ᠨᠠᠢ᠍ᠮᠠᠳᠠᠬᠢ ᠤᠳᠠᠭᠠᠨ᠎ᠤ 《ᠰᠠᠨᠰᠠᠷ ᠲᠡᠬᠢ ᠠᠭᠤᠯᠵᠠᠯᠳᠠ》
2026-05-26 12:38:53
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

5 ᠰᠠᠷ᠎ᠠ ᠵᠢᠨ 24 ᠡᠳᠦᠷ ᠎ᠤᠨ 23 ᠴᠠᠭ 08 ᠮᠢᠨᠦ᠋ᠲ᠎ᠲᠦ ᠬᠠᠷᠪᠤᠬᠰᠠᠨ ᠬᠤᠪᠢᠯᠭᠠᠨ ᠣᠩᠭᠣᠴᠠ ᠬᠣᠷᠢᠨ ᠭᠤᠷᠪᠠᠳᠤᠭᠠᠷ ᠬᠥᠮᠦᠨ ᠰᠠᠭᠤᠯᠭᠠᠭᠰᠠᠨ ᠨᠢᠰᠬᠦ᠌ ᠣᠩᠭᠣᠴᠠ  ᠵᠢᠱ᠌ᠢᠭᠰᠡᠨ ᠲᠣᠭᠣᠷᠢᠯᠲᠠ᠎ᠶᠢᠨ ᠵᠠᠮ ᠳ᠋ᠠᠭᠠᠨ ᠣᠷᠣᠵᠤ᠂ ᠬᠠᠷᠪᠤᠯᠲᠠ ᠵᠢᠨ ᠡᠭᠦᠷᠭᠡ ᠳᠡᠬᠦᠰ ᠠᠮᠵᠢᠯᠳᠠ ᠤᠯᠵᠠᠢ᠃

25 ᠎ᠤ ᠡᠳᠦᠷ᠂ ᠬᠤᠪᠢᠯᠭᠠᠨ ᠣᠩᠭᠣᠴᠠ ᠬᠣᠷᠢᠨ ᠭᠤᠷᠪᠠᠳᠤᠭᠠᠷ᠎ᠤᠨ ᠰᠠᠨᠰᠠᠷᠴᠢᠳ《ᠲᠩᠷᠢ᠎ᠶᠢᠨ ᠣᠷᠳᠣᠨ》᠎ᠳᠤ  ᠣᠷᠣᠵᠤ᠂ ᠳᠤᠮᠳᠠᠳᠤ ᠤᠯᠤᠰ᠎ᠤᠨ ᠰᠠᠨᠰᠠᠷᠴᠢᠳ ᠨᠠᠢ᠍ᠮᠠᠳᠡᠬᠢ ᠤᠳᠠᠭ᠎ᠠ ᠰᠠᠨᠰᠠᠷ᠎ᠲᠦ ᠠᠭᠤᠯᠵᠠᠵᠠᠢ᠃


QQ20260526-124300.png


ᠳᠤᠮᠳᠠᠳᠤ ᠤᠯᠤᠰ᠎ᠤᠨ ᠬᠥᠮᠦᠨ ᠰᠠᠭᠤᠯᠭᠠᠭᠰᠠᠨ ᠰᠠᠨᠰᠠᠷ᠎ᠤᠨ ᠠᠶᠠᠯᠠᠯ᠎ᠤᠨ ᠢᠨᠵᠧᠨᠧᠷᠢᠩ ᠎ᠦᠨ ᠠᠯᠪᠠᠨ ᠭᠡᠷ ᠡᠴᠡ ᠲᠠᠨᠢᠯᠴᠠᠭᠤᠯᠤᠭᠰᠠᠨ᠎ᠢᠶᠠᠷ᠂ ᠬᠥᠮᠦᠨ ᠰᠠᠭᠤᠯᠭᠠᠭᠰᠠᠨ ᠨᠢᠰᠬᠦ᠌ ᠣᠩᠭᠣᠴᠠ ᠪᠣᠯᠤᠨ ᠰᠠᠨᠰᠠᠷ᠎ᠤᠨ ᠦᠷᠳᠡᠬᠡ᠎ᠶᠢᠨ ᠬᠠᠮ ᠴᠣᠭᠴᠠ᠎ᠶᠢ ᠠᠮᠵᠢᠯᠲᠠ᠎ᠲᠠᠶ ᠵᠣᠯᠭᠠᠭᠤᠯᠤᠭᠰᠠᠨ ᠎ᠤ ᠳᠠᠷᠠᠭ᠎ᠠ᠂ ᠬᠤᠪᠢᠯᠭᠠᠨ ᠣᠩᠭᠣᠴᠠ ᠬᠣᠷᠢᠨ ᠭᠤᠷᠪᠠᠳᠤᠭᠠᠷ᠎ᠤᠨ ᠰᠠᠨᠰᠠᠷᠴᠢᠳ ᠨᠢᠰᠬᠦ᠌ ᠣᠩᠭᠣᠴᠠ᠎ᠶᠢᠨ ᠪᠤᠴᠠᠬᠤ ᠦᠷᠦᠭᠡ᠎ᠡᠴᠡ ᠲᠣᠭᠣᠷᠢᠯᠲᠠ᠎ᠶᠢᠨ ᠵᠠᠮ᠎ᠦᠨ ᠦᠷᠦᠬᠡ᠎ᠳᠦ ᠤᠷᠤᠭᠰᠢᠲᠠᠢ ᠣᠷᠣᠪᠠ᠃ 25 ᠎ᠤ ᠡᠳᠦᠷ᠎ᠦᠨ 5 ᠴᠠᠭ 13 ᠮᠢᠨᠦ᠋ᠲ᠎ᠲᠦ᠍᠂ ᠲᠣᠭᠣᠷᠢᠯᠲᠠ᠎ᠶᠢᠨ ᠵᠠᠮ᠎ᠳᠤ ᠡᠭᠦᠷᠭᠡ ᠭᠦᠢᠴᠡᠳᠬᠡᠵᠦ᠍ ᠪᠠᠶ᠋ᠢᠭ᠎ᠠ ᠬᠤᠪᠢᠯᠭᠠᠨ ᠣᠩᠭᠣᠴᠠ ᠬᠣᠷᠢᠨ ᠨᠢᠭᠡᠳᠦᠭᠡᠷ᠎ᠤᠨ ᠰᠠᠨᠰᠠᠷᠴᠢᠳ《ᠬᠡᠷ᠎ᠦᠨ ᠡᠭᠦᠳᠡ》ᠪᠡᠨ ᠨᠡᠭᠡᠭᠡᠵᠦ᠍᠂ ᠬᠣᠯᠠ᠎ᠠᠴᠠ ᠢᠷᠡᠭᠰᠡᠨ ᠬᠤᠪᠢᠯᠭᠠᠨ ᠣᠩᠭᠣᠴᠠ ᠬᠣᠷᠢᠨ ᠭᠤᠷᠪᠠᠳᠤᠭᠠᠷ ᠎ᠤᠨ ᠰᠠᠨᠰᠠᠷᠴᠢᠳ᠎ᠢ ᠪᠠᠶᠠᠷᠯᠠᠨ ᠤᠭᠲᠤᠵᠠᠢ᠃ ᠬᠣᠶᠠᠷ ᠳᠤᠭᠤᠶ᠋ᠢᠯᠠᠩ᠎ᠤᠨ᠎ᠬᠢᠨ《ᠬᠡᠷ᠎ᠪᠦᠯᠢ ᠵᠢᠨ ᠬᠠᠮᠳᠦ ᠵᠢᠨ ᠰᠡᠭᠦᠳᠡᠷ》᠎ᠢ ᠰᠡᠭᠦᠳᠡᠷᠯᠡᠵᠦ᠍᠂  ᠪᠥᠬᠥ᠌ ᠤᠯᠤᠰ᠎ᠤᠨ ᠠᠷᠠᠳ ᠲᠦᠮᠡᠨ᠎ᠳᠦ ᠠᠮᠤᠷ ᠠᠮᠤᠭᠤᠯᠠᠩ ᠠᠢᠯᠠᠳᠬᠠᠯ᠎ᠠ ᠃

ᠡᠨᠡ ᠪᠣᠯ ᠳᠤᠮᠳᠠᠳᠤ ᠤᠯᠤᠰ᠎ᠤᠨ ᠰᠠᠨᠰᠠᠷ ᠎ᠤᠨ ᠠᠶᠠᠯᠠᠯ᠎ᠤᠨ ᠲᠡᠦᠬᠡᠨ ᠳᠡᠭᠡᠷᠡᠬᠢ ᠨᠠᠢ᠍ᠮᠠᠳᠠᠬᠢ ᠤᠳᠠᠭᠠᠨ᠎ᠤ 《ᠰᠠᠨᠰᠠᠷ ᠲᠡᠬᠢ ᠠᠭᠤᠯᠵᠠᠯᠳᠠ》ᠪᠣᠯᠬᠤ ᠪᠥᠭᠡᠳ《ᠲᠩᠷᠢ᠎ᠶᠢᠨ ᠣᠷᠳᠣᠨ》 ᠳ᠋ᠤ ᠠᠩᠬ᠎ᠠ ᠤᠳᠠᠭ᠎ᠠ ᠰᠢᠶᠠᠩᠭᠠᠩ᠎ᠤᠨ ᠰᠠᠨᠰᠠᠷᠴᠢᠨ᠎ᠢ ᠤᠬᠳᠤᠵᠦ ᠪᠠᠶ᠋ᠢᠭ᠎ᠠ ᠶᠤᠮ᠃

 

ᠢᠷᠡᠯᠲᠡ ᠄ ᠰᠢᠨᠬᠤᠸᠠ ᠬᠣᠷᠢᠶ᠎ᠠ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号