《ᠢᠰᠡᠭᠡᠢ ᠪᠣᠯ ᠳᠤᠮᠳᠠᠳᠤ ᠶ᠋ᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠦᠨᠡᠲᠦ ᠡᠷᠳᠡᠨᠢᠰ ᠮᠥᠨ᠂ ᠨᠡᠩ ᠴᠤ᠌ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠣᠶᠤᠨ ᠤᠬᠠᠭᠠᠨ ᠤ ᠣᠬᠢ ᠲᠠᠯᠠᠰᠳᠤ ᠮᠥᠨ᠂ ᠰᠢᠷᠭᠡᠭ ᠨᠤᠤᠰᠤ ᠪᠦᠷᠢ᠂ ᠭᠠᠷ ᠤᠷᠠᠯᠠᠯ᠎ᠤᠨ ᠶᠠᠪᠤᠴᠠ ᠪᠤᠯᠭᠠᠨᠳ᠋ᠤ ᠴᠥᠮ ᠡᠪᠦᠭᠡ ᠳᠡᠭᠡᠳᠦᠰ᠎ᠦᠨ ᠠᠵᠢᠯᠴᠢ ᠬᠥᠳᠡᠯᠮᠦᠷᠢᠴᠢ ᠪᠠ ᠣᠶᠤᠨ ᠤᠬᠠᠭᠠᠨ ᠢ᠋ ᠨᠢᠭ᠍ᠲᠠᠷᠠᠭᠤᠯᠵᠤ ᠪᠠᠢᠳᠠᠭ》᠃ ᠣᠢᠷ᠎ᠠ᠎ᠳᠤ᠂ ᠮᠠᠨᠵᠤᠤᠷ ᠬᠣᠲᠠ᠎ᠶᠢᠨ ᠠᠷᠢᠭᠤᠨ ᠦᠨᠳᠦᠰᠦᠲᠡᠨ᠎ᠦ ᠭᠠᠷ ᠤᠷᠠᠯᠠᠯ᠎ᠤᠨ ᠪᠦᠲᠦᠭᠡᠭᠳᠡᠬᠦᠨ᠎ᠦ ᠦᠢᠯᠡᠳᠪᠦᠷᠢ᠎ᠳᠦ᠂ ᠠᠵᠢᠯᠲᠠᠨ ᠡᠴᠡ ᠪᠣᠳᠠᠲᠤ ᠶᠠᠭᠤᠮ᠎ᠠ᠎ᠶᠢ ᠳᠡᠯᠭᠡᠨ ᠦᠵᠡᠭᠦᠯᠬᠦ᠂ ᠪᠦᠲᠦᠭᠡᠯ᠎ᠢ ᠰᠣᠨᠢᠷᠬᠠᠨ ᠵᠠᠳᠠᠯᠬᠤ᠂ ᠲᠤᠬᠠᠢ᠎ᠶᠢᠨ ᠲᠠᠯᠠᠪᠤᠷ᠎ᠲᠤ ᠵᠢᠭᠠᠨ ᠰᠤᠷᠭᠠᠬᠤ ᠵᠡᠷᠭᠡ ᠬᠡᠯᠪᠡᠷᠢ᠎ᠪᠡᠷ ᠪᠡᠶᠡᠴᠢᠯᠡᠨ ᠤᠢᠯᠠᠭᠠᠬᠤ ᠪᠡᠷ ᠢᠷᠡᠭᠰᠡᠨ ᠰᠤᠷᠤᠭ᠍ᠴᠢᠳ᠎ᠲᠤ ᠢᠰᠡᠭᠡᠢ ᠤᠷᠠᠯᠠᠬᠤ ᠤᠷ᠎ᠠ ᠮᠡᠷᠭᠡᠵᠢᠯ᠎ᠦᠨ ᠲᠡᠦᠬᠡ᠎ᠶᠢᠨ ᠡᠬᠢ ᠰᠤᠷᠪᠤᠯᠵᠢ ᠪᠠ ᠤᠯᠠᠮᠵᠢᠯᠠᠯ᠎ᠤᠨ ᠦᠨ᠎ᠡ ᠥᠷᠲᠡᠭ᠎ᠢ ᠨᠠᠷᠢᠨ ᠲᠠᠢᠯᠪᠤᠷᠢᠯᠠᠵᠤ ᠥᠭᠴᠡᠢ᠃
ᠲᠤᠬᠠᠢ᠎ᠶᠢᠨ ᠡᠳᠦᠷ᠂ ᠮᠠᠨᠵᠤᠤᠷ ᠤᠨ ᠣᠷᠣᠰ ᠬᠡᠯᠡᠨ᠎ᠦ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠂ ᠮᠠᠨᠵᠤᠤᠷ ᠬᠣᠲᠠ᠎ᠶᠢᠨ ᠳᠤᠮᠳᠠ ᠵᠡᠷᠭᠡ ᠶᠢᠨ ᠠᠵᠢᠯ ᠮᠡᠷᠭᠡᠵᠢᠯ᠎ᠦᠨ ᠰᠤᠷᠭᠠᠭᠤᠯᠢ᠎ᠶᠢᠨ ᠰᠤᠷᠤᠭ᠍ᠴᠢᠳ ᠭᠠᠷ ᠤᠷᠠᠯᠠᠯ ᠤᠨ ᠪᠦᠲᠦᠭᠡᠭᠳᠡᠬᠦᠨ᠎ᠦ ᠦᠢᠯᠡᠳᠪᠦᠷᠢ᠎ᠳᠦ ᠬᠦᠷᠴᠤ᠂ ᠦᠨᠳᠦᠰᠦᠲᠡᠨ ᠦ ᠭᠠᠷ ᠤᠷᠠᠯᠠᠯ᠎ᠤᠨ ᠪᠦᠲᠦᠭᠡᠭᠳᠡᠬᠦᠨ ᠪᠠ ᠰᠣᠶᠣᠯ᠎ᠤᠨ ᠪᠦᠲᠦᠭᠡᠯᠴᠢ ᠦᠢᠯᠡᠳᠭᠦᠨ ᠦᠢᠯᠡᠳᠬᠦ᠎ᠶᠢ ᠪᠡᠶᠡᠴᠢᠯᠡᠨ ᠣᠢᠯᠠᠭᠠᠪᠠ᠃ ᠰᠤᠷᠤᠬᠴᠢᠳ ᠵᠡᠭᠦᠦ ᠪᠠᠷᠢᠨ ᠢᠰᠡᠬᠡᠢ ᠤᠷᠠᠯᠠᠬᠤ ᠤᠷ᠎ᠡ ᠮᠡᠷᠭᠡᠵᠢᠯ ᠢ᠋ ᠰᠤᠷᠤᠯᠴᠠᠵᠦ᠂ ᠠᠭᠠᠵᠢᠮ ᠢ᠋ᠢᠡᠷ ᠪᠤᠯᠪᠠᠰᠤᠷᠠᠩᠭᠤᠢ ᠪᠤᠯᠬᠤ ᠵᠢ ᠲᠠᠭᠠᠯᠳᠤᠨ ᠵᠦᠭᠡᠯᠡᠨ ᠬᠦᠪᠰᠦᠭᠡᠷ ᠬᠤᠨᠢᠨ ᠨᠤᠤᠰᠤ ᠨᠢ ᠴᠸ᠋ ᠠᠯᠭᠤᠷ ᠢ᠋ᠢᠡᠷ ᠬᠡᠯᠪᠡᠷᠢᠵᠢᠵᠦ᠂ ᠤᠯᠠᠨ᠎ᠢᠶᠠᠷ᠎ᠢᠶᠠᠨ ᠪᠦᠯᠬᠦᠮᠳᠡᠯ᠎ᠦᠨ ᠰᠡᠳᠬᠢᠯᠭᠡ᠎ᠪᠡᠨ ᠡᠭᠦᠲᠦᠨ ᠪᠦᠲᠦᠭᠡᠯᠭᠡ᠎ᠳᠦ ᠠᠭᠤᠰᠬᠠᠵᠤ᠂ ᠦᠢᠯᠡᠳᠦᠯᠭᠡ᠎ᠶᠢᠨ ᠳᠤᠮᠳᠠ ᠤᠯᠠᠮᠵᠢᠯᠠᠯᠲᠤ ᠤᠷ᠎ᠠ ᠮᠡᠷᠭᠡᠵᠢᠯ᠎ᠦᠨ ᠭᠠᠢᠬᠠᠮᠰᠢᠭ᠋᠎ᠢ ᠮᠡᠳᠡᠷᠡᠵᠦ᠂ ᠳᠤᠮᠳᠠᠳᠤ᠎ᠶᠢᠨ ᠰᠣᠶᠣᠯ᠎ᠤᠨ ᠥᠷᠭᠡᠨ ᠳᠡᠯᠭᠡᠷ ᠭᠦᠨ ᠭᠦᠨᠵᠡᠭᠡᠢ ᠠᠭᠤᠯᠤᠭᠳᠠᠬᠤᠨ᠎ᠢ ᠣᠢᠯᠠᠭᠠᠪᠠ᠃
ᠳᠤᠰ ᠤᠳᠠᠭ᠎ᠠ᠎ᠶᠢᠨ ᠰᠣᠶᠣᠯ᠎ᠢ ᠪᠡᠶᠡᠴᠢᠯᠡᠨ ᠣᠢᠯᠠᠭᠠᠬᠤ ᠠᠵᠢᠯᠯᠠᠭ᠎ᠠ ᠪᠣᠯ ᠮᠠᠨᠵᠤᠤᠷ ᠬᠤᠳᠠ᠎ᠶᠢᠨ ᠦᠨᠳᠦᠰᠦᠲᠡᠨ᠎ᠦ ᠲᠦᠷᠦ᠎ᠶᠢᠨ ᠪᠣᠳᠣᠯᠭ᠎ᠠ᠎ᠶᠢᠨ ᠤᠬᠠᠭᠤᠯᠭ᠎ᠠ ᠵᠢᠨ ᠰᠠᠷ᠎ᠠ᠎ᠶᠢᠨ ᠰᠢᠷᠢᠰ ᠠᠵᠢᠯᠯᠠᠭ᠎ᠠ᠎ᠶᠢᠨ ᠨᠢᠭᠡ ᠪᠣᠯᠣᠨ᠎ᠠ᠃ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠢ᠋ ᠪᠠᠲᠦ ᠴᠤᠬᠴᠠᠯᠠᠬᠤ 《ᠠᠨᠠᠷ᠎ᠤᠨ ᠦᠷ᠎ᠡ》 ᠪᠢᠴᠢᠯ ᠬᠢᠴᠢᠶᠡᠯ᠎ᠦᠨ ᠲᠠᠩᠬᠢᠮ᠂ ᠶᠡᠬᠡ ᠳᠤᠮᠳᠠᠳᠤ ᠪᠠᠭ᠎ᠠ ᠰᠤᠷᠭᠠᠭᠤᠯᠢ᠎ᠶᠢᠨ ᠤᠷᠠᠯᠢᠭ᠋᠎ᠤᠨ ᠣᠢᠯᠠᠭᠠᠯᠲᠠ᠎ᠶᠢᠨ ᠬᠢᠴᠢᠶᠡᠯ᠂ 《ᠮᠢᠨᠤ ᠳᠡᠷᠭᠡᠳᠡᠬᠢ ᠦᠨᠳᠦᠰᠦᠲᠡᠨ᠎ᠦ ᠪᠦᠯᠬᠦᠮᠳᠡᠯ᠎ᠦᠨ ᠦᠯᠢᠭᠡᠷ》 ᠰᠡᠳᠦᠪᠳᠤ ᠣᠬᠣᠷ ᠸᠢᠳᠢᠤ᠋ ᠡᠯᠰᠡᠭᠦ ᠁ 5 ᠰᠠᠷ᠎ᠠ ᠳᠤ᠂ ᠠᠯᠢ ᠤᠯᠠᠨ ᠰᠢᠨ᠎ᠡ ᠬᠡᠯᠪᠡᠷᠢ᠎ᠵᠢᠨ᠂ ᠪᠠᠶᠠᠯᠢᠭ᠋ ᠠᠭᠤᠯᠭ᠎ᠠ᠎ᠲᠠᠢ ᠠᠵᠢᠯᠯᠠᠭ᠎ᠠ ᠨᠤᠭᠤᠳ ᠮᠠᠨᠵᠤᠤᠷ᠎ᠲᠤ ᠢᠲᠡ ᠬᠦᠭ ᠲᠠᠢ ᠶᠠᠪᠤᠬᠲᠠᠵᠦ᠂ ᠪᠦᠯᠬᠦᠮᠳᠡᠯ᠎ᠦᠨ ᠴᠡᠴᠡᠭᠡᠰ᠎ᠢ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠰᠡᠳᠬᠢᠯ᠎ᠳᠦ ᠭᠦᠨ ᠬᠠᠳᠠᠩᠰᠢᠭᠤᠯᠵᠠᠢ᠃
ᠣᠢᠷ᠎ᠠ᠎ᠶᠢᠨ ᠵᠢᠯ᠎ᠳᠦ᠂ ᠮᠠᠨᠵᠤᠤᠷ ᠬᠤᠳᠠ᠎ᠶᠢᠨ ᠬᠢᠨ ᠬᠢᠯᠢ᠎ᠶᠢᠨ ᠪᠣᠭᠣᠮᠲᠠ᠎ᠶᠢᠨ ᠬᠢᠯᠢ ᠬᠢᠵᠠᠭᠠᠷ ᠣᠷᠣᠨ ᠵᠢᠴᠢ ᠬᠤᠳᠠ ᠪᠠᠯᠭᠠᠰᠤᠵᠢᠯᠲᠠ᠎ᠶᠢᠨ ᠨᠤᠷᠮ᠎ᠠ ᠥᠨᠳᠥᠷ ᠪᠠᠢᠬᠤ ᠪᠣᠳᠠᠲᠤ ᠪᠠᠢᠳᠠᠯ᠎ᠳᠤ ᠰᠠᠭᠤᠷᠢᠯᠠᠨ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠢ᠋ ᠪᠠᠲᠦ ᠴᠤᠬᠴᠠᠯᠠᠬᠤ ᠢ᠋ᠢᠨ ᠲᠤᠭᠤᠷᠢᠨ᠎ᠳᠤ᠂ 《ᠲᠠᠪᠤ ᠵᠢ ᠨᠢᠭᠡ ᠴᠣᠭᠴᠠᠵᠢᠭᠤᠯᠬᠤ》 ᠬᠤᠳᠠ᠎ᠶᠢᠨ ᠦᠨᠳᠦᠰᠦᠲᠡᠨ᠎ᠦ ᠠᠵᠢᠯ᠎ᠤᠨ ᠰᠢᠰᠲ᠋ᠸᠮ᠎ᠢ ᠰᠦᠪᠡᠭᠴᠢᠯᠡᠨ ᠪᠠᠢᠭᠤᠯᠵᠤ᠂ ᠤᠨᠤᠯ᠎ᠢᠶᠠᠷ ᠬᠥᠲᠥᠯᠥᠨ ᠳᠠᠭᠠᠭᠤᠯᠬᠤ᠂ ᠤᠬᠠᠭᠤᠯᠭ᠎ᠠ ᠬᠥᠮᠦᠵᠢᠯ᠂ ᠶᠠᠪᠤᠯᠴᠠᠭ᠎ᠠ ᠠᠭᠤᠰᠤᠯᠴᠠᠯ᠂ ᠬᠠᠮᠲᠤ ᠪᠠᠷ ᠴᠢᠨᠡᠭᠡᠯᠢᠭᠵᠢᠬᠦ᠂ ᠵᠠᠰᠠᠯᠲᠠ᠎ᠶᠢᠨ ᠦᠷ᠎ᠡ ᠪᠦᠲᠦᠮᠵᠢ ᠵᠡᠷᠭᠡ ᠲᠠᠪᠤᠨ ᠲᠠᠯ᠎ᠠ᠎ᠠᠴᠠ ᠤᠨᠢᠨ ᠳᠡᠭᠡᠷ᠎ᠡ ᠨᠢ ᠬᠦᠴᠦᠯᠡᠵᠦ᠂ ᠦᠨᠳᠦᠰᠦᠲᠡᠨ᠎ᠦ ᠠᠵᠢᠯ᠎ᠤᠨ ᠭᠦᠨᠵᠡᠭᠡᠢᠷᠡᠨ ᠪᠣᠳᠠᠲᠠᠢᠵᠢᠬᠤ᠂ ᠨᠢᠳᠦᠨ᠎ᠳᠦ ᠦᠵᠡᠭᠳᠡᠮ᠎ᠠ ᠰᠡᠳᠭᠢᠯ᠎ᠳᠦ ᠰᠠᠭᠤᠭᠳᠠᠮ᠎ᠠ ᠭᠠᠷ᠎ᠲᠦ ᠪᠠᠷᠢᠭᠳᠠᠮ᠎ᠠ ᠪᠠᠢᠬᠤ᠎ᠶᠢ ᠠᠬᠢᠭᠤᠯᠪᠠ᠃
《ᠰᠤᠳᠤᠯᠬᠤ᠂ ᠨᠠᠢᠷᠠᠭᠤᠯᠬᠤ᠂ ᠵᠢᠭᠠᠬᠤ》 ᠵᠢ ᠨᠢᠭᠡ ᠴᠣᠭᠴᠠᠵᠢᠭᠤᠯᠤᠭᠰᠠᠨ ᠤᠨᠤᠯ᠎ᠤᠨ ᠠᠵᠢᠯ᠎ᠤᠨ ᠰᠢᠰᠲᠧᠮ ᠢ ᠪᠠᠢᠭᠤᠯᠵᠤ᠂ ᠦᠵᠡᠯ ᠰᠠᠨᠠᠭᠠᠨ᠎ᠤ ᠰᠠᠭᠤᠷᠢ ᠶᠢ 《ᠬᠡᠷᠬᠢᠨ ᠴᠤᠬᠴᠠᠯᠠᠬᠤ》 ᠠᠰᠠᠭᠤᠳᠠᠯ᠎ᠢ ᠰᠢᠢᠳᠪᠦᠷᠢᠯᠡᠪᠡ᠃ 《ᠣᠶᠤᠨ᠎ᠤ ᠬᠥᠮᠥᠷᠭᠡ᠎ᠶᠢᠨ ᠬᠣᠯᠪᠣᠭ᠎ᠠ》 ᠵᠢ ᠪᠠᠢᠭᠤᠯᠵᠤ᠂ ᠬᠣᠲᠠ᠎ᠶᠢᠨ ᠨᠠᠮ᠎ᠤᠨ ᠬᠣᠷᠢᠶ᠎ᠠ᠎ᠶᠢᠨ ᠨᠠᠮ᠎ᠤᠨ ᠰᠤᠷᠭᠠᠭᠤᠯᠢ 《ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠢ᠋ ᠪᠠᠲᠦ ᠴᠤᠬᠴᠠᠯᠠᠬᠤ ᠰᠤᠳᠤᠯᠭᠠᠨ᠎ᠤ ᠰᠠᠭᠤᠷᠢᠨ》 ᠪᠠ 《ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠢ᠋ ᠪᠠᠲᠦ ᠴᠤᠬᠴᠠᠯᠠᠬᠤ ᠰᠣᠶᠣᠯ᠎ᠤᠨ ᠰᠤᠳᠤᠯᠭᠠᠨ᠎ᠤ ᠨᠡᠢᠭᠡᠮᠯᠢᠭ》 ᠤ᠋ᠨ ᠬᠣᠶᠠᠷ ᠲᠣᠮᠣ᠌ ᠠᠴᠢᠶᠠᠯᠠᠪᠤᠷᠢ ᠵᠢ ᠪᠠᠢᠩᠭᠤᠵᠢᠭᠤᠯᠤᠨ ᠠᠵᠢᠯᠯᠠᠭᠤᠯᠵᠦ᠂ ᠶᠡᠬᠡ ᠳᠡᠭᠡᠳᠦ ᠰᠤᠷᠭᠠᠭᠤᠯᠢ ᠵᠢᠴᠢ ᠨᠡᠢᠭᠡᠮ᠎ᠦᠨ ᠰᠢᠨᠵᠢᠯᠡᠬᠦ ᠤᠬᠠᠭᠠᠨ᠎ᠤ ᠪᠠᠢᠭᠤᠯᠤᠮᠵᠢ᠎ᠲᠠᠢ ᠬᠣᠯᠪᠤᠭᠠᠯᠠᠨ ᠣᠶᠤᠨ ᠤ ᠬᠥᠮᠥᠷᠭᠡ᠎ᠶᠢᠨ ᠬᠣᠯᠪᠣᠭ᠎ᠠ᠎ᠶᠢ ᠪᠠᠢᠭᠤᠯᠵᠤ᠂ ᠣᠨᠣᠯ ᠪᠠ ᠦᠢᠯᠡᠳᠦᠯᠭᠡ ᠶᠢᠨ ᠭᠦᠨᠵᠡᠭᠡᠢ ᠤᠶᠠᠯᠳᠤᠯ᠎ᠢ ᠠᠬᠢᠭᠤᠯᠪᠠ᠃ 《ᠣᠨᠴᠠᠯᠢᠭ᠍ᠲᠤ ᠵᠢᠭᠠᠬᠤ ᠮᠠᠲᠧᠷᠢᠶᠠᠯ》 ᠢ᠋ ᠰᠢᠰᠲᠧᠮᠵᠢᠭᠦᠯᠦᠨ ᠨᠡᠭᠡᠭᠡᠨ ᠬᠥᠭᠵᠢᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠢ᠋ ᠪᠠᠲᠦ ᠴᠤᠬᠴᠠᠯᠠᠬᠤ ᠰᠤᠶᠤᠯ ᠤᠨ ᠰᠤᠳᠤᠯᠭᠠᠨ᠎ᠤ ᠨᠡᠢᠭᠡᠮᠯᠢᠭ᠎ᠦᠨ ᠲᠤᠰᠬᠠᠢ ᠬᠡᠪᠯᠡᠯ ᠵᠡᠷᠭᠡ᠎ᠶᠢ ᠲᠣᠭᠲᠠᠮᠠᠯ ᠬᠤᠭᠤᠴᠠᠭ᠎ᠠ᠎ᠲᠠᠢ᠎ᠪᠠᠷ ᠳᠠᠷᠤᠮᠠᠯᠯᠠᠨ ᠲᠠᠷᠬᠠᠭᠠᠵᠤ᠂ ᠪᠦᠬᠦ ᠬᠤᠳᠠ᠎ᠳᠤ ᠤᠨᠤᠯ᠎ᠤᠨ ᠰᠤᠷᠤᠯᠴᠠᠯᠭ᠎ᠠ ᠪᠠ ᠦᠢᠯᠡᠳᠦᠯᠭᠡ ᠪᠡᠷ ᠲᠣᠯᠢ ᠪᠣᠯᠭᠠᠬᠤ ᠦᠯᠢᠭᠡᠷ ᠳᠡᠪᠲᠡᠷ᠎ᠢ ᠬᠠᠩᠭᠠᠪᠠ᠃ ᠶᠡᠬᠡ ᠳᠤᠮᠳᠠᠳᠤ ᠪᠠᠭ᠎ᠠ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠥᠷᠥ᠎ᠶᠢᠨ ᠰᠢᠷᠢᠰ ᠬᠢᠴᠢᠶᠡᠯ ᠵᠢᠴᠢ 《ᠬᠢᠯᠢ᠎ᠶᠢᠨ ᠱᠤᠭᠤᠮ ᠳ᠋ᠡᠬᠢ ᠦᠵᠡᠯ ᠰᠠᠨᠠᠭ᠎ᠠ ᠤᠯᠤᠰ ᠲᠥᠷᠥ᠎ᠶᠢᠨ ᠬᠢᠴᠢᠶᠡᠯ》 ᠤ᠋ᠨ ᠲᠥᠷᠥᠯ ᠲᠡᠮᠳᠡᠭ ᠢ᠋ ᠪᠣᠶ ᠪᠣᠯᠭᠠᠵᠤ᠂ ᠬᠢᠯᠢ᠎ᠶᠢᠨ ᠪᠣᠭᠣᠮᠲᠠ᠎ᠶᠢᠨ ᠪᠣᠳᠠᠲᠤ ᠦᠵᠡᠮᠵᠢ᠎ᠶᠢ ᠠᠰᠢᠭ᠍ᠯᠠᠨ ᠪᠡᠶᠡᠴᠢᠯᠡᠨ ᠤᠢᠯᠠᠭᠠᠬᠤ ᠮᠠᠶᠢᠭ᠋᠎ᠤᠨ ᠰᠤᠷᠭᠠᠨ ᠬᠥᠮᠦᠵᠢᠯ᠎ᠢ ᠥᠷᠨᠢᠭᠦᠯᠪᠡ᠃
《ᠬᠠᠨᠳᠤᠯᠭᠠᠴᠢᠯᠠᠭᠰᠠᠨ ᠬᠡᠯᠪᠡᠷᠢ ᠂ ᠪᠦᠷᠢᠨ ᠵᠠᠭᠤᠴᠢᠯᠠᠭᠤᠷ ᠬᠡᠯᠪᠡᠷᠢ᠂ ᠦᠵᠡᠭᠳᠡᠯ᠎ᠳᠤ ᠬᠡᠯᠪᠡᠷᠢ》 ᠵᠢᠨ ᠤᠬᠠᠭᠤᠯᠭ᠎ᠠ ᠬᠥᠮᠦᠵᠢᠯ᠎ᠦᠨ ᠱᠢᠰᠲ᠋ᠧᠮ ᠢ᠋ ᠪᠠᠢᠭᠤᠯᠵᠤ᠂ ᠤᠬᠠᠭᠤᠯᠭ᠎ᠠ ᠬᠥᠮᠦᠵᠢᠯ᠎ᠤ᠋ᠨ 《ᠬᠡᠷᠬᠢᠨ ᠲᠠᠲᠠᠬᠤ》 ᠠᠰᠠᠭᠤᠳᠠᠯ᠎ᠢ ᠱᠢᠶ᠋ᠳᠪᠦᠷᠢᠯᠡᠪᠡ᠃ 《ᠨᠠᠷᠢᠯᠢᠭ ᠣᠨᠣᠴᠠᠲᠠᠶ ᠪᠣᠯᠪᠠᠰᠤᠷᠠᠯ》 ᠢ᠋ ᠲᠠᠰ ᠳᠠᠪᠬᠤᠷᠭ᠎ᠠ ᠲᠥᠷᠥᠯ ᠬᠤᠪᠢᠶᠠᠨ ᠬᠡᠷᠡᠭ᠌ᠵᠢᠭᠦᠯᠵᠦ᠍᠂ ᠪᠤᠳᠠᠳᠤ ᠴᠤᠬᠴᠠ ᠪᠠ ᠰᠦᠯᠵᠢᠶᠡᠨ ᠭᠠᠳᠠᠨᠠᠬᠢ ᠠᠭᠤᠰᠤᠯᠴᠠᠯ᠎ᠤᠨ 《ᠳᠠᠮᠵᠢᠭᠤᠯᠭ᠎ᠠ᠎ᠶ᠋ᠢᠨ ᠵᠢᠭ᠍ᠰᠠᠭᠠᠯ》 ᠢ᠋ ᠪᠠᠢᠭᠤᠯᠵᠤ᠂ ᠨᠢᠳᠤᠨ ᠳ᠋ᠤ ᠦᠵᠡᠭᠳᠡᠵᠦ ᠭᠠᠷ ᠲᠸ᠋ ᠪᠠᠷᠢᠬᠳᠠᠮ᠎ᠠ ᠲᠥᠷᠥᠭ᠌ᠳᠡᠯ᠎ᠢᠶᠡᠷ 《ᠣᠷᠴᠢᠨ ᠠᠬᠤᠶ᠎ᠶ᠋ᠢᠨ ᠨᠡᠪᠴᠢᠯᠲᠡ》 ᠶ᠋ᠢ ᠡᠭᠦᠳᠴᠤ᠂ ᠵᠢᠱ᠌ᠢᠶᠡᠴᠢ ᠲᠡᠷᠢᠭᠦᠨ ᠦ ᠦᠶ᠋ᠯᠡ ᠠᠵᠢᠯᠯᠠᠭ᠎ᠠ᠎ᠶ᠋ᠢᠨ ᠮᠡᠳᠡᠭᠦᠯᠦᠯᠲᠡ᠎ᠶ᠋ᠢᠨ ᠬᠤᠷᠠᠯ᠂《ᠪᠢᠴᠢᠬᠠᠨ ᠲᠠᠢᠯᠪᠤᠷᠢᠯᠠᠭ᠍ᠴᠢ》 ᠵᠢ ᠱᠢᠯᠭᠠᠷᠠᠭᠤᠯᠬᠤ ᠤᠷᠤᠯᠳᠤᠭᠠᠨ ᠵᠡᠷᠭᠡ᠎ᠶ᠋ᠢ ᠥᠷᠨᠢᠭᠦᠯᠵᠦ᠍᠂ ᠳᠡᠷᠭᠡᠳᠡᠬᠢ ᠬᠥᠮᠦᠰ᠎ᠢᠶᠡᠷ᠎ᠢᠶᠡᠨ ᠳᠡᠷᠭᠡᠳᠡᠬᠢ ᠤᠴᠢᠷ ᠶᠠᠪᠤᠳᠠᠯ᠎ᠢ᠋ ᠨᠢ ᠶᠠᠷᠢᠭᠤᠯᠵᠤ᠂ ᠤᠬᠠᠭᠤᠯᠭ᠎ᠠ ᠬᠥᠮᠦᠵᠢᠯ᠎ᠦᠨ ᠲᠠᠲᠠᠬᠤ ᠬᠦᠴᠦᠨ ᠢ ᠳᠡᠭᠡᠭ᠌ᠰᠢᠯᠡᠭᠦᠯᠪᠠ᠃
《ᠬᠣᠯᠪᠣᠭᠠᠯᠠᠭᠰᠠᠨ ᠬᠡᠯᠪᠡᠷᠢ᠂ ᠱᠢᠭᠢᠳᠭᠡᠯᠳᠦ ᠭᠡᠯᠪᠡᠷᠢ᠂ ᠲᠤᠤᠷᠵᠢᠯ ᠬᠡᠯᠪᠡᠷᠢ》 ᠵᠢᠨ ᠶᠠᠪᠤᠯᠴᠠᠭ᠎ᠠ ᠠᠭᠤᠰᠤᠯᠴᠠᠯ᠎ᠤᠨ ᠱᠢᠰᠲ᠋ᠧᠮ ᠢ᠋ ᠪᠠᠢᠭᠤᠯᠵᠤ ᠂ ᠦᠨᠳᠦᠰᠦᠲᠡᠨ᠎ᠦ ᠠᠭᠤᠰᠤᠯᠴᠠᠯ᠎ᠤᠨ《ᠬᠡᠷᠬᠢᠨ ᠠᠭᠤᠰᠤᠯᠴᠠᠬᠤ》 ᠠᠰᠠᠭᠤᠳᠠᠯ᠎ᠢ ᠱᠢᠶ᠋ᠳᠪᠦᠷᠢᠯᠡᠪᠡ᠃ 《ᠣᠷᠣᠨ ᠪᠦᠰᠡ ᠠᠯᠤᠰᠯᠠᠭ᠍ᠰᠠᠨ ᠬᠣᠯᠪᠣᠭ᠎ᠠ》 ᠶ᠋ᠢ ᠵᠣᠬᠢᠶᠠᠨ ᠪᠠᠢᠭᠤᠯᠵᠤ᠂ 《ᠶᠢᠰᠦᠨ ᠰᠠᠭᠤᠷᠢᠨ》᠎ᠤ᠋ ᠬᠣᠯᠪᠣᠭ᠎ᠠ᠎ᠶ᠋ᠢ ᠪᠠᠢᠭᠤᠯᠤᠨ᠂ ᠦᠵᠡᠮᠵᠢ᠎ᠶ᠋ᠢᠨ ᠣᠷᠣᠨ᠂ ᠮᠦᠽᠧᠶ᠂ ᠰᠤᠷᠭᠠᠭᠤᠯᠢ ᠵᠡᠷᠭᠡ 10 ᠨᠢᠭᠡᠴᠢ᠎ᠶ᠋ᠢᠨ ᠬᠠᠮᠲᠤᠷᠠᠨ ᠠᠵᠢᠯᠯᠠᠬᠤ ᠪᠦᠳᠦᠭᠦᠪᠴᠢ ᠵᠥᠪᠯᠡᠯᠴᠡᠭᠡᠷ ᠲᠣᠭ᠍ᠲᠠᠬᠤ᠎ᠶ᠋ᠢ ᠠᠬᠢᠭᠤᠯᠵᠤ᠂ ᠰᠠᠯᠠᠭ᠎ᠠ ᠮᠥᠴᠢᠷ ᠠᠯᠤᠰᠯᠠᠨ ᠬᠠᠮᠲᠤᠷᠠᠨ ᠪᠠᠢᠭᠤᠯᠵᠤ ᠬᠠᠮᠲᠤᠷᠠᠨ ᠡᠭᠦᠳᠬᠦ᠌᠎ᠶ᠋ᠢ ᠪᠡᠶᠡᠯᠡᠭᠦᠯᠪᠡ᠃ 《ᠠᠵᠢᠯ ᠲᠥᠷᠥᠯ᠎ᠦᠨ ᠵᠢᠱ᠌ᠢᠶ᠎ᠡ ᠦᠵᠡᠭᠦᠯᠬᠦ᠌ ᠴᠡᠭ》 ᠢ᠋ ᠪᠠᠢᠭᠤᠯᠵᠤ᠂ 《ᠦᠨᠳᠦᠰᠦᠲᠡᠨ᠎ᠦ ᠪᠦᠯᠬᠦᠮᠳᠡᠯ᠎ᠦᠨ ᠵᠢᠱ᠌ᠢᠶ᠎ᠡ ᠦᠵᠡᠭᠦᠯᠬᠦ᠌ ᠰᠠᠭᠤᠭᠠᠯᠢ ᠠᠷᠠᠳ ᠤ᠋ᠨ ᠲᠣᠭᠣᠷᠢᠭ》 ᠢ᠋ ᠪᠦᠲᠦᠭᠡᠨ ᠪᠠᠢᠭᠤᠯᠵᠤ᠂ 《ᠦᠨᠳᠦᠰᠦᠲᠡᠨ᠎ᠦ ᠪᠦᠯᠬᠦᠮᠳᠡᠯ + ᠠᠵᠤ ᠠᠬᠤᠢᠯᠠᠯ + N》 ᠠᠵᠢᠯᠯᠠᠬᠤ ᠥᠷᠲᠡᠭᠡ᠎ᠶ᠋ᠢ ᠴᠣᠭ᠍ᠴᠠᠯᠠᠨ ᠪᠠᠢᠭᠤᠯᠵᠤ᠂ 《ᠦᠨᠳᠦᠰᠦᠲᠡᠨ᠎ᠦ ᠪᠦᠯᠬᠦᠮᠳᠡᠯ᠎ᠦᠨ ᠡᠯᠴᠢ ᠵᠢᠨ ᠠᠵᠢᠯᠯᠠᠬᠤ ᠦᠷᠦᠬᠡ》 ᠢ᠋ᠢ 3 ᠪᠠᠢᠭᠤᠯᠪᠠ᠃
《ᠪᠠᠯᠠ ᠮᠥᠩᠭᠥ᠎ᠪᠡᠷ ᠬᠦᠭᠵᠢᠭᠡᠬᠦ᠌᠂ ᠲᠥᠷᠥᠯ ᠵᠦᠶ᠋ᠯ᠎ᠢᠶᠡᠷ ᠲᠤᠯᠭᠠᠭᠤᠷᠢᠯᠠᠬᠤ᠂ ᠠᠵᠤ ᠦᠶ᠋ᠯᠡᠰ᠎ᠢᠶᠡᠷ ᠬᠦᠴᠦᠨ ᠣᠯᠭᠣᠬᠤ》 ᠬᠠᠮᠲᠤ ᠪᠠᠷ ᠪᠠᠶᠠᠵᠢᠬᠤ ᠱᠢᠰᠲ᠋ᠧᠮ ᠢ᠋ ᠪᠠᠢᠭᠤᠯᠵᠤ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ 《ᠬᠡᠷᠬᠢᠨ ᠨᠡᠮᠡᠭ᠌ᠳᠡᠭᠦᠯᠬᠦ᠌》 ᠠᠰᠠᠭᠤᠳᠠᠯ᠎ᠢ ᠱᠢᠶ᠋ᠳᠪᠦᠷᠢᠯᠡᠪᠡ᠃ 2025 ᠣᠨ᠎ᠳᠤ ᠲᠥᠪ ᠤ᠋ᠨ ᠪᠠ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠳ᠋᠎ᠦᠨ ᠵᠠᠰᠠᠭ᠎ᠤᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ ᠨᠥᠬᠥᠪᠥᠷᠢ ᠪᠠᠯᠠ ᠮᠥᠩᠭᠥ ᠶ᠋ᠢ ᠨᠡᠢᠲᠡ 903 ᠲᠦᠮᠡᠨ ᠲᠥᠭᠥᠷᠢᠭ ᠤᠯᠤᠬᠰᠠᠨ ᠪᠥᠭᠡᠳ ᠰᠠᠢᠲᠤᠷ ᠬᠠᠮᠢᠶᠠᠷᠤᠨ ᠬᠡᠷᠡᠭ᠌ᠯᠡᠵᠦ᠍᠂ ᠬᠠᠮᠢᠶᠠᠷᠤᠯᠲᠠ᠎ᠶ᠋ᠢᠨ ᠠᠷᠭ᠎ᠠ᠎ᠶ᠋ᠢ ᠲᠣᠭ᠍ᠲᠠᠭᠠᠨ ᠲᠡᠭᠦᠯᠳᠡᠷᠵᠢᠭᠦᠯᠵᠦ᠍᠂ ᠪᠠᠯᠠ ᠮᠥᠩᠭᠥ᠎ᠶ᠋ᠢᠨ ᠠᠮᠤᠷ ᠲᠦᠪᠱᠢᠨ ᠥᠨᠳᠥᠷ ᠪᠦᠲᠦᠮᠵᠢᠲᠡᠶ ᠬᠡᠷᠡᠭᠯᠡᠬᠦ᠎ᠶ᠋ᠢ ᠪᠠᠲᠤᠯᠠᠪᠠ᠃ 《ᠪᠣᠳᠠᠲᠤ ᠴᠣᠭ᠍ᠴᠠᠴᠢᠯᠠᠬᠰᠠᠨ ᠲᠥᠷᠥᠯ ᠵᠦᠶ᠋ᠯ》 ᠢ᠋ ᠬᠡᠷᠡᠭ᠌ᠵᠢᠭᠦᠯᠵᠦ᠍᠂ 815 ᠲᠦᠮᠡᠨ ᠲᠥᠭᠥᠷᠢᠭ᠎ᠦᠨ ᠪᠠᠯᠠ ᠮᠦᠡᠭᠬᠦ ᠣᠷᠣᠭᠤᠯᠤᠨ᠂ ᠱᠢᠨ ᠺᠠᠶ ᠾᠧ ᠪᠠᠯᠭᠠᠰᠤᠨ᠎ᠤ ᠬᠢᠯᠢ ᠬᠢᠵᠠᠭᠠᠷ᠎ᠤᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠬᠥᠳᠡᠭᠡ ᠲᠣᠰᠭᠣᠨ᠎ᠤ ᠵᠢᠭᠤᠯᠴᠢᠯᠠᠯ᠎ᠤᠨ ᠬᠥᠭ᠌ᠵᠢᠯᠲᠡ᠎ᠶ᠋ᠢᠨ ᠲᠥᠷᠥᠯ ᠵᠦᠶ᠋ᠯ᠎ᠢ ᠬᠡᠷᠡᠭ᠌ᠵᠢᠭᠦᠯᠵᠦ᠍᠂ 《ᠤᠶᠤᠨᠲᠤ ᠲᠠᠷᠢᠶᠠᠯᠠᠩ + ᠦᠨᠳᠦᠰᠦᠲᠡᠨ᠎ᠦ ᠪᠦᠯᠬᠦᠮᠳᠡᠯ + ᠬᠥᠳᠡᠭᠡ ᠲᠣᠰᠭᠣᠨ᠎ᠤ ᠵᠢᠭᠤᠯᠴᠢᠯᠠᠯ + ᠡᠯᠧᠺᠲ᠋ᠷᠣᠨ ᠬᠤᠳᠠᠯᠳᠤᠭ᠎ᠠ᠎ᠪᠡᠷ ᠬᠦᠴᠦᠨ ᠣᠯᠭᠣᠬᠤ》 ᠵᠠᠭ᠍ᠪᠤᠷ᠎ᠢ ᠪᠣᠶ ᠪᠣᠯᠭᠠᠪᠠ᠃
《ᠡᠬᠢ ᠡᠭᠦᠰᠦᠯ᠎ᠡᠴᠡ᠎ᠨᠢ ᠰᠡᠷᠭᠡᠢᠯᠡᠨ ᠡᠵᠡᠮᠳᠡᠬᠦ᠌᠂ ᠶᠠᠪᠤᠴᠠ᠎ᠵᠢ ᠨᠢ ᠬᠠᠮᠢᠶᠠᠷᠬᠤ᠂ ᠪᠠᠴᠢᠮ ᠪᠠᠢᠳᠠᠯ᠎ᠢ ᠠᠷᠭᠠᠴᠠᠭᠠᠨ ᠱᠢᠶ᠋ᠳᠪᠦᠷᠢᠯᠡᠬᠦ᠌》 ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢᠨ ᠱᠢᠰᠲ᠋ᠧᠮ ᠢ᠋ ᠪᠠᠢᠭᠤᠯᠵᠤ᠂ ᠲᠦᠭ᠌ᠰᠢᠭᠦᠷᠢ ᠬᠡᠮ ᠰᠣᠭᠣᠭ ᠢ 《ᠬᠡᠷᠬᠢᠨ ᠰᠡᠷᠭᠡᠢᠯᠡᠬᠦ᠌》 ᠠᠰᠠᠭᠤᠳᠠᠯ᠎ᠢ ᠱᠢᠶ᠋ᠳᠪᠦᠷᠢᠯᠡᠪᠡ᠃ 《ᠤᠷᠢᠳᠠᠪᠠᠷ ᠬᠢᠨᠠᠨ ᠬᠠᠷᠭᠤᠭᠤᠯᠬᠤ》᠎ᠶ᠋ᠢ ᠲᠡᠭᠦᠯᠳᠡᠷᠵᠢᠭᠦᠯᠵᠦ᠍᠂ ᠵᠠᠰᠠᠭ ᠵᠠᠬᠢᠷᠭᠠᠨ᠎ᠤ ᠳᠦᠷᠢᠮᠵᠢᠯ ᠦᠨ ᠴᠢᠨᠠᠷᠲᠠᠢ ᠪᠢᠴᠢᠭ ᠮᠠᠲ᠋ᠧᠷᠢᠶᠠᠯ᠎ᠢ ᠤᠷᠢᠳᠠᠪᠠᠷ ᠬᠢᠨᠠᠨ ᠬᠠᠷᠭᠤᠭᠤᠯᠬᠤ ᠠᠵᠢᠯ᠎ᠤᠨ ᠵᠦᠭ᠌ᠯᠡᠭᠦᠷ᠎ᠢ ᠳᠠᠷᠤᠮᠠᠯᠯᠠᠨ ᠲᠠᠷᠬᠠᠭᠠᠵᠤ᠂ ᠬᠣᠲᠠ᠎ᠶ᠋ᠢᠨ ᠵᠠᠰᠠᠭ ᠤ᠋ᠨ ᠣᠷᠳᠣᠨ᠎ᠤ ᠲᠣᠰ ᠱᠠᠲᠤᠨ᠎ᠤ ᠳᠦᠷᠢᠮᠵᠢᠯ᠎ᠦᠨ ᠴᠢᠨᠠᠷᠲᠠᠢ ᠪᠢᠴᠢᠭ ᠮᠠᠲ᠋ᠧᠷᠢᠶᠠᠯ᠎ᠢ ᠪᠦᠬᠦᠨ᠎ᠢ ᠪᠦᠷᠬᠦᠭᠦᠯᠬᠦ᠌᠎ᠶ᠋ᠢ ᠪᠡᠶᠡᠯᠡᠭᠦᠯᠪᠡ; ᠬᠢᠨᠠᠨ ᠬᠠᠷᠭᠤᠭᠤᠯᠬᠤ ᠲᠣᠭ᠍ᠲᠠᠴᠠ᠎ᠶ᠋ᠢ ᠦᠨᠳᠦᠰᠦᠨ ᠱᠠᠲᠤᠨ ᠤ ᠴᠢᠬᠤᠯᠠ ᠶᠡᠬᠡ ᠵᠦᠶ᠋ᠯᠡᠰ᠂ ᠠᠷᠠᠳ᠎ᠤᠨ ᠠᠮᠢᠳᠤᠷᠠᠯ᠎ᠤᠨ ᠵᠦᠶ᠋ᠯᠡᠰ ᠲᠡᠢᠰᠢ ᠤᠷᠲᠤᠳᠭᠠᠬᠤ᠎ᠶ᠋ᠢ ᠠᠬᠢᠭᠤᠯᠵᠤ᠂ ᠪᠣᠶ ᠪᠥᠬᠥᠶ ᠱᠢᠶ᠋ᠳᠪᠦᠷᠢᠲᠦ ᠪᠣᠳᠣᠯᠭ᠎ᠠ᠎ᠶ᠋ᠢ ᠭᠤᠤᠯ ᠰᠢᠵᠢᠮ᠎ᠤᠨ ᠱᠠᠭᠠᠷᠳᠠᠯᠭ᠎ᠠ᠎ᠳᠤ ᠨᠡᠢᠴᠡᠭᠦᠯᠬᠦ᠌᠎ᠶ᠋ᠢ ᠪᠠᠲᠤᠯᠠᠪᠠ᠃ 《ᠬᠠᠮᠵᠢᠯᠴᠠᠨ ᠵᠠᠰᠠᠬᠤ》 ᠶ᠋ᠢ ᠴᠢᠩᠭᠠᠳᠭᠠᠵᠤ᠂ 《ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ ᠭᠡᠱᠢᠭᠦᠨ᠎ᠦ ᠲᠦᠷᠢᠮ᠎ᠦᠨ ᠠᠵᠢᠯ᠎ᠤᠨ ᠲᠤᠬᠳᠠᠭᠠᠯ》 ᠳ᠋ᠤ ᠵᠠᠰᠠᠪᠤᠷᠢ ᠣᠷᠣᠭᠤᠯᠵᠤ᠂ ᠲᠤᠱᠢᠶᠠᠯ ᠬᠠᠷᠢᠭᠤᠴᠠᠯᠭ᠎ᠠ᠎ᠶ᠋ᠢᠨ ᠠᠵᠢᠯ᠎ᠤᠨ ᠬᠤᠪᠢᠶᠠᠷᠢᠯᠠᠯ᠎ᠢ ᠤᠯᠠᠮ ᠨᠢᠭᠡ ᠠᠯᠬᠤᠮ ᠲᠣᠳᠣᠷᠬᠠᠢᠯᠠᠵᠤ ᠬᠠᠮᠳᠤᠷᠠᠯ ᠬᠦᠴᠦᠨ᠎ᠢ ᠪᠦᠷᠢᠯᠳᠦᠭᠦᠯᠪᠡ; ᠦᠨᠳᠦᠰᠦᠲᠡᠨ᠎ᠦ ᠬᠡᠷᠡᠭ ᠶᠠᠪᠤᠳᠠᠯ᠎ᠢ ᠬᠣᠲᠠ ᠬᠥᠳᠡᠭᠡ᠎ᠶ᠋ᠢᠨ ᠲᠤᠤᠷᠵᠢᠯ ᠤ᠋ᠨ ᠬᠠᠮᠢᠶᠠᠷᠤᠯᠲᠠ᠎ᠳᠤ ᠠᠭᠤᠰᠤᠯᠴᠠᠭᠤᠯᠵᠤ᠂ 《ᠠᠨᠠᠷ᠎ᠤᠨ ᠦᠷ᠎ᠡ》 ᠶ᠋ᠢᠨ ᠡᠶᠡᠳᠡᠭᠦᠯᠬᠦ᠌ ᠲᠠᠰᠤᠭ᠎ᠤᠨ ᠵᠠᠭ᠍ᠪᠤᠷ᠎ᠢ ᠳᠡᠯᠭᠡᠷᠡᠭᠦᠯᠦᠨ᠂ ᠵᠥᠷᠢᠴᠡᠯ ᠵᠠᠭᠤᠷᠠᠯᠳᠤᠭᠠᠨ᠎ᠢ ᠦᠨᠳᠦᠰᠦᠨ ᠱᠠᠲᠤᠨ᠎ᠳᠤᠨᠢ ᠨᠠᠮᠳᠠᠭᠤᠯᠪᠡ᠃
ᠤᠳᠤ᠎ᠶ᠋ᠢᠨ ᠮᠠᠨᠵᠤᠤᠷ᠎ᠲᠤ᠂ ᠦᠨᠳᠦᠰᠦᠲᠡᠨ᠎ᠨᠦᠭᠦᠳ ᠦᠨ ᠤᠯᠠᠨ ᠲᠦᠮᠡᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠭᠠᠷ ᠬᠣᠯᠪᠣᠨ ᠬᠠᠮᠲᠤ᠎ᠪᠠᠷ ᠤᠷᠤᠭ᠍ᠰᠢᠯᠠᠨ᠎ᠠ᠃ 《ᠲᠠᠷᠠᠭᠠᠴᠢ᠎ᠪᠡᠷ᠂ ᠮᠠᠨᠵᠤᠤᠷ ᠬᠣᠲᠠ ᠦᠨᠳᠦᠰᠦᠲᠡᠨ᠎ᠦ ᠠᠵᠢᠯ᠎ᠢ ᠦᠷᠭᠦᠯᠵᠢᠯᠡᠨ ᠭᠦᠨᠵᠡᠭᠡᠢᠷᠡᠭᠦᠯᠵᠦ᠍᠂ ᠠᠵᠢᠯ᠎ᠤᠨ ᠱᠢᠰᠲ᠋ᠧᠮ᠎ᠢᠶᠡᠨ ᠲᠠᠰᠤᠷᠠᠯᠲᠠ ᠥᠬᠡᠶ ᠱᠢᠯᠢᠳᠡᠭ᠌ᠵᠢᠭᠦᠯᠵᠦ᠍᠂ ᠠᠵᠢᠯ᠎ᠤᠨ ᠠᠷᠭ᠎ᠠ᠎ᠶ᠋ᠢᠨ ᠱᠢᠨ᠎ᠡ ᠶ᠋ᠢ ᠡᠭᠦᠳᠴᠦ᠍᠂ ᠦᠨᠳᠦᠰᠦᠲᠡᠨ᠎ᠦ ᠪᠦᠯᠬᠦᠮᠳᠡᠯ᠎ᠦᠨ ᠴᠡᠴᠡᠭᠡᠰ᠎ᠢ ᠨᠠᠩ ᠰᠠᠢᠬᠠᠨ ᠳᠡᠯᠭᠡᠷᠡᠭᠦᠯᠦᠨ᠎ᠡ》 ᠭᠡᠵᠦ ᠮᠠᠨᠵᠤᠤᠷ ᠬᠣᠲᠠ᠎ᠶ᠋ᠢᠨ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ ᠡᠷᠬᠢᠯᠡᠭ᠌ᠴᠢ ᠸᠠᠩ ᠱᠢᠨ ᠬᠡᠯᠡᠪᠡ᠃