ᠰᠡᠳᠭᠢᠯ ᠨᠢᠭᠡᠳᠦᠨ ᠬᠦᠴᠦ᠍ᠨ᠎ᠢᠶᠡᠨ ᠬᠠᠮᠲᠤᠳᠭᠠᠵᠤ ᠬᠢᠯᠢ ᠬᠢᠵᠠᠭᠠᠷ ᠤᠷᠤᠨ᠎ᠦ ᠱᠢᠨ᠎ᠡ ᠬᠠᠭᠤᠳᠠᠰᠤ ᠵᠢ ᠪᠢᠴᠢᠭᠯᠡᠨ᠎ᠠ
2026-05-27 09:43:14
ᠵᠣᠬᠢᠶᠠᠭ᠍ᠴᠢ᠄
ᠬᠠᠶ ᠵᠢᠶᠦ᠋ᠨ
ᠣᠩᠱᠢᠭ᠍ᠰᠠᠨ ᠣᠳᠠᠭ᠎ᠠ᠄
★★★☆☆

5 ᠰᠠᠷ᠎ᠠ ᠵᠢᠨ ᠳᠥᠷᠪᠡᠳ ᠨᠤᠳᠤᠭ ᠎ᠲᠦ ᠡᠪᠡᠰᠦ ᠮᠣᠳᠣ ᠬᠦᠭᠡᠷᠡᠨ᠂ ᠭᠠᠵᠠᠷ ᠰᠠᠢ ᠦᠭᠡᠢ ᠠᠮᠢᠵᠢᠷᠠᠯ ᠎ᠦᠨ ᠬᠦᠴᠦᠨ ᠵᠢᠡᠷ ᠪᠢᠯᠬᠠᠨ᠎ᠠ᠃ 《ᠠᠷᠠᠳ᠎ᠤᠨ ᠵᠢᠱ᠌ᠢᠶᠡᠴᠢ》 ᠲᠦᠬᠦᠢᠮ᠎ᠡ ᠬᠠᠭᠠᠰ ᠨᠠᠰᠤᠨ᠎ᠤ ᠬᠠᠢᠷ᠎ᠠ ᠡᠨᠡᠷᠢᠯ ᠵᠢᠡᠷ᠎ᠢᠶᠠᠨ 28 ᠥᠨᠥᠴᠢᠨ ᠬᠡᠦᠬᠡᠳ᠎ᠢ ᠥᠰᠭᠡᠵᠦ᠍ ᠬᠥᠮᠦᠵᠢᠭᠦᠯᠦᠭ᠌ᠰᠡᠨ᠎ᠡᠴᠡ 《ᠳᠤᠮᠳᠠᠳᠤ ᠤᠯᠤᠰ᠎ᠤᠨ ᠰᠠᠢ᠌ᠨ ᠬᠥᠮᠦᠨ》 ᠭᠠᠡᠭᠪᠤᠯᠤᠳ ᠬᠢᠯᠢ ᠲᠡᠭᠡᠷ᠎ᠠ ᠭᠠᠴᠢᠭᠳᠠᠭᠰᠠᠨ ᠵᠢᠯᠤᠭᠤᠴᠢ ᠨᠠᠷ ᠢ᠋ ᠲᠤᠰᠠᠯᠠᠬᠰᠠᠨ ᠬᠦᠷᠲᠡᠯ᠎ᠡ᠂ ᠬᠢᠯᠢ ᠬᠢᠵᠠᠭᠠᠷ᠎ᠢ ᠬᠥᠭ᠌ᠵᠢᠭᠦᠯᠵᠦ᠍ ᠠᠷᠠᠳ᠎ᠢ ᠪᠠᠶᠠᠵᠢᠭᠤᠯᠬᠤ ᠬᠥᠭ᠌ᠵᠢᠯᠲᠡ᠎ᠶ᠋ᠢᠨ ᠰᠠᠭᠤᠷᠢ᠎ᠶ᠋ᠢ ᠪᠡᠬᠢᠵᠢᠭᠦᠯᠬᠦ᠌᠎ᠡᠴᠡ ᠰᠣᠶᠣᠯ ᠵᠢᠭᠤᠯᠴᠢᠯᠠᠯ᠎ᠢ ᠠᠭᠤᠰᠤᠯᠴᠠᠭᠤᠯᠬᠤ ᠬᠦᠷᠲᠡᠯ᠎ᠡ᠂ ᠳᠤᠮᠳᠠᠳᠤ ᠵᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠢ᠋ ᠪᠠᠲᠤ ᠴᠤᠭᠴᠠᠯᠠᠬᠤ ᠵᠢ ᠬᠠᠮᠤᠭ ᠤᠯᠠᠨ ᠳ᠋ᠤ ᠤᠬᠠᠭᠤᠯᠬᠤ ᠡᠴᠡ ᠴᠠᠭ᠍ᠳᠠᠭ᠎ᠠ ᠠᠷᠠᠳ ᠭᠠᠷ ᠬᠣᠯᠪᠣᠯᠴᠠᠨ ᠬᠢᠯᠢ᠎ᠶ᠋ᠢᠨ ᠪᠣᠭᠣᠮᠲᠠ᠎ᠶ᠋ᠢᠨ ᠰᠡᠷᠭᠡᠢᠯᠡᠯᠲᠡ᠎ᠶ᠋ᠢᠨ ᠱᠤᠭᠤᠮ᠎ᠢ ᠪᠠᠲᠤ ᠴᠣᠭ᠍ᠴᠠᠯᠠᠬᠤ ᠬᠦᠷᠲᠡᠯ᠎ᠡ ᠳᠥᠷᠪᠡᠳ ᠬᠣᠱᠢᠭᠤᠨ᠎ᠤ ᠦᠨᠳᠦᠰᠦᠲᠡᠨ᠎ᠨᠦᠭᠦᠳ᠎ᠦᠨ ᠣᠯᠠᠨ ᠲᠦᠮᠡᠨ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠵᠤ᠂ ᠰᠡᠳᠭᠢᠯ ᠨᠢᠭᠡᠳᠦᠨ ᠡᠷᠡᠯᠬᠡᠭ᠌ᠯᠡᠨ ᠤᠷᠤᠭ᠍ᠰᠢᠯᠠᠵᠤ᠂ ᠬᠢᠯᠢ ᠬᠢᠵᠠᠭᠠᠷ᠎ᠢ ᠰᠠᠬᠢᠨ ᠪᠡᠬᠢᠵᠢᠭᠦᠯᠬᠦ᠌᠂ ᠪᠦᠯᠬᠦᠮᠳᠡᠨ ᠲᠡᠮᠡᠴᠡᠬᠦ᠌᠂ ᠴᠡᠴᠡᠭ᠌ᠯᠡᠨ ᠬᠥᠭ᠌ᠵᠢᠬᠦ᠌ ᠴᠠᠭ ᠦᠶ᠎ᠡ᠎ᠶ᠋ᠢᠨ ᠬᠠᠭᠤᠳᠠᠰᠤ᠎ᠶ᠋ᠢ ᠪᠢᠴᠢᠭ᠌ᠯᠡᠨ᠎ᠠ᠃

《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ》 ᠶ᠋ᠢᠨ ᠭᠤᠴᠢ ᠶᠢᠰᠦᠳᠦᠭᠡᠷ ᠵᠦᠢᠯ᠎ᠳᠦ᠄ 《ᠲᠦᠷᠦ᠍᠎ᠶ᠋ᠢᠨ ᠶᠠᠪᠤᠳᠠᠯ᠎ᠤᠨ ᠬᠣᠷᠢᠶᠠᠨ᠎ᠤ ᠬᠣᠯᠪᠣᠭ᠍ᠳᠠᠯ ᠪᠦᠬᠦᠢ ᠰᠠᠯᠠᠭ᠎ᠠ ᠮᠥᠴᠢᠷ ᠪᠠ ᠬᠢᠯᠢ ᠬᠢᠵᠠᠭᠠᠷ ᠣᠷᠣᠨ᠎ᠤ ᠱᠢᠶᠠᠨ᠎ᠤ ᠱᠠᠲᠤᠨ᠎ᠡᠴᠠ ᠳᠡᠭᠡᠭ᠌ᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠬᠢᠯᠢ ᠬᠢᠵᠠᠭᠠᠷ ᠣᠷᠣᠨ᠎ᠢ ᠬᠥᠭ᠌ᠵᠢᠭᠦᠯᠦᠨ ᠠᠷᠠᠳ᠎ᠢ ᠪᠠᠶᠠᠵᠢᠭᠤᠯᠬᠤ᠂ ᠬᠢᠯᠢ ᠬᠢᠵᠠᠭᠠᠷ ᠣᠷᠣᠨ᠎ᠢ ᠲᠣᠭ᠍ᠲᠠᠪᠤᠷᠢᠵᠢᠭᠤᠯᠤᠨ ᠬᠢᠯᠢ ᠬᠢᠵᠠᠭᠠᠷ ᠣᠷᠣᠨ᠎ᠢ ᠪᠡᠬᠢᠵᠢᠭᠦᠯᠬᠦ᠌᠎ᠶ᠋ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠢᠯᠢ ᠬᠢᠵᠠᠭᠠᠷ ᠣᠷᠣᠨ᠎ᠤ ᠪᠦᠲᠦᠭᠡᠨ ᠪᠠᠢᠭᠤᠯᠤᠯᠲᠠ᠎ᠶ᠋ᠢ ᠳᠡᠮᠵᠢᠬᠦ᠌᠎ᠶ᠋ᠢ ᠵᠣᠷᠢᠭ᠍ᠵᠢᠭᠤᠯᠤᠨ᠂ ᠰᠠᠭᠤᠷᠢ ᠲᠥᠬᠥᠭᠡᠷᠦᠮᠵᠢ ᠪᠠ ᠤᠯᠠᠨ ᠨᠡᠢᠲᠡ᠎ᠶ᠋ᠢᠨ ᠦᠢᠯᠡᠴᠢᠯᠡᠭᠡᠨ᠎ᠦ ᠲᠥᠬᠥᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠵᠤ᠂ ᠬᠢᠯᠢ ᠬᠢᠵᠠᠭᠠᠷ ᠣᠷᠣᠨ᠎ᠤ ᠠᠢᠯ ᠲᠣᠰᠭᠣᠨ᠎ᠤ ᠣᠷᠣᠱᠢᠨ ᠰᠠᠭᠤᠬᠤ ᠣᠷᠴᠢᠨ ᠨᠥᠬᠥᠴᠡᠯ ᠪᠠ ᠦᠢᠯᠡᠳᠪᠦᠷᠢᠯᠡᠯ ᠠᠮᠢᠳᠤᠷᠠᠯ᠎ᠤᠨ ᠨᠥᠬᠥᠴᠡᠯ᠎ᠢ ᠰᠠᠢᠵᠢᠷᠠᠭᠤᠯᠪᠠᠯ ᠵᠤᠬᠢᠨ᠎ᠠ︾ ᠬᠡᠵᠤ ᠲᠤᠭᠲᠠᠭᠠᠭᠰᠠᠨ ᠪᠠᠢᠳᠠᠭ᠃ ᠡᠨᠡ᠎ᠨᠢ ᠳᠥᠷᠪᠡᠳ ᠬᠣᠱᠢᠭᠤᠨ᠎ᠤ ᠬᠢᠯᠢ ᠬᠢᠵᠠᠭᠠᠷ ᠣᠷᠣᠨ᠎ᠤ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ ᠪᠥᠲᠥᠭᠡᠨ ᠪᠠᠢᠭᠤᠯᠤᠯᠲᠠ᠎ᠶ᠋ᠢ ᠰᠠᠢᠲᠤᠷ ᠬᠢᠬᠦ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ ᠢᠨᠵᠧᠨᠧᠷᠢᠩ᠎ᠢ ᠰᠠᠢᠲᠤᠷ ᠬᠡᠷᠡᠭ᠌ᠵᠢᠭᠦᠯᠬᠦ᠌ ᠎ᠳᠦ ᠬᠠᠤᠯᠢ ᠵᠢᠨ ᠪᠠᠲᠤᠯᠠᠭ᠎ᠠ ᠬᠠᠩᠭᠠᠵᠠᠢ᠃

ᠬᠢᠯᠢ ᠬᠢᠵᠠᠭᠠᠷ᠎ᠢ ᠬᠥᠭ᠌ᠵᠢᠭᠦᠯᠦᠨ ᠪᠡᠬᠢᠵᠢᠭᠦᠯᠬᠦ᠎ᠳᠦ ᠠᠵᠤ ᠦᠢᠯᠡᠰ ᠰᠠᠭᠤᠷᠢ ᠪᠣᠯᠤᠨ᠎ᠠ᠃ ᠬᠢᠯᠢ ᠬᠢᠵᠠᠭᠠᠷ ᠣᠷᠣᠨ᠎ᠤ ᠣᠯᠠᠨ ᠲᠦᠮᠡᠨ ᠲᠠᠷᠠᠬᠠᠢ ᠪᠤᠳᠠᠷᠬᠠᠢ ᠰᠠᠭᠤᠷᠢᠰᠢᠵᠤ᠂ ᠤᠢᠯᠡᠳᠪᠤᠷᠢᠯᠡᠯ ᠠᠮᠢᠳᠤᠷᠠᠯ ᠤ᠋ᠨ ᠰᠠᠭᠤᠷᠢ  ᠨᠢᠮᠭᠡᠨ ᠪᠠᠢᠳᠠᠯ᠎ᠳᠤ ᠴᠢᠭ᠌ᠯᠡᠭᠦᠯᠦᠨ᠂ ᠳᠥᠷᠪᠡᠳ ᠬᠣᠱᠢᠭᠤ  ᠬᠢᠯᠢ ᠬᠢᠵᠠᠭᠠᠷ ᠣᠷᠣᠨ᠎ᠢ ᠬᠥᠭ᠌ᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠦᠶ᠋ᠯᠡᠳᠪᠦᠷᠢᠯᠡᠯ  ᠠᠮᠢᠳᠤᠷᠠᠯ᠎ᠤᠨ ᠨᠥᠬᠥᠴᠡᠯ᠎ᠢ ᠦᠷᠭᠦᠯᠵᠢᠯᠡᠨ ᠲᠡᠭᠦᠯᠳᠡᠷᠵᠢᠭᠦᠯᠵᠦ᠍᠂ ᠬᠢᠯᠢ᠎ᠶ᠋ᠢᠨ ᠠᠷᠠᠳ᠎ᠤᠨ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠦ ᠲᠥᠷᠥᠭ᠌ᠳᠡᠯ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠪᠡ᠃

ᠬᠣᠩᠭᠣᠷ ᠰᠤᠮᠤᠨ᠎ᠤ ᠬᠠᠨ ᠠᠭᠤᠯᠠ ᠭᠠᠴᠠᠭᠠᠨ᠎ᠳᠤ ᠮᠠᠯᠴᠢᠳ ᠰᠠᠢᠨ ᠡᠭᠦᠯᠳᠡᠷ᠎ᠦᠨ ᠮᠢᠬᠠᠨ᠎ᠤ ᠬᠣᠨᠢ ᠲᠡᠵᠢᠭᠡᠨ᠂ ᠪᠠᠶᠠᠵᠢᠯ᠎ᠤᠨ ᠵᠠᠮ᠎ᠢᠶᠠᠷ ᠯᠠᠪᠳᠠᠭᠤᠨ ᠵᠠᠮᠨᠠᠭᠰᠠᠨ ᠦᠯᠢᠭᠡᠷ ᠵᠢᠱ᠌ᠢᠶ᠎ᠡ ᠤᠯᠠᠨ ᠪᠠᠢᠳᠠᠭ᠃ ᠮᠠᠯᠴᠢᠨ ᠭᠤᠤ ᠬᠠᠢ ᠵᠢᠶᠦ᠋ᠨ 2021 ᠣᠨ᠎ᠳᠤ ᠳ᠋ᠦ᠋ ᠮᠸᠡᠭ ᠬᠤᠨᠢ ᠲᠠᠵᠢᠭᠡᠭᠰᠡᠨ᠎ᠠᠴᠠ ᠨᠠᠭᠠᠰᠢ᠂ ᠲᠤᠰ ᠡᠭᠦᠯᠳᠡᠷ᠎ᠦᠨ ᠥᠰᠥᠯᠲᠡ ᠲᠦᠷᠭᠡᠨ᠂ ᠢᠭᠡᠷ᠎ᠠ ᠲᠦᠯᠯᠡᠬᠦ ᠨᠤᠷᠮ᠎ᠠ ᠥᠨᠳᠥᠷ᠂ ᠤᠷᠴᠢᠨ ᠲᠤᠭᠤᠷᠢᠨ ᠳ᠋ᠤ ᠵᠣᠬᠢᠴᠠᠬᠤ ᠴᠢᠨᠠᠷ᠎ᠢᠶᠠᠷ ᠴᠢᠩᠭ᠎ᠠ ᠳᠠᠪᠠᠭᠤᠯᠢᠭ᠎ᠲᠤ ᠲᠦᠱᠢᠭ᠌ᠯᠡᠨ᠂ ᠲᠠᠭᠠᠭᠤᠯᠤᠬ᠍ᠴᠢ ᠠᠵᠤ ᠠᠬᠤᠢᠯᠠᠯ᠎ᠲᠠᠶ ᠲᠣᠭ᠍ᠲᠠᠭᠤᠨ ᠵᠢᠡᠷ ᠬᠠᠮᠲᠤᠷᠠᠨ ᠠᠵᠢᠯᠯᠠᠵᠤ᠂ ᠬᠤᠨᠢ ᠲᠡᠵᠢᠭᠡᠭᠰᠡᠨ ᠵᠢᠯ᠎ᠦᠨ ᠴᠡᠪᠡᠷ  ᠣᠷᠣᠯᠭ᠎ᠠ ᠨᠢ 11 ᠲᠦᠮᠡᠨ ᠲᠥᠭᠥᠷᠢᠭ᠎ᠲᠦ ᠬᠦᠷᠴᠦ᠍᠂ ᠣᠷᠣᠯᠭ᠎ᠠ᠎ᠪᠠᠨ ᠨᠡᠮᠡᠭ᠌ᠳᠡᠭᠦᠯᠦᠨ ᠪᠠᠶᠠᠵᠢᠬᠰᠠᠨ ᠮᠥᠷᠲᠡᠭᠡᠨ ᠨᠤᠲᠤᠭ ᠪᠡᠯᠴᠢᠭᠡᠷ᠎ᠦᠨ ᠳᠠᠷᠤᠭᠠᠰᠤ᠎ᠶ᠋ᠢ ᠪᠦᠲᠦᠮᠵᠢᠲᠡᠶ ᠬᠥᠩᠭᠡᠷᠡᠭᠦᠯᠪᠡ᠃

ᠳᠠᠭᠠᠭᠤᠯᠤᠭᠴᠢ ᠠᠵᠤ ᠠᠬᠤᠢᠯᠠᠯ ᠠᠵᠤ ᠦᠢᠯᠡᠰ᠎ᠦᠨ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠬᠦ᠌᠎ᠶ᠋ᠢ ᠬᠦᠳᠦᠯᠦᠨ ᠳᠠᠭᠠᠭᠤᠯᠵᠤ᠂ ᠰᠠᠢ ᠨᠦᠸᠸ ᠡᠭᠦᠯᠳᠡᠷ ᠤ᠋ᠨ ᠬᠤᠨᠢᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ ᠤᠯᠠᠨ ᠵᠦᠢᠯ᠎ᠦᠨ ᠬᠠᠮᠲᠤᠷᠠᠨ ᠠᠵᠢᠯᠯᠠᠬᠤ ᠵᠠᠭ᠍ᠪᠤᠷ᠎ᠢ ᠡᠭᠦᠳᠴᠦ᠍᠂ ᠰᠠᠢ᠌ᠨ ᠡᠭᠦᠯᠳᠡᠷ᠎ᠢ ᠦᠷᠡᠵᠢᠭᠦᠯᠦᠨ ᠪᠣᠢᠵᠢᠭᠤᠯᠬᠤ ᠪᠠ ᠡᠭᠦᠯᠳᠡᠷ ᠰᠠᠢᠵᠢᠷᠠᠭᠤᠯᠬᠤ ᠠᠷᠭ᠎ᠠ ᠠᠪᠴᠠᠯ ᠢ᠋ ᠳᠡᠯᠭᠡᠷᠡᠭᠦᠯᠦᠨ᠂ ᠬᠢᠯᠢ᠎ᠶ᠋ᠢᠨ ᠮᠠᠯᠴᠢᠳ᠎ᠢ ᠳᠠᠢ᠌ᠴᠢᠯᠠᠨ᠂ 《ᠴᠥᠭᠡᠨ ᠲᠡᠵᠢᠭᠡᠵᠦ᠍᠂ ᠢᠯᠡᠭᠦᠦ ᠣᠷᠣᠯᠭ᠎ᠠ ᠤᠯᠬᠤ》 ᠵᠢ ᠪᠡᠶᠡᠯᠡᠭᠦᠯᠵᠦ᠍᠂ ᠦᠨᠳᠦᠰᠦᠲᠡᠨ᠎ᠦ ᠪᠦᠯᠬᠦᠮᠳᠡᠯ ᠪᠣᠯᠤᠨ ᠠᠵᠤ ᠦᠢᠯᠡᠰ᠎ᠦᠨ ᠬᠥᠭ᠌ᠵᠢᠯᠲᠡ᠎ᠶ᠋ᠢᠨ ᠭᠦᠨᠵᠡᠭᠡᠢ  ᠠᠭᠤᠰᠤᠯᠴᠠᠯ᠎ᠢ ᠠᠬᠢᠭᠤᠯᠤᠭᠰᠠᠨ ᠪᠠᠢᠨ᠎ᠠ᠃

ᠳᠥᠷᠪᠡᠳ ᠬᠣᠱᠢᠭᠤ ᠡᠬᠢ ᠪᠠᠶᠠᠯᠢᠭ᠎ᠤᠨ ᠳᠠᠪᠠᠭᠤᠯᠢᠭ᠎ᠲᠠᠭᠠᠨ ᠰᠠᠭᠤᠷᠢᠯᠠᠵᠤ᠂ ᠲᠥᠮᠥᠰᠥ᠍᠂ ᠮᠢᠬᠠᠨ᠎ᠤ ᠬᠣᠨᠢ᠂ ᠮᠢᠬᠠᠨ᠎ᠤ ᠦᠬᠡᠷ᠎ᠦᠨ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢ ᠬᠦᠴᠦᠷᠬᠡᠭ᠌ᠵᠢᠭᠦᠯᠦᠨ᠂ ᠵᠢᠯ ᠳ᠋ᠤ 40 ᠲᠦᠮᠡᠨ ᠮᠥ᠍ ᠲᠥᠮᠥᠰᠥ᠍ ᠳᠠᠷᠢᠵᠤ᠂ ᠳ᠋ᠦ᠋ ᠮᠸᠡᠭ ᠬᠣᠨᠢᠨ᠎ᠤ ᠡᠭᠦᠯᠳᠡᠷ ᠪᠣᠢᠵᠢᠭᠤᠯᠬᠤ ᠬᠣᠯᠪᠣᠭᠠᠲᠤ ᠴᠣᠭ᠍ᠴᠠ᠎ᠶ᠋ᠢ 25 ᠪᠠᠢᠭᠤᠯᠤᠨ᠂ 2 ᠠᠵᠤ ᠠᠬᠤᠢᠯᠠᠯ ᠤᠯᠤᠰ᠎ᠤᠨ ᠲᠠᠰ᠎ᠤᠨ ᠦᠷ᠎ᠡ᠎ᠶ᠋ᠢᠨ ᠦᠶ᠋ᠯᠡᠰ᠎ᠦᠨ ᠭᠤᠤᠯᠳᠠᠯᠭ᠎ᠠ ᠲᠠᠶ ᠠᠵᠤ ᠠᠬᠤᠢᠯᠠᠯ᠎ᠢᠶᠠᠷ ᠰᠣᠩᠭᠣᠭ᠍ᠳᠠᠪᠠ᠃ ᠮᠠᠯ ᠵᠢᠭᠦᠷᠲᠡᠨ᠎ᠢ ᠨᠢᠳᠤᠯᠵᠤ ᠪᠣᠯᠪᠠᠰᠤᠷᠠᠭᠤᠯᠬᠤ ᠲᠥᠷᠥᠯ ᠵᠦᠶ᠋ᠯ᠎ᠢ ᠨᠠᠢᠳᠠᠪᠤᠷᠢᠵᠢᠭᠤᠯᠤᠭᠠᠳ ᠦᠷ᠎ᠡ ᠪᠦᠲᠦᠮᠵᠢ ᠣᠯᠵᠤ᠂ ᠵᠢᠯ᠎ᠦᠨ ᠦᠶ᠋ᠯᠡᠳᠬᠦᠨ᠎ᠦ ᠥᠷᠲᠡᠭ ᠨᠢ 1.5 ᠳ᠋ᠦᠩᠱᠢᠭᠤᠷ ᠲᠥᠭᠥᠷᠢᠭ᠎ᠲᠦ ᠬᠥᠷᠪᠡ᠃ ᠰᠠᠯᠬᠢᠨ ᠬᠦᠴᠦᠨ᠎ᠢᠶᠡᠷ ᠴᠠᠬᠢᠯᠭᠠᠨ ᠭᠠᠷᠭᠠᠬᠤ ᠠᠵᠤ ᠦᠢᠯᠡᠰ ᠲᠥᠪᠯᠡᠷᠡᠨ ᠬᠥᠭ᠌ᠵᠢᠵᠦ᠍᠂ 14 ᠠᠵᠤ ᠠᠬᠤᠢᠯᠠᠯ ᠢ᠋ ᠤᠷᠤᠭᠤᠯᠤᠨ ᠠᠪᠴᠢᠷᠠᠵᠤ᠂ 26 ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠢᠯᠡᠳᠪᠦᠷᠢ᠎ᠶ᠋ᠢᠨ ᠠᠵᠤ ᠠᠬᠤᠢᠯᠠᠯ᠎ᠤᠨ ᠵᠢᠯ᠎ᠦᠨ ᠦᠢᠯᠡᠳᠬᠦᠨ᠎ᠦ ᠥᠷᠲᠡᠭ ᠨᠢ 36.2 ᠳ᠋ᠦᠩᠱᠢᠭᠤᠷ ᠲᠥᠭᠥᠷᠢᠭ᠎ᠲᠦ ᠬᠦᠷᠴᠦ᠍᠂ ᠴᠡᠪᠡᠷ ᠡᠨᠧᠷᠭᠢ᠎ᠪᠡᠷ ᠬᠥᠲᠥᠯᠥᠨ ᠳᠠᠭᠠᠭᠤᠯᠤᠭ᠍ᠰᠠᠨ᠂ ᠣᠯᠠᠨ ᠡᠱᠢᠲᠦ ᠠᠵᠤ ᠦᠢᠯᠡᠰ ᠬᠠᠮᠵᠢᠯᠴᠠᠭ᠍ᠰᠠᠨ ᠬᠥᠭ᠌ᠵᠢᠯᠲᠡ᠎ᠶ᠋ᠢᠨ ᠪᠠᠢᠷᠢᠱᠢᠯ᠎ᠢ ᠪᠤᠢ ᠪᠤᠯᠭᠠᠵᠠᠢ᠃

ᠰᠦᠭ ᠰᠦᠨᠡᠰᠦ᠎ᠶ᠋ᠢ ᠱᠤᠭᠤᠵᠤ  ᠬᠥᠮᠦᠨ ᠬᠥᠮᠦᠵᠢᠭᠦᠯᠬᠦ᠌ ᠳ᠋ᠤ ᠵᠢᠭ᠍ᠰᠠᠭᠠᠯ᠎ᠤᠨ ᠭᠠᠵᠠᠷ ᠴᠢᠬᠤᠯᠠ ᠤᠢᠯᠡᠳᠤᠯ ᠦᠵᠡᠭᠦᠯᠳᠡᠭ᠃ ᠳᠥᠷᠪᠡᠳ ᠬᠣᠱᠢᠭᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠤᠭᠴᠠ ᠵᠢᠨ ᠤᠬᠠᠮᠰᠠᠷ᠎ᠢ ᠪᠠᠲᠤ ᠴᠤᠭᠴᠠᠯᠠᠬᠤ ᠤᠬᠠᠭᠤᠯᠭ᠎ᠠ ᠬᠥᠮᠦᠵᠢᠯ᠎ᠦᠨ ᠠᠴᠢᠶᠠᠯᠠᠪᠤᠷᠢ ᠪᠠᠢᠭᠤᠯᠬᠤ ᠵᠢ ᠴᠢᠡᠭᠭᠠᠳᠬᠠᠨ᠂ ᠣᠯᠠᠨ ᠬᠡᠯᠪᠡᠷᠢ ᠵᠢᠨ ᠤᠬᠠᠭᠤᠯᠭ᠎ᠠ᠎ᠶ᠋ᠢᠨ ᠵᠢᠭ᠍ᠰᠠᠭᠠᠯ᠎ᠤᠨ ᠭᠠᠵᠠᠷ ᠪᠠᠢᠭᠤᠯᠵᠤ᠂ ᠦᠨᠳᠦᠰᠦᠲᠡᠨ᠎ᠦ ᠪᠦᠯᠬᠦᠮᠳᠡᠯ᠎ᠦᠨ ᠥᠯᠢᠭᠡᠷ᠎ᠢ  ᠬᠥᠮᠦᠰ᠎ᠦᠨ ᠰᠡᠳᠭᠢᠯ᠎ᠳᠦ  ᠬᠠᠳᠠᠩᠱᠢᠭᠤᠯᠬᠤ ᠵᠢ ᠠᠬᠢᠭᠤᠯᠤᠭᠰᠠᠨ ᠪᠠᠢᠨ᠎ᠠ᠃

ᠳᠥᠷᠪᠡᠳ ᠬᠣᠱᠢᠭᠤᠨ ᠤ᠋ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠢ᠋ ᠪᠠᠲᠤ ᠴᠤᠭᠴᠠᠯᠠᠬᠤ ᠬᠥᠮᠦᠵᠢᠯ ᠦᠢᠯᠡᠳᠦᠯᠭᠡ᠎ᠶ᠋ᠢᠨ ᠰᠠᠭᠤᠷᠢᠨ ᠬᠣᠪᠣᠷ ᠨᠠᠨᠳᠢᠨ ᠲᠡᠦᠬᠡᠨ ᠮᠠᠲᠧᠷᠢᠶᠠᠯ᠂ ᠡᠳ᠋ ᠪᠣᠳᠠᠰ᠂ ᠵᠢᠷᠤᠭ ᠰᠢᠩᠭᠡᠭᠡᠯᠲᠡ᠎ᠪᠡᠷ 《ᠭᠤᠷᠪᠠᠨ ᠮᠢᠩᠭᠠᠨ ᠥᠨᠥᠴᠢᠨ ᠬᠡᠦᠬᠡᠳ ᠥᠪᠥᠷ ᠮᠣᠩᠭᠣᠯ᠎ᠳᠤ ᠢᠷᠡᠭ᠌ᠰᠡᠨ》 ᠰᠠᠢᠬᠠᠨ ᠦᠯᠢᠭᠡᠷ ᠪᠣᠯᠤᠨ ᠲᠦᠬᠦᠢᠮ᠎ᠡ᠎ᠶ᠋ᠢᠨ ᠰᠡᠳᠭᠢᠯ ᠬᠥᠳᠡᠯᠭᠡᠮ᠎ᠡ ᠦᠢᠯᠡ ᠠᠵᠢᠯᠯᠠᠭ᠎ᠠ᠎ᠶ᠋ᠢ ᠠᠮᠢᠳᠤᠯᠢᠭ᠎ᠢᠶᠠᠷ ᠢᠯᠡᠷᠡᠭᠦᠯᠵᠡᠢ᠃ ᠲᠤᠰ ᠰᠠᠭᠤᠷᠢᠨ ᠡᠭᠦᠳᠡ ᠨᠡᠭᠡᠭᠡᠭᠰᠡᠨ᠎ᠡᠴᠡ ᠨᠠᠭᠠᠰᠢ ᠨᠢᠭᠡᠨᠲᠡ 1.1 ᠲᠦᠮᠡᠨ ᠬᠥᠮᠦᠨ ᠤᠳᠠᠭ᠎ᠠ ᠵᠢᠨ ᠲᠤᠭᠤᠷᠢᠨ ᠦᠵᠡᠭᠰᠡᠳ ᠢ᠋ ᠬᠦᠯᠢᠶᠡᠨ ᠠᠪᠴᠤ᠌᠂ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭᠴᠠᠯᠠᠬᠤ ᠠᠮᠢᠳᠤᠯᠢᠭ ᠬᠢᠴᠢᠶᠡᠯ᠎ᠦᠨ ᠲᠠᠩᠬᠢᠮ ᠪᠣᠯᠪᠠ᠃ ᠡᠭᠦᠨ᠎ᠦ ᠬᠠᠮᠲᠤ᠂ ᠱᠢᠮᠡᠨ ᠭᠤᠤᠯ ᠰᠤᠷᠭᠠᠨ ᠬᠥᠮᠦᠵᠢᠯ᠎ᠦᠨ ᠪᠣᠯᠪᠠᠰᠤᠷᠠᠯ᠎ᠤᠨ ᠲᠥᠪ᠎ᠲᠦ ᠰᠠᠨᠰᠠᠷ᠎ᠤᠨ ᠠᠶᠠᠯᠠᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠵᠡᠭᠦᠯᠭᠡ᠎ᠶ᠋ᠢᠨ ᠣᠷᠳᠣᠨ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠦᠵᠡᠭᠦᠯᠭᠡ᠎ᠶ᠋ᠢᠨ ᠲᠢᠩᠬᠢᠮ᠂ ᠲᠦᠬᠦᠢᠮ᠎ᠡ᠎ᠶ᠋ᠢᠨ ᠦᠶ᠋ᠯᠡ ᠠᠵᠢᠯᠯᠠᠭ᠎ᠠ᠎ᠶ᠋ᠢᠨ ᠮᠡᠳᠡᠭᠦᠯᠦᠯᠲᠡ᠎ᠶ᠋ᠢᠨ ᠲᠢᠩᠬᠢᠮ ᠵᠡᠷᠭᠡ ᠣᠯᠠᠨ ᠲᠤᠬᠠᠶ᠎ᠶ᠋ᠢᠨ ᠲᠠᠯᠠᠪᠠᠶ᠎ᠶ᠋ᠢᠨ ᠵᠢᠭᠠᠨ ᠰᠤᠷᠭᠠᠯᠲᠠ᠎ᠶ᠋ᠢᠨ ᠴᠡᠭ ᠳᠤᠬᠢᠷᠠᠭᠤᠯᠤᠨ᠂ ᠰᠤᠷᠭᠠᠨ ᠬᠥᠮᠦᠵᠢᠯ᠎ᠦᠨ ᠪᠣᠯᠪᠠᠰᠤᠷᠠᠯ᠎ᠤᠨ ᠠᠴᠢᠶᠠᠯᠠᠪᠤᠷᠢ᠎ᠶ᠋ᠢ ᠪᠠᠶᠠᠯᠢᠭ᠍ᠵᠢᠭᠤᠯᠵᠠᠢ᠃

《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ》 ᠶ᠋ᠢᠨ ᠠᠷᠪᠠᠨ ᠵᠢᠷᠭᠤᠳᠤᠭᠠᠷ ᠵᠦᠢᠯ᠎ᠳᠦ᠄ 《ᠡᠯ᠎ᠡ ᠱᠠᠲᠤᠨ᠎ᠤ ᠡᠯ᠎ᠡ ᠲᠦᠷᠦᠯ᠎ᠤᠨ ᠰᠤᠷᠭᠠᠭᠤᠯᠢ ᠵᠢᠴᠢ ᠪᠤᠰᠤᠳ ᠰᠤᠷᠭᠠᠨ ᠬᠦᠮᠦᠵᠢᠯ᠎ᠤᠨ ᠪᠠᠢᠭᠤᠯᠤᠮᠵᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠤᠭᠴᠠ ᠵᠢᠨ ᠤᠬᠠᠮᠰᠠᠷ᠎ᠢ ᠪᠠᠲᠤ ᠴᠤᠭᠴᠠᠯᠠᠬᠤ ᠱᠠᠭᠠᠷᠳᠠᠯᠭ᠎ᠠ ᠵᠢ ᠰᠤᠷᠭᠠᠨ ᠬᠦᠮᠦᠵᠢᠯ᠎ᠤᠨ ᠪᠦᠬᠦ ᠶᠠᠪᠤᠴᠠ᠎ᠳᠤ ᠤᠷᠤᠭᠤᠯᠪᠠᠯ ᠵᠤᠬᠢᠨ᠎ᠠ᠂ ᠬᠢᠴᠢᠶᠡᠯ᠎ᠤᠨ ᠲᠠᠩᠬᠢᠮ᠎ᠤᠨ ᠵᠢᠭᠠᠨ ᠰᠤᠷᠭᠠᠯᠲᠠ᠂ ᠨᠡᠢᠭᠡᠮ᠎ᠤᠨ ᠦᠢᠯᠡᠳᠦᠯᠭᠡ᠂ ᠭᠤᠤᠯ ᠰᠡᠳᠦᠪᠲᠦ ᠰᠤᠷᠭᠠᠨ ᠬᠦᠮᠦᠵᠢᠯ ᠪᠠ ᠰᠦᠯᠵᠢᠶᠡᠨ᠎ᠤ ᠰᠤᠷᠭᠠᠨ ᠬᠦᠮᠦᠵᠢᠯ ᠬᠠᠷᠢᠯᠴᠠᠨ ᠤᠶᠠᠯᠳᠤᠭᠰᠠᠨ ᠰᠤᠷᠭᠠᠨ ᠬᠦᠮᠦᠵᠢᠯ᠎ᠤᠨ ᠰᠢᠰᠲ᠋ᠸᠮ᠎ᠳᠤ ᠠᠭᠤᠰᠤᠯᠴᠠᠭᠤᠯᠤᠨ᠎ᠠ》 ᠭᠡᠵᠦ ᠲᠤᠭᠲᠠᠭᠠᠭᠰᠠᠨ ᠪᠠᠢᠳᠠᠭ᠃ ᠳᠦᠷᠪᠡᠳ ᠬᠤᠰᠢᠭᠤᠨ ᠤ᠋ ᠬᠣᠩᠭᠣᠷ ᠪᠠᠭ᠎ᠠ ᠰᠤᠷᠭᠠᠭᠤᠯᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ᠎ᠦᠨ ᠲᠠᠩᠬᠢᠮ᠎ᠳᠤ  ᠪᠥᠬᠥ᠌  ᠲᠠᠯ᠎ᠠ᠎ᠪᠠᠷ ᠠᠭᠤᠰᠤᠯᠴᠠᠭᠤᠯᠵᠤ ᠂ ᠨᠠᠮ᠎ᠤᠨ ᠭᠡᠱᠢᠭᠦᠨ ᠪᠠᠭ᠍ᠰᠢ ᠲᠦᠷᠦᠭᠦᠯᠡᠨ ᠦᠨᠳᠦᠰᠦᠲᠡᠨ᠎ᠦ ᠪᠦᠯᠬᠦᠮᠳᠡᠯ᠎ᠦᠨ ᠥᠯᠢᠭᠡᠷ᠎ᠢ ᠤᠬᠠᠭᠤᠯᠤᠨ ᠲᠠᠢᠯᠪᠤᠷᠢᠯᠠᠵᠠᠢ᠃ ᠰᠤᠷᠭᠠᠭᠤᠯᠢ᠎ᠶ᠋ᠢᠨ ᠬᠣᠭᠣᠷᠣᠨᠳᠣᠬᠢ ᠰᠤᠷᠭᠠᠨ ᠬᠥᠮᠦᠵᠢᠯ᠎ᠦᠨ ᠬᠣᠯᠪᠣᠭ᠎ᠠ᠎ᠶ᠋ᠢ ᠵᠣᠬᠢᠶᠠᠨ ᠪᠠᠢᠭᠤᠯᠬᠤ ᠪᠡᠷ ᠳᠠᠮᠵᠢᠭᠤᠯᠤᠨ᠂ ᠡᠯ᠎ᠡ ᠰᠤᠷᠭᠠᠭᠤᠯᠢ᠎ᠶ᠋ᠢᠨ ᠬᠣᠭᠣᠷᠣᠨᠳᠣ ᠨᠠᠮ᠎ᠤᠨ ᠪᠠᠢᠭᠤᠯᠤᠯᠲᠠ᠎ᠶ᠋ᠢ ᠬᠠᠮᠲᠤᠪᠠᠷ ᠪᠠᠢᠭᠤᠯᠬᠤ ᠠᠵᠢᠯᠯᠠᠭ᠎ᠠ ᠦᠷᠨᠢᠭᠦᠯᠵᠤ᠂ ᠵᠢᠭᠠᠨ ᠰᠤᠷᠭᠠᠯᠲᠠ ᠵᠢᠨ ᠲᠤᠬᠠᠢ ᠰᠤᠳᠤᠯᠤᠨ ᠶᠠᠷᠢᠯᠴᠠᠬᠤ᠂ ᠰᠣᠶᠣᠯ ᠪᠡᠶ᠎ᠡ ᠵᠢᠨ ᠲᠠᠮᠢᠷ᠎ᠤᠨ ᠨᠥᠬᠥᠷᠯᠡᠯ ᠤ᠋ᠨ ᠠᠵᠢᠯᠯᠠᠭ᠎ᠠ ᠵᠡᠷᠭᠡ ᠠᠵᠢᠯᠯᠠᠭ᠎ᠠ᠎ᠶ᠋ᠢ ᠥᠷᠨᠢᠭᠦᠯᠦᠨ᠂ ᠦᠨᠳᠦᠰᠦᠲᠡᠨ᠎ᠨᠦᠭᠦᠳ᠎ᠦᠨ ᠪᠠᠭ᠍ᠰᠢ ᠰᠤᠷᠤᠭ᠍ᠴᠢᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠤᠭᠰᠠᠨ ᠪᠠᠢᠨ᠎ᠠ᠃

ᠳᠦᠷᠪᠡᠳ ᠬᠣᠱᠢᠭᠤ ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠎ᠶ᠋ᠢᠨ ᠰᠠᠷ᠎ᠠ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠠᠵᠢᠯᠯᠠᠭ᠎ᠠ᠎ᠶ᠋ᠢᠨ ᠰᠠᠷ᠎ᠠ ᠵᠡᠷᠭᠡ ᠠᠵᠠ ᠲᠣᠬᠢᠶᠠᠯ ᠢ᠋ ᠠᠰᠢᠭᠯᠠᠨ᠂ ᠭᠤᠤᠯ ᠰᠡᠳᠦᠪᠲᠦ ᠭᠠᠷᠠᠭ ᠬᠢᠭᠡᠳ ᠲᠤᠰᠭᠠᠶ ᠲᠥᠷᠥᠯ᠎ᠦᠨ ᠠᠵᠢᠯᠯᠠᠭ᠎ᠠ᠎ᠶ᠋ᠢ ᠰᠢᠨ᠎ᠡ ᠵᠢ ᠡᠭᠦᠳᠦᠨ ᠥᠷᠨᠢᠭᠦᠯᠵᠦ᠍᠂ 《8 + N ᠤᠷᠤᠭᠤᠯᠬᠤ》 ᠠᠵᠢᠯ᠎ᠤᠨ ᠪᠠᠢᠷᠢᠱᠢᠯ᠎ᠢ ᠪᠤᠢ ᠪᠤᠯᠭᠠᠨ᠂ ᠭᠤᠷᠪᠠᠨ ᠶᠡᠬᠡ ᠵᠢᠱ᠌ᠢᠶ᠎ᠡ ᠦᠵᠡᠭᠦᠯᠬᠦ᠌ ᠣᠷᠳᠣ ᠬᠣᠩᠭᠢᠯ᠎ᠢ ᠪᠠᠢᠭᠤᠯᠪᠠ᠃ ᠬᠤᠪᠢᠰᠭᠠᠯ᠎ᠤᠨ ᠲᠠᠯᠠᠪᠤᠷ ᠣᠷᠳᠣᠨ᠂ ᠲᠠᠷᠢᠶᠠᠨ ᠵᠠᠬ᠎ᠠ᠂ ᠬᠢᠯᠢ ᠬᠠᠮᠠᠭᠠᠯᠠᠬᠤ ᠬᠤᠸᠠᠷᠠᠨ᠂ ᠰᠦᠯᠵᠢᠶᠡᠨ ᠲᠠᠪᠴᠠᠩ᠎ᠢ ᠨᠢᠭᠡ ᠴᠤᠬ᠍ᠴᠠᠵᠢᠭᠤᠯᠤᠭ᠍ᠰᠠᠨ ᠤᠬᠠᠭᠤᠯᠤᠨ ᠲᠠᠢᠯᠪᠤᠷᠢᠯᠠᠬᠤ ᠪᠠᠢᠷᠢᠱᠢᠯ᠎ᠢ ᠪᠦᠷᠢᠯᠳᠦᠭᠦᠯᠦᠨ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ ᠵᠢᠨ ᠤᠢᠯᠠᠭᠠᠭᠳᠠᠬᠤᠨ᠎ᠢ ᠥᠷᠭᠡᠨ᠎ᠢᠶᠡᠷ ᠤᠯᠠᠮᠵᠢᠯᠠᠵᠠᠢ᠃ ᠪᠥᠬᠥ᠌ ᠬᠣᠱᠢᠭᠤᠨ᠎ᠤ 《1+5》 ᠤᠬᠠᠭᠤᠯᠭ᠎ᠠ᠎ᠶ᠋ᠢᠨ ᠭᠤᠤᠯ ᠵᠢᠭ᠍ᠰᠠᠭᠠᠯ᠎ᠤᠨ ᠭᠠᠵᠠᠷ᠎ᠢ ᠪᠠᠢᠭᠤᠯᠤᠨ ᠬᠦᠴᠦᠷᠬᠡᠭ᠌ᠵᠢᠭᠦᠯᠵᠦ᠍᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠲᠦᠭᠡᠮᠡᠯᠵᠢᠭᠦᠯᠦᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭᠴᠠᠯᠠᠬᠤ ᠵᠢ ᠦᠨᠳᠦᠰᠦᠨ ᠱᠠᠲᠤᠨ᠎ᠳᠤ ᠦᠨᠳᠦᠰᠦᠯᠡᠭᠦᠯᠵᠦ᠍᠂ ᠬᠥᠮᠦᠰ᠎ᠦᠨ ᠰᠡᠳᠭᠢᠯ᠎ᠢ ᠤᠮᠳᠠᠯᠠᠭᠰᠠᠨ ᠪᠠᠢᠨ᠎ᠠ᠃

ᠴᠠᠭ᠍ᠳᠠᠭ᠎ᠠ ᠠᠷᠠᠳ ᠰᠡᠳᠭᠢᠯ ᠨᠢᠭᠡᠳᠦᠨ᠂ ᠬᠠᠮᠲᠤ᠎ᠪᠠᠷ ᠬᠠᠯᠬᠠᠪᠴᠢ ᠪᠠᠢᠭᠤᠯᠪᠠ᠃ ᠳᠥᠷᠪᠡᠳ ᠬᠣᠱᠢᠭᠤᠨ᠎ᠤ ᠬᠢᠯᠢ᠎ᠶ᠋ᠢᠨ ᠬᠠᠮᠢᠶᠠᠷᠤᠯᠲᠠ᠎ᠶ᠋ᠢᠨ ᠶᠡᠬᠡ ᠠᠩᠭᠢ 104 ᠺᠢᠯᠣᠮᠧᠲ᠋ᠷ᠎ᠦᠨ ᠬᠢᠯᠢ᠎ᠶ᠋ᠢᠨ ᠱᠤᠭᠤᠮ ᠵᠢᠴᠢ ᠥᠷᠭᠡᠨ ᠠᠭᠤᠳᠠᠮ ᠬᠠᠷᠢᠶ᠎ᠠ ᠣᠷᠣᠨ᠎ᠢ ᠪᠠᠲᠤ ᠰᠠᠬᠢᠵᠤ᠂ ᠨᠠᠮ᠎ᠤᠨ ᠭᠡᠱᠢᠭᠦᠨ᠎ᠦ ᠬᠣᠱᠢᠭᠤᠴᠢ ᠠᠩᠭᠢ᠂ ᠬᠢᠯᠢ ᠬᠠᠮᠠᠭᠠᠯᠠᠭ᠍ᠴᠢ᠎ᠶ᠋ᠢᠨ ᠡᠩᠨᠡᠭᠡ᠂ ᠴᠠᠭ᠍ᠳᠠᠨ ᠡᠵᠡᠮᠳᠡᠬᠦ᠌ ᠬᠦᠳᠡᠯᠦᠡᠭᠭᠦᠢ ᠠᠩᠭᠢ᠂ ᠠᠷᠠᠳ᠎ᠤᠨ ᠡᠶᠡᠳᠡᠭᠦᠯᠦᠭ᠌ᠴᠢ᠂ ᠤᠯᠠᠭᠠᠨ ᠵᠠᠭᠠᠯᠮᠠᠢᠲᠠᠨ᠎ᠤ ᠨᠡᠢᠭᠡᠮᠯᠢᠭ᠎ᠦᠨ ᠠᠪᠤᠷᠠᠭ᠍ᠴᠢ᠂ ᠬᠢᠯᠢ᠎ᠶ᠋ᠢᠨ ᠠᠪᠤᠷᠠᠨ ᠲᠤᠰᠠᠯᠠᠬᠤ ᠠᠩᠭᠢ ᠵᠡᠷᠭᠡ 6 ᠡᠩᠨᠡᠭᠡ᠎ᠪᠠᠢᠭᠤᠯᠵᠤ᠂ 《ᠤᠮᠠᠷᠠᠲᠤ ᠬᠢᠯᠢ᠎ᠶ᠋ᠢᠨ ᠤᠯᠠᠭᠠᠨ ᠬᠠᠨᠴᠤᠶ᠎ᠶ᠋ᠢᠨ ᠲᠡᠮᠳᠡᠭ》 ᠭᠡᠬᠦ ᠵᠠᠰᠠᠯᠲᠠ᠎ᠶ᠋ᠢᠨ ᠲᠥᠷᠥᠯ ᠲᠡᠮᠳᠡᠭ᠎ᠢ ᠡᠭᠦᠳᠴᠦ᠍᠂ ᠠᠮᠤᠷ᠎ᠢ ᠬᠠᠮᠠᠭᠠᠯᠠᠨ ᠰᠡᠷᠭᠡᠢᠯᠡᠨ ᠡᠵᠡᠮᠳᠡᠬᠦ᠌᠂ ᠠᠷᠠᠳ᠎ᠲᠤ ᠲᠥᠬᠥᠮ ᠦᠵᠡᠭᠦᠯᠦᠨ ᠦᠶ᠋ᠯᠡᠴᠢᠯᠡᠬᠦ᠂ ᠬᠢᠯᠢ ᠬᠢᠵᠠᠭᠠᠷ᠎ᠢ ᠪᠡᠬᠢᠵᠢᠭᠦᠯᠵᠦ᠍ ᠲᠣᠭ᠍ᠲᠠᠪᠤᠷᠢᠵᠢᠭᠤᠯᠬᠤ ᠳᠤᠮᠳᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号