ᠤᠷᠳᠤᠰ ᠬᠤᠳᠠ ᠳᠤᠰᠬᠠᠢ ᠲᠦᠰᠦᠯ ᠨᠡᠢᠳᠡᠯᠡᠨ ᠭᠠᠵᠠᠷ ᠰᠢᠷᠤᠢ᠎ᠶᠢ ᠬᠡᠷᠡᠭᠯᠡᠬᠦ ᠦᠭᠡᠷᠡᠴᠢᠯᠡᠯᠳᠡ᠎ᠶᠢ ᠬᠦᠨᠵᠡᠭᠡᠢᠷᠡᠬᠦᠯᠵᠦ ᠪᠤᠢ
2026-05-26 09:48:53
ᠵᠣᠬᠢᠶᠠᠭ᠍ᠴᠢ᠄
ᠪᠤᠶᠠᠠᠡᠨᠡᠷᠢᠯ
ᠣᠩᠱᠢᠭ᠍ᠰᠠᠨ ᠣᠳᠠᠭ᠎ᠠ᠄
★★★☆☆

ᠤᠢᠷ᠎ᠠ ᠵᠢᠨ ᠡᠳᠦᠷ᠂ ᠣᠷᠳᠣᠰ ᠬᠣᠲᠠ ᠵᠢᠨ ᠪᠠᠢᠭᠠᠯᠢ ᠵᠢᠨ ᠡᠬᠢ ᠪᠠᠶᠠᠯᠢᠭ᠋ ᠤ᠋ᠨ ᠲᠣᠪᠴᠢᠶ᠎ᠠ 《2026 ᠣᠷᠳᠣᠰ ᠬᠣᠲᠠ ᠵᠢᠨ ᠪᠠᠢᠭᠠᠯᠢ ᠶ᠋ᠢᠨ ᠡᠬᠢ ᠪᠠᠶᠠᠯᠢᠭ᠋ ᠲᠤ᠌ ᠬᠦᠴᠦᠨ ᠤᠯᠭᠤᠵᠤ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ᠋ ᠰᠢᠯᠢᠳᠡᠭᠵᠢᠭᠦᠯᠦᠨ ᠳᠡᠭᠡᠭᠰᠢᠯᠡᠭᠦᠯᠬᠦ ᠠᠵᠢᠯᠯᠠᠭᠠᠨ ᠤ᠋ ᠲᠥᠰᠥᠯ》 ᠢ᠋ ᠨᠡᠢᠳᠡᠯᠡᠵᠦ᠂ ᠭᠠᠵᠠᠷ ᠰᠢᠷᠤᠢ ᠬᠡᠷᠡᠭᠯᠡᠬᠦ ᠦᠬᠡᠷᠡᠴᠢᠯᠡᠯᠳᠡ ᠵᠢ ᠬᠦᠨᠵᠡᠬᠡᠢᠷᠡᠬᠦᠯᠦᠨ᠂ ᠠᠵᠤ ᠠᠬᠤᠢᠯᠠᠯ ᠤ᠋ᠨ ᠳᠦᠷᠦᠯ ᠵᠦᠢᠯ ᠳ᠋ᠤ ᠬᠡᠷᠡᠭᠰᠡᠬᠦ ᠭᠠᠵᠠᠷ ᠰᠢᠷᠤᠢ ᠵᠢ ᠭᠤᠶᠤᠴᠢᠯᠠᠨ ᠤᠯᠬᠤ ᠠᠷᠭ᠎ᠠ ᠵᠠᠮ ᠢ᠋ ᠦᠷᠭᠡᠳᠬᠡᠨ᠂ ᠡᠯ᠎ᠡ ᠬᠦᠴᠦᠨ ᠵᠦᠢᠯ ᠤ᠋ᠨ ᠪᠠᠳᠤᠯᠠᠭ᠎ᠠ ᠵᠢ ᠴᠢᠩᠭᠠᠳᠬᠠᠨ ᠦᠢᠯᠡᠴᠢᠯᠡᠭᠡ ᠵᠢ ᠰᠢᠯᠢᠳᠡᠭᠵᠢᠬᠦᠯᠵᠦ᠂ ᠭᠠᠵᠠᠷ ᠰᠢᠷᠤᠢ ᠵᠢ ᠬᠡᠷᠡᠭᠯᠡᠬᠦ ᠳ᠋ᠤ ᠬᠢᠨᠠᠯᠳᠠ ᠳᠠᠯᠪᠢᠬᠤ ᠵᠢ ᠴᠢᠩᠭᠠᠳᠬᠠᠨ᠂ ᠤᠷᠳᠤᠰ ᠬᠤᠳᠠ ᠶ᠋ᠢᠨ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ᠎ᠤᠨ ᠳᠦᠷᠦᠯ ᠳᠡᠮᠳᠡᠭ ᠤ᠋ᠨ ᠪᠦᠲᠦᠭᠡᠨ ᠪᠠᠢᠭᠤᠯᠤᠯᠲᠠ ᠳ᠋ᠤ ᠬᠦᠴᠦᠨ ᠨᠡᠮᠡᠷᠢᠯᠡᠵᠤ ᠪᠤᠢ᠃

ᠲᠣᠰ ᠤᠳᠠᠭᠠᠨ ᠤ᠋ ᠠᠵᠢᠯᠯᠠᠭᠠᠨ ᠤ᠋ ᠲᠥᠰᠥᠯ ᠨᠢ ᠭᠤᠤᠯᠳᠠᠭᠤ ᠠᠵᠤ ᠠᠬᠤᠢᠯᠠᠯ ᠪᠠ ᠣᠯᠠᠨ ᠲᠦᠮᠡᠨ ᠤ᠋ ᠪᠠᠴᠢᠮᠳᠠᠵᠤ ᠳᠦᠪᠡᠭᠳᠡᠵᠦ ᠵᠤᠪᠠᠨᠢᠵᠤ ᠬᠦᠰᠡᠵᠤ ᠪᠠᠢᠭ᠎ᠠ ᠠᠰᠠᠭᠤᠳᠠᠯ ᠳ᠋ᠤ ᠴᠢᠭᠯᠡᠬᠦᠯᠵᠦ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠠᠯᠢ ᠣᠯᠠᠨ ᠠᠷᠭ᠎ᠠ ᠬᠡᠮᠵᠢᠶ᠎ᠡ ᠵᠢ ᠳᠤᠷᠠᠳᠤᠨ ᠭᠠᠷᠭᠠᠪᠠ᠃ ᠳᠤᠬᠠᠢᠯᠠᠪᠠᠯ᠂ ᠬᠦᠴᠦᠨ ᠵᠦᠢᠯ ᠤ᠋ᠨ ᠪᠠᠲᠤᠯᠠᠭ᠎ᠠ ᠵᠢᠨ ᠲᠠᠯ᠎ᠠ ᠪᠡᠷ 《ᠲᠦᠷᠦᠯ ᠵᠦᠢᠯ ᠶ᠋ᠢᠡᠷ ᠭᠣᠣᠯ ᠪᠣᠯᠭᠠᠬᠤ》 ᠶ᠋ᠢ ᠪᠠᠷᠢᠮᠲᠠᠯᠠᠵᠤ᠂ ᠤᠯᠤᠰ ᠤ᠋ᠨ ᠭᠠᠵᠠᠷ ᠰᠢᠷᠣᠢ ᠵᠢᠨ ᠣᠷᠣᠨ ᠵᠠᠢ ᠵᠢᠨ ᠲᠥᠯᠦᠪᠵᠢᠭᠦᠯᠭᠡ ᠪᠣᠯᠣᠨ 《ᠠᠮᠢ ᠠᠬᠤᠢ ᠶ᠋ᠢᠨ ᠬᠠᠮᠠᠭᠠᠯᠠᠯᠳᠠ ᠶ᠋ᠢᠨ ᠤᠯᠠᠭᠠᠨ ᠱᠤᠭᠤᠮ᠂ ᠳᠠᠷᠢᠶᠠᠨ ᠭᠠᠵᠠᠷ ᠪᠠ ᠦᠨᠳᠦᠰᠦᠨ ᠳᠠᠷᠢᠶᠠᠨ ᠭᠠᠵᠠᠷ ᠤ᠋ᠨ ᠤᠯᠠᠭᠠᠨ ᠱᠤᠭᠤᠮ᠂ ᠬᠤᠳᠠ ᠪᠠᠯᠭᠠᠰᠤᠨ ᠤ᠋ ᠨᠡᠭᠡᠭᠡᠨ ᠬᠦᠭᠵᠢᠬᠦᠯᠦᠯᠳᠡ ᠶ᠋ᠢᠨ ᠵᠠᠭᠠᠭ ᠬᠢᠵᠠᠭᠠᠷ》 ᠢ᠋ ᠬᠥᠳᠡᠯᠦᠩᠭᠦᠢ ᠪᠡᠷ ᠰᠢᠯᠢᠳᠡᠭᠵᠢᠭᠦᠯᠦᠨ᠂ 《ᠭᠤᠷᠪᠠᠨ ᠱᠠᠲᠤ ᠪᠡᠷ ᠬᠤᠯᠪᠤᠭᠠᠯᠠᠨ ᠬᠢᠨᠠᠨ ᠵᠦᠪᠰᠢᠶᠡᠷᠡᠬᠦ》 ᠳᠤᠭᠳᠠᠴᠠ ᠶ᠋ᠢ ᠪᠦᠷᠢᠨᠰᠢᠭᠦᠯᠵᠦ᠂ ᠬᠤᠯᠪᠤᠭᠠᠯᠠᠨ ᠬᠢᠨᠠᠨ ᠪᠠᠢᠴᠠᠭᠠᠵᠤ ᠬᠤᠯᠪᠤᠭᠠᠯᠠᠨ ᠬᠢᠨᠠᠨ ᠵᠥᠪᠰᠢᠶᠡᠷᠡᠬᠦ ᠵᠢ ᠬᠡᠷᠡᠭᠵᠢᠭᠦᠯᠪᠡ; ᠬᠦᠷᠢᠶᠡᠯᠡᠩ ᠲᠣᠭᠣᠷᠢᠭ᠋ ᠤ᠋ᠨ ᠠᠵᠤ ᠦᠢᠯᠡᠳᠪᠦᠷᠢ ᠳ᠋ᠤ ᠬᠡᠷᠡᠭᠯᠡᠬᠦ ᠭᠠᠵᠠᠷ ᠰᠢᠷᠣᠢ ᠵᠢ 《ᠪᠠᠷᠢᠮᠵᠢᠶᠠᠲᠤ ᠭᠠᠵᠠᠷ ᠰᠢᠷᠣᠢ》 ᠡᠴᠡ ᠰᠢᠯᠵᠢᠭᠦᠯᠦᠨ ᠭᠠᠷᠭᠠᠬᠤ ᠵᠢ ᠪᠥᠬᠥ ᠲᠠᠯ᠎ᠠ ᠪᠡᠷ ᠬᠡᠷᠡᠭᠵᠢᠭᠦᠯᠵᠦ᠂ ᠤᠷᠢᠳ ᠶ᠋ᠢᠡᠷ ᠲᠦᠷᠢᠶᠡᠰᠦᠯᠡᠵᠦ ᠳᠠᠷᠠᠭ᠎ᠠ ᠨᠢ ᠰᠢᠯᠵᠢᠭᠦᠯᠦᠨ ᠥᠭᠬᠦ᠂ ᠳᠦᠷᠢᠶᠡᠰᠦᠯᠡᠬᠦ ᠬᠤᠭᠤᠴᠠᠭ᠎ᠠ ᠵᠢ ᠬᠠᠷᠢᠮᠠᠬᠠᠢ ᠴᠢᠨᠠᠷᠲᠠᠢ ᠪᠠᠢᠯᠭᠠᠬᠤ ᠵᠡᠷᠭᠡ ᠠᠷᠭ᠎ᠠ ᠮᠠᠶᠢᠭ᠋ ᠢ᠋ ᠬᠡᠷᠡᠭᠵᠢᠬᠦᠯᠦᠨ᠂ ᠦᠯᠡᠳᠡᠭᠡᠯ ᠭᠠᠵᠠᠷ ᠰᠢᠷᠣᠢ ᠵᠢ ᠠᠮᠢᠯᠠᠭᠤᠯᠵᠤ᠂ ᠠᠵᠤ ᠠᠬᠤᠢᠯᠠᠯ ᠤ᠋ᠨ ᠭᠠᠵᠠᠷ ᠰᠢᠷᠣᠢ ᠬᠡᠷᠡᠭᠯᠡᠬᠦ ᠥᠪᠡᠷ ᠤ᠋ᠨ ᠥᠷᠲᠡᠭ ᠢ᠋ ᠪᠠᠭᠤᠷᠠᠭᠤᠯᠬᠤ ᠳ᠋ᠤ ᠬᠦᠴᠦᠨ ᠨᠡᠮᠡᠷᠢᠯᠡᠵᠡᠢ᠃ ᠦᠢᠯᠡᠴᠢᠯᠡᠭᠡ ᠵᠢ ᠲᠠᠰ ᠳᠡᠪᠰᠢᠭᠦᠯᠬᠦ ᠲᠠᠯ᠎ᠠ ᠪᠡᠷ ᠥᠯᠥ ᠬᠥᠳᠡᠯᠬᠦ ᠬᠥᠷᠥᠩᠭᠡ ᠵᠢᠨ ᠳᠠᠩᠰᠠᠯᠠᠯᠲᠠ ᠵᠢᠨ ᠥᠭᠡᠷᠡᠴᠢᠯᠡᠯᠲᠡ ᠵᠢ ᠭᠦᠨᠵᠡᠭᠡᠢᠷᠡᠭᠦᠯᠵᠦ᠂ 《ᠭᠠᠵᠠᠷ ᠰᠢᠷᠤᠢ ᠵᠢ ᠲᠤᠰᠢᠶᠠᠮᠠᠭᠴᠠ ᠳᠠᠷᠤᠢ ᠦᠨᠡᠮᠯᠡᠯ ᠤᠯᠭᠤᠬᠤ᠂ ᠪᠠᠷᠢᠯᠭ᠎ᠠ ᠳᠠᠭᠤᠰᠤᠮᠠᠭᠴᠠ ᠳᠠᠷᠤᠢ ᠦᠨᠡᠮᠯᠡᠯ ᠤᠯᠭᠤᠬᠤ᠂ ᠭᠡᠷ ᠭᠠᠵᠠᠷ᠎ᠤᠨ ᠬᠦᠷᠦᠩᠬᠡ ᠵᠢ ᠲᠤᠰᠢᠶᠠᠮᠠᠭᠴᠠ ᠳᠠᠷᠤᠢ ᠦᠨᠡᠮᠯᠡᠯ ᠤᠯᠭᠤᠬᠤ》 ᠵᠢ ᠦᠷᠭᠦᠯᠵᠢᠯᠡᠨ ᠠᠬᠢᠭᠤᠯᠵᠤ᠂ 《ᠥᠯᠥ ᠬᠥᠳᠡᠯᠬᠦ ᠬᠥᠷᠥᠩᠭᠡ ᠵᠢᠨ ᠳᠠᠩᠰᠠᠯᠠᠯᠲᠠ》 ᠵᠢᠨ ᠵᠠᠰᠠᠭ ᠪᠠ ᠪᠠᠩᠬᠢ ᠵᠢᠨ ᠬᠠᠮᠲᠤᠷᠠᠯᠴᠠᠭᠠᠨ ᠤ᠋ ᠦᠢᠯᠡᠴᠢᠯᠡᠭᠡ ᠵᠢ ᠴᠢᠩᠭᠠᠳᠬᠠᠨ᠂ ᠸᠢᠳᠢᠤ᠋ ᠪᠡᠷ ᠬᠠᠪᠰᠤᠷᠤᠨ ᠭᠦᠢᠴᠡᠳᠬᠡᠬᠦ᠂ ᠣᠶᠤᠨᠴᠢ ᠪᠡᠷ ᠵᠠᠮᠴᠢᠯᠠᠨ ᠭᠦᠢᠴᠡᠳᠬᠡᠬᠦ ᠵᠡᠷᠭᠡ ᠣᠶᠤᠨᠴᠢ ᠦᠢᠯᠡᠴᠢᠯᠡᠭᠡ ᠵᠢ ᠳᠦᠯᠬᠢᠨ ᠭᠠᠷᠭᠠᠭᠰᠠᠨ ᠪᠠᠢᠨ᠎ᠠ; ᠪᠠᠢᠭᠠᠯᠢ ᠵᠢᠨ ᠡᠬᠢ ᠪᠠᠶᠠᠯᠢᠭ᠋ ᠤ᠋ᠨ ᠡᠵᠡᠩᠨᠡᠯᠲᠡ ᠵᠢᠨ ᠣᠷᠴᠢᠨ ᠨᠦᠬᠦᠴᠡᠯ ᠢ᠋ ᠪᠡᠶᠡᠴᠢᠯᠡᠨ ᠣᠢᠯᠠᠭᠠᠬᠤ ᠲᠤᠰᠢᠶᠠᠯᠲᠠᠨ ᠤ᠋ ᠳᠦᠷᠢᠮ ᠢ᠋ ᠰᠢᠨ᠎ᠡ ᠪᠡᠷ ᠬᠡᠷᠡᠭᠵᠢᠬᠦᠯᠵᠦ᠂ ᠲᠦᠷᠦᠭᠦᠦ ᠤᠳᠠᠭ᠎ᠠ ᠳ᠋ᠤ 20 ᠠᠵᠤ ᠠᠬᠤᠢᠯᠠᠯ ᠪᠣᠯᠣᠨ ᠤᠯᠠᠨ ᠲᠦᠮᠡᠨ ᠤ᠋ ᠲᠥᠯᠥᠭᠡᠯᠡᠭᠴᠢ ᠵᠢ ᠰᠣᠩᠭᠣᠨ᠂ ᠠᠰᠠᠭᠤᠳᠠᠯ ᠢ᠋ ᠰᠢᠢᠳᠪᠦᠷᠢᠯᠡᠬᠦ ᠳ᠋ᠤ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠬᠢᠨᠠᠯᠲᠠ ᠳᠠᠯᠪᠢᠵᠤ᠂ ᠵᠠᠰᠠᠭ ᠠᠵᠤ ᠠᠬᠤᠢᠯᠠᠯ ᠤ᠋ᠨ ᠨᠡᠪᠲᠡᠷᠡᠯᠴᠡᠬᠦ ᠠᠷᠭ᠎ᠠ ᠵᠠᠮ ᠢ᠋ ᠰᠢᠯᠤᠭᠤᠳᠬᠠᠵᠠᠢ᠃ 

ᠬᠠᠤᠯᠢ ᠪᠡᠷ ᠵᠠᠰᠠᠬᠤ ᠬᠢᠨᠠᠯᠲᠠ ᠬᠠᠮᠢᠶᠠᠷᠤᠯᠲᠠ ᠵᠢᠨ ᠲᠠᠯ᠎ᠠ ᠪᠡᠷ᠂ ᠤᠶᠠᠨ ᠬᠠᠳᠠᠨ ᠴᠢᠨᠠᠷᠳᠠᠢ ᠬᠠᠤᠯᠢ ᠬᠡᠷᠡᠭᠵᠢᠭᠦᠯᠬᠦ ᠪᠠ 《ᠬᠣᠶᠠᠷ ᠢ᠋ ᠲᠣᠬᠢᠶᠠᠯᠳᠤᠯ ᠶ᠋ᠢᠡᠷ ᠬᠢᠬᠦ᠂ ᠨᠢᠭᠡ ᠵᠢ ᠢᠯᠡ ᠪᠣᠯᠭᠠᠬᠤ》 ᠬᠢᠨᠠᠯᠲᠠ ᠬᠠᠮᠢᠶᠠᠷᠤᠯᠲᠠ ᠵᠢ ᠬᠡᠷᠡᠭᠵᠢᠭᠦᠯᠵᠦ᠂ ᠣᠶᠤᠨᠴᠢᠯᠠᠭᠰᠠᠨ ᠲᠠᠪᠴᠠᠩ ᠳ᠋ᠤ ᠲᠦᠰᠢᠭᠯᠡᠨ ᠬᠠᠤᠯᠢ ᠵᠢ ᠵᠥᠷᠢᠴᠡᠨ ᠭᠠᠵᠠᠷ ᠰᠢᠷᠤᠢ ᠵᠢ ᠬᠡᠷᠡᠭᠯᠡᠬᠦ ᠵᠢ ᠤᠷᠢᠳᠴᠢᠯᠠᠨ ᠰᠡᠷᠡᠮᠵᠢᠯᠡᠭᠦᠯᠵᠦ᠂ ᠬᠠᠤᠯᠢ ᠵᠢ ᠬᠥᠩᠭᠡᠪᠲᠦᠷ ᠵᠥᠷᠢᠴᠡᠭᠰᠡᠳ ᠢ᠋ ᠦᠯᠦ ᠰᠢᠢᠳᠬᠡᠬᠦ᠂ ᠢᠲᠡᠭᠡᠮᠵᠢ ᠪᠡᠨ ᠰᠡᠷᠭᠦᠭᠡᠬᠦ ᠵᠢ ᠰᠠᠨᠠᠭᠤᠯᠬᠤ ᠵᠢ ᠴᠢᠩᠭᠠᠳᠭᠠᠨ᠂ ᠲᠥᠪ ᠭᠣᠣᠯᠴᠢ ᠢᠯᠡ ᠲᠣᠳᠣ᠌ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠪᠤᠢ ᠪᠣᠯᠭᠠᠬᠤ ᠵᠢ ᠠᠬᠢᠭᠤᠯᠤᠬᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号