5 ᠰᠠᠷ᠎ᠠ᠎ᠶ᠋ᠢᠨ 26 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠡᠷᠬᠢᠯᠡᠭ᠌ᠴᠢ ᠸᠠᠩ ᠸᠧᠢ ᠵᠦᠩ ᠬᠥᠬᠡᠬᠣᠲᠠ᠎ᠳᠤ ᠳᠤᠮᠳᠠᠳᠤ ᠤᠯᠤᠰ᠎ᠲᠤ ᠰᠠᠭᠤᠭ᠎ᠠ ᠪᠦᠬᠦᠳᠠ ᠨᠠᠢᠷᠠᠮᠳᠠᠬᠤ ᠦᠽᠪᠸᠺᠰᠲ᠋ᠠᠨ ᠤᠯᠤᠰ᠎ᠤᠨ ᠡᠯᠴᠢᠨ ᠰᠠᠢᠳ ᠠᠷᠵᠢᠶ᠍ᠸᠹ ᠨᠠᠷ᠎ᠲᠡᠶ ᠠᠭᠤᠯᠵᠠᠪᠠ᠃

5 ᠰᠠᠷ᠎ᠠ᠎ᠶ᠋ᠢᠨ 26 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠡᠷᠬᠢᠯᠡᠭ᠌ᠴᠢ ᠸᠠᠩ ᠸᠧᠢ ᠵᠦᠩ ᠬᠥᠬᠡᠬᠣᠲᠠ᠎ᠳᠤ ᠳᠤᠮᠳᠠᠳᠤ ᠤᠯᠤᠰ᠎ᠲᠤ ᠰᠠᠭᠤᠭ᠎ᠠ ᠪᠦᠬᠦᠳᠠ ᠨᠠᠢᠷᠠᠮᠳᠠᠬᠤ ᠦᠽᠪᠸᠺᠰᠲ᠋ᠠᠨ ᠤᠯᠤᠰ᠎ᠤᠨ ᠡᠯᠴᠢᠨ ᠰᠠᠢᠳ ᠠᠷᠵᠢᠶ᠍ᠸᠹ ᠨᠠᠷ᠎ᠲᠡᠶ ᠠᠭᠤᠯᠵᠠᠪᠠ᠃
ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ
ᠸᠠᠩ ᠸᠧᠢ ᠵᠦᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ ᠪᠣᠯᠤᠨ ᠵᠠᠰᠠᠭ᠎ᠤᠨ ᠣᠷᠳᠣᠨ᠎ᠤ ᠡᠮᠦᠨ᠎ᠡ᠎ᠡᠴᠡ ᠠᠷᠵᠢᠶ᠍ᠸᠹ ᠨᠠᠷ᠎ᠢ ᠪᠠᠶᠠᠷᠯᠠᠨ ᠤᠭ᠍ᠲᠤᠵᠤ ᠪᠠᠢᠬᠤ᠎ᠪᠠᠨ ᠢᠯᠡᠳᠭᠡᠵᠦ᠍᠂ ᠥᠪᠥᠷ ᠮᠣᠩᠭᠣᠯ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠣᠳᠣᠬᠢ ᠪᠠᠢᠳᠠᠯ᠎ᠢ ᠲᠦᠬᠦᠮ ᠲᠠᠨᠢᠯᠴᠠᠭᠤᠯᠵᠤ᠂ ᠥᠪᠡᠷᠲᠡᠭᠡᠨ ᠵᠠᠰᠠᠬᠤ ᠣᠷᠣᠨ ᠪᠣᠯᠤᠨ ᠪᠦᠬᠦᠳᠠ ᠨᠠᠢᠷᠠᠮᠳᠠᠬᠤ ᠦᠽᠪᠸᠺᠰᠲ᠋ᠠᠨ ᠤᠯᠤᠰ᠎ᠤᠨ ᠬᠣᠯᠪᠣᠭ᠍ᠳᠠᠯ ᠪᠦᠬᠦᠢ ᠲᠠᠯ᠎ᠠ᠎ᠶ᠋ᠢᠨ ᠨᠥᠬᠥᠷᠰᠡᠭ ᠶᠠᠪᠤᠯᠴᠠᠭ᠎ᠠ᠎ᠶ᠋ᠢᠨ ᠪᠠᠢᠳᠠᠯ᠎ᠢ ᠡᠷᠭᠢᠴᠡᠭᠦᠯᠬᠦ᠌᠎ᠶ᠋ᠢᠨ ᠬᠠᠮᠲᠤ ᠡᠯᠴᠢᠨ ᠰᠠᠢᠳᠠᠷᠵᠢᠶ᠍ᠸᠹ ᠲᠠᠶ ᠬᠣᠶᠠᠷ ᠲᠠᠯ᠎ᠠ᠎ᠶ᠋ᠢᠨ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠶ᠋ᠢ ᠴᠢᠩᠭᠠᠳᠭᠠᠬᠤ ᠲᠤᠬᠠᠢ ᠭᠦᠨᠵᠡᠭᠡᠢ ᠰᠣᠯᠢᠯᠴᠠᠪᠠ᠃ ᠲᠡᠷᠡ᠂ ᠤᠢ᠍ᠢᠷ᠎ᠠ᠎ᠶ᠋ᠢᠨ ᠵᠢᠯ᠎ᠡᠴᠡ᠂ ᠳᠤᠮᠳᠠᠳᠤ ᠦᠽᠪᠸᠺᠰᠲ᠋ᠠᠨ ᠬᠣᠶᠠᠷ ᠤᠯᠤᠰ᠎ᠤᠨ ᠲᠡᠷᠢᠭᠦᠨ᠎ᠦ ᠪᠠᠢᠯᠳᠤᠬᠤ ᠪᠤᠳᠤᠯᠭ᠎ᠠ᠎ᠶ᠋ᠢᠨ ᠵᠢᠯᠤᠭᠤᠳᠤᠯᠭ᠎ᠠ ᠳᠣᠣᠷ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠣᠯᠤᠨ ᠦᠽᠪᠸᠺᠰᠲ᠋ᠠᠨ᠎ᠤ ᠬᠣᠯᠪᠣᠭ᠍ᠳᠠᠯ ᠪᠦᠬᠦᠢ ᠲᠠᠯ᠎ᠠ᠎ᠶ᠋ᠢᠨ ᠰᠣᠯᠢᠯᠴᠠᠭ᠎ᠠ ᠶᠠᠪᠤᠯᠴᠠᠭ᠎ᠠ ᠡᠳᠦᠷ ᠢᠷᠡᠬᠦᠶ᠎ᠡ ᠨᠢᠭ᠍ᠲᠠᠷᠠᠵᠤ᠂ ᠬᠠᠮᠲᠤᠷᠠᠯᠴᠠᠭᠠᠨ᠎ᠤ ᠦᠷ᠎ᠡ ᠪᠦᠲᠦᠭᠡᠯ ᠶᠠᠪᠤᠬᠤ ᠲᠤᠳᠤᠮ ᠪᠠᠶᠠᠯᠢᠭ᠍ᠵᠢᠪᠠ᠃ ᠣᠳᠣᠬᠠᠨ᠎ᠳᠤ᠂ ᠥᠪᠡᠷᠲᠡᠭᠡᠨ ᠵᠠᠰᠠᠬᠤ ᠣᠷᠣᠨ ᠶᠠᠭ ᠲᠡᠷᠢᠭᠦᠯᠡᠭ᠌ᠴᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠯᠠᠪᠳᠠᠭᠤᠨ ᠪᠠᠲᠤᠲᠠᠶ ᠠᠬᠢᠭᠤᠯᠬᠤ᠎ᠶ᠋ᠢᠨ ᠬᠠᠮᠲᠤ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠪᠥᠲᠥᠭᠡᠨ ᠪᠠᠢᠭᠤᠯᠬᠤ᠎ᠪᠠᠷ ᠠᠵᠠ ᠲᠣᠬᠢᠶᠠᠯ ᠪᠣᠯᠭᠠᠵᠤ᠂ ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ᠎ᠶ᠋ᠢ ᠤᠯᠠᠮ ᠨᠢᠭᠡ ᠠᠯᠬᠤᠮ ᠥᠷᠭᠡᠳᠭᠡᠵᠦ᠍ ᠪᠠᠢᠨ᠎ᠠ᠃ ᠢᠷᠡᠭᠡᠳᠦᠢ᠎ᠳᠦ ᠬᠠᠨᠳᠤᠬᠤᠶ᠎ᠠ᠂ ᠪᠢᠳᠠ ᠳᠤᠷᠠᠲᠠᠶ᠎ᠠ ᠪᠦᠬᠦᠳᠠ ᠨᠠᠢᠷᠠᠮᠳᠠᠬᠤ ᠦᠽᠪᠸᠺᠰᠲ᠋ᠠᠨ ᠤᠯᠤᠰ᠎ᠤᠨ ᠬᠣᠯᠪᠣᠭ᠍ᠳᠠᠯ ᠪᠦᠬᠦᠢ ᠲᠠᠯ᠎ᠠ᠎ᠶ᠋ᠢᠨ ᠬᠢᠨ᠎ᠲᠡᠶ ᠬᠠᠮᠲᠤ᠎ᠪᠠᠷ᠂ ᠬᠣᠶᠠᠷ ᠤᠯᠤᠰ᠎ᠤᠨ ᠲᠡᠷᠢᠭᠦᠨ᠎ᠦ ᠲᠤᠬᠢᠷᠠᠯᠴᠠᠭ᠍ᠰᠠᠠ ᠴᠢᠬᠤᠯᠠ ᠬᠠᠮᠲᠤ᠎ᠶ᠋ᠢᠨ ᠲᠠᠨᠢᠯᠲᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠠᠵᠤ ᠠᠬᠤᠢ ᠠᠷᠠᠯᠵᠢᠶ᠎ᠠ ᠪᠡᠯᠡ ᠣᠷᠣᠭᠤᠯᠤᠯᠲᠠ᠂ ᠤᠳᠤ ᠦᠶ᠎ᠡ᠎ᠶ᠋ᠢᠨ ᠬᠥᠳᠡᠭᠡ ᠠᠵᠤ ᠠᠬᠤᠢ᠂ ᠠᠮᠢ ᠠᠬᠤᠢ᠎ᠶ᠋ᠢᠨ ᠵᠠᠰᠠᠯᠲᠠ᠂ ᠨᠥᠬᠥᠷᠰᠡᠭ ᠬᠤᠳᠠ ᠵᠡᠷᠭᠡ ᠬᠦᠷᠢᠶᠡᠨ᠎ᠦ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠰᠣᠶᠣᠯ᠂ ᠵᠢᠭᠤᠯᠴᠢᠯᠠᠯ ᠵᠡᠷᠭᠡ ᠰᠣᠶᠣᠯ ᠢᠷᠭᠡᠨᠱᠢᠯ᠎ᠦᠨ ᠰᠣᠯᠢᠯᠴᠠᠭ᠎ᠠ᠎ᠪᠠᠨ ᠭᠦᠨᠵᠡᠭᠡᠢᠷᠡᠭᠦᠯᠵᠦ᠍᠂ ᠨᠡᠩ ᠥᠷᠭᠡᠨ ᠬᠦᠷᠢᠶ᠎ᠡ᠂ ᠨᠡᠩ ᠭᠦᠨ ᠳᠠᠪᠬᠤᠷᠭ᠎ᠠ᠂ ᠨᠡᠩ ᠥᠨᠳᠥᠷ ᠲᠦᠪᠱᠢᠨ ᠪᠦᠬᠦᠢ ᠬᠠᠷᠢᠯᠴᠠᠨ ᠠᠱᠢᠭ᠍ᠲᠠᠢ ᠬᠠᠮᠲᠤ᠎ᠪᠠᠷ ᠠᠱᠢᠭ ᠬᠦᠷᠳᠡᠬᠦ᠌᠎ᠶ᠋ᠢ ᠪᠡᠶᠡᠯᠡᠭᠦᠯᠬᠦ᠌᠎ᠶ᠋ᠢ ᠠᠬᠢᠭᠤᠯᠵᠤ᠂ ᠬᠣᠶᠠᠷ ᠲᠠᠯ᠎ᠠ᠎ᠶ᠋ᠢᠨ ᠠᠷᠠᠳ ᠲᠦᠮᠡᠨ᠎ᠳᠦ ᠪᠤᠶᠠᠨ ᠦᠢᠯᠡᠳᠴᠦ᠍᠂ ᠳᠤᠮᠳᠠᠳᠤ ᠦᠽᠪᠸᠺᠰᠲ᠋ᠠᠨ᠎ᠤ ᠱᠢᠨ᠎ᠡ ᠴᠠᠭ ᠦᠶ᠎ᠡ᠎ᠶ᠋ᠢᠨ ᠦᠷᠭᠦᠯᠵᠢᠳᠡ ᠵᠢᠨ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠨᠢᠲᠠᠨ᠎ᠤ ᠬᠠᠷᠢᠯᠴᠠᠭ᠎ᠠ᠎ᠶ᠋ᠢᠨ ᠬᠥᠭ᠌ᠵᠢᠯᠲᠡ᠎ᠳᠦ ᠬᠤᠪᠢ ᠨᠡᠮᠡᠷᠢ ᠦᠵᠡᠭᠦᠯᠦᠨ᠎ᠡ ᠭᠡᠵᠦ᠍ ᠬᠡᠯᠡᠪᠡ᠃
ᠠᠷᠵᠢᠶ᠍ᠸᠹ᠂ ᠣᠷᠣᠨ ᠨᠤᠲᠤᠭ᠎ᠤᠨ ᠶᠠᠪᠤᠯᠴᠠᠭ᠎ᠠ ᠪᠣᠯ ᠦᠽᠪᠸᠺᠰᠲ᠋ᠠᠨ ᠳᠤᠮᠳᠠᠳᠤ ᠬᠣᠶᠠᠷ ᠤᠯᠤᠰ᠎ᠤᠨ ᠬᠠᠷᠢᠯᠴᠠᠭ᠎ᠠ᠎ᠶ᠋ᠢᠨ ᠭᠦᠨᠵᠡᠭᠡᠢᠷᠡᠨ ᠪᠣᠳᠠᠲᠠᠢᠵᠢᠬᠤ᠎ᠶ᠋ᠢ ᠠᠬᠢᠭᠤᠯᠬᠤ ᠴᠢᠬᠤᠯᠠ ᠭᠠᠷᠳᠠᠴᠠ ᠮᠥᠨ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠠᠮᠢ ᠠᠬᠤᠶ᠎ᠶ᠋ᠢᠨ ᠵᠠᠰᠠᠯᠲᠠ᠂ ᠣᠲᠣ ᠦᠶ᠎ᠡ᠎ᠶ᠋ᠢᠨ ᠮᠠᠯ ᠠᠵᠤ ᠠᠬᠤᠶ ᠲᠠᠷᠢᠶᠠᠯᠠᠩ᠂ ᠱᠢᠨ᠎ᠡ ᠡᠨᠧᠷᠭᠢ᠎ᠶ᠋ᠢᠨ ᠠᠵᠤ ᠦᠶ᠋ᠯᠡᠰ᠂ ᠬᠢᠯᠢ᠎ᠶ᠋ᠢᠨ ᠠᠷᠠᠯᠵᠢᠶ᠎ᠠ ᠵᠡᠷᠭᠡ ᠬᠦᠷᠢᠶᠡᠨ᠎ᠳᠦ ᠡᠯᠪᠡᠭ ᠪᠠᠶᠠᠯᠢᠭ ᠲᠤᠷᠱᠢᠯᠭ᠎ᠠ ᠬᠤᠷᠠᠮᠳᠤᠭᠤᠯᠵᠤ᠂ ᠢᠯᠡᠳᠲᠡ ᠦᠷ᠎ᠡ ᠪᠦᠲᠦᠮᠵᠢ ᠣᠯᠤᠭ᠍ᠰᠠᠨ ᠪᠣᠯᠬᠣᠷ ᠦᠽᠪᠸᠺᠰᠲ᠋ᠠᠨ᠎ᠤ᠎ᠬᠢᠨ ᠰᠤᠷᠤᠯᠴᠠᠨ ᠲᠣᠯᠢ ᠪᠤᠯᠭᠠᠭᠤᠰᠢᠳᠠᠢ ᠶᠤᠮ᠃ ᠦᠽᠪᠸᠺᠰᠲ᠋ᠠᠨ ᠳᠤᠷᠠᠲᠠᠶ᠎ᠠ ᠥᠪᠥᠷ ᠮᠣᠩᠭᠣᠯ᠎ᠯᠤᠭ᠎ᠠ ᠭᠠᠷ ᠬᠣᠯᠪᠣᠨ ᠬᠣᠶᠠᠷ ᠤᠯᠤᠰ᠎ᠤᠨ ᠲᠡᠷᠢᠭᠦᠨ᠎ᠦ ᠲᠤᠬᠢᠷᠠᠯᠴᠠᠭ᠍ᠰᠠᠠ ᠪᠠᠢᠯᠳᠤᠬᠤ ᠪᠤᠳᠤᠯᠭ᠎ᠠ᠎ᠶ᠋ᠢᠨ ᠬᠠᠮᠲᠤ᠎ᠶ᠋ᠢᠨ ᠲᠠᠨᠢᠯᠲᠠ᠎ᠶ᠋ᠢ ᠨᠠᠢᠳᠠᠪᠤᠷᠢᠵᠢᠭᠤᠯᠵᠤ᠂ ᠮᠠᠯ ᠠᠵᠤ ᠠᠬᠤᠢ ᠲᠠᠷᠢᠶᠠᠯᠠᠩ᠎ᠤᠨ ᠠᠵᠤ ᠦᠢᠯᠡᠰ᠎ᠢ ᠵᠣᠯᠭᠠᠭᠤᠯᠬᠤ᠂ ᠴᠦᠯᠯᠡᠷᠭᠡᠭ᠌ᠵᠢᠯ᠎ᠢ ᠰᠡᠷᠭᠡᠢᠯᠡᠨ ᠵᠠᠰᠠᠬᠤ᠂ ᠰᠣᠶᠣᠯ ᠵᠢᠭᠤᠯᠴᠢᠯᠠᠯ᠎ᠤᠨ ᠬᠤᠷᠱᠢᠯᠴᠠᠭ᠎ᠠ᠂ ᠣᠷᠣᠨ ᠨᠤᠲᠤᠭ᠎ᠤᠨ ᠰᠣᠯᠢᠯᠴᠠᠭ᠎ᠠ ᠵᠡᠷᠭᠡ ᠬᠠᠮᠲᠤᠷᠠᠯᠴᠠᠭᠠᠨ᠎ᠤ ᠣᠷᠣᠨ ᠵᠠᠢ᠎ᠶ᠋ᠢ ᠲᠠᠰᠤᠷᠠᠯᠳᠠ ᠦᠭᠡᠢ ᠥᠷᠭᠡᠳᠭᠡᠵᠦ᠍᠂ ᠭᠠᠷ ᠬᠣᠯᠪᠣᠨ ᠬᠠᠷᠢᠯᠴᠠᠨ ᠠᠱᠢᠭ᠍ᠲᠠᠢ ᠬᠠᠮᠲᠤ᠎ᠪᠠᠷ ᠠᠱᠢᠭ ᠬᠦᠷᠳᠡᠬᠦ᠌᠎ᠶ᠋ᠢ ᠪᠡᠶᠡᠯᠡᠭᠦᠯᠵᠦ᠍᠂ ᠬᠣᠶᠠᠷ ᠭᠠᠵᠠᠷ᠎ᠤᠨ ᠠᠷᠠᠳ ᠤᠯᠠᠨ᠎ᠤ ᠠᠵᠠ ᠵᠢᠷᠭᠠᠯ᠎ᠢ ᠨᠡᠮᠡᠭ᠌ᠳᠡᠭᠦᠯᠦᠨ᠎ᠡ ᠭᠡᠵᠦ ᠢᠯᠡᠳᠬᠡᠪᠡ᠃
ᠢᠦᠢ ᠯᠢ ᠱᠢᠨ ᠣᠷᠣᠯᠴᠠᠵᠠᠢ᠃