— ᠪᠥᠬᠥ᠌ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠨ ᠬᠢᠨ ᠵᠠᠰᠠᠭ᠎ᠤᠨ ᠠᠵᠢᠯ᠎ᠤᠨ ᠪᠦᠲᠦᠮᠵᠢ᠎ᠵᠢᠨ ᠲᠤᠬᠠᠢ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠥᠷᠨᠢᠭᠦᠯᠵᠦ᠍ ᠪᠣᠶ
ᠵᠠᠰᠠᠭ᠎ᠤᠨ ᠠᠵᠢᠯ᠎ᠤᠨ ᠪᠦᠲᠦᠮᠵᠢ᠎ᠵᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ᠎ᠡᠴᠡ ᠨᠠᠭᠠᠰᠢ᠂ ᠮᠠᠨ᠎ᠤ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ 《ᠨᠡᠢᠲᠡ᠎ᠶ᠋ᠢᠨ ᠲᠥᠯᠥᠭᠡ ᠨᠠᠮ ᠪᠠᠢᠭᠤᠯᠵᠤ᠂ ᠠᠷᠠᠳ ᠲᠦᠮᠡᠨ᠎ᠳᠦ ᠪᠤᠶᠠᠨ ᠦᠢᠯᠡᠳᠴᠦ᠍᠂ ᠱᠢᠨᠵᠢᠯᠡᠬᠦ᠌ ᠤᠬᠠᠭᠠᠨᠴᠢ᠎ᠪᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠬᠤ》 ᠶᠡᠷᠦᠩᠬᠡᠢ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠪᠣᠳᠠᠲᠠᠢ᠎ᠡᠴᠡ ᠡᠭᠦᠰᠴᠦ᠍᠂ ᠵᠢᠮ᠎ᠡ ᠶᠣᠰᠣ᠎ᠪᠠᠷ ᠠᠵᠢᠯᠯᠠᠬᠤ᠎ᠶ᠋ᠢ ᠪᠠᠷᠢᠮᠲᠠᠯᠠᠵᠤ᠂ ᠰᠤᠷᠤᠯᠴᠠᠯᠭ᠎ᠠ ᠬᠥᠮᠦᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠵᠤ᠂ ᠪᠣᠳᠠᠲᠠᠢ ᠦᠷ᠎ᠡ ᠪᠦᠲᠦᠮᠵᠢ ᠤᠯᠬᠤ᠎ᠶ᠋ᠢ ᠠᠬᠢᠭᠤᠯᠪᠠ᠃
ᠥᠪᠡᠷᠲᠡᠭᠡᠨ ᠵᠠᠰᠠᠬᠤ ᠣᠷᠣᠨ᠎ᠤ ᠭᠠᠳᠠᠭᠠᠳᠤ ᠶᠠᠪᠤᠳᠠᠯ᠎ᠤᠨ ᠠᠵᠢᠯ᠎ᠤᠨ ᠬᠤᠷᠢᠶ᠎ᠠ᠎ᠵᠢᠨ ᠠᠯᠪᠠᠨ ᠬᠡᠷ᠎ᠨᠢ ᠵᠠᠰᠠᠭ᠎ᠤᠨ ᠠᠵᠢᠯ᠎ᠤᠨ ᠪᠦᠲᠦᠮᠵᠢ᠎ᠵᠢᠨ ᠲᠤᠬᠠᠢ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌᠎ᠶ᠋ᠢ ᠴᠢᠬᠤᠯᠠ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠨᠠᠷᠢᠨ ᠨᠢᠮᠪᠠᠶ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍᠂ ᠰᠤᠷᠤᠯᠴᠠᠬᠤ ᠪᠠᠢᠴᠠᠭᠠᠬᠤ ᠰᠠᠢᠵᠢᠷᠠᠭᠤᠯᠬᠤ ᠶ᠋ᠢ ᠨᠢᠭᠡ ᠴᠣᠭ᠍ᠴᠠᠵᠢᠭᠤᠯᠤᠨ ᠠᠬᠢᠭᠤᠯᠬᠤ᠎ᠶ᠋ᠢᠨ ᠬᠠᠮᠲᠤ᠂ ᠰᠤᠷᠤᠯᠴᠠᠯᠭ᠎ᠠ᠎ᠶ᠋ᠢᠨ ᠦᠷ᠎ᠡ ᠪᠦᠲᠦᠭᠡᠯ᠎ᠢ ᠭᠠᠳᠠᠭᠠᠳᠤ ᠶᠠᠪᠤᠳᠠᠯ᠎ᠤᠨ ᠠᠵᠢᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠪᠦᠳᠦᠮᠵᠢ ᠵᠢ ᠨᠡᠮᠡᠭ᠌ᠳᠡᠭᠦᠯᠬᠦ᠌᠎ᠶ᠋ᠢ ᠠᠬᠢᠭᠤᠯᠬᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ᠂ ᠭᠠᠳᠠᠭᠠᠳᠤ ᠶᠠᠪᠤᠳᠠᠯ᠎ᠤᠨ ᠬᠦᠴᠦᠨ᠎ᠢᠶᠡᠷ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠦᠶ᠋ᠯᠡᠴᠢᠯᠡᠵᠤ ᠪᠤᠢ᠃ ᠲᠣᠰ ᠠᠯᠪᠠᠨ ᠬᠡᠷ ᠨᠢ ᠲᠤᠰᠭᠠᠶ ᠰᠡᠳᠦᠪᠲᠦ ᠨᠣᠮ ᠤᠩᠱᠢᠬᠤ ᠠᠩᠭᠢ ᠡᠷᠭᠢᠯᠡᠵᠦ᠍᠂ ᠲᠤᠰᠭᠠᠶ ᠰᠡᠳᠦᠪ᠎ᠢᠶᠡᠷ ᠬᠠᠪᠰᠤᠷᠤᠨ ᠵᠢᠯᠣᠭᠣᠳᠭᠤ᠂ ᠰᠣᠯᠢᠯᠴᠠᠵᠤ ᠰᠤᠳᠤᠯᠤᠨ ᠶᠠᠷᠢᠯᠴᠠᠬᠤ᠂ ᠨᠠᠮ᠎ᠤᠨ ᠡᠭᠦᠷ᠎ᠦᠨ ᠰᠤᠷᠤᠯᠴᠠᠯᠭ᠎ᠠ᠂ ᠲᠣᠭᠣᠷᠢᠨ ᠦᠵᠡᠵᠦ᠍ ᠦᠶ᠋ᠯᠡᠳᠦᠯᠭᠡᠵᠢᠭᠦᠯᠦᠨ ᠰᠤᠷᠤᠯᠴᠠᠬᠤ ᠵᠡᠷᠭᠡ ᠣᠯᠠᠨ ᠵᠦᠶ᠋ᠯ᠎ᠦᠨ ᠬᠡᠯᠪᠡᠷᠢ᠎ᠪᠡᠷ ᠣᠨᠣᠯ᠎ᠢᠶᠠᠷ ᠵᠡᠪᠰᠡᠭᠯᠡᠬᠦ᠌ᠶ᠋ᠢ ᠭᠦᠨᠵᠡᠭᠡᠢᠷᠡᠭᠦᠯᠵᠦ᠍᠂ ᠳᠥᠷᠪᠡᠨ ᠲᠠᠯ᠎ᠠ᠎ᠶ᠋ᠢᠨ ᠱᠠᠭᠠᠷᠳᠠᠯᠭ᠎ᠠ᠎ᠲᠠᠶ ᠬᠠᠷᠭᠤᠭᠤᠯᠤᠨ ᠠᠰᠠᠭᠤᠳᠠᠯ᠎ᠢ ᠭᠦᠨᠵᠡᠭᠡᠶ ᠪᠠᠢᠴᠠᠭᠠᠨ ᠳᠡᠯᠭᠡᠵᠦ᠍᠂ ᠠᠰᠠᠭᠤᠳᠠᠯ᠎ᠤᠨ ᠨᠠᠷᠢᠨ ᠲᠠᠩᠰᠠ ᠪᠠ ᠴᠡᠭ᠌ᠴᠡᠯᠡᠨ ᠰᠠᠢᠵᠢᠷᠠᠭᠤᠯᠤᠭ᠍ᠰᠠᠨ ᠡᠬᠡ ᠲᠠᠩᠰᠠ᠎ᠶ᠋ᠢ ᠪᠠᠢᠭᠤᠯᠵᠤ᠂ ᠰᠤᠷᠤᠯᠴᠠᠬᠤ ᠰᠡᠳᠭᠢᠬᠦ᠌ ᠬᠡᠷᠡᠭᠯᠡᠬᠦ᠌᠎ᠶ᠋ᠢ ᠨᠡᠪᠲᠡᠷᠡᠯᠴᠡᠭᠦᠯᠬᠦ᠌᠂ ᠮᠡᠳᠡᠬᠦ᠌ ᠢᠲᠡᠭᠡᠬᠦ᠌ ᠬᠢᠬᠦ᠌᠎ᠶ᠋ᠢ ᠨᠢᠭᠡᠳᠭᠡᠬᠦ᠌᠎ᠶ᠋ᠢ ᠠᠬᠢᠭᠤᠯᠪᠠ᠃ 《ᠭᠠᠳᠠᠭᠠᠳᠤ᠎ᠲᠠᠶ ᠬᠣᠯᠪᠣᠭ᠍ᠳᠠᠬᠤ ᠠᠵᠢᠯᠯᠠᠭ᠎ᠠ᠎ᠶ᠋ᠢᠨ ᠪᠣᠳᠠᠲᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌》᠂《ᠭᠠᠳᠠᠭᠠᠳᠤ ᠶᠠᠪᠤᠳᠠᠯ᠎ᠤᠨ ᠦᠶ᠋ᠯᠡᠴᠢᠯᠡᠭᠡᠨ᠎ᠦ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌》᠂ 《ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠱᠤᠭᠤᠮ᠎ᠢ ᠪᠠᠲᠤ ᠴᠣᠭ᠍ᠴᠠᠯᠠᠬᠤ》 ᠭᠤᠷᠪᠠᠨ ᠲᠤᠰᠭᠠᠶ ᠴᠡᠭ᠌ᠴᠡᠯᠡᠨ ᠵᠠᠰᠠᠬᠤ ᠠᠵᠢᠯᠯᠠᠭ᠎ᠠ᠎ᠪᠠᠷ ᠴᠢᠬᠤᠯᠠ ᠭᠠᠷᠳᠡᠴᠡ ᠪᠣᠯᠭᠠᠵᠤ᠂ ᠰᠤᠷᠤᠯᠴᠠᠯᠭ᠎ᠠ ᠬᠥᠮᠦᠵᠢᠯ ᠬᠢᠭᠡᠳ ᠲᠤᠬᠠᠢᠯᠠᠭ᠍ᠰᠠᠨ ᠠᠵᠢᠯ᠎ᠤᠨ ᠭᠦᠨᠵᠡᠭᠡᠶ ᠠᠭᠤᠰᠤᠯᠴᠠᠬᠤ᠂ ᠬᠠᠷᠢᠯᠴᠠᠨ ᠠᠬᠢᠭᠤᠯᠵᠤ ᠬᠠᠮᠲᠤ᠎ᠪᠠᠷ ᠤᠷᠤᠭ᠍ᠰᠢᠯᠠᠬᠤ᠎ᠶ᠋ᠢ ᠠᠬᠢᠭᠤᠯᠪᠠ᠃ ᠤᠯᠤᠰ᠎ᠤ᠋ᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢᠨ ᠪᠦᠲᠦᠭᠡᠨ ᠪᠠᠢᠭᠤᠯᠤᠯᠲᠠ ᠪᠠ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠤᠷᠤᠨ ᠤ᠋ ᠪᠦᠲᠦᠭᠡᠨ ᠪᠠᠢᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠯᠪᠠᠨ ᠶᠠᠪᠤᠳᠠᠯ᠎ᠢᠶᠠᠷ ᠲᠦᠷ ᠴᠠᠭ ᠤᠯᠤᠰ᠎ᠡᠴᠡ (ᠬᠢᠯᠢ) ᠭᠠᠷᠬᠤ ᠵᠢ ᠬᠢᠨᠡᠨ ᠱᠢᠢᠳᠪᠦᠷᠢᠯᠡᠬᠦ᠌᠂ ᠭᠡᠷᠡᠴᠢ ᠦᠨᠡᠮᠯᠡᠯ ᠸᠢᠰᠠ ᠭᠦᠢᠴᠡᠳᠭᠡᠬᠦ᠌᠂ ᠺᠣᠨᠰᠦ᠋ᠯ᠎ᠦᠨ ᠭᠡᠷᠡᠴᠢᠯᠡᠭᠡ ᠬᠢᠬᠦ᠌᠂ APEC ᠬᠤᠳᠠᠯᠳᠤᠭᠠᠨ᠎ᠤ ᠶᠠᠪᠤᠳᠠᠯ᠎ᠤᠨ ᠵᠢᠭᠤᠯᠴᠢᠯᠠᠯ᠎ᠤᠨ ᠺᠠᠷᠲ ᠭᠦᠢᠴᠡᠳᠭᠡᠬᠦ᠌ ᠵᠡᠷᠭᠡ ᠠᠷᠠᠳ᠎ᠲᠤ ᠳᠥᠭᠥᠮ ᠦᠵᠡᠭᠦᠯᠦᠨ ᠠᠵᠤ ᠠᠬᠤᠢᠯᠠᠯ᠎ᠳᠤ ᠠᠱᠢᠭ ᠬᠦᠷᠲᠡᠭᠡᠬᠦ᠌ ᠦᠢᠯᠡᠴᠢᠯᠡᠭᠡ᠎ᠶ᠋ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠠᠷᠠᠳ᠎ᠲᠤ ᠠᠱᠢᠭ ᠬᠦᠷᠲᠡᠭᠡᠬᠦ᠌ ᠦᠷ᠎ᠡ ᠪᠦᠲᠦᠮᠵᠢ᠎ᠶ᠋ᠢ ᠰᠡᠳᠬᠢᠯ ᠳ᠋ᠤ ᠰᠠᠭᠤᠭᠳᠠᠮ᠎ᠠ ᠭᠠᠷ ᠲᠤ᠌ ᠪᠠᠷᠢᠬᠳᠠᠮ᠎ᠠ ᠪᠣᠯᠭᠠᠪᠠ᠃
ᠬᠥᠯᠥᠨ ᠪᠣᠢᠷ ᠬᠣᠲᠠ᠎ᠶ᠋ᠢᠨ ᠡᠯ᠎ᠡ ᠰᠠᠯᠠᠭ᠎ᠠ ᠮᠥᠴᠢᠷ ᠣᠯᠠᠨ ᠲᠦᠮᠡᠨ᠎ᠦ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠢᠭ᠎ᠠ ᠠᠰᠠᠭᠤᠳᠠᠯ ᠳ᠋ᠤ ᠠᠩᠬᠠᠷᠤᠯ᠎ᠢᠶᠠᠨ ᠲᠥᠪᠯᠡᠷᠡᠭᠦᠯᠦᠨ ᠣᠨᠢᠨ ᠳᠡᠭᠡᠷ᠎ᠡ᠎ᠨᠢ ᠬᠦᠴᠦᠯᠡᠵᠦ᠍᠂ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠮᠵᠢ᠎ᠶ᠋ᠢ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠬᠦ᠌᠂ ᠬᠥᠭ᠌ᠵᠢᠯᠲᠡ᠎ᠶ᠋ᠢ ᠠᠬᠢᠭᠤᠯᠬᠤ ᠪᠣᠳᠠᠲᠠᠶ᠎ᠶ᠋ᠢ ᠡᠷᠬᠢᠮᠯᠡᠬᠦ᠌ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠪᠠ᠃ ᠬᠣᠲᠠ᠎ᠶ᠋ᠢᠨ ᠡᠳ᠋᠎ᠦᠨ ᠵᠠᠰᠠᠭ ᠤ᠋ᠨ ᠲᠣᠪᠴᠢᠶ᠎ᠠ《ᠵᠠᠰᠠᠭ ᠤ᠋ᠨ ᠣᠷᠳᠣᠨ 〈ᠠᠷᠪᠢᠴᠢ ᠭᠠᠮᠳᠠᠢ ᠠᠮᠢᠳᠤᠷᠠᠬᠤ〉᠂ ᠠᠷᠠᠳ ᠢᠷᠭᠡᠳ 〈ᠰᠠᠢᠨ ᠰᠠᠢᠬᠠᠨ ᠠᠮᠢᠳᠤᠷᠠᠬᠤ〉》 ᠠᠵᠢᠯ᠎ᠤᠨ ᠣᠢᠯᠠᠭᠠᠭ᠍ᠳᠠᠬᠤᠨ᠎ᠢ ᠪᠠᠷᠢᠮᠲᠠᠯᠠᠵᠤ᠂ ᠡᠳ᠋᠎ᠦᠨ ᠵᠠᠰᠠᠭ ᠤ᠋ᠨ ᠵᠠᠷᠤᠯᠭ᠎ᠠ᠎ᠶ᠋ᠢᠨ ᠪᠦᠲᠦᠴᠡ᠎ᠶ᠋ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠡᠩ᠎ᠦᠨ ᠴᠢᠨᠠᠷᠲᠠᠢ ᠵᠠᠷᠤᠯᠭ᠎ᠠ᠎ᠶ᠋ᠢ ᠴᠢᠩᠭ᠎ᠠ ᠬᠢᠵᠠᠭᠠᠷᠯᠠᠵᠤ᠂ ᠠᠷᠠᠳ᠎ᠤᠨ ᠠᠮᠢᠳᠤᠷᠠᠯ᠎ᠤᠨ ᠣᠷᠣᠭᠤᠯᠤᠯᠲᠠ᠎ᠶ᠋ᠢ ᠪᠦᠬᠦ᠌ ᠬᠦᠴᠦᠨ᠎ᠢᠶᠡᠷ ᠪᠠᠲᠤᠯᠠᠪᠠ᠃ ᠡᠨᠡ ᠵᠢᠯ᠎ᠦᠨ ᠨᠢᠭᠡᠳᠦᠭᠡᠷ ᠤᠯᠠᠷᠢᠯ᠎ᠳᠤ᠂ ᠪᠥᠬᠥ᠌ ᠬᠣᠲᠠ᠎ᠶ᠋ᠢᠨ ᠠᠷᠠᠳ᠎ᠤᠨ ᠠᠮᠢᠳᠤᠷᠠᠯ᠎ᠤᠨ ᠵᠠᠷᠤᠯᠭ᠎ᠠ᠎ᠶ᠋ᠢᠨ ᠡᠵᠡᠯᠡᠬᠦ᠌ ᠬᠠᠷᠢᠴᠠᠯ᠎ᠢ 73%᠎ᠡᠴᠡ ᠳᠡᠭᠡᠭ᠌ᠰᠢ᠎ᠳᠦ ᠲᠣᠭ᠍ᠲᠠᠪᠤᠷᠢᠵᠢᠭᠤᠯᠵᠤ᠂ ᠠᠷᠠᠳ᠎ᠲᠤ ᠠᠱᠢᠭ ᠬᠦᠷᠲᠡᠭᠡᠬᠦ᠌ ᠨᠥᠬᠥᠪᠥᠷᠢ᠎ᠶ᠋ᠢᠨ 《ᠪᠦᠷᠢᠨ ᠴᠢᠳᠠᠮᠵᠢᠳᠤ ᠺᠠᠷᠲ》 ᠵᠢᠡᠷ ᠳᠠᠮᠵᠢᠭᠤᠯᠤᠨ ᠠᠷᠠᠳ᠎ᠤᠨ ᠠᠮᠢᠳᠤᠷᠠᠯ᠎ᠤᠨ ᠡᠯ᠎ᠡ ᠵᠦᠶ᠋ᠯ᠎ᠦᠨ ᠪᠠᠯᠠ ᠮᠥᠩᠭᠥ᠎ᠶ᠋ᠢ ᠣᠨᠣᠪᠴᠢᠲᠠᠶ ᠨᠠᠢᠳᠠᠪᠤᠷᠢᠵᠢᠭᠤᠯᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠨᠡᠢᠭᠡᠮ᠎ᠦᠨ ᠪᠠᠲᠤᠯᠠᠭ᠎ᠠ ᠵᠡᠷᠭᠡ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢᠨ ᠰᠠᠭᠤᠷᠢ᠎ᠶ᠋ᠢ ᠪᠡᠬᠢᠵᠢᠭᠦᠯᠪᠡ᠃ ᠬᠣᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠵᠢᠨ ᠲᠣᠪᠴᠢᠶ᠎ᠠ ᠠᠷᠠᠳ᠎ᠤᠨ ᠠᠮᠢᠳᠤᠷᠠᠯ᠎ᠤᠨ ᠠᠰᠠᠭᠤᠳᠠᠯ᠎ᠢ ᠡᠭᠦᠳᠡ᠎ᠪᠡᠨ ᠨᠡᠭᠡᠭᠡᠵᠦ᠍ ᠴᠡᠭ᠌ᠴᠡᠯᠡᠨ ᠰᠠᠢᠵᠢᠷᠠᠭᠤᠯᠵᠤ᠂ ᠰᠦᠯᠵᠢᠶᠡᠨ ᠳᠡᠭᠡᠷ᠎ᠡ ᠡᠯᠰᠡᠨ ᠴᠤᠭ᠍ᠯᠠᠭᠤᠯᠬᠤ᠂ ᠰᠦᠯᠵᠢᠶᠡᠨ ᠭᠠᠳᠠᠨ᠎ᠠ ᠰᠤᠷᠪᠤᠯᠵᠢᠯᠠᠬᠤ᠂ ᠵᠠᠰᠠᠭ᠎ᠤᠨ ᠶᠠᠪᠤᠳᠠᠯ᠎ᠤᠨ ᠬᠠᠯᠠᠮᠱᠢᠯ ᠤᠲᠠᠰᠤ ᠵᠡᠷᠭᠡ ᠣᠯᠠᠨ ᠠᠷᠭ᠎ᠠ ᠵᠠᠮ᠎ᠢᠶᠠᠷ ᠠᠷᠠᠳ᠎ᠤᠨ ᠰᠠᠨᠠᠭ᠎ᠠ᠎ᠶ᠋ᠢ ᠥᠷᠭᠡᠨ᠎ᠢᠶᠡᠷ ᠬᠣᠷᠢᠶᠠᠨ ᠴᠤᠭ᠍ᠯᠠᠭᠤᠯᠵᠤ᠂ 25 ᠵᠤᠷᠪᠤᠰ ᠰᠠᠨᠠᠯ ᠰᠠᠨᠠᠭᠤᠯᠭ᠎ᠠ᠂ 12 ᠵᠦᠶ᠋ᠯ᠎ᠦᠨ ᠭᠤᠤᠯᠳᠠᠯᠭ᠎ᠠ᠎ᠲᠠᠶ ᠠᠰᠠᠭᠤᠳᠠᠯ᠎ᠢ ᠡᠮᠬᠢᠯᠡᠨ ᠬᠤᠷᠢᠶᠠᠩᠭᠤᠢᠯᠠᠪᠠ᠃ ᠣᠯᠠᠨ ᠲᠦᠮᠡᠨ᠎ᠦ ᠲᠤᠰᠭᠠᠭ᠍ᠰᠠᠨ ᠤᠳᠠᠭᠠᠨ ᠴᠢᠨᠠᠷᠲᠠᠶ ᠡᠪᠡᠳᠴᠢᠨ᠎ᠦ ᠵᠣᠷ᠎ᠢ ᠭᠦᠶ᠋ᠴᠡᠳᠭᠡᠬᠦ᠌᠂ ᠡᠮ ᠬᠤᠳᠠᠯᠳᠤᠨ ᠠᠪᠬᠤ᠎ᠳᠤ ᠳᠥᠭᠥᠮ ᠦᠭᠡᠢ ᠵᠡᠷᠭᠡ ᠬᠦᠴᠢᠷ ᠠᠰᠠᠭᠤᠳᠠᠯ᠎ᠳᠤ ᠴᠢᠭ᠌ᠯᠡᠭᠦᠯᠦᠨ᠂ ᠡᠮ ᠡᠮᠨᠡᠯᠭᠡ᠎ᠶ᠋ᠢᠨ ᠪᠠᠢᠭᠤᠯᠤᠮᠵᠢ᠎ᠶ᠋ᠢᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠡᠮ᠎ᠦᠨ ᠵᠦᠶ᠋ᠯᠡᠰ᠎ᠢ ᠬᠤᠳᠠᠯᠳᠤᠨ ᠠᠪᠬᠤ ᠪᠠᠲᠤᠯᠠᠭ᠎ᠠ᠎ᠶ᠋ᠢ ᠴᠢᠩᠭᠠᠳᠭᠠᠨ᠂ ᠰᠦᠯᠵᠢᠶᠡᠨ ᠳᠡᠭᠡᠷᠡᠬᠢ ᠦᠶ᠋ᠯᠡᠴᠢᠯᠡᠭᠡ᠎ᠶ᠋ᠢ ᠲᠡᠭᠦᠯᠳᠡᠷᠵᠢᠭᠦᠯᠵᠦ᠍᠂ ᠡᠮ ᠡᠮᠨᠡᠯᠭᠡ᠎ᠶ᠋ᠢᠨ ᠳᠠᠭᠠᠳᠭᠠᠯ᠎ᠤᠨ ᠠᠷᠠᠳ᠎ᠤᠨ ᠠᠮᠢᠳᠤᠷᠠᠯ᠎ᠤᠨ ᠡᠪᠡᠷᠰᠢᠶᠡᠯ ᠢ᠋ ᠦᠨᠡᠨ ᠬᠦ᠌ ᠱᠢᠶ᠋ᠳᠪᠦᠷᠢᠯᠡᠵᠠᠢ᠃ ᠬᠣᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠨᠠᠮ᠎ᠤᠨ ᠭᠡᠱᠢᠭᠦᠨ᠎ᠦ ᠬᠣᠱᠢᠭᠤᠴᠢ ᠠᠵᠢᠯ᠎ᠤᠨ ᠪᠠᠢᠷᠢ ᠭᠠᠷᠭᠠᠵᠤ᠂ ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡᠨ᠎ᠦ ᠲᠣᠭ᠍ᠲᠠᠴᠠ᠎ᠶ᠋ᠢ ᠨᠠᠢᠳᠠᠪᠤᠷᠢᠵᠢᠭᠤᠯᠤᠨ᠂ ᠥᠯᠥ᠍ ᠬᠥᠳᠡᠯᠬᠦ᠌ ᠬᠥᠷᠥᠩᠭᠡ᠎ᠶ᠋ᠢ ᠳᠡᠩᠰᠡᠯᠡᠨ ᠲᠡᠮᠳᠡᠭ᠌ᠯᠡᠬᠦ᠌ ᠴᠠᠭ ᠬᠤᠭᠤᠴᠠᠭ᠎ᠠ᠎ᠶ᠋ᠢ ᠦᠷᠭᠦᠯᠵᠢᠯᠡᠨ ᠪᠣᠭᠣᠨᠢᠰᠭᠠᠵᠤ᠂ ᠣᠯᠠᠨ ᠵᠦᠶ᠋ᠯ᠎ᠦᠨ ᠳᠡᠩᠰᠡᠯᠡᠨ ᠲᠡᠮᠳᠡᠭ᠌ᠯᠡᠬᠦ᠌ ᠲᠤᠬᠠᠢᠯᠠᠭ᠍ᠰᠠᠨ ᠠᠵᠢᠯ᠎ᠢ ᠲᠡᠷᠡ ᠳᠠᠷᠤᠶᠳᠤᠨᠢ ᠭᠦᠶ᠋ᠴᠡᠳᠭᠡᠵᠦ᠍ ᠳᠠᠭᠤᠰᠭᠠᠨ᠂ ᠰᠦᠯᠵᠢᠶᠡᠨ ᠳᠡᠭᠡᠷ᠎ᠡ ᠲᠦᠷᠭᠡᠨ ᠭᠦᠶ᠋ᠴᠡᠳᠭᠡᠬᠦ᠌᠎ᠶ᠋ᠢ ᠪᠡᠶᠡᠯᠡᠭᠦᠯᠪᠡ᠃ ᠡᠭᠦᠨ᠎ᠦ ᠬᠠᠮᠲᠤ᠂ ᠴᠠᠬ ᠤᠷᠳᠤᠳᠬᠠᠨ ᠦᠶ᠋ᠯᠡᠴᠢᠯᠡᠬᠦ᠌᠂ ᠬᠠᠪᠰᠤᠷᠤᠨ ᠭᠦᠶ᠋ᠴᠡᠳᠭᠡᠵᠦ᠍ ᠣᠷᠣᠯᠠᠨ ᠭᠦᠶ᠋ᠴᠡᠳᠭᠡᠬᠦ᠌ ᠵᠢᠴᠢ ᠣᠷᠣᠨ ᠪᠦᠰᠡ ᠠᠯᠤᠰᠯᠠᠨ ᠨᠡᠢᠳᠡᠮ ᠭᠦᠶ᠋ᠴᠡᠳᠭᠡᠬᠦ᠌ ᠦᠶ᠋ᠯᠡᠴᠢᠯᠡᠭᠡ᠎ᠶ᠋ᠢ ᠬᠡᠷᠡᠭ᠌ᠵᠢᠭᠦᠯᠪᠡ᠃ ᠬᠣᠲᠠ᠎ᠶ᠋ᠢᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ ᠬᠢᠭᠡᠳ ᠲᠣᠭ᠎ᠠ ᠪᠠᠷᠢᠮᠲᠠ᠎ᠶ᠋ᠢᠨ ᠬᠠᠮᠢᠶᠠᠷᠤᠯᠲᠠ᠎ᠶ᠋ᠢᠨ ᠲᠣᠪᠴᠢᠶ᠎ᠠ 12345 ᠬᠠᠯᠠᠮᠱᠢᠯ ᠤᠲᠠᠰᠤ᠎ᠶ᠋ᠢᠨ 《ᠤᠯᠠᠷᠢᠯ ᠪᠦᠷᠢ ᠨᠢᠭᠡ ᠰᠡᠳᠦᠪ》 ᠤ᠋ᠨ ᠲᠣᠭ᠍ᠲᠠᠴᠠ᠎ᠳᠤ ᠲᠦᠱᠢᠭ᠌ᠯᠡᠨ᠂ ᠠᠷᠠᠳ᠎ᠤᠨ ᠠᠮᠢᠳᠤᠷᠠᠯ᠎ᠤᠨ ᠠᠵᠢᠯ ᠶᠠᠪᠤᠳᠠᠯ ᠭᠦᠶ᠋ᠴᠡᠳᠭᠡᠬᠦ᠌ ᠲᠦᠭ᠌ᠵᠢᠷᠡᠯ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠡᠭᠦᠳᠡᠨ ᠡᠮᠨᠡᠯᠭᠡ᠎ᠶ᠋ᠢᠨ ᠤᠳᠠᠭᠠᠨ ᠴᠢᠨᠠᠷᠲᠠᠶ ᠣᠨᠴᠠ ᠡᠪᠡᠳᠴᠢᠨ᠎ᠦ ᠡᠮ᠎ᠦᠨ ᠵᠦᠶ᠋ᠯ᠎ᠢ ᠭᠤᠶᠤᠴᠢᠯᠠᠬᠤ ᠴᠤᠪᠤᠷᠠᠯ᠎ᠢ ᠱᠢᠯᠢᠳᠡᠭ᠌ᠵᠢᠭᠦᠯᠦᠨ᠂ ᠲᠤᠬᠠᠢᠯᠠᠭ᠍ᠰᠠᠨ ᠠᠵᠢᠯ᠎ᠢ 20 ᠮᠢᠨᠦ᠋ᠲ᠎ᠦᠨ ᠳᠣᠲᠣᠷ᠎ᠠ ᠭᠦᠶ᠋ᠴᠡᠳᠭᠡᠵᠦ᠍ ᠳᠠᠭᠤᠰᠭᠠᠬᠤ᠎ᠶ᠋ᠢ ᠪᠡᠶᠡᠯᠡᠭᠦᠯᠪᠡ᠃
ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ᠎ᠡᠴᠡ ᠨᠠᠭᠠᠰᠢ᠂ ᠠᠯᠠᠱᠠ ᠠᠢᠮᠠᠭ ᠰᠤᠷᠤᠯᠴᠠᠬᠤ ᠪᠠᠢᠴᠠᠭᠠᠬᠤ ᠰᠠᠢᠵᠢᠷᠠᠭᠤᠯᠬᠤ ᠶ᠋ᠢ ᠨᠢᠭᠡ ᠴᠤᠭ᠍ᠴᠠᠵᠢᠭᠤᠯᠤᠨ ᠠᠬᠢᠭᠤᠯᠬᠤ᠎ᠶ᠋ᠢ ᠪᠠᠷᠢᠮᠲᠠᠯᠠᠵᠤ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠰᠠᠢᠲᠤᠷ ᠬᠢᠬᠦ᠌ ᠳᠡᠭᠡᠷ᠎ᠡ ᠬᠦᠴᠦ᠍ ᠲᠠᠯᠪᠢᠵᠤ᠂ ᠡᠯ᠎ᠡ ᠰᠠᠯᠠᠭ᠎ᠠ ᠮᠥᠴᠢᠷ᠎ᠦᠨ ᠡᠭᠦᠷᠭᠡ ᠴᠢᠳᠠᠪᠬᠢ᠎ᠳᠠᠭᠠᠨ ᠰᠠᠭᠤᠷᠢᠯᠠᠨ ᠪᠣᠳᠠᠲᠠᠶ ᠠᠵᠢᠯᠯᠠᠵᠤ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌᠎ᠶ᠋ᠢ ᠠᠬᠢᠭᠤᠯᠵᠤ᠂ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠮᠵᠢ᠎ᠶ᠋ᠢ ᠦᠨᠡᠨ ᠬᠦ᠌ ᠠᠷᠠᠳ᠎ᠲᠤ ᠠᠱᠢᠭ ᠬᠦᠷᠲᠡᠭᠡᠬᠦ᠌ ᠦᠨᠡᠨ ᠪᠣᠳᠠᠲᠠᠶ ᠪᠣᠳᠠᠲᠤ ᠠᠮᠵᠢᠯᠲᠠ ᠪᠦᠲᠦᠮᠵᠢ ᠪᠣᠯᠭᠠᠨ ᠬᠤᠪᠢᠷᠠᠭᠤᠯᠪᠠ᠃ ᠠᠢᠮᠠᠭ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ ᠠᠢᠮᠠᠭ᠎ᠤᠨ ᠬᠡᠪᠴᠢᠶᠡᠨ᠎ᠳᠡᠬᠢ ᠨᠢᠭᠡᠳᠦᠯᠲᠡᠶ ᠬᠤᠳᠠᠯᠳᠤᠨ ᠠᠪᠬᠤ ᠬᠠᠮᠢᠶᠠᠷᠤᠯᠲᠠ᠎ᠶ᠋ᠢᠨ ᠵᠠᠭ᠍ᠪᠤᠷ᠎ᠢ ᠬᠡᠷᠡᠭ᠌ᠵᠢᠭᠦᠯᠵᠦ᠍᠂ ᠡᠮ᠎ᠦᠨ ᠵᠦᠶ᠋ᠯᠡᠰ᠎ᠦᠨ ᠬᠣᠷᠣᠭ᠍ᠳᠠᠯ ᠮᠠᠲ᠋ᠧᠷᠢᠶᠠᠯ᠎ᠤᠨ ᠭᠠᠷᠴᠠᠭ᠎ᠢ ᠨᠢᠭᠡᠳᠦᠯᠲᠡᠶ ᠪᠣᠯᠭᠠᠨ᠂ ᠬᠤᠳᠠᠯᠳᠤᠨ ᠠᠪᠬᠤ ᠴᠤᠪᠤᠷᠠᠯ ᠬᠢᠭᠡᠳ ᠪᠥᠬᠥ᠌ ᠬᠡᠯᠬᠢᠶᠡᠨ᠎ᠦ ᠬᠢᠨᠠᠯᠲᠠ ᠬᠠᠮᠢᠶᠠᠷᠤᠯᠲᠠ᠎ᠶ᠋ᠢ ᠵᠢᠷᠤᠮᠵᠢᠭᠤᠯᠵᠤ᠂ ᠡᠮ ᠡᠮᠨᠡᠯᠭᠡ᠎ᠶ᠋ᠢᠨ ᠬᠣᠷᠣᠭ᠍ᠳᠠᠯ ᠮᠠᠲ᠋ᠧᠷᠢᠶᠠᠯ᠎ᠤᠨ ᠪᠢᠲᠡᠭᠦᠮᠵᠢᠯᠡᠭ᠌ᠰᠡᠨ ᠬᠠᠮᠢᠶᠠᠷᠤᠯᠲᠠ᠎ᠶ᠋ᠢᠨ ᠱᠢᠰᠲ᠋ᠧᠮ᠎ᠢ ᠪᠠᠢᠭᠤᠯᠤᠨ᠂ ᠡᠮᠴᠢᠯᠡᠭᠡᠨ᠎ᠦ ᠪᠠᠢᠭᠤᠯᠤᠮᠵᠢ᠎ᠶ᠋ᠢᠨ ᠠᠵᠢᠯᠯᠠᠭᠠᠨ᠎ᠤ ᠥᠪᠡᠷ᠎ᠦᠨ ᠥᠷᠲᠡᠭ᠎ᠢ ᠪᠦᠲᠦᠮᠵᠢᠲᠡᠶ ᠪᠠᠭᠤᠷᠠᠭᠤᠯᠵᠤ᠂ ᠠᠷᠢᠭᠤᠨ ᠴᠢᠬᠡᠴᠢ᠎ᠪᠡᠷ ᠵᠠᠰᠠᠭ ᠪᠠᠷᠢᠬᠤ ᠲᠦᠭ᠌ᠰᠢᠭᠦᠷᠢ᠎ᠶ᠋ᠢᠨ ᠰᠡᠷᠭᠡᠢᠯᠡᠯᠲᠡ᠎ᠶ᠋ᠢᠨ ᠱᠤᠭᠤᠮ᠎ᠢ ᠪᠠᠲᠤ ᠴᠣᠭ᠍ᠴᠠᠯᠠᠨ᠂ ᠦᠨᠳᠦᠰᠦᠨ ᠱᠠᠲᠤᠨ᠎ᠤ ᠡᠮ᠎ᠦᠨ ᠵᠦᠶ᠋ᠯᠡᠰ᠎ᠦᠨ ᠲᠥᠷᠥᠯ ᠵᠦᠶ᠋ᠯ᠎ᠢ ᠦᠷᠭᠦᠯᠵᠢᠯᠡᠨ ᠪᠠᠶᠠᠯᠢᠭ᠍ᠵᠢᠭᠤᠯᠵᠤ᠂ ᠣᠯᠠᠨ ᠲᠦᠮᠡᠨ᠎ᠦ ᠡᠪᠡᠳᠴᠢᠨ ᠦᠵᠡᠭᠦᠯᠵᠦ᠍ ᠡᠮ ᠬᠡᠷᠡᠭ᠌ᠯᠡᠬᠦ᠌᠎ᠳᠦ ᠨᠠᠩ ᠲᠥᠬᠥᠮ ᠪᠤᠯᠭᠠᠪᠠ᠃ ᠠᠢᠮᠠᠭ᠎ᠤᠨ ᠡᠮᠴᠢᠯᠡᠭᠡᠨ᠎ᠤ ᠪᠠᠲᠤᠯᠠᠭ᠎ᠠ᠎ᠵᠢᠨ ᠲᠣᠪᠴᠢᠶ᠎ᠠ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢ ᠭᠦᠨᠵᠡᠭᠡᠢᠷᠡᠭᠦᠯᠦᠨ᠂ ᠡᠮ ᠡᠮᠨᠡᠯᠭᠡ᠎ᠶ᠋ᠢᠨ ᠳᠠᠭᠠᠳᠭᠠᠯ᠎ᠤᠨ ᠠᠷᠠᠳ᠎ᠲᠤ ᠲᠥᠬᠥᠮ ᠦᠵᠡᠭᠦᠯᠬᠦ᠌ ᠳ᠋ᠦᠩᠨᠡᠨ ᠪᠤᠳᠤᠯᠲᠠ᠂ ᠨᠢᠭᠡ ᠴᠣᠩᠬᠤᠪᠴᠢ᠎ᠪᠠᠷ ᠨᠡᠢᠳᠡᠮ ᠭᠦᠶ᠋ᠴᠡᠳᠭᠡᠬᠦ᠌ ᠦᠶ᠋ᠯᠡᠴᠢᠯᠡᠭᠡ᠎ᠶ᠋ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠠᠵᠢᠯ ᠶᠠᠪᠤᠳᠠᠯ ᠭᠦᠶ᠋ᠴᠡᠳᠭᠡᠬᠦ᠌ ᠴᠤᠪᠤᠷᠠᠯ᠎ᠢ ᠴᠣᠮᠬᠠᠳᠭᠠᠨ᠂ ᠣᠯᠠᠨ ᠲᠦᠮᠡᠨ᠎ᠦ ᠡᠪᠡᠳᠴᠢᠨ ᠦᠵᠡᠭᠦᠯᠬᠦ᠌ ᠪᠠᠲᠤᠯᠠᠭ᠎ᠠ᠎ᠶ᠋ᠢᠨ ᠬᠣᠷᠢᠭ᠎ᠠ ᠱᠤᠭᠤᠮ᠎ᠢ ᠦᠨᠡᠨ ᠬᠦ᠌ ᠪᠠᠲᠤ ᠰᠠᠬᠢᠵᠤ᠂ ᠵᠢᠯ᠎ᠤᠨ ᠡᠬᠢᠨ᠎ᠡᠴᠡ ᠨᠠᠭᠠᠰᠢ ᠤᠨᠳᠤᠤ ᠭᠠᠵᠠᠷ᠎ᠲᠤ ᠡᠮᠨᠡᠭᠦᠯᠦᠭ᠌ᠰᠡᠨ ᠵᠠᠷᠤᠳᠠᠯ᠎ᠢ 2600 ᠭᠠᠷᠤᠶ ᠬᠥᠮᠦᠨ ᠤᠳᠠᠭ᠎ᠠ ᠳ᠋ᠦ ᠱᠢᠭᠤᠳ ᠳ᠋ᠦᠩᠨᠡᠨ ᠪᠤᠳᠤᠵᠤ᠂ ᠣᠯᠠᠨ ᠲᠦᠮᠡᠨ᠎ᠦ ᠳᠠᠷᠤᠭᠠᠰᠤ᠎ᠶ᠋ᠢ 2100 ᠭᠠᠷᠤᠶ ᠲᠦᠮᠡᠨ ᠲᠥᠭᠥᠷᠢᠭ ᠬᠥᠩᠭᠡᠷᠡᠭᠦᠯᠵᠦ᠍᠂ ᠢᠨᠲ᠋ᠧᠷ ᠰᠦᠯᠵᠢᠶ᠎ᠡ᠎ᠪᠡᠷ ᠳᠠᠬᠢᠨ ᠣᠨᠣᠱᠢᠯᠠᠵᠤ ᠪᠠᠢᠴᠠᠭᠠᠬᠤ ᠵᠠᠷᠤᠳᠠᠯ᠎ᠢ 40% ᠪᠡᠷ ᠪᠠᠭᠤᠷᠠᠭᠤᠯᠪᠠ᠃ ᠠᠢᠮᠠᠭ᠎ᠤᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠪᠠ ᠳᠤᠭ᠎ᠠ ᠪᠠᠷᠢᠮᠳᠠ᠎ᠵᠢᠨ ᠬᠠᠮᠢᠶᠠᠷᠤᠯᠲᠠ᠎ᠵᠢᠨ ᠲᠣᠪᠴᠢᠶ᠎ᠠ᠎ᠨᠢ 12345 ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠠᠷᠠᠳ᠎ᠲᠤ ᠳᠥᠭᠥᠮ ᠦᠵᠡᠭᠦᠯᠬᠦ᠌ ᠬᠠᠯᠠᠮᠱᠢᠯ ᠤᠲᠠᠰᠤ᠎ᠪᠠᠷ ᠠᠷᠠᠳ᠎ᠤᠨ ᠰᠡᠳᠭᠢᠯ᠎ᠢ ᠬᠣᠯᠪᠣᠬᠤ ᠭᠣᠣᠯ ᠠᠷᠭ᠎ᠠ ᠵᠠᠮ ᠪᠣᠯᠭᠠᠵᠤ᠂ 《ᠵᠠᠷᠭᠤ᠎ᠶ᠋ᠢ ᠬᠦᠯᠢᠶᠡᠨ ᠠᠪᠤᠪᠠᠯ ᠳᠠᠷᠤᠢ ᠭᠦᠢᠴᠡᠳᠭᠡᠬᠦ᠌᠂ ᠵᠠᠭᠠᠯᠳᠤᠬᠤ ᠡᠴᠡ ᠡᠮᠦᠨ᠎ᠡ ᠤᠷᠢᠳᠠᠪᠠᠷ ᠭᠦᠢᠴᠡᠳᠭᠡᠬᠦ᠌》 ᠨᠢᠭᠡ ᠴᠣᠭ᠍ᠴᠠᠵᠢᠭᠤᠯᠤᠭ᠍ᠰᠠᠨ ᠦᠨᠳᠦᠰᠦᠨ ᠱᠠᠲᠤᠨ᠎ᠤ ᠵᠠᠰᠠᠯᠲᠠ᠎ᠶ᠋ᠢᠨ ᠱᠢᠰᠲ᠋ᠧᠮ᠎ᠢ ᠪᠠᠢᠭᠤᠯᠵᠤ᠂ ᠬᠦᠰᠡᠯ ᠱᠠᠭᠠᠷᠳᠠᠯᠭ᠎ᠠ᠎ᠶ᠋ᠢ ᠲᠦᠷᠭᠡᠨ ᠬᠦᠯᠢᠶᠡᠨ ᠠᠪᠬᠤ᠂ ᠲᠦᠷᠭᠡᠨ ᠬᠤᠪᠢᠷᠠᠭᠤᠯᠬᠤ᠂ ᠲᠦᠷᠭᠡᠨ ᠭᠦᠢᠴᠡᠳᠭᠡᠬᠦ᠌᠂ ᠲᠦᠷᠭᠡᠨ ᠬᠠᠷᠢᠭᠤ ᠥᠭ᠌ᠬᠦ᠎ᠶ᠋ᠢ ᠠᠬᠢᠭᠤᠯᠵᠤ᠂ ᠣᠯᠠᠨ ᠲᠦᠮᠡᠨ᠎ᠦ ᠳᠡᠷᠭᠡᠳᠡᠬᠢ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠬᠢᠵᠦ᠍᠂ ᠣᠯᠠᠨ ᠲᠦᠮᠡᠨ᠎ᠦ ᠬᠠᠨᠤᠮᠵᠢ᠎ᠶ᠋ᠢᠨ ᠨᠣᠷᠮ᠎ᠠ 98.7% ᠳ᠋ᠤ᠌ ᠬᠦᠷᠪᠡ᠃