ᠸᠠᠩ ᠸᠧᠢ ᠵᠥᠩ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠳᠤ ᠬᠦᠷᠴᠦ ᠪᠠᠢᠴᠠᠭᠠᠨ ᠰᠤᠳᠤᠯᠤᠯᠲᠠ ᠬᠢᠪᠡ
2026-05-27 08:39:10
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

5 ᠰᠠᠷ᠎ᠠ᠎ᠶᠢᠨ 25᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ ᠡᠷᠬᠢᠯᠡᠭᠴᠢ ᠸᠠᠩ ᠸᠧᠢ ᠵᠥᠩ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠳᠤ ᠪᠠᠢᠴᠠᠭᠠᠨ ᠰᠤᠳᠤᠯᠤᠯᠲᠠ ᠬᠢᠬᠦ᠎ᠳᠡᠭᠡᠨ᠂ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠣᠰᠣ᠌ ᠰᠤᠷᠲᠠᠬᠤᠨ ᠵᠢᠡᠷ ᠬᠥᠮᠥᠨ᠎ᠢ ᠬᠥᠮᠥᠵᠢᠭᠦᠯᠬᠦ᠂ ᠲᠠᠷᠢᠶᠠᠯᠠᠩ᠎ᠢ ᠬᠦᠴᠦᠷᠬᠡᠭᠵᠢᠭᠦᠯᠦᠨ ᠲᠠᠷᠢᠶᠠᠯᠠᠩ᠎ᠢ ᠬᠥᠭᠵᠢᠭᠦᠯᠬᠦ ᠡᠭᠦᠷᠭᠡ ᠬᠠᠷᠢᠭᠤᠴᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠰᠤᠷᠭᠠᠭᠤᠯᠢ ᠡᠷᠭᠢᠯᠡᠬᠦ ᠣᠨᠴᠠᠯᠢᠭ᠋᠎ᠢ ᠲᠣᠪᠤᠢᠯᠭᠠᠵᠤ᠂ ᠰᠤᠷᠭᠠᠭᠤᠯᠢ ᠡᠷᠭᠢᠯᠡᠬᠦ ᠲᠦᠪᠰᠢᠨ᠎ᠢ ᠳᠡᠭᠡᠭᠰᠢᠯᠡᠭᠦᠯᠵᠦ᠂ ᠮᠠᠯ ᠠᠵᠤ ᠠᠬᠤᠢ ᠲᠠᠷᠢᠶᠠᠯᠠᠩ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠦᠷ᠎ᠡ ᠪᠦᠲᠦᠭᠡᠯ᠎ᠢ ᠤᠨᠳᠤᠤᠰᠢᠭᠤᠯᠤᠨ ᠬᠡᠷᠡᠭᠯᠡᠬᠦ᠎ᠶᠢ ᠬᠦᠴᠦᠯᠡᠨ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠴᠢᠬᠤᠯᠠ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠢ ᠴᠢᠨᠠᠷ ᠰᠠᠢᠲᠠᠢ ᠪᠦᠲᠦᠭᠡᠨ ᠪᠠᠶ᠋ᠢᠭᠤᠯᠬᠤ᠎ᠳᠤ ᠨᠠᠩ ᠶᠡᠬᠡ ᠬᠤᠪᠢ ᠨᠡᠮᠡᠷᠢ ᠦᠵᠡᠭᠦᠯᠬᠦ ᠭᠡᠷᠡᠭᠳᠡᠢ ᠭᠡᠵᠤ ᠴᠢᠬᠤᠯᠠᠴᠢᠯᠠᠪᠠ᠃


d715fd43-8870-4df3-9c0c-1af9877219c2.png


5 ᠰᠠᠷ᠎ᠠ᠎ᠶᠢᠨ 25᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ ᠡᠷᠬᠢᠯᠡᠭᠴᠢ ᠸᠠᠩ ᠸᠧᠢ ᠵᠥᠩ ᠭᠠᠩᠳᠠᠮᠠᠯ ᠣᠷᠣᠨ᠎ᠤ ᠤᠰᠤᠨ᠎ᠤ ᠢᠨᠵᠧᠨᠧᠷᠢᠩ᠎ᠦᠨ ᠠᠮᠢ ᠠᠬᠤᠢ ᠣᠷᠴᠢᠨ ᠲᠣᠭᠣᠷᠢᠨ᠎ᠤ ᠪᠦᠬᠦ ᠤᠯᠤᠰ᠎ᠤᠨ ᠭᠣᠣᠯᠳᠠᠯᠭ᠎ᠠ᠎ᠲᠠᠢ ᠲᠤᠷᠰᠢᠯᠲᠠ ᠵᠢᠨ ᠲᠠᠰᠤᠭ ᠲᠦ᠍ ᠤᠰᠤᠨ᠎ᠤ ᠡᠬᠢ ᠪᠠᠶᠠᠯᠢᠭ᠋ ᠤᠰᠤᠨ᠎ᠤ ᠠᠮᠢ ᠠᠬᠤᠢ ᠵᠡᠷᠭᠡ ᠬᠦᠷᠢᠶᠡᠨ᠎ᠳᠡᠬᠢ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠤᠭᠤᠮᠳᠠ ᠰᠢᠪᠳᠤᠯᠬᠤ ᠪᠠ ᠮᠡᠷᠭᠡᠵᠢᠯ᠎ᠦᠨ ᠬᠡᠷᠡᠭᠯᠡᠯᠲᠡ ᠵᠡᠷᠭᠡ ᠪᠠᠢᠳᠠᠯ᠎ᠢ ᠣᠢᠯᠠᠭᠠᠪᠠ᠃ 

ᠰᠤᠷᠪᠤᠯᠵᠢᠯᠠᠭᠴᠢ   ᠮᠠ ᠵᠢᠶᠠᠨ ᠪᠢᠩ  ᠰᠡᠭᠦᠳᠡᠷᠯᠡᠪᠡ


ᠸᠠᠩ ᠸᠧᠢ ᠵᠦᠩ ᠤᠷᠢᠳ ᠵᠢᠡᠷ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠠᠮᠢ ᠨᠠᠰᠤᠨ᠎ᠤ ᠰᠢᠨᠵᠢᠯᠡᠬᠦ ᠤᠬᠠᠭᠠᠨ᠎ᠤ ᠠᠰᠠᠷ᠎ᠤᠨ ᠶᠡᠬᠡ ᠲᠢᠩᠬᠢᠮ᠎ᠳᠦ ᠤᠷᠤᠵᠤ᠂ ᠰᠤᠷᠭᠠᠭᠤᠯᠢ᠎ᠶᠢᠨ ᠭᠣᠣᠯᠳᠠᠯᠭ᠎ᠠ᠎ᠲᠠᠢ ᠰᠢᠨᠵᠢᠯᠡᠭᠡᠨ᠎ᠦ ᠰᠠᠯᠠᠭ᠎ᠠ᠎ᠶᠢᠨ ᠪᠠᠢᠭᠤᠯᠤᠯᠲᠠ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠲᠠᠪᠴᠠᠩ᠎ᠤᠨ ᠪᠠᠢᠭᠤᠯᠤᠯᠲᠠ᠂ ᠰᠢᠯᠢᠳᠡᠭ ᠴᠢᠳᠠᠪᠤᠷᠢᠲᠠᠨ᠎ᠢ ᠬᠥᠮᠥᠵᠢᠭᠦᠯᠬᠦ ᠵᠡᠷᠭᠡ ᠶᠡᠷᠦᠩᠬᠡᠢ ᠪᠠᠢᠳᠠᠯ᠎ᠢ ᠤᠢᠯᠠᠭᠠᠪᠠ᠃ ᠳᠠᠷᠠᠭ᠎ᠠ ᠨᠢ᠂ ᠸᠠᠩ ᠸᠧᠢ ᠵᠦᠩ ᠡᠪᠡᠰᠦᠨ᠎ᠦ ᠦᠢᠯᠡᠰ᠎ᠦᠨ ᠳᠡᠭᠡᠳᠦ ᠰᠤᠷᠭᠠᠭᠤᠯᠢ᠎ᠶᠢᠨ ᠤᠯᠤᠰ᠎ᠤᠨ ᠲᠡᠰ᠎ᠤᠨ ᠤᠷᠭᠤᠮᠠᠯ᠎ᠤᠨ ᠤᠬᠠᠭᠠᠨ᠎ᠤ ᠲᠤᠷᠰᠢᠯᠲᠠ᠎ᠶᠢᠨ ᠵᠢᠭᠠᠨ ᠰᠤᠷᠭᠠᠯᠲᠠ᠎ᠶᠢᠨ ᠵᠢᠱ᠌ᠢᠶ᠎ᠡ ᠦᠵᠡᠭᠦᠯᠬᠦ ᠲᠥᠪ ᠪᠣᠯᠣᠨ ᠭᠠᠩᠳᠠᠮᠠᠯ ᠣᠷᠣᠨ᠎ᠤ ᠤᠰᠤᠨ᠎ᠤ ᠢᠨᠵᠧᠨᠧᠷᠢᠩ᠎ᠦᠨ ᠠᠮᠢ ᠠᠬᠤᠢ ᠣᠷᠴᠢᠨ ᠲᠣᠭᠣᠷᠢᠨ᠎ᠤ ᠪᠦᠬᠦ ᠤᠯᠤᠰ᠎ᠤᠨ ᠭᠣᠣᠯᠳᠠᠯᠭ᠎ᠠ᠎ᠲᠠᠢ ᠲᠤᠷᠰᠢᠯᠲᠠ ᠵᠢᠨ ᠲᠠᠰᠤᠭ ᠲᠦ᠍ ᠬᠦᠷᠴᠦ᠂ ᠲᠠᠷᠢᠮᠠᠯ ᠪᠡᠯᠴᠢᠭᠡᠷ᠂ ᠤᠰᠤᠨ᠎ᠤ ᠡᠬᠢ ᠪᠠᠶᠠᠯᠢᠭ᠋ ᠤᠰᠤᠨ᠎ᠤ ᠠᠮᠢ ᠠᠬᠤᠢ ᠵᠡᠷᠭᠡ ᠬᠦᠷᠢᠶᠡᠨ᠎ᠳᠡᠬᠢ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠤᠭᠤᠮᠳᠠ ᠰᠢᠪᠳᠤᠯᠬᠤ ᠪᠠ ᠮᠡᠷᠭᠡᠵᠢᠯ᠎ᠦᠨ ᠬᠡᠷᠡᠭᠯᠡᠯᠲᠡ ᠵᠡᠷᠭᠡ ᠪᠠᠢᠳᠠᠯ᠎ᠢ ᠣᠢᠯᠠᠭᠠᠵᠤ᠂ ᠰᠤᠷᠭᠠᠭᠤᠯᠢ᠎ᠶᠢᠨ ᠣᠯᠣᠭᠰᠠᠨ ᠵᠢᠭᠠᠨ ᠰᠤᠷᠭᠠᠯᠲᠠ ᠪᠠ ᠰᠢᠨᠵᠢᠯᠡᠬᠦ ᠤᠬᠠᠭᠠᠨ᠎ᠤ ᠰᠤᠳᠤᠯᠭᠠᠨ᠎ᠤ ᠦᠷ᠎ᠡ ᠪᠦᠲᠦᠭᠡᠯ᠎ᠢ ᠨᠤᠲᠠᠯᠠᠵᠤ᠂ ᠰᠤᠷᠭᠠᠭᠤᠯᠢ᠎ᠶᠢᠨ ᠬᠢᠨ ᠲᠤᠷᠰᠢᠯᠭ᠎ᠠ᠎ᠪᠠᠨ ᠳ᠋ᠦᠩᠨᠡᠵᠤ᠂ ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠬᠦ ᠡᠷᠴᠢᠮ᠎ᠢᠶᠡᠨ ᠴᠢᠩᠭᠠᠷᠠᠭᠤᠯᠵᠤ᠂ ᠡᠬᠢ ᠪᠠᠶᠠᠯᠢᠭ᠋᠎ᠢ ᠨᠠᠩ ᠰᠠᠢᠲᠤᠷ ᠨᠡᠢᠳᠭᠡᠵᠦ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠴᠢᠳᠠᠪᠤᠷᠢᠲᠠᠨ᠎ᠢ ᠨᠢᠭᠡ ᠴᠣᠭᠴᠠᠵᠢᠭᠤᠯᠤᠨ ᠬᠥᠭᠵᠢᠭᠦᠯᠬᠦ᠎ᠶᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠬᠤᠬᠤ᠎ᠶᠢ ᠬᠦᠰᠡᠪᠡ᠃

ᠸᠠᠩ ᠸᠧᠢ ᠵᠥᠩ᠂ ᠥᠪᠥᠷ ᠮᠣᠩᠭᠣᠯ᠎ᠢ ᠤᠯᠤᠰ᠎ᠤᠨ ᠴᠢᠬᠤᠯᠠ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ ᠪᠣᠯᠭᠠᠨ ᠪᠦᠲᠦᠭᠡᠨ ᠪᠠᠶ᠋ᠢᠭᠤᠯᠬᠤ᠎ᠳᠤ ᠣᠷᠣᠨ ᠲᠠᠶᠠᠭᠠᠷ᠎ᠢᠶᠠᠨ ᠬᠠᠮᠲᠤ᠎ᠪᠠᠷ ᠴᠢᠷᠮᠠᠢᠬᠤ ᠬᠡᠷᠡᠭᠲᠡᠢ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ ᠵᠢᠨ ᠬᠢᠨ ᠰᠤᠷᠭᠠᠭᠤᠯᠢ ᠡᠷᠭᠢᠯᠡᠬᠦ ᠵᠥᠪ ᠴᠢᠭᠯᠡᠯ᠎ᠢ ᠪᠠᠷᠢᠮᠲᠠᠯᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠠᠵᠤ ᠦᠢᠯᠡᠰ᠎ᠦᠨ ᠬᠥᠭᠵᠢᠯᠲᠡ᠎ᠶᠢᠨ ᠬᠡᠷᠡᠭᠴᠡᠭᠡ᠎ᠲᠠᠢ ᠨᠢᠭ᠍ᠲᠠ ᠤᠶᠠᠯᠳᠤᠭᠤᠯᠤᠨ ᠰᠢᠨᠵᠢᠯᠡᠭᠡᠨ᠎ᠦ ᠰᠠᠯᠠᠭ᠎ᠠ ᠲᠤᠰᠬᠠᠢ ᠮᠡᠷᠭᠡᠵᠢᠯ᠎ᠦᠨ ᠲᠤᠬᠢᠷᠠᠭᠤᠯᠤᠯᠳᠠ᠎ᠶᠢ ᠰᠢᠯᠢᠳᠡᠭᠵᠢᠭᠦᠯᠵᠦ᠂ ᠰᠠᠭᠤᠷᠢ ᠰᠢᠨᠵᠢᠯᠡᠭᠡᠨ᠎ᠦ ᠰᠠᠯᠠᠭ᠎ᠠ᠂ ᠰᠢᠨ᠎ᠡ᠎ᠪᠡᠷ ᠮᠠᠨᠳᠤᠭᠰᠠᠨ ᠰᠢᠨᠵᠢᠯᠡᠭᠡᠨ᠎ᠦ ᠰᠠᠯᠠᠭ᠎ᠠ᠂ ᠰᠣᠯᠪᠢᠴᠠᠯ ᠰᠢᠨᠵᠢᠯᠡᠭᠡᠨ᠎ᠦ ᠰᠠᠯᠠᠭ᠎ᠠ᠎ᠶᠢᠨ ᠪᠠᠢᠭᠤᠯᠤᠯᠲᠠ᠎ᠶᠢ ᠴᠢᠩᠭᠠᠳᠬᠠᠵᠤ᠂ ᠲᠠᠷᠢᠶᠠᠯᠠᠩ᠎ᠢ ᠤᠢᠯᠠᠭᠠᠵᠤ ᠲᠠᠷᠢᠶᠠᠯᠠᠩ᠎ᠢ ᠬᠠᠢᠷᠠᠯᠠᠬᠤ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠢ ᠲᠠᠰᠤᠷᠠᠯᠲᠠ ᠦᠭᠡᠢ ᠬᠥᠮᠥᠵᠢᠭᠦᠯᠬᠦ ᠬᠡᠷᠡᠭᠲᠡᠢ᠃ ᠰᠢᠨᠵᠢᠯᠡᠬᠦ ᠤᠬᠠᠭᠠᠨ᠎ᠤ ᠰᠤᠳᠤᠯᠭᠠᠨ᠎ᠤ ᠳᠠᠪᠠᠭᠤᠯᠢᠭ᠋᠎ᠢ ᠭᠦᠢᠴᠡᠳ ᠪᠠᠳᠠᠷᠠᠭᠤᠯᠵᠤ᠂ ᠡᠪᠡᠰᠤᠨ᠎ᠤ ᠦᠢᠯᠡᠰ᠂ ᠮᠠᠯ ᠠᠵᠤ ᠠᠬᠤᠢ᠂ ᠰᠦ᠎ᠶᠢᠨ ᠦᠢᠯᠡᠰ᠂ ᠠᠮᠢᠳᠤ ᠪᠣᠳᠠᠰ᠎ᠤᠨ ᠡᠭᠦᠯᠳᠡᠷ ᠪᠣᠢᠵᠢᠭᠤᠯᠬᠤ᠂ ᠪᠣᠬᠢᠷᠲᠤᠯ ᠦᠭᠡᠢ ᠲᠠᠷᠢᠵᠦ ᠲᠡᠵᠢᠭᠡᠬᠦ ᠵᠡᠷᠭᠡ ᠭᠣᠣᠯᠳᠠᠯᠭ᠎ᠠ᠎ᠲᠠᠢ ᠬᠦᠷᠢᠶ᠎ᠡ᠎ᠶᠢ ᠪᠠᠲᠦ ᠡᠵᠡᠮᠳᠡᠵᠤ᠂ ᠰᠠᠭᠤᠷᠢ ᠰᠤᠳᠤᠯᠭᠠᠨ ᠪᠣᠯᠣᠨ ᠵᠠᠩᠭᠢᠯᠠᠭ᠎ᠠ᠎ᠶᠢᠨ ᠭᠣᠣᠯᠯᠠᠭ᠍ᠴᠢ ᠮᠡᠷᠭᠡᠵᠢᠯ᠎ᠦᠨ ᠪᠣᠭᠣᠮᠲᠠ ᠰᠢᠪᠲᠤᠯᠬᠤ᠎ᠶᠢ ᠴᠢᠩᠭᠠᠳᠬᠠᠵᠤ᠂ ᠮᠠᠯ ᠠᠵᠤ ᠠᠬᠤᠢ ᠲᠠᠷᠢᠶᠠᠯᠠᠩ᠎ᠤᠨ ᠦᠢᠯᠡᠳᠪᠦᠷᠢᠯᠡᠯ᠎ᠦᠨ 《ᠪᠣᠭᠣᠮᠢ》 ᠠᠰᠠᠭᠤᠳᠠᠯ᠎ᠢ ᠵᠣᠷᠢᠭ᠍ᠲᠠᠢ ᠰᠢᠢᠳᠪᠦᠷᠢᠯᠡᠵᠦ᠂ ᠠᠵᠤ ᠦᠢᠯᠡᠰ ᠵᠢᠭᠠᠨ ᠰᠤᠷᠭᠠᠯᠳᠠ ᠰᠤᠳᠤᠯᠭᠠᠨ᠎ᠤ ᠬᠠᠮᠵᠢᠯᠴᠠᠨ ᠠᠭᠤᠰᠤᠯᠴᠠᠬᠤ᠎ᠶᠢ ᠭᠦᠨᠵᠡᠭᠡᠢᠷᠡᠭᠦᠯᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠨᠳᠤᠤᠰᠢᠭᠤᠯᠬᠤ ᠪᠠ ᠠᠵᠤ ᠦᠢᠯᠡᠰᠵᠢᠭᠦᠯᠬᠦ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠢ᠃ ᠤᠷᠮᠠᠰᠢᠭᠤᠯᠬᠤ ᠪᠠᠲᠤᠯᠠᠭ᠎ᠠ᠎ᠶᠢ ᠴᠢᠩᠭᠠᠳᠬᠠᠵᠤ᠂ ᠲᠤᠯᠭᠠᠮ ᠱᠠᠭᠠᠷᠳᠠᠭᠳᠠᠬᠤ ᠳᠡᠭᠡᠳᠦ ᠲᠡᠰ ᠳᠠᠪᠬᠤᠷᠭ᠎ᠠ᠎ᠶᠢᠨ ᠴᠢᠳᠠᠪᠤᠷᠢᠲᠠᠨ᠎ᠢ ᠬᠥᠮᠥᠵᠢᠭᠦᠯᠬᠦ ᠪᠠ ᠣᠷᠣᠭᠤᠯᠤᠨ ᠠᠪᠴᠢᠷᠠᠬᠤ ᠡᠷᠴᠢᠮ᠎ᠢᠶᠡᠨ ᠴᠢᠩᠭᠠᠷᠠᠭᠤᠯᠵᠤ᠂ ᠲᠠᠪᠴᠠᠩ᠎ᠳᠤ ᠲᠦᠰᠢᠭᠯᠡᠨ᠂ ᠲᠦᠷᠦᠯ ᠵᠦᠢᠯ᠎ᠳᠦ ᠲᠦᠰᠢᠭᠯᠡᠨ ᠴᠢᠳᠠᠪᠤᠷᠢᠲᠠᠨ ᠤᠷᠢᠨ ᠠᠪᠴᠢᠷᠠᠬᠤ᠎ᠶᠢ ᠨᠡᠩ ᠴᠢᠬᠤᠯᠠᠴᠢᠯᠠᠬᠤ ᠬᠡᠷᠡᠭᠲᠡᠢ ᠭᠡᠵᠤ ᠴᠢᠬᠤᠯᠠᠴᠢᠯᠠᠪᠠ᠃

ᠢᠦᠢ ᠯᠢ ᠰᠢᠨ᠂ ᠰᠦᠬᠡ ᠣᠷᠣᠯᠴᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号