2026 ᠣᠨ ᠤ᠋ ᠣᠯᠠᠨ ᠤᠯᠤᠰ ᠤ᠋ᠨ ᠮᠦᠽᠧᠶ ᠶ᠋ᠢᠨ ᠡᠳᠦᠷ ᠤ᠋ᠨ ᠳᠤᠮᠳᠠᠳᠤ ᠤᠯᠤᠰ ᠤ᠋ᠨ ᠭᠤᠤᠯ ᠬᠤᠷᠠᠯ ᠤ᠋ᠨ ᠲᠠᠯᠠᠪᠠᠶ ᠶ᠋ᠢᠨ ᠠᠵᠢᠯᠯᠠᠭ᠎ᠠ ᠳ᠋ᠦ ᠪᠦᠬᠦ ᠤᠯᠤᠰ ᠤ᠋ᠨ ᠰᠤᠶᠤᠯ ᠦᠵᠡᠰᠬᠦᠯᠡᠩ ᠤ᠋ᠨ ᠤᠯᠠᠨ ᠠᠮᠵᠢᠯᠳᠠ ᠪᠦᠳᠦᠮᠵᠢ ᠵᠢ ᠨᠡᠢᠳᠡᠯᠡᠵᠦ᠂ ᠥᠪᠥᠷ ᠮᠣᠩᠭᠣᠯ ᠤ᠋ᠨ ᠮᠦᠽᠧᠶ ᠶ᠋ᠢᠨ 《ᠥᠪᠥᠷ ᠮᠣᠩᠭᠣᠯ ᠤ᠋ᠨ ᠨᠡᠪᠲᠡᠷᠬᠡᠶ ᠲᠡᠦᠬᠡ ᠶ᠋ᠢᠨ ᠦᠨᠳᠦᠰᠦᠨ ᠦᠵᠡᠭᠦᠯᠭᠡ》 ᠨᠢ ᠬᠣᠷᠢᠨ ᠭᠤᠷᠪᠠᠳᠤᠭᠠᠷ ᠬᠤᠭᠤᠴᠠᠭ᠎ᠠ (2025 ᠣᠨ) ᠶ᠋ᠢᠨ ᠪᠥᠬᠥ᠌ ᠤᠯᠤᠰ ᠤ᠋ᠨ ᠮᠦᠽᠧᠶ ᠶ᠋ᠢᠨ ᠠᠷᠪᠠᠨ ᠶᠡᠬᠡ ᠦᠵᠡᠭᠦᠯᠭᠡ ᠶ᠋ᠢᠨ ᠰᠣᠳᠣᠨ ᠪᠦᠲᠦᠭᠡᠯ ᠤ᠋ᠨ ᠲᠠᠨᠢᠯᠴᠠᠭᠤᠯᠭ᠎ᠠ ᠶ᠋ᠢᠨ ᠰᠣᠳᠣᠨ ᠲᠦᠷᠦᠯ ᠵᠦᠢᠯ ᠤ᠋ᠨ ᠢᠷᠠᠭᠤ ᠠᠯᠳᠠᠷ ᠢ᠋ ᠭᠥᠷᠳᠡᠵᠦ᠂ ᠲᠢᠶᠠᠨᠵᠢᠨ ᠤ᠋ ᠮᠦᠽᠧᠶ ᠲᠡᠶ ᠬᠠᠮᠲᠤᠷᠠᠨ ᠭᠠᠷᠭᠠᠭᠰᠠᠨ 《ᠠᠭᠤᠰᠤᠯᠴᠠᠯ ᠤ᠋ᠨ ᠤᠬᠢ — ᠳᠤᠮᠳᠠᠳᠤ ᠶ᠋ᠢᠨ ᠡᠷᠲᠡᠨ ᠤ᠋ ᠪᠣᠯᠪᠠᠰᠤᠨ ᠤᠷᠠᠯᠢᠭ ᠤ᠋ᠨ ᠦᠵᠡᠰᠭᠦᠯᠡᠩ》 ᠨᠢ 《ᠪᠣᠯᠪᠠᠰᠤᠨ ᠬᠥᠭᠥᠷᠭᠡ ᠶ᠋ᠢᠨ ᠲᠥᠯᠥᠪᠯᠡᠭᠡ — ᠲᠡᠦᠬᠡ ᠶ᠋ᠢᠨ ᠳᠤᠷᠠᠰᠭᠠᠯᠲᠤ ᠵᠦᠶ᠋ᠯᠡᠰ ᠢ᠋ ᠭᠠᠳᠠᠭᠠᠳᠦ ᠳ᠋ᠦ ᠭᠠᠷᠭᠠᠬᠤ ᠦᠵᠡᠰᠭᠦᠯᠡᠩ ᠤ᠋ᠨ ᠰᠣᠳᠣᠨ ᠪᠦᠲᠦᠭᠡᠯ》 ᠤ᠋ᠨ ᠲᠥᠷᠥᠯ ᠵᠦᠶ᠋ᠯ ᠵᠢᠡᠷ ᠰᠣᠩᠭᠣᠭ᠍ᠳᠠᠪᠠ᠃
ᠥᠪᠥᠷ ᠮᠣᠩᠭᠣᠯ ᠤ᠋ᠨ ᠮᠦᠽᠧᠶ ᠶ᠋ᠢᠨ ᠱᠢᠨ᠎ᠡ ᠤᠷᠳᠤᠨ ᠤ᠋ ᠶᠡᠷᠦᠩᠬᠡᠶ ᠲᠠᠯᠠᠪᠠᠶ ᠨᠢ 14.56 ᠲᠦᠮᠡᠨ ᠲᠡᠭ᠌ᠰᠢ ᠳᠥᠷᠪᠡᠯᠵᠢᠨ ᠮᠧᠲ᠋ᠷ ᠪᠠᠢᠵᠦ᠂ ᠦᠵᠡᠭᠦᠯᠭᠡ ᠶ᠋ᠢᠨ ᠲᠢᠩᠬᠢᠮ ᠤ᠋ᠨ ᠲᠠᠯᠠᠪᠠᠶ ᠨᠢ 4 ᠲᠦᠮᠡᠨ ᠲᠡᠭ᠌ᠰᠢ ᠳᠥᠷᠪᠡᠯᠵᠢᠨ ᠮᠧᠲ᠋ᠷ ᠱᠢᠬᠠᠮ ᠳ᠋ᠤ ᠬᠦᠷᠴᠦ ᠪᠤᠢ᠃ ᠡᠭᠦᠨ ᠳ᠋ᠦ 5 ᠭᠤᠤᠯ ᠦᠵᠡᠭᠦᠯᠭᠡ ᠶ᠋ᠢᠨ ᠲᠢᠩᠬᠢᠮ ᠢ᠋ᠶ᠋ᠡᠷ ᠪᠦᠷᠢᠯᠳᠦᠭ᠌ᠰᠡᠨ 《ᠥᠪᠥᠷ ᠮᠣᠩᠭᠣᠯ ᠤ᠋ᠨ ᠨᠡᠪᠲᠡᠷᠬᠡᠶ ᠲᠡᠦᠬᠡ ᠶ᠋ᠢᠨ ᠦᠨᠳᠦᠰᠦᠨ ᠦᠵᠡᠭᠦᠯᠭᠡ》 ᠨᠢ ᠶᠠᠭ ᠬᠡᠷᠡᠯ ᠰᠠᠴᠤᠷᠠᠩᠭᠤᠶ ᠲᠡᠦᠬᠡ ᠶ᠋ᠢᠨ ᠣᠷᠳᠣ ᠮᠥᠷᠡᠨ ᠮᠡᠲᠦ ᠪᠠᠢᠵᠤ᠂ ᠥᠪᠥᠷ ᠮᠣᠩᠭᠣᠯ ᠤ᠋ᠨ ᠪᠠᠯᠠᠷ ᠡᠷᠳᠡᠨ ᠤ᠋ ᠦᠶ᠎ᠠ ᠡᠴᠡ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭ᠍ᠳᠠᠭ᠍ᠰᠠᠨ ᠬᠦᠷᠳᠡᠯᠡᠬᠢ ᠬᠥᠭ᠌ᠵᠢᠯᠲᠡ ᠶ᠋ᠢᠨ ᠲᠡᠦᠬᠡᠨ ᠶᠠᠪᠤᠴᠠ ᠵᠢ ᠱᠢᠰᠲ᠋ᠧᠮ ᠲᠡᠶ ᠦᠵᠡᠬᠦᠯᠵᠡᠢ᠃ ᠦᠵᠡᠬᠦᠯᠬᠡ ᠨᠢ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠪᠠᠲᠤ ᠴᠣᠭ᠍ᠴᠠᠯᠠᠬᠤ ᠭᠤᠤᠯ ᠱᠢᠵᠢᠮ ᠲᠡᠶ ᠨᠢᠭ᠍ᠲᠠ ᠤᠶᠠᠯᠳᠤᠭᠤᠯᠤᠨ 2065 ᠬᠤᠪᠢ (ᠢᠵᠢ) ᠲᠡᠦᠬᠡ ᠶ᠋ᠢᠨ ᠳᠤᠷᠠᠰᠭᠠᠯᠲᠤ ᠵᠦᠶ᠋ᠯ᠂ ᠰᠤᠷᠪᠤᠯᠵᠢ ᠪᠢᠴᠢᠭ ᠵᠢᠴᠢ ᠬᠠᠮᠤᠭ ᠤ᠋ᠨ ᠱᠢᠨ᠎ᠡ ᠰᠤᠳᠤᠯᠭᠠᠨ ᠵᠢᠡᠷ ᠡᠨᠡ ᠬᠦ᠌ ᠨᠤᠲᠤᠭ ᠳᠡᠪᠢᠰᠭᠡᠷ ᠳᠡᠭᠡᠷ᠎ᠡ ᠦᠨᠳᠦᠰᠦᠲᠡᠨ ᠨᠤᠭᠦᠳ ᠬᠡᠷᠬᠢᠨ ᠣᠯᠠᠨ ᠡᠱᠢᠵᠢᠵᠦ᠍ ᠪᠠᠢᠭ᠍ᠰᠠᠨ ᠡᠴᠡ ᠪᠠᠨ ᠨᠢᠭᠡ ᠴᠣᠭ᠍ᠴᠠᠵᠢᠵᠤ᠂ 《ᠠᠭᠤᠰᠤᠯᠴᠠᠵᠤ》 ᠪᠠᠢᠭ᠍ᠰᠠᠨ ᠡᠴᠡ ᠪᠠᠨ 《ᠢᠳᠡᠭᠡᠰᠢᠵᠦ》᠂ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠳ᠋ᠦ ᠠᠭᠤᠰᠤᠨ ᠤᠷᠤᠭ᠍ᠰᠠᠨ ᠢ᠋ ᠠᠮᠢᠳᠤᠯᠢᠭ ᠵᠢᠡᠷ ᠲᠠᠢᠯᠪᠤᠷᠢᠯᠠᠪᠠ᠃ 《ᠠᠭᠤᠰᠤᠯᠴᠠᠯ ᠤ᠋ᠨ ᠤᠬᠢ — ᠳᠤᠮᠳᠠᠳᠤ ᠶ᠋ᠢᠨ ᠡᠷᠲᠡᠨ ᠤ᠋ ᠪᠣᠯᠪᠠᠰᠤᠨ ᠤᠷᠠᠯᠢᠭ ᠤ᠋ᠨ ᠦᠵᠡᠰᠭᠦᠯᠡᠩ》 ᠨᠢ 《ᠪᠣᠯᠪᠠᠰᠤᠨ ᠤ᠋ ᠶᠠᠷᠢᠯᠴᠠᠭ᠎ᠠ ᠪᠠ ᠬᠠᠮᠲᠤ ᠶ᠋ᠢᠨ ᠴᠤᠤᠷᠢᠶ᠎ᠠ》 ᠪᠡᠷ ᠭᠣᠣᠯ ᠰᠡᠳᠦᠪ ᠪᠣᠯᠭᠠᠨ ᠬᠠᠰ ᠡᠳ᠋ᠯᠡᠯ᠂ ᠸᠠᠭᠠᠷ ᠱᠠᠭᠠᠵᠠᠩ᠂ ᠲᠡᠮᠦᠷᠯᠢᠭ ᠡᠳ᠋ᠯᠡᠯ᠂ ᠲᠣᠷᠭᠠᠨ ᠨᠡᠬᠡᠮᠡᠯ ᠵᠡᠷᠭᠡ ᠬᠣᠪᠣᠷ ᠨᠠᠨᠳᠢᠨ ᠲᠡᠦᠬᠡ ᠶ᠋ᠢᠨ ᠳᠤᠷᠠᠰᠭᠠᠯᠲᠤ ᠵᠦᠢᠯᠡᠰ ᠵᠢᠴᠢ ᠪᠣᠳᠠᠰ ᠤ᠋ᠨ ᠪᠤᠰᠤ ᠰᠣᠶᠣᠯ ᠤ᠋ᠨ ᠥᠪ᠂ ᠠᠷᠠᠳ ᠤ᠋ᠨ ᠵᠠᠩ ᠦᠢᠯᠡ ᠶ᠋ᠢᠨ ᠲᠦᠷᠦᠯ ᠤ᠋ᠨ ᠤᠨᠴᠠᠯᠢᠬ᠍ᠳᠤ ᠦᠵᠡᠭᠦᠯᠭᠡ ᠶ᠋ᠢᠨ ᠪᠣᠳᠠᠰ ᠢ᠋ ᠬᠠᠮᠤᠷᠴᠤ᠌᠂ ᠲᠣᠷᠭᠠᠨ ᠵᠠᠮ ᠤ᠋ᠨ ᠪᠣᠯᠪᠠᠰᠤᠨ ᠤ᠋ ᠦᠢᠯᠡᠳᠦᠯᠴᠡᠯ ᠪᠠ ᠠᠭᠤᠰᠤᠯᠴᠠᠯ ᠬᠥᠭ᠌ᠵᠢᠯᠲᠡ ᠪᠡᠷ ᠭᠤᠤᠯ ᠪᠤᠯᠭᠠᠨ᠂ ᠳᠤᠮᠳᠠᠳᠤ ᠶ᠋ᠢᠨ ᠪᠣᠯᠪᠠᠰᠤᠨ ᠤ᠋ ᠤᠯᠠᠨ ᠡᠱᠢᠵᠢᠵᠤ ᠨᠢᠭᠡ ᠴᠤᠬ᠍ᠴᠠᠵᠢᠭᠰᠠᠨ ᠬᠥᠭ᠌ᠵᠢᠯᠲᠡ ᠶ᠋ᠢᠨ ᠰᠤᠳᠠᠰᠤ ᠵᠢ ᠭᠡᠷᠡᠴᠢᠯᠡᠵᠦ᠍᠂ ᠮᠠᠨ ᠤ᠋ ᠤᠯᠤᠰ ᠤ᠋ᠨ ᠤᠮᠠᠷᠠᠲᠤ ᠣᠷᠣᠨ ᠤ᠋ ᠵᠡᠭᠦᠨ ᠠᠽᠢᠶ᠎ᠠ ᠪᠣᠯᠤᠨ ᠳᠤᠮᠳᠠᠳᠤ ᠠᠽᠢᠶ᠎ᠠ ᠵᠢ ᠬᠣᠯᠪᠣᠭ᠍ᠰᠠᠨ ᠭᠠᠵᠠᠷ ᠵᠦᠢ ᠶ᠋ᠢᠨ ᠴᠢᠬᠤᠯᠠ ᠦᠨ᠎ᠠ ᠦᠷᠳᠡᠭ ᠢ᠋ ᠭᠦᠢᠴᠡᠳ ᠢᠯᠡᠷᠡᠭᠦᠯᠪᠡ᠃ ᠲᠤᠰ ᠦᠵᠡᠰᠭᠦᠯᠡᠩ ᠢ᠋ ᠡᠨᠡ ᠵᠢᠯ ᠤ᠋ᠨ 8 ᠰᠠᠷ᠎ᠠ ᠳ᠋ᠦ ᠺᠢᠷᠬᠢᠽᠰᠲ᠋ᠠᠨ ᠳ᠋ᠦ ᠲᠡᠯᠭᠡᠨ ᠦᠵᠡᠬᠦᠯᠬᠦ ᠪᠡᠷ ᠪᠤᠢ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号