ᠤᠯᠠᠭᠠᠨᠬᠠᠳᠠ ᠬᠤᠲᠠ ᠢᠲᠡᠭᠡᠮᠵᠢ᠎ᠶ᠋ᠢ ᠨᠢᠭᠡᠯᠡ ᠤᠳᠠᠭ᠎ᠠ ᠎ᠳᠤ ᠰᠡᠷᠭᠦᠭᠡᠵᠦ᠍ ᠣᠯᠠᠨ ᠲᠦᠮᠡᠨ᠎ᠤ 《ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢᠨ ᠵᠣᠪᠠᠨᠢᠯ》 ᠢ᠋ ᠱᠢᠢᠳᠪᠦᠷᠢᠯᠡᠵᠤ ᠪᠤᠢ
2026-05-27 09:37:53
ᠵᠣᠬᠢᠶᠠᠭ᠍ᠴᠢ᠄
ᠸᠠᠩ ᠲᠠᠨ᠎ᠠ
ᠣᠩᠱᠢᠭ᠍ᠰᠠᠨ ᠣᠳᠠᠭ᠎ᠠ᠄
★★★☆☆

5 ᠰᠠᠷ᠎ᠠ᠎ᠶ᠋ᠢᠨ 12 ᠤ᠋ᠨ ᠡᠳᠦᠷ ᠤᠯᠠᠭᠠᠨᠬᠠᠳᠠ ᠬᠤᠲᠠ᠎ᠶ᠋ᠢᠨ ᠠᠤᠬᠠᠨ ᠬᠤᠱᠢᠭᠤᠨ᠎ᠤ ᠬᠥᠭ᠌ᠵᠢᠮ᠎ᠤᠨ ᠵᠢᠮᠰᠡᠭ᠎ᠤᠨ ᠡᠵᠡᠩᠨᠡᠭ᠌ᠴᠢ ᠳ᠋ᠠᠶ ᠠᠪᠤᠭᠠᠶ᠄《ᠬᠤᠭᠤᠴᠠᠭ᠎ᠠ ᠬᠡᠲᠦᠷᠡᠭ᠌ᠰᠡᠨ ᠲᠡᠮᠳᠡᠭ᠌ᠯᠡᠯ᠎ᠢ ᠰᠠᠨᠠᠭᠠᠴᠢᠯᠠᠭ᠎ᠠ᠎ᠠᠴᠠ᠎ᠪᠠᠨ ᠭᠤᠶᠤᠴᠢᠯᠠᠬᠤ ᠬᠡᠷᠡᠭ ᠦᠭᠡᠢ᠂ ᠠᠶᠠᠨᠳᠠᠭᠠᠨ ᠰᠡᠷᠭᠦᠴᠢᠬᠡᠨ᠎ᠡ ᠭᠡᠰᠡᠨ᠎ᠢ ᠶᠡᠷᠦ ᠨᠢ ᠪᠤᠳᠤᠵᠤ ᠴᠦ᠍ ᠦᠩᠭᠡᠷᠡᠭᠰᠡᠨ ᠦᠭᠡᠢ᠂ 15 ᠲᠦᠮᠡᠨ ᠲᠥᠭᠦᠷᠢᠭ᠎ᠤᠨ ᠬᠤᠪᠢ ᠬᠥᠮᠦᠨ᠎ᠤ ᠡᠵᠡᠩᠨᠡᠯᠲᠡ᠎ᠶ᠋ᠢᠨ ᠵᠢᠭᠡᠯᠡᠯᠭᠡ ᠮᠠᠰᠢ ᠲᠦᠷᠭᠡᠨ ᠵᠥᠪᠱᠢᠶᠡᠷᠡᠭ᠌ᠳᠡᠵᠦ᠍᠂ ᠮᠠᠨ᠎ᠤ ᠡᠵᠡᠩᠨᠡᠯᠲᠡ᠎ᠶ᠋ᠢᠨ ᠡᠷᠭᠢᠯᠲᠡ᠎ᠶ᠋ᠢᠨ ᠪᠠᠴᠢᠮ ᠪᠠᠢᠳᠠᠯ᠎ᠢ ᠱᠢᠢᠳᠪᠦᠷᠢᠯᠡᠯ᠎ᠡ》 ᠭᠡᠵᠦ ᠰᠤᠷᠪᠤᠯᠵᠢᠯᠠᠭᠴᠢ᠎ᠳᠤ ᠬᠡᠯᠡᠪᠡ᠃ 2020 ᠣᠨ᠎ᠠᠴᠠ ᠨᠠᠭᠠᠰᠢ ᠳ᠋ᠠᠶ ᠠᠪᠤᠭᠠᠶ ᠵᠢᠨ ᠬᠤᠪᠢ ᠬᠥᠮᠦᠨ᠎ᠤ ᠪᠠᠭ᠎ᠠ ᠲᠣᠭᠠᠨ᠎ᠤ ᠵᠢᠭᠡᠯᠡᠯᠭᠡ ᠨᠢ ᠣᠯᠠᠨᠲᠠ ᠬᠤᠭᠤᠴᠠᠭ᠎ᠠ ᠨᠢ ᠬᠡᠲᠦᠷᠡᠭᠡᠳ ᠪᠤᠴᠠᠭᠠᠭᠰᠠᠨ ᠲᠡᠮᠳᠡᠭ᠌ᠯᠡᠯ᠎ᠲᠠᠢ ᠪᠠᠢᠵᠤ᠂ ᠵᠢᠭᠡᠯᠡᠯᠭᠡ ᠪᠠᠨ ᠬᠡᠳᠦ᠋ᠢᠪᠡᠷ ᠲᠤᠭ᠎ᠠ ᠶᠣᠰᠣᠭᠠᠷ ᠭᠦᠢᠴᠡᠳ ᠪᠤᠴᠠᠭᠠᠭ᠍ᠰᠠᠨ ᠪᠣᠯᠪᠠᠴᠤ᠌ ᠮᠡᠳᠡᠭᠡ ᠵᠠᠩᠭᠢ᠎ᠶ᠋ᠢᠨ ᠮᠡᠳᠡᠭᠦᠯᠦᠯᠲᠡ᠎ᠳᠠᠬᠢ ᠮᠠᠭᠤ ᠲᠡᠮᠳᠡᠭ᠌ᠯᠡᠯ᠎ᠨᠢ ᠳᠡᠯᠭᠡᠭᠦᠷ᠎ᠵᠢᠡᠨ ᠥᠷᠭᠡᠳᠭᠡᠨ ᠡᠵᠡᠩᠨᠡᠬᠦ᠌᠎ᠶ᠋ᠢᠨ 《ᠰᠠᠭᠠᠳ》 ᠪᠣᠯᠪᠠ᠃

3 ᠰᠠᠷ᠎ᠠ᠎ᠶ᠋ᠢᠨ 28᠎ᠤ᠋ ᠡᠳᠦᠷ᠂ ᠥᠪᠥᠷ ᠮᠣᠩᠭᠤᠯ᠎ᠤᠨ ᠬᠥᠳᠡᠭᠡ ᠲᠣᠰᠭᠤᠨ᠎ᠤ ᠬᠤᠳᠠᠯᠳᠤᠭᠠᠨ᠎ᠤ ᠪᠠᠩᠬᠢ᠎ᠶ᠋ᠢᠨ ᠠᠤᠬᠠᠨ ᠬᠤᠱᠢᠭᠤᠨ᠎ᠤ ᠰᠠᠯᠪᠤᠷᠢ ᠪᠠᠩᠬᠢ ᠳ᠋ᠠᠢ ᠠᠪᠤᠭᠠᠢ ᠵᠢᠨ ᠮᠡᠳᠡᠭᠡ ᠵᠠᠩᠭᠢ᠎ᠶ᠋ᠢ ᠱᠢᠭ᠌ᠰᠢᠨ ᠪᠠᠢᠴᠠᠭᠠᠭᠠᠳ ᠲᠡᠭᠦᠨ᠎ᠤ ᠨᠢᠭᠡ ᠤᠳᠠᠭ᠎ᠠ᠎ᠳᠡᠭᠡᠷ᠎ᠡ ᠢᠲᠡᠭᠡᠮᠵᠢ᠎ᠶ᠋ᠢ ᠰᠡᠷᠭᠦᠭᠡᠬᠦ᠌ ᠲᠥᠷᠥ᠎ᠶ᠋ᠢᠨ ᠪᠣᠳᠣᠯᠭ᠎ᠠ᠎ᠶ᠋ᠢᠨ ᠨᠥᠬᠦᠴᠡᠯ᠎ᠳᠤ ᠨᠡᠢᠴᠡᠭ᠌ᠰᠡᠨ᠎ᠢ ᠮᠡᠳᠡᠭᠡᠳ ᠢᠲᠡᠭᠡᠮᠵᠢ ᠵᠢ ᠨᠢ ᠰᠡᠷᠭᠦᠭᠡᠵᠦ ᠦᠭᠴᠡᠢ᠃ 《ᠢᠲᠡᠭᠡᠮᠵᠢ᠎ᠶ᠋ᠢ ᠰᠡᠷᠭᠦᠭᠡᠬᠦ᠌ ᠲᠥᠷᠥ᠎ᠶ᠋ᠢᠨ ᠪᠣᠳᠣᠯᠭ᠎ᠠ᠎ᠮᠠᠨ᠎ᠤ ᠳᠠᠷᠤᠭᠠᠰᠤ ᠵᠢ ᠬᠦᠩᠭᠡᠷᠡᠭᠦᠯᠦᠯ᠎ᠡ᠂ ᠰᠠᠢᠨ ᠢᠲᠡᠭᠡᠮᠵᠢ ᠪᠣᠯ ᠳᠠᠷᠤᠶ ᠮᠠᠨ᠎ᠤ ᠦᠨᠡᠨ ᠪᠣᠳᠠᠲᠠᠶ ᠬᠥᠭ᠌ᠵᠢᠯᠲᠡ᠎ᠶ᠋ᠢᠨ ᠢᠲᠡᠭᠡᠯ ᠵᠣᠷᠢᠭ ᠮᠥᠨ》 ᠭᠡᠵᠦ ᠳ᠋ᠠᠢ ᠠᠪᠤᠭᠠᠢ ᠰᠡᠳᠭᠢᠯ᠎ᠤᠨ ᠦᠭᠡ ᠪᠠᠨ ᠶᠠᠷᠢᠭᠰᠠᠨ ᠪᠠᠢᠨ᠎ᠠ᠃

2025 ᠣᠨ᠎ᠤ 12 ᠰᠠᠷ᠎ᠠ᠎ᠶ᠋ᠢᠨ 22 ᠤ᠋ᠨ ᠡᠳᠦᠷ᠎ᠠᠴᠠ ᠨᠠᠭᠠᠰᠢ᠂ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶ᠋ᠢᠨ ᠤᠯᠠᠭᠠᠨᠬᠠᠳᠠ ᠬᠤᠳᠠ᠎ᠶ᠋ᠢᠨ ᠬᠤᠪᠢᠶᠠᠷᠢ ᠪᠠᠩᠬᠢ ᠵᠠᠬ᠎ᠠ ᠳᠡᠯᠭᠡᠭᠦᠷ᠎ᠤᠨ ᠭᠤᠣᠯ ᠴᠣᠭ᠍ᠴᠠ᠎ᠶ᠋ᠢᠨ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠵᠦᠢᠯ ᠲᠠᠢ ᠨᠢᠭ᠍ᠲᠠ ᠤᠶᠠᠯᠳᠤᠭᠤᠯᠵᠤ᠂ ᠦᠢᠯᠡᠴᠢᠯᠡᠭᠡ ᠵᠢ ᠪᠠᠲᠤᠯᠠᠬᠤ᠂ ᠲᠦᠷᠦ᠍᠎ᠶ᠋ᠢᠨ ᠪᠤᠳᠤᠯᠭ᠎ᠠ᠎ᠶ᠋ᠢ ᠳᠠᠮᠵᠢᠭᠤᠯᠬᠤ᠂ ᠳᠤᠲᠤᠭᠠᠳᠤ ᠭᠦᠳᠡᠯᠭᠡᠬᠦ ᠬᠦᠴᠦ ᠵᠢ ᠬᠦᠭᠵᠢᠭᠡᠬᠦ ᠭᠤᠷᠪᠠᠨ ᠲᠠᠯ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠢᠲᠡᠭᠡᠮᠵᠢ᠎ᠵᠢ ᠰᠡᠷᠭᠦᠭᠡᠨ ᠮᠥᠩᠭᠦᠨ ᠭᠦᠢᠯᠭᠡᠭᠡᠨ᠎ᠤ ᠦᠢᠯᠡᠴᠢᠯᠡᠭᠡᠨ᠎ᠤ ᠬᠦᠴᠢᠷ ᠠᠰᠠᠭᠤᠳᠠᠯ᠎ᠢ ᠱᠢᠢᠳᠪᠦᠷᠢᠯᠡᠵᠦ᠍᠂ ᠣᠷᠣᠨ ᠨᠤᠲᠤᠭ᠎ᠤᠨ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠳᠤ ᠦᠷᠭᠦᠯᠵᠢᠯᠡᠨ ᠮᠥᠩᠭᠦᠨ ᠭᠦᠢᠯᠭᠡᠭᠡᠨ᠎ᠤ ᠠᠮᠢᠳᠤᠯᠢᠭ ᠬᠦᠴᠦᠨ ᠨᠡᠮᠡᠷᠢᠯᠡᠵᠡᠢ᠃

《ᠠᠷᠠᠳ᠎ᠤᠨ ᠪᠠᠩᠬᠢ᠎ᠶ᠋ᠢᠨ ᠨᠢᠭᠡ ᠤᠳᠠᠭ᠎ᠠ᠎ᠳᠡᠭᠡᠷ᠎ᠡ ᠢᠲᠡᠭᠡᠮᠵᠢ᠎ᠶ᠋ᠢ ᠰᠡᠷᠭᠦᠭᠡᠬᠦ᠌ ᠰᠠᠢᠨ ᠲᠥᠷᠥ᠎ᠶ᠋ᠢᠨ ᠪᠣᠳᠣᠯᠭ᠎ᠠ ᠪᠠᠢᠭᠰᠠᠨ ᠦᠭᠡᠢ ᠪᠤᠯ ᠮᠢᠨᠦ᠍ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢᠨ ᠮᠡᠳᠡᠭᠦᠯᠦᠯᠲᠡ ᠢᠮᠠᠭ᠍ᠲᠠ 〈ᠭᠬᠢᠷ〉 ᠲᠠᠢ》 ᠭᠡᠵᠦ ᠰᠦᠩᠱᠠᠨ ᠲᠤᠭᠤᠷᠢᠭ᠎ᠤᠨ ᠵᠠᠩ ᠠᠪᠤᠭᠠᠢ ᠶᠠᠷᠢᠯ᠎ᠠ᠃ 2021 ᠣᠨ᠎ᠳᠤ᠂ ᠲᠡᠷᠡ ᠳᠤᠮᠳᠠᠳᠤ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢᠨ ᠪᠠᠩᠬᠢ᠎ᠶ᠋ᠢᠨ ᠤᠯᠠᠭᠠᠨᠬᠠᠳᠠ᠎ᠶ᠋ᠢᠨ ᠬᠤᠪᠢᠶᠠᠷᠢ ᠪᠠᠩᠬᠢ᠎ᠡᠴᠡ ᠣᠷᠣᠨ ᠰᠠᠭᠤᠴᠠ᠎ᠶ᠋ᠢᠨ ᠪᠠᠷᠢᠴᠠᠭᠠᠲᠤ ᠵᠢᠭᠡᠯᠡᠯᠭᠡ ᠠᠪᠤᠭᠠᠳ᠂ 2023 ᠣᠨ᠎ᠠᠴᠠ 2024 ᠣᠨ᠎ᠤ ᠬᠤᠭᠤᠷᠣᠨᠳᠣ ᠬᠡᠷ ᠪᠦᠯᠢ᠎ᠶ᠋ᠢᠨ ᠲᠦᠷ ᠴᠠᠭ᠎ᠤᠨ ᠪᠠᠯᠠ ᠮᠥᠩᠭᠦ᠎ᠶ᠋ᠢᠨ ᠡᠷᠭᠢᠯᠲᠡ ᠬᠦᠴᠢᠷᠲᠠᠢ᠂ ᠠᠵᠢᠯ᠎ᠤᠨ ᠬᠤᠪᠢᠷᠠᠯᠲᠠ ᠡᠴᠡ ᠪᠤᠯᠵᠤ ᠣᠷᠣᠯᠭ᠎ᠠ ᠲᠣᠭ᠍ᠲᠠᠭᠤᠨ ᠪᠤᠰᠤ ᠵᠡᠷᠭᠡ ᠱᠢᠯᠲᠠᠭᠠᠨ᠎ᠠᠴᠠ ᠪᠣᠯᠵᠣ᠂ ᠣᠯᠠᠨ ᠤᠳᠠᠭ᠎ᠠ ᠪᠠᠭ᠎ᠠ ᠲᠤᠭ᠎ᠠ ᠪᠤᠶᠤ ᠬᠡᠰᠡᠭ ᠪᠤᠰᠠᠭ᠎ᠢᠶᠠᠷ ᠬᠤᠭᠤᠴᠠᠭ᠎ᠠ ᠨᠢ ᠬᠡᠲᠦᠷᠡᠵᠦ᠍᠂ ᠬᠤᠭᠤᠴᠠᠭ᠎ᠠ ᠬᠡᠲᠦᠷᠡᠭ᠌ᠰᠡᠨ ᠲᠡᠮᠳᠡᠭ᠌ᠯᠡᠯ᠎ᠢ ᠨᠢ ᠮᠡᠳᠡᠭᠡ ᠵᠠᠩᠭᠢ᠎ᠶ᠋ᠢᠨ ᠮᠡᠳᠡᠭᠦᠯᠦᠯᠲᠡ᠎ᠳᠤ ᠣᠷᠣᠭᠤᠯᠵᠤ᠂ ᠦᠷᠭᠦᠯᠵᠢᠯᠡᠨ ᠢᠲᠡᠭᠡᠮᠵᠢ᠎ᠶ᠋ᠢᠨ ᠺᠠᠷᠲ᠂ ᠬᠡᠷᠡᠭ᠌ᠯᠡᠭᠡᠨ᠎ᠤ ᠵᠢᠭᠡᠯᠡᠯᠭᠡ ᠵᠢᠴᠢ ᠪᠤᠰᠤᠳ ᠮᠥᠩᠭᠦᠨ ᠭᠦᠢᠯᠭᠡᠭᠡᠨ᠎ᠤ ᠲᠤᠬᠠᠢᠯᠠᠭ᠍ᠰᠠᠨ ᠠᠵᠢᠯ ᠭᠦᠢᠴᠡᠳᠭᠡᠬᠦ᠌᠎ᠳᠤ ᠣᠯᠠᠨᠲᠠ ᠬᠠᠷᠰᠢ ᠰᠠᠭᠠᠳ ᠲᠤᠯᠭᠠᠷᠠᠪᠠ᠃

ᠢᠲᠡᠭᠡᠮᠵᠢ᠎ᠶ᠋ᠢ ᠰᠡᠷᠭᠦᠭᠡᠬᠦ᠌ ᠲᠥᠷᠥ᠎ᠶ᠋ᠢᠨ ᠪᠣᠳᠣᠯᠭ᠎ᠠ᠎ᠶ᠋ᠢ ᠨᠡᠢᠲᠡᠯᠡᠭ᠌ᠰᠡᠨ᠎ᠤ ᠳᠠᠷᠠᠭ᠎ᠠ᠂ ᠪᠥᠲᠥᠭᠡᠨ ᠪᠠᠢᠭᠤᠯᠤᠯᠲᠠ᠎ᠶ᠋ᠢᠨ ᠪᠠᠩᠬᠢ᠎ᠶ᠋ᠢᠨ ᠤᠯᠠᠭᠠᠨᠬᠠᠳᠠ᠎ᠶ᠋ᠢᠨ ᠬᠤᠪᠢᠶᠠᠷᠢ ᠪᠠᠩᠬᠢ᠎ᠶ᠋ᠢᠨ ᠠᠵᠢᠯᠲᠠᠳ ᠨᠢᠭᠡ ᠨᠢᠭᠡ᠎ᠪᠠᠷ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠤᠨ ᠲᠠᠢᠯᠪᠤᠷᠢᠯᠠᠬᠤ ᠪᠠ ᠱᠠᠯᠠᠪᠳᠠᠭᠤᠯᠤᠨ ᠬᠤᠷᠢᠶᠠᠬᠤ ᠵᠢᠯᠣᠭᠤᠳᠣᠯᠭ᠎ᠠ ᠪᠡᠷ ᠵᠠᠩ ᠠᠪᠤᠭᠠᠢ ᠳᠠᠷᠤᠶ ᠲᠦᠷᠭᠡᠨ ᠪᠠᠯᠠ ᠮᠥᠩᠭᠦ᠌ ᠴᠤᠭ᠍ᠯᠠᠭᠤᠯᠤᠭᠠᠳ᠂ ᠨᠥᠬᠦᠴᠡᠯ᠎ᠳᠤ ᠨᠡᠢᠴᠡᠬᠦ᠌ ᠬᠤᠭᠤᠴᠠᠭ᠎ᠠ ᠬᠡᠲᠦᠷᠡᠭ᠌ᠰᠡᠨ ᠵᠢᠭᠡᠯᠡᠯᠭᠡ ᠪᠠᠨ ᠪᠦᠬᠦᠨ᠎ᠢ ᠲᠤᠭ᠎ᠠ ᠶᠤᠰᠤᠭᠠᠷ ᠪᠤᠴᠠᠭᠠᠵᠠᠢ᠃ ᠡᠨᠡ ᠵᠢᠯ᠎ᠤᠨ 1 ᠰᠠᠷ᠎ᠠ᠎ᠳᠤ ᠢᠲᠡᠭᠡᠮᠵᠢ ᠵᠢ ᠨᠢ ᠰᠡᠷᠭᠦᠭᠡᠭ᠌ᠰᠡᠨ᠎ᠤ ᠳᠠᠷᠠᠭ᠎ᠠ᠂ ᠵᠠᠩ ᠠᠪᠤᠭᠠᠢ ᠬᠤᠪᠢ ᠬᠥᠮᠦᠨ᠎ᠤ ᠢᠲᠡᠭᠡᠮᠵᠢ᠎ᠶ᠋ᠢᠨ ᠮᠡᠳᠡᠭᠦᠯᠦᠯᠲᠡ᠎ᠪᠠᠨ ᠳᠠᠬᠢᠨᠲᠠ ᠪᠠᠢᠴᠠᠭᠠᠨ ᠯᠠᠪᠯᠠᠬᠤ ᠳ᠋ᠤ ᠬᠤᠯᠪᠣᠭ᠍ᠳᠠᠯ ᠪᠦᠬᠦᠢ ᠬᠤᠭᠤᠴᠠᠭ᠎ᠠ ᠬᠡᠲᠦᠷᠡᠭᠰᠡᠨ ᠲᠡᠮᠲᠡᠭᠯᠡᠯ᠎ᠨᠢ ᠨᠢᠭᠡᠨᠲᠡ ᠠᠯᠠᠭ᠎ᠠ ᠪᠤᠯᠵᠤ᠂ ᠢᠲᠡᠭᠡᠮᠵᠢ᠎ᠶ᠋ᠢᠨ ᠪᠠᠢᠳᠠᠯ ᠨᠢ ᠬᠡᠪ᠎ᠤᠨ ᠪᠠᠢᠳᠠᠯ᠎ᠳᠤ ᠤᠷᠤᠭᠰᠠᠨ ᠪᠠᠢᠯ᠎ᠠ᠃

ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ ᠦᠨᠳᠦᠰᠦᠨ ᠪᠠᠲᠤᠯᠠᠭ᠎ᠠ᠎ᠶ᠋ᠢ ᠰᠠᠢᠲᠤᠷ ᠬᠢᠬᠦ᠌᠎ᠶ᠋ᠢᠨ ᠲᠥᠯᠥᠭᠡ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶ᠋ᠢᠨ ᠤᠯᠠᠭᠠᠨᠬᠠᠳᠠ ᠬᠤᠲᠠ᠎ᠶ᠋ᠢᠨ ᠬᠤᠪᠢᠶᠠᠷᠢ ᠪᠠᠩᠬᠢ ᠢᠲᠡᠭᠡᠮᠵᠢ ᠣᠯᠬᠤ ᠬᠠᠭᠠᠰ ᠴᠠᠭ᠎ᠤᠨ ᠪᠠᠢᠴᠠᠭᠠᠨ ᠯᠠᠪᠯᠠᠬᠤ ᠦᠢᠯᠡᠴᠢᠯᠡᠭᠡᠨ᠎ᠤ ᠬᠦᠷᠢᠶ᠎ᠡ᠎ᠪᠠᠨ ᠲᠠᠰ ᠳᠡᠪᠱᠢᠭᠦᠯᠦᠨ ᠱᠢᠯᠢᠳᠡᠭ᠌ᠵᠢᠭᠦᠯᠵᠦ᠍᠂《ᠰᠦᠯᠵᠢᠶᠡᠨ ᠭᠠᠳᠠᠨ᠎ᠠ ᠥᠪᠡᠰᠦᠪᠡᠨ ᠪᠠᠢᠴᠠᠭᠠᠨ ᠯᠠᠪᠯᠠᠬᠤ᠎ᠪᠠᠷ ᠭᠤᠤᠯ ᠴᠣᠭ᠍ᠴᠠ ᠪᠣᠯᠭᠠᠵᠤ᠂ ᠢᠨᠲ᠋ᠧᠷ ᠰᠦᠯᠵᠢᠶᠡᠨ᠎ᠤ ᠪᠠᠢᠴᠠᠭᠠᠨ ᠯᠠᠪᠯᠠᠬᠤ᠎ᠪᠠᠷ ᠭᠤᠤᠯᠳᠠᠭᠰᠠᠨ》 ᠪᠠᠢᠴᠠᠭᠠᠨ ᠯᠠᠪᠯᠠᠬᠤ ᠪᠠᠢᠷᠢᠱᠢᠭᠤᠯᠤᠯᠲᠠ᠎ᠶ᠋ᠢ ᠨᠢᠭᠡᠳᠦᠯᠲᠡᠶ ᠲᠥᠯᠥᠪᠯᠡᠨ᠂ ᠲᠤᠬᠠᠶ᠎ᠶ᠋ᠢᠨ ᠭᠠᠵᠠᠷ ᠣᠷᠣᠨ᠎ᠤ ᠪᠠᠢᠳᠠᠯ᠎ᠳᠤᠨᠢ ᠳᠣᠭᠢᠷᠠᠭᠤᠯᠤᠨ᠂ ᠢᠲᠡᠭᠡᠮᠵᠢ᠎ᠶ᠋ᠢᠨ ᠮᠡᠳᠡᠭᠦᠯᠦᠯᠲᠡ᠎ᠶ᠋ᠢᠨ ᠪᠠᠢᠴᠠᠭᠠᠨ ᠯᠠᠪᠯᠠᠬᠤ ᠲᠣᠤᠷ ᠴᠡᠭ᠎ᠢ 264 ᠭᠠᠷᠭᠠᠨ᠂ ᠪᠠᠢᠴᠠᠭᠠᠨ ᠯᠠᠪᠯᠠᠬᠤ ᠮᠠᠱᠢᠨ (ᠤᠶᠤᠨᠴᠢ ᠯᠠᠩᠭᠦᠶ᠎ᠶ᠋ᠢᠨ ᠮᠠᠱᠢᠨ ᠪᠠᠭ᠍ᠲᠠᠨ᠎ᠠ) ᠢ᠋ 504 ᠰᠠᠭᠤᠷᠢ ᠭᠠᠷᠭᠠᠵᠤ᠂ 《ᠲᠤᠬᠠᠶ᠎ᠶ᠋ᠢᠨ ᠲᠠᠯᠠᠪᠠᠢ᠎ᠳᠤ ᠲᠣᠭᠤᠷᠢᠨ ᠪᠠᠢᠴᠠᠭᠠᠬᠤ᠂ ᠡᠭᠦᠯᠡᠨ ᠲᠣᠭᠤᠷᠢᠨ ᠪᠠᠢᠴᠠᠭᠠᠬᠤ》 ᠳᠠᠪᠬᠤᠷ ᠲᠣᠭ᠍ᠲᠠᠴᠠ᠎ᠶ᠋ᠢ ᠱᠢᠨ᠎ᠡ᠎ᠪᠠᠷ ᠡᠭᠦᠳᠦᠨ ᠬᠡᠷᠡᠭ᠌ᠵᠢᠭᠦᠯᠵᠦ᠍᠂ ᠮᠠᠰᠢᠨ ᠲᠥᠬᠦᠭᠡᠷᠦᠮᠵᠢ᠎ᠶ᠋ᠢᠨ ᠰᠠᠭᠠᠳ ᠥᠬᠡᠶ ᠨᠡᠪᠲᠡᠷᠡᠬᠦ᠌᠎ᠶ᠋ᠢ ᠪᠠᠢᠩᠭᠤᠵᠢᠭᠤᠯᠤᠨ ᠵᠢᠭ᠍ᠰᠠᠭᠠᠨ ᠪᠠᠢᠴᠠᠭᠠᠵᠤ᠂ ᠪᠠᠢᠴᠠᠭᠠᠨ ᠯᠠᠪᠯᠠᠬᠤ ᠦᠢᠯᠡᠴᠢᠯᠡᠭᠡᠨ᠎ᠤ ᠰᠠᠭᠠᠳ ᠥᠬᠡᠶ ᠨᠡᠪᠲᠡᠷᠡᠬᠦ᠌᠎ᠶ᠋ᠢ ᠪᠠᠲᠤᠯᠠᠪᠠ᠃ ᠡᠭᠦᠨ᠎ᠤ ᠬᠠᠮᠲᠤ ᠬᠠᠷᠢᠶ᠎ᠠ ᠣᠷᠣᠨ᠎ᠤ ᠢᠲᠡᠭᠡᠮᠵᠢ ᠣᠯᠬᠤ ᠪᠠᠢᠴᠠᠭᠠᠨ ᠯᠠᠪᠯᠠᠬᠤ ᠲᠣᠤᠷ ᠴᠡᠭ᠎ᠤᠨ ᠵᠠᠮᠴᠢᠯᠠᠬᠤ᠎ᠶ᠋ᠢ ᠬᠥᠳᠡᠯᠦᠩᠭᠦᠶ᠎ᠪᠠᠷ ᠱᠢᠨᠡᠳᠭᠡᠵᠦ᠍᠂ 《ᠨᠢᠭᠡ ᠳᠠᠷᠤᠪᠴᠢ᠎ᠪᠠᠷ ᠣᠷᠣᠨ ᠪᠠᠢᠷᠢ ᠲᠣᠭ᠍ᠲᠠᠭᠠᠬᠤ᠂ ᠵᠠᠮᠴᠢᠯᠠᠬᠤ ᠦᠶ᠋ᠯᠡᠴᠢᠯᠡᠭᠡ᠂ ᠥᠪᠡᠰᠦᠪᠡᠨ ᠭᠦᠶ᠋ᠴᠡᠳᠭᠡᠬᠦ᠌》 ᠨᠢᠭᠡ ᠥᠷᠲᠡᠭᠡᠴᠢᠯᠡᠭ᠌ᠰᠡᠨ ᠪᠠᠢᠴᠠᠭᠠᠨ ᠯᠠᠪᠯᠠᠬᠤ ᠵᠠᠭ᠍ᠪᠤᠷ᠎ᠢ ᠦᠷᠭᠦᠯᠵᠢᠯᠡᠨ ᠬᠡᠷᠡᠭᠵᠢᠭᠦᠯᠦᠨ᠂ ᠴᠢᠨᠠᠷ ᠰᠠᠢᠲᠠᠶ ᠦᠶ᠋ᠯᠡᠴᠢᠯᠡᠭᠡ᠎ᠪᠠᠷ ᠣᠯᠠᠨ ᠲᠦᠮᠡᠨ᠎ᠤ ᠣᠯᠠᠨ ᠵᠦᠢᠯ᠎ᠤᠨ ᠪᠠᠢᠴᠠᠭᠠᠨ ᠯᠠᠪᠯᠠᠬᠤ ᠬᠡᠷᠡᠭ᠌ᠴᠡᠭᠡ᠎ᠶ᠋ᠢ ᠬᠠᠩᠭᠠᠭᠰᠠᠨ ᠪᠠᠢᠨ᠎ᠠ᠃

ᠤᠯᠠᠭᠠᠨᠬᠠᠳᠠ ᠬᠤᠲᠠ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠬᠦ᠌ ᠬᠤᠭᠤᠴᠠᠭᠠᠨ᠎ᠳᠤ ᠨᠡᠢᠲᠡ 9.8 ᠲᠦᠮᠡ ᠭᠠᠷᠤᠶ ᠬᠤᠪᠢ ᠢᠲᠡᠭᠡᠮᠵᠢ᠎ᠶ᠋ᠢᠨ ᠮᠡᠳᠡᠭᠦᠯᠦᠯᠲᠡ᠎ᠶ᠋ᠢ ᠪᠠᠢᠴᠠᠭᠠᠨ ᠯᠠᠪᠯᠠᠬᠤ ᠦᠢᠯᠡᠴᠢᠯᠡᠭᠡ ᠬᠠᠩᠭᠠᠵᠤ᠂ ᠣᠯᠠᠨ ᠲᠦᠮᠡᠨ᠎ᠤ ᠲᠥᠷᠥ᠎ᠶ᠋ᠢᠨ ᠪᠣᠳᠣᠯᠭ᠎ᠠ᠎ᠶ᠋ᠢᠨ ᠯᠠᠪᠯᠠᠭ᠎ᠠ᠎ᠳᠤ 9000 ᠭᠠᠷᠤᠶ ᠤᠳᠠᠭ᠎ᠠ ᠬᠠᠷᠢᠭᠤᠯᠲᠠ ᠥᠭ᠌ᠴᠦ᠂ ᠬᠤᠭᠤᠴᠠᠭ᠎ᠠ ᠬᠡᠲᠦᠷᠡᠭ᠌ᠰᠡᠨ 8000 ᠭᠠᠷᠤᠶ ᠭᠤᠤᠯ ᠴᠣᠭ᠍ᠴᠠ᠎ᠶ᠋ᠢᠨ  ᠰᠠᠨᠠᠭᠠᠴᠢᠯᠠᠭ᠎ᠠ᠎ᠠᠴᠠ᠎ᠪᠠᠨ ᠵᠢᠭᠡᠯᠡᠯᠭᠡ ᠪᠠᠨ ᠪᠤᠴᠠᠭᠠᠬᠤ ᠵᠢ ᠬᠥᠲᠥᠯᠦᠨ ᠵᠢᠯᠣᠭᠤᠳᠴᠤ᠌᠂ ᠣᠯᠠᠨ ᠲᠦᠮᠡᠨ᠎ᠤ ᠢᠲᠡᠭᠡᠮᠵᠢ᠎ᠶ᠋ᠢᠨ ᠵᠣᠪᠠᠨᠢᠯ᠎ᠢ ᠨᠠᠮᠳᠠᠭᠤᠯᠬᠤ᠎ᠶ᠋ᠢᠨ ᠬᠠᠮᠲᠤ᠌ ᠭᠠᠵᠠᠷ ᠣᠷᠣᠨ᠎ᠤ ᠢᠲᠡᠭᠡᠮᠵᠢ᠎ᠶ᠋ᠢᠨ ᠠᠮᠢ ᠠᠬᠤᠶ᠎ᠶ᠋ᠢᠨ ᠱᠢᠯᠢᠳᠡᠭ᠌ᠵᠢᠵᠦ᠍ ᠰᠠᠢᠵᠢᠷᠠᠬᠤ᠎ᠶ᠋ᠢ ᠠᠬᠢᠭᠤᠯᠪᠠ᠃

ᠢᠲᠡᠭᠡᠮᠵᠢ᠎ᠶ᠋ᠢ ᠰᠡᠷᠭᠦᠭᠡᠬᠦ᠌ ᠲᠥᠷᠥ᠎ᠶ᠋ᠢᠨ ᠪᠣᠳᠣᠯᠭ᠎ᠠ᠎ᠪᠤᠯ ᠳᠥᠭᠦᠮᠬᠡᠨ ᠲᠤᠭ᠎ᠠ ᠪᠠᠷᠢᠮᠲᠠ᠎ᠶ᠋ᠢ ᠱᠢᠨᠡᠳᠭᠡᠬᠦ᠌ ᠶᠠᠪᠤᠳᠠᠯ ᠲᠡᠳᠦᠢ ᠪᠢᠰᠢ᠂ ᠬᠠᠷᠢᠨ ᠦᠨᠡᠨᠴᠢ ᠨᠠᠢᠳᠠᠪᠤᠷᠢᠲᠠᠢ ᠬᠥᠮᠦᠰ᠎ᠲᠤ ᠪᠠᠯᠠ ᠲᠣᠬᠢᠷᠠᠭᠤᠯᠬᠤ ᠵᠠᠮ᠎ᠢ ᠳᠠᠬᠢᠨ ᠨᠡᠭᠡᠭᠡᠵᠦ᠍᠂ ᠬᠥᠭ᠌ᠵᠢᠯᠲᠡ᠎ᠶ᠋ᠢᠨ ᠢᠲᠡᠭᠡᠯ᠎ᠢ ᠳᠠᠬᠢᠨ ᠡᠷᠴᠢᠯᠡᠬᠦ ᠴᠢᠬᠤᠯᠠ ᠠᠷᠠᠳ᠎ᠤᠨ ᠠᠮᠢᠳᠤᠷᠠᠯ᠎ᠤᠨ ᠠᠷᠭ᠎ᠠ ᠬᠡᠮᠵᠢᠶ᠎ᠡ ᠪᠣᠯᠤᠨ᠎ᠠ᠃ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶ᠋ᠢᠨ ᠤᠯᠠᠭᠠᠨᠬᠠᠳᠠ ᠬᠤᠲᠠ᠎ᠶ᠋ᠢᠨ ᠬᠤᠪᠢᠶᠠᠷᠢ ᠪᠠᠩᠬᠢ᠎ᠮᠥᠩᠭᠦᠨ ᠭᠦᠢᠯᠭᠡᠭᠡᠨ᠎ᠤ ᠪᠠᠢᠭᠤᠯᠤᠮᠵᠢ᠎ᠶ᠋ᠢ ᠵᠢᠯᠣᠭᠤᠳᠤᠨ᠂ ᠪᠥᠬᠦ᠌ ᠦᠶᠡᠯᠡᠯ᠎ᠤᠨ ᠬᠤᠭᠤᠴᠠᠭᠠᠨ᠎ᠤ ᠲᠥᠷᠥ᠎ᠶ᠋ᠢᠨ ᠪᠣᠳᠣᠯᠭ᠎ᠠ᠎ᠶ᠋ᠢᠨ ᠦᠷ᠎ᠡ ᠪᠦᠲᠦᠮᠵᠢ᠎ᠶ᠋ᠢ ᠦᠨᠡᠯᠡᠨ ᠵᠢᠱ᠌ᠢᠬᠦ᠌ ᠪᠠ ᠮᠥᠷᠳᠡᠨ ᠦᠢᠯᠡᠴᠢᠯᠡᠬᠦ᠌ ᠲᠣᠭ᠍ᠲᠠᠴᠠ᠎ᠶ᠋ᠢ ᠵᠡᠷᠭᠡ ᠪᠡᠷ ᠪᠠᠢᠭᠤᠯᠵᠤ᠂ ᠪᠠᠢᠩᠭᠤᠵᠢᠭᠤᠯᠤᠭ᠍ᠰᠠᠨ ᠬᠠᠷᠢᠭᠤ ᠰᠤᠷᠪᠤᠯᠵᠢᠯᠠᠬᠤ᠂ ᠵᠣᠭᠤᠰ ᠪᠤᠴᠠᠭᠠᠬᠤ᠎ᠶ᠋ᠢ ᠰᠠᠨᠠᠭᠤᠯᠬᠤ ᠵᠡᠷᠭᠡ ᠠᠷᠭ᠎ᠠ ᠬᠡᠮᠵᠢᠶ᠎ᠡ᠎ᠪᠠᠷ ᠢᠲᠡᠭᠡᠮᠵᠢ᠎ᠶ᠋ᠢᠨ ᠦᠢᠯᠡᠴᠢᠯᠡᠭᠡ᠎ᠶ᠋ᠢ 《ᠨᠢᠭᠡ ᠤᠳᠠᠭ᠎ᠠ᠎ᠳᠡᠭᠡᠷ᠎ᠡ ᠰᠡᠷᠭᠦᠭᠡᠬᠦ᠌》 ᠡᠴᠡ 《ᠦᠷᠭᠦᠯᠵᠢᠯᠡᠨ ᠬᠦᠴᠦ ᠨᠡᠮᠡᠷᠢᠯᠡᠬᠦ》 ᠲᠡᠰᠢ ᠵᠠᠯᠭᠠᠭ᠎ᠠ᠎ᠪᠠᠷ ᠲᠠᠰ ᠳᠡᠪᠱᠢᠭᠦᠯᠬᠦ᠌᠎ᠶ᠋ᠢ ᠠᠬᠢᠭᠤᠯᠵᠠᠢ᠃ 2026 ᠣᠨ᠎ᠤ 1 - 4 ᠰᠠᠷ᠎ᠠ᠎ᠳᠤ᠂ ᠤᠯᠠᠭᠠᠨᠬᠠᠳᠠ ᠬᠤᠲᠠ᠎ᠶ᠋ᠢᠨ ᠪᠠᠩᠬᠢ᠎ᠶ᠋ᠢᠨ ᠦᠢᠯᠡᠰ᠎ᠤᠨ ᠮᠥᠩᠭᠦᠨ ᠭᠦᠢᠯᠭᠡᠭᠡᠨ᠎ᠤ ᠪᠠᠢᠭᠤᠯᠤᠮᠵᠢ᠎ᠶ᠋ᠢᠨ ᠬᠤᠪᠢ ᠬᠥᠮᠦᠨ᠎ᠤ ᠵᠢᠭᠡᠯᠡᠯᠭᠡ ᠵᠢ 526.31 ᠳ᠋ᠦᠩᠱᠢᠭᠤᠷ ᠲᠥᠭᠦᠷᠢᠭ ᠨᠡᠮᠡᠭ᠌ᠳᠡᠭᠦᠯᠵᠦ᠍᠂ ᠠᠳᠠᠯᠢ ᠬᠤᠭᠤᠴᠠᠭᠠᠨ᠎ᠤ᠎ᠬᠢ᠎ᠠᠴᠠ 14.46% ᠪᠠᠷ ᠨᠡᠮᠡᠭ᠌ᠳᠡᠨ᠂ ᠪᠠᠯᠠ ᠮᠥᠩᠭᠦ᠎ᠶ᠋ᠢ ᠬᠠᠪᠤᠷ᠎ᠤᠨ ᠲᠠᠷᠢᠶᠠᠯᠠᠭ᠎ᠠ᠎ᠶ᠋ᠢᠨ ᠪᠡᠯᠡᠳᠭᠡᠯ᠂ ᠣᠷᠣᠨ ᠰᠠᠭᠤᠴᠠ᠎ᠶ᠋ᠢᠨ ᠬᠡᠷᠡᠭ᠌ᠯᠡᠭᠡ᠂ ᠠᠷᠠᠯᠵᠢᠶ᠎ᠠ ᠬᠤᠳᠠᠯᠳᠤᠭᠠᠨ᠎ᠤ ᠵᠢᠵᠢᠭ᠌ᠯᠡᠨ ᠬᠤᠳᠠᠯᠳᠤᠬᠤ᠂ ᠢᠳᠡᠭᠡᠨ ᠤᠮᠳᠠᠭᠠᠨ᠎ᠤ ᠦᠢᠯᠡᠴᠢᠯᠡᠭᠡ ᠵᠡᠷᠭᠡ ᠣᠯᠠᠨ ᠬᠦᠷᠢᠶᠡᠨ᠎ᠳᠤ ᠬᠡᠷᠡᠭ᠌ᠯᠡᠵᠦ᠍᠂ ᠲᠥᠷᠥ᠎ᠶ᠋ᠢᠨ ᠪᠣᠳᠣᠯᠭ᠎ᠠ᠎ᠶ᠋ᠢᠨ ᠠᠱᠢᠭ ᠲᠤᠰᠠ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠂ ᠬᠡᠷᠡᠭ᠌ᠯᠡᠭᠡ᠎ᠶ᠋ᠢ ᠠᠬᠢᠭᠤᠯᠬᠤ᠂ ᠲᠣᠭ᠍ᠲᠠᠭᠤᠨ᠎ᠢᠶᠠᠷ ᠨᠡᠮᠡᠭ᠌ᠳᠡᠭᠦᠯᠬᠦ᠌ ᠪᠠᠲᠤ ᠬᠥᠳᠡᠯᠭᠡᠬᠦ᠌ ᠬᠦᠴᠦᠨ ᠪᠤᠯᠵᠤ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号