79 ᠳ᠋ᠤᠭᠡᠷ ᠬᠤᠭᠤᠴᠠᠭᠠᠨ᠎ᠤ ᠳᠡᠯᠡᠬᠡᠶ᠎ᠶ᠋ᠢᠨ ᠡᠷᠡᠭᠦᠯ ᠬᠠᠮᠠᠭᠠᠯᠠᠯ᠎ᠤᠨ ᠶᠡᠬᠡ ᠬᠤᠷᠠᠯ ᠰᠢᠷᠢᠰ ᠬᠠᠮᠲᠤ᠎ᠶ᠋ᠢᠨ ᠲᠠᠨᠢᠯᠲᠠ ᠵᠢ ᠪᠦᠷᠢᠯᠳᠤᠬᠦᠯᠪᠡ
2026-05-26 11:52:34
ᠵᠣᠬᠢᠶᠠᠭ᠍ᠴᠢ᠄
​ᠸᠠᠩ ᠯᠦ᠍
ᠣᠩᠱᠢᠭ᠍ᠰᠠᠨ ᠣᠳᠠᠭ᠎ᠠ᠄
★★★☆☆

79 ᠳ᠋ᠤᠭᠡᠷ ᠬᠤᠭᠤᠴᠠᠭᠠᠨ᠎ᠤ ᠳᠡᠯᠡᠬᠡᠢ᠎ᠶ᠋ᠢᠨ ᠡᠷᠡᠭᠦᠯ ᠬᠠᠮᠠᠭᠠᠯᠠᠯ᠎ᠤᠨ ᠶᠡᠬᠡ ᠬᠤᠷᠠᠯ 23 ᠤ᠋ ᠡᠳᠦᠷ ᠰᠸᠢᠰ᠎ᠦᠨ ᠵᠧᠨᠧᠸᠠ᠎ᠳᠤ ᠲᠡᠭᠦᠰᠪᠡ᠃ ᠪᠦᠷᠢᠯᠳᠦᠬᠦᠨ ᠤᠯᠤᠰ᠎ᠤᠳ 6 ᠡᠳᠦᠷ᠎ᠦᠨ ᠬᠤᠷᠠᠯ᠎ᠢᠶᠡᠷ ᠲᠡᠮᠵᠢᠨ ᠰᠢᠷᠢᠰ ᠬᠠᠮᠲᠤ᠎ᠶ᠋ᠢᠨ ᠲᠠᠨᠢᠯᠲᠠ᠎ᠲᠠᠶ ᠪᠤᠯᠵᠤ᠂ 20 ᠭᠠᠷᠤᠢ ᠵᠦᠢᠯ᠎ᠦᠨ ᠲᠣᠭ᠍ᠲᠠᠭᠠᠯ ᠪᠠ 13 ᠵᠦᠢᠯ᠎ᠦᠨ ᠱᠢᠢᠳᠪᠦᠷᠢ᠎ᠶ᠋ᠢ ᠪᠠᠲᠤᠯᠠᠵᠤ᠂ ᠰᠠ ᠡᠪᠡᠳᠴᠢᠨ᠂ ᠡᠯᠢᠭᠡᠨ ᠡᠪᠡᠳᠴᠢᠨ᠂ ᠰᠦᠷᠢᠶ᠎ᠡ ᠡᠪᠡᠳᠴᠢᠨ᠂ ᠰᠠᠴᠤᠷᠠᠯᠲᠠ ᠵᠡᠷᠭᠡ ᠡᠷᠡᠭᠦᠯ ᠮᠡᠨᠳᠦ᠍᠎ᠶ᠋ᠢᠨ ᠵᠥᠪᠯᠡᠬᠦ᠌ ᠰᠡᠳᠦᠪ᠎ᠲᠡᠶ ᠬᠣᠯᠪᠣᠭ᠍ᠳᠠᠵᠠᠢ᠃

ᠲᠣᠰ ᠬᠤᠭᠤᠴᠠᠭᠠᠨ᠎ᠤ ᠶᠡᠬᠡ ᠬᠤᠷᠠᠯ ᠨᠢ 《ᠪᠥᠬᠥ᠌ ᠪᠥᠮᠪᠥᠷᠴᠡᠭ᠎ᠦᠨ ᠡᠷᠡᠭᠦᠯ ᠮᠡᠨᠳᠦ᠍᠎ᠶ᠋ᠢ ᠳᠠᠬᠢᠨ ᠴᠣᠭ᠍ᠴᠠᠯᠠᠵᠤ ᠭᠠᠷ ᠬᠣᠯᠪᠣᠨ ᠬᠠᠮᠲᠤ᠎ᠪᠠᠷ ᠬᠠᠷᠢᠭᠤᠴᠠᠯᠭ᠎ᠠ ᠡᠭᠦᠷᠭᠡᠯᠡᠶ᠎ᠡ》 ᠬᠡᠬᠦ  ᠭᠤᠤᠯ ᠰᠡᠳᠦᠪ᠎ᠢᠶᠡᠷ ᠶᠠᠪᠤᠬᠳᠠᠪᠠ᠃ ᠶᠡᠬᠡ ᠬᠤᠷᠠᠯ᠎ᠤᠨ ᠲᠡᠷᠢᠭᠦᠯᠡᠭ᠌ᠴᠢ᠂ ᠳ᠋ᠣᠮᠢᠨᠢᠺᠠ᠎ᠶ᠋ᠢᠨ ᠡᠷᠡᠭᠦᠯ ᠬᠠᠮᠠᠭᠠᠯᠠᠯ᠎ᠤᠨ ᠶᠠᠮᠤᠨ᠎ᠤ ᠰᠠᠢᠳ ᠸᠢᠺᠲ᠋ᠤᠷ· ᠠᠲ᠋ᠠᠯᠠ·ᠯᠠᠵᠢᠶᠠᠮᠦ᠋ ᠲᠡᠭᠦᠰᠭᠦ ᠳ᠋ᠦᠩᠨᠡᠯᠲᠡ ᠬᠢᠬᠦ᠎ᠳᠡᠭᠡᠨ᠂ ᠶᠡᠬᠡ ᠬᠤᠷᠠᠯ᠎ᠨᠢ ᠬᠥᠮᠦᠨ ᠲᠥᠷᠥᠯᠬᠢᠲᠡᠨ᠎ᠦ ᠡᠷᠡᠭᠦᠯ ᠮᠡᠨᠳᠦ᠍᠎ᠶ᠋ᠢ ᠬᠠᠮᠠᠭᠠᠯᠠᠬᠤ ᠡᠨᠡ ᠬᠦ᠌ ᠭᠤᠤᠯ ᠡᠭᠦᠷᠭᠡ ᠬᠠᠷᠢᠭᠤᠴᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠭᠡᠨᠡᠳᠲᠡ᠎ᠶ᠋ᠢᠨ ᠬᠡᠷᠡᠭ᠎ᠢ ᠠᠷᠭᠠᠴᠠᠭᠠᠬᠤ᠂ ᠮᠢᠺᠷᠣᠪ᠎ᠤᠨ ᠡᠮ ᠳᠠᠭᠠᠭᠠᠬᠤ ᠴᠢᠨᠠᠷ᠂ ᠬᠥᠮᠦᠨ᠎ᠦ ᠪᠡᠶ᠎ᠡ᠎ᠶ᠋ᠢᠨ ᠡᠷᠬᠡᠲᠡᠨ᠎ᠢ ᠱᠢᠯᠵᠢᠭᠦᠯᠦᠨ ᠤᠷᠭᠤᠭᠤᠯᠬᠤ ᠵᠡᠷᠭᠡ ᠲᠠᠯ᠎ᠠ᠎ᠪᠠᠷ ᠠᠯᠢ ᠣᠯᠠᠨ ᠬᠠᠮᠲᠤ᠎ᠶ᠋ᠢᠨ ᠲᠠᠨᠢᠯᠲᠠ᠎ᠲᠠᠶ ᠪᠣᠯᠵᠣ᠂ ᠥᠷᠭᠡᠨ ᠳᠡᠯᠭᠡᠷ ᠨᠥᠯᠥᠭᠡ ᠦᠵᠡᠭᠦᠯᠬᠦ᠌ ᠪᠣᠯᠤᠨ᠎ᠠ᠃ ᠪᠦᠬᠦ᠌ ᠪᠥᠮᠪᠥᠷᠴᠡᠭ᠎ᠦᠨ ᠭᠠᠵᠠᠷ ᠣᠷᠣᠨ᠎ᠤ ᠤᠯᠤᠰ ᠲᠦᠷᠦ᠍᠎ᠶ᠋ᠢᠨ ᠮᠥᠷᠭᠥᠯᠳᠦᠭᠡᠨ ᠬᠤᠷᠴᠠᠳᠴᠤ᠌᠂ ᠭᠡᠨᠡᠳᠲᠡ ᠡᠭᠦᠰᠦᠭ᠌ᠰᠡᠨ ᠤᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠬᠡᠷᠡᠭ ᠣᠯᠠᠨᠲᠠ ᠡᠭᠦᠰᠴᠦ᠍᠂ ᠤᠯᠠᠨ ᠲᠠᠯᠠᠲᠤ ᠱᠢᠰᠲ᠋ᠧᠮ ᠬᠠᠲᠠᠭᠤ ᠴᠢᠩᠭ᠎ᠠ ᠱᠢᠯᠭᠠᠯᠲᠠ᠎ᠳᠤ ᠲᠤᠯᠭᠠᠷᠠᠭ᠍ᠰᠠᠨ ᠵᠡᠷᠭᠡ ᠠᠬᠤᠢ ᠪᠠᠢᠳᠠᠯ ᠳᠣᠣᠷ᠎ᠠ᠂ ᠲᠤᠰ ᠬᠤᠭᠤᠴᠠᠭᠠᠨ᠎ᠤ ᠶᠡᠬᠡ ᠬᠤᠷᠠᠯ ᠮᠥᠨ ᠬᠦ᠌ ᠠᠬᠢᠴᠠ᠎ᠲᠠᠶ ᠪᠤᠯᠵᠤ᠂ ᠤᠯᠠᠨ ᠲᠠᠯᠠᠲᠤ ᠦᠵᠡᠯ᠎ᠦᠨ ᠬᠦᠴᠦᠨ᠎ᠢ ᠢᠯᠡᠷᠡᠭᠦᠯᠵᠠᠢ ᠭᠡᠪᠡ᠃

ᠳᠡᠯᠡᠬᠡᠢ᠎ᠶ᠋ᠢᠨ ᠡᠷᠡᠭᠦᠯ ᠬᠠᠮᠠᠭᠠᠯᠠᠯ᠎ᠤᠨ ᠵᠣᠬᠢᠶᠠᠨ ᠪᠠᠢᠭᠤᠯᠤᠯᠲᠠ᠎ᠶ᠋ᠢᠨ ᠲᠠᠨᠢᠯᠴᠠᠭᠤᠯᠤᠭ᠍ᠰᠠᠨ᠎ᠢᠶᠠᠷ᠂ ᠶᠡᠬᠡ ᠬᠤᠷᠠᠯ᠎ᠡᠴᠡ ᠪᠠᠰᠠ ᠤᠯᠠᠨ ᠵᠦᠢᠯ᠎ᠦᠨ ᠵᠠᠰᠠᠭ ᠵᠠᠬᠢᠷᠭᠠᠨ᠎ᠤ ᠵᠥᠪᠯᠡᠬᠦ᠌ ᠰᠡᠳᠦᠪ᠎ᠢ ᠶᠠᠷᠢᠯᠴᠠᠪᠠ᠂ ᠡᠭᠦᠨ᠎ᠳᠦ ᠪᠦᠷᠢᠯᠳᠦᠬᠦᠨ ᠤᠯᠤᠰ᠎ᠢᠶᠠᠷ ᠭᠣᠣᠯ ᠤᠳᠤᠷᠢᠳᠤᠮᠵᠢ ᠪᠣᠯᠭᠠᠵᠤ᠂ ᠳᠡᠯᠡᠬᠡᠢ᠎ᠶ᠋ᠢᠨ ᠡᠷᠡᠭᠦᠯ ᠬᠠᠮᠠᠭᠠᠯᠠᠯ᠎ᠤᠨ ᠵᠣᠬᠢᠶᠠᠨ ᠪᠠᠢᠭᠤᠯᠤᠯᠲᠠ᠎ᠡᠴᠡ ᠡᠷᠬᠢᠯᠡᠭ᠌ᠰᠡᠨ ᠬᠠᠮᠲᠤᠷᠠᠭ᠍ᠰᠠᠨ ᠠᠬᠢᠴᠠ᠎ᠶ᠋ᠢ ᠪᠠᠲᠤᠯᠠᠵᠤ᠂ ᠪᠦᠬᠦ᠌ ᠪᠥᠮᠪᠥᠷᠴᠡᠭ᠎ᠦᠨ ᠡᠷᠡᠭᠦᠯ ᠬᠠᠮᠠᠭᠠᠯᠠᠯ᠎ᠤᠨ ᠪᠦᠲᠦᠴᠡ᠎ᠳᠦ ᠥᠭᠡᠷᠡᠴᠢᠯᠡᠯᠲᠡ ᠬᠢᠬᠦ᠌᠎ᠶ᠋ᠢ ᠵᠥᠪᠱᠢᠶᠡᠷᠡᠬᠦ ᠵᠡᠷᠭᠡ ᠠᠭᠤᠯᠭ᠎ᠠ ᠪᠠᠬᠳᠠᠨ᠎ᠠ᠃

ᠳᠡᠯᠡᠬᠡᠢ᠎ᠶ᠋ᠢᠨ ᠡᠷᠡᠭᠦᠯ ᠬᠠᠮᠠᠭᠠᠯᠠᠯ᠎ᠤᠨ ᠵᠣᠬᠢᠶᠠᠨ ᠪᠠᠢᠭᠤᠯᠤᠯᠲᠠ᠎ᠶ᠋ᠢᠨ ᠶᠡᠷᠦᠩᠬᠡᠢ ᠠᠵᠢᠯᠯᠠᠭ᠍ᠴᠢ ᠲᠠᠨᠳ᠋ᠸᠰᠠᠢ ᠲᠡᠭᠦᠰᠭᠦ ᠶᠣᠰᠣᠯᠠᠯ ᠳᠡᠭᠡᠷ᠎ᠡ ᠪᠠᠶᠠᠷ᠎ᠤᠨ ᠦᠭᠡ ᠬᠡᠯᠡᠬᠦ᠌᠎ᠳᠡᠭᠡᠨ ᠡᠯ᠎ᠡ ᠪᠦᠷᠢᠯᠳᠦᠬᠦᠨ ᠤᠯᠤᠰ ᠶᠡᠬᠡ ᠬᠤᠷᠠᠯ᠎ᠤᠨ ᠦᠷ᠎ᠡ ᠪᠦᠲᠦᠭᠡᠯ᠎ᠢ ᠳᠠᠷᠤᠢᠬᠠᠨ ᠪᠤᠳᠠᠳᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭ᠌ᠲᠡᠢ ᠭᠡᠵᠦ᠍ ᠱᠠᠭᠠᠷᠳᠠᠪᠠ᠃ ᠲᠡᠷᠡ᠂ ᠬᠣᠯᠪᠣᠭ᠍ᠳᠠᠯ ᠪᠦᠬᠦᠢ ᠬᠠᠷᠠᠯᠲᠠ᠎ᠶ᠋ᠢ ᠪᠡᠶᠡᠯᠡᠭᠦᠯᠬᠦ᠌᠎ᠳᠦ 《ᠤᠯᠤᠰ ᠲᠦᠷᠦ᠍᠎ᠶ᠋ᠢᠨ ᠠᠮᠠᠯᠠᠯᠲᠠ᠂ ᠦᠷᠭᠦᠯᠵᠢᠯᠡᠭ᠌ᠰᠡᠨ ᠪᠡᠯᠡ ᠮᠥᠩᠭᠥ᠎ᠶ᠋ᠢᠨ ᠣᠷᠣᠭᠤᠯᠤᠯᠲᠠ ᠵᠢᠴᠢ ᠪᠦᠷᠢᠯᠳᠦᠬᠦᠨ ᠤᠯᠤᠰ᠂ ᠬᠠᠮᠲᠤᠷᠠᠯᠴᠠᠭᠠᠨ᠎ᠤ ᠬᠠᠨᠢᠲᠠᠨ ᠪᠣᠯᠤᠨ ᠨᠡᠢᠭᠡᠮ ᠲᠣᠭᠣᠷᠢᠭ᠎ᠤᠨ ᠬᠣᠭᠣᠷᠣᠨᠳᠣ ᠪᠠᠨ ᠦᠷᠭᠦᠯᠵᠢᠯᠡᠨ ᠬᠠᠮᠲᠤᠷᠠᠯᠴᠠᠭ᠎ᠠ ᠬᠢᠬᠦ᠌ ᠴᠢᠬᠤᠯᠠᠲᠠᠢ》 ᠭᠡᠵᠦ᠍ ᠢᠯᠡᠳᠭᠡᠪᠡ᠃

ᠳᠤᠮᠳᠠᠳᠤ ᠤᠯᠤᠰ᠎ᠤᠨ ᠲᠥᠯᠥᠭᠡᠯᠡᠭ᠌ᠴᠢᠳ᠎ᠦᠨ ᠪᠦᠯᠬᠦᠮ ᠲᠤᠰ ᠬᠤᠭᠤᠴᠠᠭᠠᠨ᠎ᠤ ᠳᠡᠯᠡᠬᠡᠢ᠎ᠶ᠋ᠢᠨ ᠡᠷᠡᠭᠦᠯ ᠬᠠᠮᠠᠭᠠᠯᠠᠯ᠎ᠤᠨ ᠶᠡᠬᠡ ᠬᠤᠷᠠᠯ᠎ᠤᠨ 60 ᠭᠠᠷᠤᠢ ᠵᠦᠢᠯ᠎ᠦᠨ ᠵᠥᠪᠯᠡᠬᠦ᠌ ᠵᠦᠢᠯ᠎ᠢ ᠬᠢᠨᠠᠨ ᠵᠥᠪᠯᠡᠬᠦ᠌᠎ᠳᠦ ᠢᠳᠡᠪᠬᠢᠲᠡᠢ ᠣᠷᠣᠯᠴᠠᠵᠤ᠂ ᠭᠣᠣᠯ ᠰᠡᠳᠦᠪᠲᠦ ᠲᠤᠰᠬᠠᠢ ᠵᠦᠪᠯᠡᠬᠦ ᠬᠤᠷᠠᠯ᠎ᠢ ᠭᠣᠣᠯᠯᠠᠨ ᠡᠷᠬᠢᠯᠡᠵᠦ᠍᠂ ᠳᠡᠯᠡᠬᠡᠢ᠎ᠶ᠋ᠢᠨ ᠡᠷᠡᠭᠦᠯ ᠬᠠᠮᠠᠭᠠᠯᠠᠯ᠎ᠤᠨ ᠵᠣᠬᠢᠶᠠᠨ ᠪᠠᠢᠭᠤᠯᠤᠯᠲᠠ ᠪᠣᠯᠤᠨ ᠬᠣᠯᠪᠣᠭ᠍ᠳᠠᠯ ᠪᠦᠬᠦᠢ ᠤᠯᠤᠰ᠎ᠤᠨ ᠲᠥᠯᠥᠭᠡᠯᠡᠭ᠌ᠴᠢᠳ᠎ᠦᠨ ᠪᠦᠯᠬᠦᠮ᠎ᠲᠡᠶ ᠰᠣᠯᠢᠯᠴᠠᠭᠠᠨ᠎ᠤ ᠠᠵᠢᠯᠯᠠᠭ᠎ᠠ ᠥᠷᠨᠢᠭᠦᠯᠵᠦ᠍᠂ ᠳᠤᠮᠳᠠᠳᠤ ᠤᠯᠤᠰ᠎ᠤᠨ ᠲᠤᠷᠱᠢᠯᠭ᠎ᠠ᠎ᠶ᠋ᠢ ᠬᠤᠪᠢᠶᠠᠯᠴᠠᠵᠤ᠂ ᠳᠤᠮᠳᠠᠳᠤ ᠤᠯᠤᠰ᠎ᠤᠨ ᠵᠣᠷᠢᠯᠲᠠ᠎ᠶ᠋ᠢ ᠲᠣᠳᠣᠷᠬᠠᠢᠯᠠᠪᠠ᠃

ᠱᠢᠨᠬᠤᠸᠠ ᠬᠣᠷᠢᠶ᠎ᠠ ᠵᠢᠨ ᠵᠧᠨᠧᠸᠠ᠎ᠶ᠋ᠢᠨ 5 ᠰᠠᠷ᠎ᠠ᠎ᠶ᠋ᠢᠨ 24 ᠤ᠋ ᠴᠠᠬᠢᠯᠭᠠᠨ ᠮᠡᠳᠡᠭᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号