠᠨ ᠬᠠᠤᠯᠢ ᠬᠡᠷᠡᠭ᠌ᠵᠢᠭᠦᠯᠬᠦ᠌ ᠲᠤᠰᠭᠠᠶ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠦᠷᠨᠢᠭᠦᠯᠵᠠᠢ᠃
ᠤᠯᠤᠰ ᠪᠠ ᠥᠪᠡᠷᠲᠡᠭᠡᠨ ᠵᠠᠰᠠᠬᠤ ᠣᠷᠣᠨ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠬᠠᠶᠠᠭ᠍ᠳᠠᠮᠠᠯ ᠬᠠᠭᠤᠴᠢᠨ ᠬᠥᠳᠡᠯᠭᠡᠬᠦ᠌ ᠬᠦᠴᠦᠨ᠎ᠦ ᠳ᠋ᠢᠶᠠᠨ ᡂᠢ᠎ᠶ᠋ᠢ ᠡᠭᠡᠭᠦᠯᠦᠨ ᠬᠤᠷᠢᠶᠠᠵᠤ ᠠᠱᠢᠭ᠍ᠯᠠᠬᠤ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ᠂ 2025 ᠣᠨ᠎ᠤ 7 ᠰᠠᠷ᠎ᠠ᠎ᠳᠦ᠂ ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠳᠪᠦᠷᠢ ᠪᠠ ᠮᠡᠳᠡᠭᠡ ᠵᠠᠩᠭᠢᠴᠢᠯᠠᠯᠳᠠ᠎ᠶ᠋ᠢᠨ ᠲᠢᠩᠬᠢᠮ᠎ᠡᠴᠡ ᠬᠠᠮᠢᠶ᠎ᠠ ᠪᠥᠬᠥᠶ ᠰᠠᠯᠠᠭ᠎ᠠ ᠮᠥᠴᠢᠷ᠎ᠲᠡᠶ ᠬᠠᠮᠲᠤᠷᠠᠨ 《ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠬᠥᠳᠡᠯᠭᠡᠬᠦ᠌ ᠬᠦᠴᠦᠨ᠎ᠦ ᠳ᠋ᠢᠶᠠᠨ ᡂᠢ᠎ᠶ᠋ᠢ ᠡᠭᠡᠭᠦᠯᠦᠨ ᠬᠤᠷᠢᠶᠠᠵᠤ ᠠᠱᠢᠭ᠍ᠯᠠᠬᠤ ᠱᠢᠰᠲ᠋ᠧᠮ᠎ᠢ ᠲᠡᠬᠦᠯᠳᠡᠷᠵᠢᠬᠦᠯᠬᠦ ᠠᠵᠢᠯᠯᠠᠭᠠᠨ᠎ᠤ ᠲᠥᠰᠦᠯ》 (2025 —2027 ᠣᠨ) ᠢ᠋ ᠨᠠᠢᠳᠠᠪᠤᠷᠢᠵᠢᠭᠤᠯᠬᠤ ᠨᠠᠷᠢᠨ ᠲᠠᠩᠰᠠ᠎ᠶ᠋ᠢᠨ ᠲᠤᠬᠠᠶ ᠮᠡᠳᠡᠭ᠌ᠳᠡᠯ᠎ᠢ ᠳᠠᠷᠤᠮᠠᠯᠯᠠᠨ ᠲᠠᠷᠬᠠᠭᠠᠵᠤ᠂ ᠳᠦᠷᠢᠮ᠎ᠦᠨ ᠪᠠᠢᠭᠤᠯᠤᠯᠲᠠ ᠬᠢᠭᠡᠳ ᠲᠥᠷᠥ᠎ᠶ᠋ᠢᠨ ᠪᠣᠳᠣᠯᠭ᠎ᠠ᠎ᠶ᠋ᠢᠨ ᠵᠢᠯᠣᠭᠣᠳᠤᠮᠵᠢ᠎ᠶ᠋ᠢ ᠴᠢᠩᠭᠠᠳᠭᠠᠬᠤ᠂ ᠬᠥᠳᠡᠯᠭᠡᠬᠦ᠌ ᠬᠦᠴᠦᠨ᠎ᠦ ᠳ᠋ᠢᠶᠠᠨ ᡂᠢ᠎ᠶ᠋ᠢ ᠲᠦᠷᠢᠮᠵᠢᠭᠦᠯᠦᠨ ᠬᠣᠷᠢᠶᠠᠨ ᠠᠪᠬᠤ᠎ᠶ᠋ᠢ ᠴᠢᠩᠭᠠᠳᠬᠠᠬᠤ᠂ ᠬᠢᠨᠠᠯᠲᠠ ᠲᠠᠯᠪᠢᠵᠤ ᠬᠠᠮᠢᠶᠠᠷᠬᠤ ᠪᠠ ᠲᠦᠷᠢᠮᠵᠢᠭᠦᠯᠦᠨ ᠠᠱᠢᠭ᠍ᠯᠠᠬᠤ᠎ᠶ᠋ᠢ ᠴᠢᠩᠭᠠᠳᠬᠠᠬᠤ᠂ ᠡᠬᠢ ᠪᠠᠶᠠᠯᠢᠭ᠎ᠢ ᠶᠡᠷᠦᠩᠬᠡᠢᠯᠡᠨ ᠠᠱᠢᠭ᠍ᠯᠠᠬᠤ ᠬᠢᠷᠢ ᠬᠡᠮᠵᠢᠶ᠎ᠡ᠎ᠶ᠋ᠢ ᠴᠢᠩᠭᠠᠳᠬᠠᠬᠤ ᠵᠡᠷᠭᠡ ᠲᠠᠯ᠎ᠠ᠎ᠪᠠᠷ᠂ ᠬᠠᠤᠯᠢ ᠶᠣᠰᠣᠭᠠᠷ ᠬᠠᠮᠢᠶᠠᠷᠤᠯᠲᠠ᠎ᠪᠠᠨ ᠴᠢᠩᠭᠠᠳᠭᠠᠬᠤ᠂ ᠡᠭᠡᠭᠦᠯᠦᠨ ᠬᠤᠷᠢᠶᠠᠵᠤ ᠠᠱᠢᠭ᠍ᠯᠠᠬᠤ ᠱᠢᠰᠲᠧᠮ᠎ᠤᠨ ᠪᠠᠢᠭᠤᠯᠤᠯᠲᠠ᠎ᠶ᠋ᠢ ᠴᠢᠩᠭᠠᠳᠬᠠᠬᠤ᠂ ᠲᠥᠷᠥ᠎ᠶ᠋ᠢᠨ ᠪᠣᠳᠣᠯᠭ᠎ᠠ᠎ᠪᠠᠷ ᠤᠷᠮᠠᠱᠢᠭᠤᠯᠬᠤ᠎ᠶ᠋ᠢ ᠴᠢᠩᠭᠠᠳᠬᠠᠬᠤ ᠵᠡᠷᠭᠡ ᠪᠣᠳᠠᠲᠠᠶ ᠠᠷᠭ᠎ᠠ ᠬᠡᠮᠵᠢᠶ᠎ᠡ᠎ᠶ᠋ᠢ ᠲᠣᠳᠣᠷᠬᠠᠢᠯᠠᠵᠠᠢ᠃ ᠬᠠᠶᠠᠭ᠍ᠳᠠᠮᠠᠯ ᠬᠠᠭᠤᠴᠢᠨ ᠬᠥᠳᠡᠯᠭᠡᠬᠦ᠌ ᠬᠦᠴᠦᠨ᠎ᠦ ᠳ᠋ᠢᠶᠠᠨ ᡂᠢ᠎ᠶ᠋ᠢ ᠡᠭᠡᠭᠦᠯᠦᠨ ᠬᠤᠷᠢᠶᠠᠵᠤ ᠠᠱᠢᠭ᠍ᠯᠠᠬᠤ᠎ᠶ᠋ᠢ ᠲᠦᠷᠢᠮᠵᠢᠭᠦᠯᠬᠦ ᠬᠠᠮᠲᠤᠷᠠᠭ᠍ᠰᠠᠨ ᠬᠠᠤᠯᠢ ᠬᠡᠷᠡᠭ᠌ᠵᠢᠭᠦᠯᠬᠦ᠌ ᠲᠤᠰᠭᠠᠶ ᠠᠵᠢᠯᠯᠠᠭ᠎ᠠ᠎ᠶ᠋ᠢ ᠥᠷᠨᠢᠭᠦᠯᠬᠦ᠌᠎ᠨᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠬᠠᠶᠠᠭ᠍ᠳᠠᠮᠠᠯ ᠬᠠᠭᠤᠴᠢᠨ ᠬᠥᠳᠡᠯᠭᠡᠬᠦ᠌ ᠬᠦᠴᠦᠨ᠎ᠦ ᠳ᠋ᠢᠶᠠᠨ ᡂᠢ᠎ᠶ᠋ᠢ ᠡᠭᠡᠭᠦᠯᠦᠨ ᠬᠤᠷᠢᠶᠠᠵᠤ ᠠᠱᠢᠭ᠍ᠯᠠᠬᠤ᠎ᠶ᠋ᠢ ᠨᠠᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠪᠣᠯᠬᠤ᠎ᠪᠠᠷ ᠪᠠᠷᠠᠬᠤ ᠥᠬᠡᠶ᠂ ᠨᠠᠩ ᠴᠤ᠌ ᠬᠠᠶᠠᠭ᠍ᠳᠠᠮᠠᠯ ᠬᠠᠭᠤᠴᠢᠨ ᠬᠥᠳᠡᠯᠭᠡᠬᠦ᠌ ᠬᠦᠴᠦᠨ᠎ᠦ ᠳ᠋ᠢᠶᠠᠨ ᡂᠢ᠎ᠶ᠋ᠢᠨ ᠪᠥᠬᠥ᠌ ᠬᠡᠯᠬᠢᠶᠡᠨ᠎ᠦ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠬᠤ ᠬᠦᠴᠦᠲᠡᠶ ᠭᠠᠷᠳᠠᠴᠠ ᠪᠣᠯᠤᠨ᠎ᠠ᠃
ᠬᠠᠶᠠᠭ᠍ᠳᠠᠮᠠᠯ ᠬᠠᠭᠤᠴᠢᠨ ᠬᠥᠳᠡᠯᠭᠡᠬᠦ᠌ ᠬᠦᠴᠦᠨ᠎ᠦ ᠳ᠋ᠢᠶᠠᠨ ᡂᠢ᠎ᠶ᠋ᠢ ᠡᠭᠡᠭᠦᠯᠦᠨ ᠬᠣᠷᠢᠶᠠᠵᠤ ᠠᠱᠢᠭ᠍ᠯᠠᠬᠤ᠎ᠶ᠋ᠢ ᠲᠦᠷᠢᠮᠵᠢᠭᠦᠯᠬᠦ ᠬᠠᠮᠲᠤᠷᠠᠭ᠍ᠰᠠᠨ ᠬᠠᠤᠯᠢ ᠬᠡᠷᠡᠭ᠌ᠵᠢᠭᠦᠯᠬᠦ᠌ ᠲᠤᠰᠭᠠᠶ ᠠᠵᠢᠯᠯᠠᠭ᠎ᠠ᠎ᠨᠢ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠬᠠᠶᠠᠭ᠍ᠳᠠᠮᠠᠯ ᠬᠠᠭᠤᠴᠢᠨ ᠬᠥᠳᠡᠯᠭᠡᠬᠦ᠌ ᠬᠦᠴᠦᠨ᠎ᠦ ᠳ᠋ᠢᠶᠠᠨ ᡂᠢ᠎ᠶ᠋ᠢ ᠬᠣᠷᠢᠶᠠᠨ ᠠᠪᠴᠤ᠌ ᠠᠱᠢᠭ᠍ᠯᠠᠬᠤ ᠲᠣᠪᠣᠢᠮ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠠᠮᠵᠢᠯᠴᠠᠨ ᠬᠢᠨᠠᠨ ᠬᠠᠮᠢᠶᠠᠷᠬᠤ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠵᠦ᠍᠂ ᠪᠥᠬᠥ᠌ ᠬᠡᠯᠬᠢᠶᠡᠨ᠎ᠦ ᠬᠢᠨᠠᠯᠲᠠ ᠬᠠᠮᠢᠶᠠᠷᠤᠯᠲᠠ᠎ᠶ᠋ᠢᠨ ᠬᠠᠮᠲᠤᠷᠠᠯ ᠬᠦᠴᠦᠨ᠎ᠢ ᠴᠢᠩᠭᠠᠳᠭᠠᠵᠤ᠂ ᠨᠢᠭᠡ ᠪᠦᠯᠦᠭ ᠬᠠᠤᠯᠢ᠎ᠠᠴᠠ ᠵᠥᠷᠢᠴᠡᠭ᠌ᠰᠡᠨ ᠠᠵᠢᠯᠯᠠᠭ᠎ᠠ᠎ᠶ᠋ᠢ ᠬᠠᠤᠯᠢ ᠲᠣᠭ᠍ᠲᠠᠭᠠᠯ ᠶᠣᠰᠣᠭᠠᠷ ᠪᠠᠢᠴᠠᠭᠠᠨ ᠱᠢᠶ᠋ᠳᠪᠦᠷᠢᠯᠡᠵᠦ᠍᠂ ᠵᠠᠷᠯᠠᠨ ᠨᠡᠢᠲᠡᠯᠡᠬᠦ᠌ ᠡᠷᠴᠢᠮ᠎ᠢᠶᠡᠨ ᠴᠢᠩᠭᠠᠷᠠᠭᠤᠯᠵᠤ᠂ ᠰᠡᠷᠡᠮᠵᠢᠯᠡᠭᠦᠯᠦᠨ ᠰᠦᠷᠳᠡᠭᠦᠯᠬᠦ᠌ ᠦᠶ᠋ᠯᠡᠳᠦᠯ᠎ᠢ ᠴᠢᠩᠭᠠᠳᠭᠠᠵᠤ᠂ ᠠᠵᠢᠯ ᠲᠥᠷᠥᠯ᠎ᠦᠨ ᠡᠮᠬᠢ ᠳᠢᠭ᠌ᠯᠢᠮ᠎ᠢ ᠤᠯᠠᠮ ᠨᠢᠭᠡ ᠠᠯᠬᠤᠮ ᠲᠦᠷᠢᠮᠵᠢᠭᠦᠯᠵᠦ᠂ ᠪᠥᠬᠥ᠌ ᠣᠷᠣᠨ᠎ᠤ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠳᠦ ᠪᠠᠲᠤ ᠴᠢᠩᠭ᠎ᠠ ᠲᠤᠯᠭᠠᠭᠤᠷᠢᠯᠠᠯ ᠬᠠᠩᠭᠠᠵᠤ ᠪᠤᠢ᠃