ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠯᠠᠭᠤᠴᠤᠳ ᠪᠠᠭᠠᠴᠤᠳ᠎ᠤᠨ ᠦᠨᠳᠦᠰᠦᠲᠡᠨ᠎ᠦ ᠪᠦᠯᠬᠦᠮᠳᠡᠯ᠎ᠤᠨ ᠬᠥᠮᠦᠵᠢᠯ᠎ᠤᠨ ᠦᠶ᠋ᠯᠡᠳᠦᠯᠭᠡ᠎ᠶ᠋ᠢᠨ ᠲᠥᠪ᠂ ᠥᠪᠡᠷᠲᠡᠭᠡᠨ ᠵᠠᠰᠠᠬᠤ ᠣᠷᠣᠨ᠎ᠤ ᠵᠠᠯᠠᠭᠤᠴᠤᠳ ᠪᠠᠭᠠᠴᠤᠳ᠎ᠤᠨ ᠬᠥᠭ᠌ᠵᠢᠯᠲᠡ᠎ᠶ᠋ᠢᠨ ᠰᠠᠭᠤᠷᠢ ᠮᠥᠩᠭᠥᠨ᠎ᠦ ᠨᠡᠢᠭᠡᠮᠯᠢᠭ᠎ᠡᠴᠡ ᠬᠠᠮᠲᠤᠷᠠᠨ ᠡᠷᠭᠢᠯᠡᠭ᠌ᠰᠡᠨ 《ᠠᠨᠠᠷ᠎ᠤᠨ ᠦᠷ᠎ᠡ ᠨᠠᠮ ᠵᠢᠡᠨ ᠲᠠᠭᠠᠨ᠎ᠠ·ᠦᠷ᠎ᠠ ᠪᠤᠯᠭᠠᠨ ᠰᠡᠳᠭᠢᠯ ᠨᠢᠭᠡᠳᠦᠨ ᠨᠢᠭᠡ ᠬᠡᠷ᠎ᠦᠨ ᠬᠥᠮᠦᠨ ᠮᠡᠲᠦ ᠳᠣᠲᠣᠨᠣ》 ᠪᠥᠬᠥ᠌ ᠣᠷᠣᠨ᠎ᠤ ᠵᠠᠯᠠᠭᠤᠴᠤᠳ ᠪᠠᠭᠠᠴᠤᠳ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠬᠥᠮᠦᠵᠢᠯ᠎ᠤᠨ ᠦᠶ᠋ᠯᠡᠳᠦᠯᠭᠡ᠎ᠶ᠋ᠢᠨ ᠠᠵᠢᠯᠯᠠᠭ᠎ᠠ ᠵᠢᠴᠢ 《ᠲᠣᠮᠣ ᠭᠠᠷᠵᠢᠵᠢᠭ ᠭᠠᠷ᠎ᠢ ᠬᠥᠲᠥᠯᠵᠦ᠍᠂ ᠬᠦᠰᠡᠯ ᠵᠡᠭᠦᠳᠦ᠍᠎ᠪᠡᠨ ᠲᠡᠷᠭᠡᠯᠱᠢᠭᠦᠯᠬᠦ᠌》 ᠨᠡᠢᠲᠡ᠎ᠶ᠋ᠢᠨ ᠠᠰᠠᠷᠠᠮᠵᠢ᠎ᠶ᠋ᠢᠨ ᠠᠵᠢᠯᠯᠠᠭ᠎ᠠ ᠲᠦᠷᠦᠬᠦᠬᠡᠨ ᠬᠥᠬᠡᠬᠣᠲᠠ᠎ᠶ᠋ᠢᠨ ᠭᠠᠯ ᠰᠡᠷᠭᠡᠢᠯᠡᠵᠦ᠍ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ᠎ᠶ᠋ᠢᠨ ᠣᠨᠴᠠ ᠦᠶ᠋ᠯᠡᠴᠢᠯᠡᠭᠡᠨ᠎ᠦ ᠬᠣᠶᠠᠳᠤᠭᠠᠷ ᠥᠷᠲᠡᠭᠡ᠎ᠳᠦ ᠶᠠᠪᠤᠭ᠍ᠳᠠᠪᠠ᠃ 100 ᠭᠠᠷᠤᠶ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠡᠱᠢᠭᠦᠨ ᠭᠠᠯ ᠤᠨᠲᠠᠷᠠᠭᠠᠬᠤ ᠬᠤᠸᠠᠷᠠᠨ᠎ᠳᠤ ᠣᠷᠣᠵᠤ᠂ ᠨᠢᠭᠡ ᠤᠳᠠᠭᠠᠨ᠎ᠤ ᠭᠦᠨ ᠨᠡᠪᠴᠢᠬᠦ᠌ ᠮᠠᠶᠢᠭ᠎ᠤᠨ᠂ ᠪᠡᠶᠡᠴᠢᠯᠡᠨ ᠣᠢᠯᠠᠭᠠᠬᠤ ᠮᠠᠶᠢᠭ᠎ᠤᠨ ᠦᠨᠳᠦᠰᠦᠲᠡᠨ᠎ᠦ ᠪᠦᠯᠬᠦᠮᠳᠡᠯ᠎ᠦᠨ ᠰᠤᠳᠤᠯᠤᠨ ᠰᠤᠷᠤᠯᠴᠠᠬᠤ ᠠᠶᠠᠯᠠᠯ᠎ᠢ ᠡᠬᠢᠯᠡᠭᠦᠯᠵᠦ᠍᠂ ᠦᠶ᠋ᠯᠡᠳᠦᠯᠭᠡ᠎ᠶ᠋ᠢᠨ ᠳᠤᠮᠳᠠ ᠦᠨᠳᠦᠰᠦᠲᠡᠨ᠎ᠦ ᠪᠦᠯᠬᠦᠮᠳᠡᠯ᠎ᠦᠨ ᠣᠢᠯᠠᠭᠠᠭ᠍ᠳᠠᠬᠤᠨ᠎ᠢ ᠤᠯᠠᠮᠵᠢᠯᠠᠨ ᠵᠠᠯᠭᠠᠮᠵᠢᠯᠠᠵᠤ᠂ ᠭᠠᠯ ᠤᠨᠲᠠᠷᠠᠭᠠᠬᠤ ᠮᠡᠳᠡᠯᠭᠡ ᠤᠷ᠎ᠠ ᠴᠢᠳᠠᠪᠤᠷᠢ᠎ᠶ᠋ᠢ ᠰᠤᠷᠤᠯᠴᠠᠪᠠ᠃
ᠠᠵᠢᠯᠯᠠᠭ᠎ᠠ᠎ᠶ᠋ᠢᠨ ᠲᠤᠬᠠᠶ᠎ᠶ᠋ᠢᠨ ᠲᠠᠯᠠᠪᠠᠶ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠯᠠᠭᠤᠴᠤᠳ ᠪᠠᠭᠠᠴᠤᠳ᠎ᠤᠨ ᠬᠥᠭ᠌ᠵᠢᠯᠲᠡ᠎ᠶ᠋ᠢᠨ ᠰᠠᠭᠤᠷᠢ ᠮᠥᠩᠭᠥᠨ᠎ᠦ ᠨᠡᠢᠭᠡᠮᠯᠢᠭ᠎ᠡᠴᠡ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠡᠱᠢᠭᠦᠨ (ᠬᠦᠴᠢᠷᠳᠡᠯ᠎ᠳᠦ ᠲᠤᠯᠭᠠᠷᠠᠭ᠍ᠰᠠᠨ ᠬᠡᠦᠬᠡᠳ ᠪᠠᠭ᠍ᠲᠠᠨ᠎ᠠ) ᠨᠢᠭᠡᠪᠦᠷᠢ᠎ᠳᠦ 1.2 ᠲᠦᠮᠡ ᠱᠢᠬᠠᠮ ᠲᠥᠭᠥᠷᠢᠭ᠎ᠦᠨ ᠬᠠᠢᠷ᠎ᠠ ᠬᠠᠯᠠᠮᠵᠢ᠎ᠶ᠋ᠢᠨ ᠪᠡᠯᠡᠭ ᠬᠦᠷᠭᠡᠵᠦ᠍᠂ ᠬᠡᠦᠬᠡᠳ᠎ᠦᠳ᠎ᠢ ᠬᠠᠪᠰᠤᠷᠤᠨ 《6·1》 ᠤ᠋ ᠥᠴᠦᠬᠡᠨ ᠬᠦᠰᠡᠯ᠎ᠢ᠎ᠨᠢ ᠪᠡᠶᠡᠯᠡᠭᠦᠯᠵᠦ᠍᠂ ᠦᠨᠳᠦᠰᠦᠲᠡᠨ᠎ᠨᠦᠭᠦᠳ᠎ᠦᠨ ᠪᠠᠭᠠᠴᠤᠳ ᠬᠡᠦᠬᠡᠳ᠎ᠲᠦ ᠬᠠᠢᠷ᠎ᠠ ᠬᠠᠯᠠᠮᠵᠢ ᠬᠦᠷᠲᠡᠭᠡᠵᠦ᠍᠂ ᠬᠠᠢᠷ᠎ᠠ ᠰᠡᠳᠭᠢᠯᠭᠡ᠎ᠶ᠋ᠢ᠎ᠨᠢ ᠨᠢᠭ᠍ᠲᠠᠷᠠᠭᠤᠯᠪᠠ᠃ ᠭᠠᠯ ᠤᠨᠲᠠᠷᠠᠭᠠᠭ᠍ᠴᠢᠳ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠡᠱᠢᠭᠦᠳ᠎ᠢ ᠳᠠᠭᠠᠭᠤᠯᠤᠨ ᠡᠯ᠎ᠡ ᠵᠦᠢᠯ᠎ᠤᠨ ᠭᠠᠯ ᠤᠨᠳᠠᠷᠠᠭᠠᠬᠤ ᠲᠡᠷᠭᠡ᠎ᠶ᠋ᠢ ᠨᠢᠭᠡᠳ ᠨᠢᠭᠡ᠎ᠪᠡᠷ ᠲᠣᠭᠣᠷᠢᠨ ᠦᠵᠡᠵᠦ᠍᠂ ᠬᠡᠦᠬᠡᠳ᠎ᠦᠳ᠎ᠲᠦ ᠠᠮᠢ ᠨᠠᠰᠤᠨ᠎ᠤ ᠠᠮᠤᠷ ᠲᠦᠪᠱᠢᠨ᠎ᠢ ᠰᠠᠬᠢᠨ ᠬᠠᠮᠠᠭᠠᠯᠠᠵᠤ ᠪᠠᠢᠭ᠎ᠠ ᠡᠲᠡᠭᠡᠷ 《ᠪᠣᠯᠣᠳ ᠲᠡᠮᠦᠷ ᠬᠠᠮᠠᠭᠠᠯᠠᠭ᠍ᠴᠢ》 ᠶ᠋ᠢ ᠲᠠᠨᠢᠭᠤᠯᠪᠠ᠃ ᠪᠣᠯᠪᠠᠰᠤᠷᠠᠯ᠎ᠤᠨ ᠲᠤᠬᠠᠢ ᠵᠢᠨ ᠲᠠᠯᠠᠪᠠᠢ᠎ᠳᠤ᠂ ᠭᠠᠯ ᠤᠨᠲᠠᠷᠠᠭᠠᠭ᠍ᠴᠢᠳ ᠴᠤᠭ ᠵᠣᠯᠢ ᠪᠠᠳᠠᠷᠠᠩᠭᠤᠢ᠎ᠪᠠᠷ 60 ᠮᠸᠲᠷ᠎ᠤᠨ ᠱᠠᠳᠤ ᠠᠪᠠᠷᠢᠬᠤ ᠭᠦᠶᠦᠯᠲᠡ᠂ ᠳᠡᠭᠡᠰᠦ ᠠᠪᠠᠷᠢᠬᠤ᠂ 100 ᠮᠸᠲᠷ᠎ᠤᠨ ᠰᠠᠭᠠᠳ ᠳᠠᠪᠠᠬᠤ ᠵᠡᠷᠭᠡ ᠪᠣᠳᠠᠲᠤ ᠪᠠᠢᠯᠳᠤᠭᠠᠨ᠎ᠤ ᠰᠤᠷᠢᠯᠳᠠ ᠬᠢᠵᠦ᠂ ᠪᠠᠷᠢᠮᠵᠢᠶᠠᠲᠤ ᠬᠥᠳᠡᠯᠭᠡᠭᠡᠨ᠎ᠢ ᠢᠯᠡᠷᠡᠬᠦᠯᠵᠦ᠂ ᠱᠢᠨᠲᠠᠷᠠᠰᠢ ᠦᠭᠡᠢ ᠲᠡᠮᠡᠴᠡᠯ᠎ᠤᠨ ᠰᠤᠷᠲᠠᠯ᠎ᠢ ᠦᠵᠡᠭᠦᠯᠵᠦ᠍᠂ ᠪᠠᠭᠠᠴᠤᠳ᠎ᠤᠨ ᠬᠣᠱᠢᠭᠤᠴᠢ ᠠᠩᠬᠢ᠎ᠶ᠋ᠢᠨ ᠭᠡᠱᠢᠭᠦᠳ᠎ᠦᠨ ᠬᠠᠯᠠᠭᠤᠨ ᠠᠯᠠᠭ᠎ᠠ ᠲᠠᠱᠢᠯᠳᠠ᠎ᠶ᠋ᠢ ᠣᠯᠵᠠᠢ᠃
ᠲᠤᠰ ᠤᠳᠠᠭ᠎ᠠ᠎ᠶ᠋ᠢᠨ ᠠᠵᠢᠯᠯᠠᠭ᠎ᠠ ᠨᠢ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠬᠥᠮᠦᠵᠢᠯ ᠪᠣᠯᠤᠨ ᠭᠠᠯ ᠰᠡᠷᠭᠡᠢᠯᠡᠵᠦ᠍ ᠭᠠᠯ ᠤᠨᠲᠠᠷᠠᠭᠠᠬᠤ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠰᠤᠳᠤᠯᠭᠠᠨ᠎ᠢ ᠣᠷᠭᠠᠨᠢᠭ᠎ᠢᠶᠠᠷ ᠤᠶᠠᠯᠳᠤᠭᠤᠯᠵᠤ᠂ ᠪᠠᠭᠠᠴᠤᠳ᠎ᠤᠨ ᠬᠣᠱᠢᠭᠤᠴᠢ ᠠᠩᠬᠢ᠎ᠶ᠋ᠢᠨ ᠭᠡᠱᠢᠭᠦᠳ᠎ᠲᠦ ᠭᠠᠯ ᠰᠡᠷᠭᠡᠢᠯᠡᠵᠦ᠍ ᠭᠠᠯ ᠤᠨᠲᠠᠷᠠᠭᠠᠬᠤ ᠮᠡᠳᠡᠯᠭᠡ᠎ᠶ᠋ᠢ ᠱᠢᠰᠲ᠋ᠧᠮ ᠲᠡᠶ ᠰᠤᠷᠤᠯᠴᠠᠭᠤᠯᠵᠤ᠂ ᠪᠠᠴᠢᠮ ᠪᠠᠢᠳᠠᠯ᠎ᠢ ᠠᠷᠭᠠᠴᠠᠭᠠᠵᠤ ᠠᠶᠤᠯ᠎ᠠᠴᠠ ᠵᠠᠢᠯᠠᠬᠤ ᠦᠨᠳᠦᠰᠦᠨ ᠤᠷ᠎ᠠ ᠴᠢᠳᠠᠪᠤᠷᠢ᠎ᠶ᠋ᠢ ᠡᠵᠡᠮᠱᠢᠭᠦᠯᠵᠦ᠍᠂ ᠭᠠᠯ ᠤᠨᠲᠠᠷᠠᠭᠠᠭ᠍ᠴᠢᠶ᠋ᠢᠨ ᠠᠵᠢᠯ ᠮᠡᠷᠭᠡᠵᠢᠯ᠎ᠦᠨ ᠲᠤᠬᠠᠢ ᠣᠢᠯᠠᠭᠠᠯᠲᠠ ᠪᠣᠯᠤᠨ ᠬᠦᠨᠳᠦᠳᠭᠡᠯ ᠪᠢᠰᠢᠷᠡᠯ᠎ᠢ ᠭᠦᠨᠵᠡᠭᠡᠢᠷᠡᠭᠦᠯᠦᠭ᠌ᠰᠡᠨ ᠪᠥᠭᠡᠳ ᠦᠨᠳᠦᠰᠦᠲᠡᠨ᠎ᠨᠦᠭᠦᠳ᠎ᠦᠨ ᠪᠠᠭᠠᠴᠤᠳ ᠬᠡᠦᠬᠡᠳ᠎ᠦᠨ 《ᠳᠤᠮᠳᠠᠳᠤ᠎ᠶ᠋ᠢᠨ ᠦᠨᠳᠦᠰᠦᠲᠡᠨ ᠨᠢᠭᠡ ᠭᠡᠷ᠎ᠦᠨ ᠬᠥᠮᠦᠨ ᠮᠡᠲᠦ ᠳᠣᠲᠣᠨᠣ》 ᠪᠠᠢᠬᠤ ᠭᠦᠨ ᠵᠤᠵᠠᠭᠠᠨ ᠬᠠᠢᠷ᠎ᠠ ᠰᠡᠳᠭᠢᠯᠭᠡ᠎ᠶ᠋ᠢ ᠤᠯᠠᠮ ᠴᠢᠨᠠᠭ᠍ᠰᠢᠳᠠ ᠵᠤᠵᠠᠭᠠᠳᠭᠠᠵᠠᠢ᠃