ᠣᠷᠣᠨ ᠨᠤᠲᠤᠭ᠎ᠤᠨ ᠨᠥᠬᠥᠪᠥᠷᠢ᠎ᠶ᠋ᠢᠨ ᠪᠠᠷᠢᠮᠵᠢᠶ᠎ᠠ᠎ᠶ᠋ᠢ ᠬᠥᠮᠦᠨ ᠪᠦᠷᠢ ᠰᠠᠷ᠎ᠠ᠎ᠳᠤ 95 ᠲᠥᠭᠥᠷᠢᠭ ᠪᠠᠢᠭ᠍ᠰᠠᠨ᠎ᠡᠴᠡ 115 ᠲᠥᠭᠥᠷᠢᠭ ᠪᠣᠯᠭᠠᠨ ᠳᠡᠭᠡᠭ᠌ᠰᠢᠯᠡᠭᠦᠯᠪᠡ
2026-05-27 10:22:00
ᠵᠣᠬᠢᠶᠠᠭ᠍ᠴᠢ᠄
ᠪᠠᠶᠠᠰᠭᠤᠯᠠᠩ
ᠣᠩᠱᠢᠭ᠍ᠰᠠᠨ ᠣᠳᠠᠭ᠎ᠠ᠄
★★★☆☆

ᠮᠠᠨᠤᠰ᠎ᠤᠨ ᠨᠠᠰᠤᠵᠢᠯ᠎ᠤᠨ ᠠᠰᠠᠷᠠᠮᠵᠢ᠎ᠶ᠋ᠢᠨ ᠮᠥᠩᠭᠥ᠌ ᠰᠠᠷ᠎ᠠ ᠪᠦᠷᠢ 20 ᠲᠥᠭᠥᠷᠢᠭ ᠥᠰᠤᠯ᠎ᠡ

       

4 ᠰᠠᠷ᠎ᠠ᠎ᠶ᠋ᠢᠨ 22 ᠎ᠤ᠋ᠨ ᠡᠳᠦᠷ᠂ ᠱᠢᠯᠢ᠎ᠶ᠋ᠢᠨ ᠭᠤᠤᠯ ᠠᠢᠮᠠᠭ᠎ᠤᠨ ᠰᠥᠨᠢᠳ ᠵᠡᠭᠦᠨ ᠬᠣᠱᠢᠭᠤᠨ᠎ᠤ ᠲᠡᠯᠡᠶ ᠰᠤᠮᠤ᠎ᠶ᠋ᠢᠨ ᠪᠠᠶᠠᠨᠪᠤᠯᠠᠭ ᠭᠠᠴᠠᠭᠠᠨ ᠎ᠤ ᠮᠠᠯᠴᠢᠨ ᠭᠠᠩᠪᠤᠯᠤᠳ ᠨᠠᠰᠤᠲᠠᠨ ᠣᠮᠪᠣᠯᠣ᠎ᠪᠠᠨ ᠰᠤᠷᠭᠠᠭᠤᠯᠢ᠎ᠳᠤ ᠬᠦᠷᠭᠡᠭ᠌ᠰᠡᠨ ᠎ᠦ ᠳᠠᠷᠠᠭ᠎ᠠ᠂ ᠨᠡᠢᠭᠡᠮ᠎ᠦᠨ ᠪᠠᠲᠤᠯᠠᠭ᠎ᠠ᠎ᠶ᠋ᠢᠨ ᠺᠠᠷᠲ᠎ᠢᠶᠠᠨ ᠠᠪᠴᠤ᠌ ᠬᠣᠱᠢᠭᠤᠨ᠎ᠤ ᠵᠠᠰᠠᠭ᠎ᠤᠨ ᠶᠠᠪᠤᠳᠠᠯ᠎ᠤᠨ ᠶᠡᠬᠡ ᠲᠢᠩᠬᠢᠮ᠎ᠦᠨ ᠨᠡᠢᠭᠡᠮ᠎ᠦᠨ ᠪᠠᠲᠤᠯᠠᠭ᠎ᠠ᠎ᠶ᠋ᠢᠨ ᠴᠣᠩᠬᠣᠪᠴᠢ᠎ᠳ᠋ᠤ ᠬᠦᠷᠴᠦ᠍ ᠤᠴᠢᠪᠠ᠃

《ᠬᠡᠤᠬᠡ ᠡ᠂ ᠡᠨᠡ ᠵᠢᠯ ᠨᠠᠰᠤᠵᠢᠯ᠎ᠤᠨ ᠠᠰᠠᠷᠠᠮᠵᠢ᠎ᠶ᠋ᠢᠨ ᠮᠥᠩᠭᠥ᠌ ᠪᠠᠰᠠ ᠨᠡᠮᠡᠭ᠌ᠳᠡᠯ᠎ᠠ ᠪᠢᠵᠡ ? ᠬᠦᠭᠰᠢᠨ ᠮᠠᠨ ᠤ᠋ ᠬᠤᠶᠠᠷ ᠤ᠋ᠨ ᠺᠠᠷᠲ ᠲᠤ᠌ ᠪᠦᠷ 20 ᠲᠥᠭᠥᠷᠢᠭ ᠨᠡᠮᠡᠭ᠌ᠳᠡᠭᠰᠡᠨ ᠪᠠᠢᠨ᠎ᠠ᠃》

《ᠲᠡᠢᠮᠦ᠍ ᠡ᠂ ᠠᠪᠠᠭ᠎ᠠ ᠡ᠂ ᠲᠠ ᠰᠠᠨᠠᠭ᠎ᠠ ᠠᠮᠤᠷ ᠬᠡᠷᠡᠭ᠌ᠯᠡᠭᠡᠷᠡᠶ᠂ ᠡᠨᠡ ᠪᠣᠯ ᠬᠣᠱᠢᠭᠤᠨ᠎ᠡᠴᠡ ᠲᠠᠨ ᠱᠢᠭ᠋ ᠬᠣᠲᠠ ᠬᠥᠳᠡᠭᠡ᠎ᠶ᠋ᠢᠨ ᠰᠠᠭᠤᠭᠠᠯᠢ ᠠᠷᠠᠳ ᠲᠤ᠌ ᠪᠠᠷᠢᠮᠵᠢᠶ᠎ᠠ᠎ᠶ᠋ᠢ ᠨᠢᠭᠡᠳᠦᠯᠲᠡᠶ ᠳᠡᠭᠡᠭ᠌ᠰᠢᠯᠡᠭᠦᠯᠵᠤ ᠦᠭᠬᠦᠭᠰᠡᠨ ᠦᠨᠳᠦᠰᠦᠨ ᠨᠠᠰᠤᠵᠢᠯ᠎ᠤᠨ ᠠᠰᠠᠷᠠᠮᠵᠢ᠎ᠶ᠋ᠢᠨ ᠮᠥᠩᠭᠥ᠌ ᠪᠣᠯᠤᠨ᠎ᠠ᠃ ᠬᠣᠵᠢᠮ ᠲᠠᠨ᠎ᠤ ᠨᠠᠰᠤᠵᠢᠯ᠎ᠤᠨ ᠠᠰᠠᠷᠠᠮᠵᠢ᠎ᠶ᠋ᠢᠨ ᠮᠥᠩᠭᠥ᠌ ᠤᠯᠠᠮ ᠵᠢᠡᠷ ᠨᠡᠮᠡᠭᠳᠡᠭᠦ ᠪᠣᠯᠤᠨ᠎ᠠ》 ᠭᠡᠵᠦ ᠠᠵᠢᠯᠲᠠᠨ ᠬᠡᠯᠡᠪᠡ᠃

ᠬᠥᠮᠦᠨ ᠪᠦᠷᠢ᠎ᠶ᠋ᠢᠨ ᠰᠠᠷ᠎ᠠ᠎ᠶ᠋ᠢᠨ ᠪᠠᠷᠢᠮᠵᠢᠶ᠎ᠠ᠎ᠶ᠋ᠢ 20 ᠲᠥᠭᠥᠷᠢᠭ ᠳᠡᠭᠡᠭ᠌ᠰᠢᠯᠡᠭᠦᠯᠬᠦ᠌ ᠪᠣᠯ ᠰᠥᠨᠢᠳ ᠵᠡᠭᠦᠨ ᠬᠣᠱᠢᠭᠤ 2026 ᠣᠨ᠎ᠤ ᠥᠪᠡᠷᠲᠡᠭᠡᠨ ᠵᠠᠰᠠᠬᠤ ᠣᠷᠣᠨ᠎ᠤ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》 ᠢ᠋ ᠨᠠᠢᠳᠠᠪᠤᠷᠢᠵᠢᠭᠤᠯᠤᠭᠰᠠᠨ ᠯᠠᠪᠳᠠᠭᠤᠨ ᠪᠠᠲᠤᠲᠠᠶ ᠠᠷᠭ᠎ᠠ ᠬᠡᠮᠵᠢᠶ᠎ᠡ ᠪᠣᠯᠤᠨ᠎ᠠ᠃ ᠣᠳᠣᠬᠠᠨ᠎ᠳᠤ᠂ ᠪᠥᠬᠥ᠌ ᠬᠣᠱᠢᠭᠤᠨ ᠎ᠤ ᠬᠣᠲᠠ ᠬᠥᠳᠡᠭᠡ᠎ᠶ᠋ᠢᠨ ᠰᠠᠭᠤᠭᠠᠯᠢ ᠠᠷᠠᠳ ᠎ᠤᠨ ᠦᠨᠳᠦᠰᠦᠨ ᠨᠠᠰᠤᠵᠢᠯ᠎ᠤᠨ ᠳᠠᠭᠠᠳᠭᠠᠯ ᠎ᠤᠨ ᠣᠷᠣᠨ ᠨᠤᠲᠤᠭ᠎ᠤᠨ ᠨᠥᠬᠥᠪᠥᠷᠢ᠎ᠶ᠋ᠢᠨ ᠪᠠᠷᠢᠮᠵᠢᠶ᠎ᠠ᠎ᠶ᠋ᠢ ᠬᠥᠮᠦᠨ ᠪᠦᠷᠢ ᠰᠠᠷ᠎ᠠ᠎ᠳᠤ 95 ᠲᠥᠭᠥᠷᠢᠭ ᠪᠠᠢᠭ᠍ᠰᠠᠨ᠎ᠡᠴᠡ 115 ᠲᠥᠭᠥᠷᠢᠭ ᠪᠣᠯᠭᠠᠨ ᠳᠡᠭᠡᠭ᠌ᠰᠢᠯᠡᠭᠦᠯᠪᠡ᠃

《1— 2 ᠰᠠᠷ᠎ᠠ᠎ᠳᠤ ᠨᠥᠬᠥᠨ ᠣᠯᠭᠣᠭ᠍ᠰᠠᠨ ᠬᠥᠮᠦᠨ᠎ᠦ ᠲᠣᠭ᠎ᠠ 3131 ᠪᠠᠢᠵᠤ᠂ ᠨᠥᠬᠥᠨ ᠤᠯᠭᠤᠭᠰᠠᠨ ᠵᠣᠭᠣᠰ᠎ᠤᠨ ᠲᠣᠭ᠎ᠠ ᠨᠢ ᠨᠡᠢᠲᠡ 12.5 ᠲᠦᠮᠡᠨ ᠲᠥᠭᠥᠷᠢᠭ᠎ᠲᠦ ᠬᠦᠷᠴᠡᠶ; 3 ᠰᠠᠷ᠎ᠠ᠎ᠳᠤ 3142 ᠬᠥᠮᠦᠨ ᠳ᠋ᠤ ᠤᠯᠭᠤᠵᠤ᠂ 6.28 ᠲᠦᠮᠡᠨ ᠲᠥᠭᠥᠷᠢᠭ ᠲᠠᠷᠬᠠᠭᠠᠪᠠ᠃ 4 ᠰᠠᠷ᠎ᠠ᠎ᠡᠴᠡ ᠡᠬᠢᠯᠡᠨ᠂ ᠱᠢᠨ᠎ᠡ᠎ᠪᠡᠷ ᠨᠡᠮᠡᠭ᠌ᠳᠡᠭ᠌ᠰᠡᠨ 20 ᠲᠥᠭᠥᠷᠢᠭ᠎ᠢ ᠨᠢᠭᠡᠨᠲᠡ ᠰᠠᠷ᠎ᠠ ᠪᠦᠷᠢ᠎ᠶ᠋ᠢᠨ ᠬᠡᠪ᠎ᠦᠨ ᠤᠯᠭᠤᠬᠤ ᠳᠠᠷᠠᠭᠠᠯᠠᠯ᠎ᠳᠤ ᠣᠷᠣᠭᠤᠯᠪᠠ᠃ ᠪᠦᠬᠦᠢᠯᠡ ᠶᠠᠪᠤᠴᠠ ᠨᠢ ᠳᠠᠭᠠᠳᠭᠠᠯ᠎ᠳᠤ ᠣᠷᠣᠯᠴᠠᠭᠰᠠᠨ ᠨᠠᠷᠢᠯᠢᠭ ᠣᠨᠣᠴᠠᠲᠠᠶ ᠮᠡᠳᠡᠭᠡ ᠵᠠᠩᠭᠢ᠎ᠶ᠋ᠢᠨ ᠱᠢᠰᠲ᠋ᠧᠮ᠎ᠳᠦ ᠲᠦᠱᠢᠭ᠌ᠯᠡᠨ᠂ 〈ᠨᠢᠭᠡ ᠬᠥᠮᠦᠨ᠎ᠢ ᠴᠦ᠍ ᠣᠷᠬᠢᠭ᠍ᠳᠠᠭᠤᠯᠬᠤ ᠥᠬᠡᠶ᠂ ᠨᠢᠭᠡ ᠮᠦᠩᠭᠦ ᠴᠤ᠌ ᠵᠥᠷᠢᠭᠦᠯᠬᠦ᠌ ᠥᠬᠡᠶ〉 ᠪᠠᠢᠬᠤ᠎ᠶ᠋ᠢ ᠪᠡᠶᠡᠯᠡᠭᠦᠯᠪᠡ》᠃ ᠰᠥᠨᠢᠳ ᠵᠡᠭᠦᠨ ᠬᠣᠱᠢᠭᠤᠨ᠎ᠤ ᠨᠡᠢᠭᠡᠮ᠎ᠦᠨ ᠳᠠᠭᠠᠳᠭᠠᠯ᠎ᠤᠨ ᠦᠶ᠋ᠯᠡᠰ᠎ᠦᠨ ᠦᠶ᠋ᠯᠡᠴᠢᠯᠡᠭᠡᠨ᠎ᠦ ᠲᠥᠪ᠎ᠦᠨ ᠡᠷᠬᠢᠯᠡᠭ᠌ᠴᠢ ᠴᠢᠶᠣᠤ ᠶᠦᠩ ᠱᠧᠩ ᠲᠠᠨᠢᠯᠴᠠᠭᠤᠯᠬᠤ᠎ᠳᠠᠭᠠᠨ᠂ ᠲᠣᠰ ᠤᠳᠠᠭ᠎ᠠ ᠵᠢᠨ ᠨᠠᠰᠤᠵᠢᠯ᠎ᠤᠨ ᠠᠰᠠᠷᠠᠮᠵᠢ ᠵᠢᠨ ᠮᠦᠡᠭᠭᠦ ᠵᠢᠨ ᠪᠠᠷᠢᠮᠵᠢᠶ᠎ᠠ᠎ᠶ᠋ᠢ ᠳᠡᠭᠡᠭ᠌ᠰᠢᠯᠡᠭᠦᠯᠬᠦ᠌ ᠲᠤᠭᠳᠠᠭᠠᠯ ᠎ᠢ ᠬᠣᠱᠢᠭᠤᠨ ᠤ᠋ ᠠᠷᠪᠠᠨ ᠵᠢᠷᠭᠤᠳᠤᠭᠠᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠡᠴᠡ ᠪᠠᠲᠤᠯᠠᠪᠠ᠂ ᠡᠨᠡ ᠪᠤᠯ ᠬᠣᠱᠢᠭᠤᠨ ᠤ᠋ ᠨᠠᠮ᠎ᠤᠨ ᠬᠣᠷᠢᠶ᠎ᠠ᠂ ᠠᠷᠠᠳ᠎ᠤᠨ ᠵᠠᠰᠠᠭ᠎ᠤᠨ ᠣᠷᠳᠣᠨ᠎ᠤ ᠠᠷᠠᠳ ᠲᠦᠮᠡᠨ᠎ᠢᠶᠡᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠦᠶ᠋ᠯᠡᠳᠦᠯᠭᠡᠵᠢᠭᠦᠯᠬᠦ᠌ ᠵᠠᠩᠭᠢᠯᠠᠭ᠎ᠠ᠎ᠶ᠋ᠢᠨ ᠠᠷᠭ᠎ᠠ ᠬᠡᠮᠵᠢᠶ᠎ᠡ ᠪᠣᠯᠤᠨ᠎ᠠ᠃ ᠲᠥᠷᠥ᠎ᠶ᠋ᠢᠨ ᠪᠣᠳᠣᠯᠭ᠎ᠠ᠎ᠶ᠋ᠢᠨ ᠠᠱᠢᠭ᠎ᠢ ᠤᠨᠤᠴᠠᠳᠠᠢ ᠣᠯᠭᠣᠬᠤ ᠎ᠶ᠋ᠢ ᠪᠠᠲᠤᠯᠠᠬᠤ᠎ᠶ᠋ᠢᠨ ᠲᠥᠯᠥᠭᠡ᠂ ᠬᠣᠱᠢᠭᠤᠨ᠎ᠤ ᠡᠳ᠋᠎ᠦᠨ ᠵᠠᠰᠠᠭ᠎ᠡᠴᠡ 81.6 ᠲᠦᠮᠡᠨ ᠲᠥᠭᠥᠷᠢᠭ ᠎ᠦᠨ ᠲᠤᠰᠭᠠᠶ ᠲᠥᠷᠥᠯ ᠎ᠦᠨ ᠪᠠᠯᠠ ᠮᠥᠩᠭᠥ᠌ ᠣᠷᠣᠭᠤᠯᠵᠤ᠂ ᠨᠡᠢᠭᠡᠮ ᠎ᠦᠨ ᠳᠠᠭᠠᠳᠭᠠᠯ ᠎ᠤᠨ ᠰᠠᠯᠠᠭ᠎ᠠ ᠮᠥᠴᠢᠷ ᠬᠠᠮᠤᠭ ᠎ᠤᠨ ᠲᠦᠷᠦᠭᠦᠨ᠎ᠳᠦ ᠭᠥᠯᠢᠶᠡᠨ ᠠᠪᠴᠤ᠌᠂ ᠬᠦᠷᠳᠡᠮᠵᠢ ᠤᠯᠭᠤᠮᠵᠢ ᠎ᠶ᠋ᠢ ᠲᠣᠬᠢᠷᠠᠭᠤᠯᠬᠤ᠂ ᠮᠡᠳᠡᠭᠡ ᠵᠠᠩᠭᠢ ᠎ᠶ᠋ᠢ ᠬᠠᠷᠭᠤᠭᠤᠯᠬᠤ᠂ ᠪᠠᠯᠠ ᠮᠥᠩᠭᠥ᠎ᠶ᠋ᠢ ᠲᠥᠰᠦᠭᠡᠯᠡᠨ ᠪᠤᠳᠤᠬᠤ ᠵᠢᠴᠢ ᠨᠥᠬᠥᠪᠥᠷᠢᠯᠡᠨ ᠣᠯᠭᠣᠬᠤ ᠪᠥᠬᠥ᠌ ᠶᠠᠪᠤᠴᠠ᠎ᠶ᠋ᠢ ᠲᠦᠷᠭᠡᠨ ᠡᠬᠢᠯᠡᠭᠦᠯᠪᠡ᠃

ᠬᠢᠯᠢ ᠬᠢᠵᠠᠭᠠᠷ᠎ᠤᠨ ᠮᠠᠯᠵᠢᠬᠤ ᠣᠷᠣᠨ᠎ᠳᠤ ᠠᠪᠴᠤ᠌ ᠬᠡᠯᠡᠪᠡᠯ᠂ ᠰᠠᠷ᠎ᠠ ᠪᠦᠷᠢ ᠢᠯᠡᠭᠦᠦ 20 ᠲᠥᠭᠥᠷᠢᠭ ᠤᠯᠭᠤᠬᠤ ᠨᠢ ᠣᠷᠣᠯᠭ᠎ᠠ᠎ᠶ᠋ᠢᠨ ᠨᠡᠮᠡᠭ᠌ᠳᠡᠯ ᠪᠣᠯᠬᠤ᠎ᠪᠠᠷ ᠪᠠᠷᠠᠬᠤ ᠥᠬᠡᠶ᠂ ᠨᠠᠩ ᠴᠤ᠌ ᠨᠠᠮ ᠪᠠ ᠵᠠᠰᠠᠭ᠎ᠤᠨ ᠣᠷᠳᠣᠨ᠎ᠡᠴᠡ ᠬᠡᠷ᠎ᠦᠨ ᠡᠭᠦᠳᠡᠨ᠎ᠳᠦᠨᠢ ᠬᠦᠷᠭᠡᠭ᠌ᠰᠡᠨ 《ᠰᠡᠳᠭᠢᠯ ᠎ᠢ ᠳᠤᠯᠠᠭᠠᠴᠠᠭᠤᠯᠬᠤ ᠮᠦᠨᠭᠬᠦ》 ᠪᠣᠯᠬᠤ ᠶᠤᠮ᠃ ᠪᠠᠶᠠᠨᠪᠤᠯᠠᠭ ᠭᠠᠴᠠᠭ᠎ᠠ ᠵᠢᠨ 61 ᠨᠠᠰᠤᠲᠠᠶ ᠮᠠᠯᠴᠢᠨ ᠡᠷᠳᠡᠨᠢᠪᠠᠭᠠᠲᠤᠷ ᠲᠠᠩᠰᠠ ᠪᠤᠳᠤᠵᠤ᠄ 《ᠪᠢ ᠨᠢᠳᠤᠨᠤᠨ᠎ᠡᠴᠡ ᠡᠬᠢᠯᠡᠨ ᠰᠠᠷ᠎ᠠ ᠪᠦᠷᠢ 300 ᠭᠠᠷᠤᠶ ᠲᠥᠭᠥᠷᠢᠭ᠎ᠦᠨ ᠨᠠᠰᠤᠵᠢᠯ᠎ᠤᠨ ᠠᠰᠠᠷᠠᠮᠵᠢ᠎ᠶ᠋ᠢᠨ ᠮᠥᠩᠭᠥ᠌ ᠤᠯᠪᠠ》ᠭᠡᠵᠦ ᠪᠠᠶᠠᠷᠳᠠᠢᠠᠬᠠ ᠶᠠᠷᠢᠨ᠎ᠠ᠃ ᠡᠮᠦᠨ᠎ᠡ ᠬᠡᠳᠦᠨ ᠵᠢᠯ᠎ᠳᠦ᠂ ᠲᠡᠷᠡ ᠥᠪᠡᠷ ᠵᠢᠡᠨ ᠡᠨᠡ᠎ᠬᠦ ᠰᠦᠶ᠋ᠳᠭᠡᠯ᠎ᠢ᠎ᠲᠤᠱᠢᠶᠠᠵᠤ ᠪᠠᠢᠬᠰᠠᠨ ᠶᠤᠮ᠃ 2022 ᠣᠨ᠎ᠡᠴᠡ ᠡᠬᠢᠯᠡᠨ ᠭᠠᠴᠠᠭ᠎ᠠ ᠨᠢ ᠬᠠᠮᠲᠤ᠎ᠶ᠋ᠢᠨ ᠠᠵᠤ ᠠᠬᠤᠶ᠎ᠶ᠋ᠢᠨ ᠣᠷᠣᠯᠭ᠎ᠠ ᠡᠴᠡ ᠪᠠᠨ ᠮᠠᠯᠴᠢᠳ᠎ᠲᠤ ᠨᠥᠬᠥᠪᠥᠷᠢ ᠥᠭ᠌ᠳᠡᠭ ᠪᠤᠯᠤᠬᠰᠠᠨ᠎ᠦ ᠳᠡᠭᠡᠷ᠎ᠡ᠂ ᠲᠣᠰ ᠤᠳᠠᠭᠠᠨ᠎ᠤ ᠪᠠᠷᠢᠮᠵᠢᠶ᠎ᠠ᠎ᠶ᠋ᠢ ᠳᠡᠭᠡᠭ᠌ᠰᠢᠯᠡᠭᠦᠯᠦᠭ᠌ᠰᠡᠨ 20 ᠲᠥᠭᠥᠷᠢᠭ᠎ᠢ ᠨᠡᠮᠡᠪᠡᠯ᠂ ᠲᠡᠭᠦᠨ᠎ᠦ ᠥᠲᠡᠯᠦᠭᠡ ᠨᠠᠰᠤᠨ᠎ᠤ ᠠᠮᠢᠳᠤᠷᠠᠯ ᠨᠢ ᠤᠯᠠᠮ ᠪᠠᠳᠤᠯᠠᠭ᠎ᠠ ᠲᠡᠶ ᠪᠣᠯᠵᠠᠶ᠃

ᠡᠨᠡ ᠬᠦ᠌ 《ᠰᠡᠳᠭᠢᠯ᠎ᠢ ᠳᠤᠯᠠᠭᠠᠴᠠᠭᠤᠯᠬᠤ ᠮᠦᠨᠭᠬᠦ》 ᠵᠢᠨ ᠠᠷᠤ᠎ᠳᠤ᠂ ᠰᠥᠨᠢᠳ ᠵᠡᠭᠦᠨ ᠬᠣᠱᠢᠭᠤᠨ᠎ᠤ 《ᠬᠤᠪᠢ ᠬᠥᠮᠦᠨ  ᠰᠦᠶ᠋ᠳᠭᠡᠯ ᠲᠤᠱᠢᠶᠠᠬᠤ + ᠬᠠᠮᠲᠤ᠎ᠶ᠋ᠢᠨ ᠠᠵᠤ ᠠᠬᠤᠶ᠎ᠶ᠋ᠢᠨ ᠨᠥᠬᠥᠪᠥᠷᠢ + ᠵᠠᠰᠠᠭ ᠎ᠤᠨ ᠣᠷᠳᠣᠨ ᠎ᠤ ᠨᠥᠬᠥᠪᠥᠷᠢ + ᠠᠵᠤ ᠠᠬᠤᠢᠯᠠᠯ᠎ᠤᠨ ᠲᠤᠰᠠᠯᠠᠮᠵᠢ》 ᠶ᠋ᠢᠨ ᠳᠥᠷᠪᠡᠨ ᠬᠦᠷᠳᠦ᠍ ᠎ᠪᠡᠷ ᠪᠠᠯᠠ ᠴᠤᠭ᠍ᠯᠠᠭᠤᠯᠬᠤ ᠱᠢᠨ᠎ᠡ ᠠᠷᠭ᠎ᠠ ᠵᠠᠮ᠎ᠢ ᠢᠳᠡᠪᠬᠢᠲᠡᠶ ᠰᠦᠪᠡᠭ᠌ᠴᠢᠯᠡᠭ᠌ᠰᠡᠨ ᠠᠮᠢᠳᠤᠯᠢᠭ ᠦᠶ᠋ᠯᠡᠳᠦᠯᠭᠡ ᠪᠣᠶ᠃ ᠪᠦᠬᠦ᠌ ᠬᠣᠱᠢᠭᠤᠨ᠎ᠤ ᠠᠩᠬᠠᠳᠠᠭ᠍ᠴᠢ ᠪᠦᠯᠦᠭ ᠬᠠᠮᠲᠤ᠎ᠶ᠋ᠢᠨ ᠠᠵᠤ ᠠᠬᠤᠢ᠎ᠶ᠋ᠢᠨ ᠨᠥᠬᠥᠪᠥᠷᠢ᠎ᠶ᠋ᠢᠨ ᠲᠤᠷᠱᠢᠯᠲᠠ᠎ᠶ᠋ᠢᠨ ᠴᠡᠭ ᠪᠣᠯᠤᠭ᠍ᠰᠠᠨ ᠪᠠᠶᠠᠨᠪᠤᠯᠠᠭ ᠭᠠᠴᠠᠭ᠎ᠠ 4 ᠵᠢᠯ ᠳᠠᠷᠠᠭᠠᠯᠠᠨ 404 ᠮᠠᠯᠴᠢᠨ᠎ᠳᠤ 11.86 ᠲᠦᠮᠡᠨ ᠲᠥᠭᠥᠷᠢᠭ᠎ᠦᠨ ᠨᠥᠬᠥᠪᠥᠷᠢ᠎ᠶ᠋ᠢᠨ ᠮᠥᠩᠭᠥ᠌ ᠲᠠᠷᠬᠠᠭᠠᠪᠠ᠃ 2025 ᠣᠨ᠎ᠳᠤ᠂ ᠬᠣᠱᠢᠭᠤᠨ᠎ᠤ ᠨᠡᠢᠭᠡᠮ᠎ᠦᠨ ᠳᠠᠭᠠᠳᠭᠠᠯ᠎ᠤᠨ ᠦᠶ᠋ᠯᠡᠰ᠎ᠦᠨ ᠦᠶ᠋ᠯᠡᠴᠢᠯᠡᠭᠡᠨ ᠎ᠦ ᠲᠥᠪ ᠎ᠦᠨ ᠵᠣᠬᠢᠴᠠᠭᠤᠯᠭ᠎ᠠ ᠳᠤᠤᠷ᠎ᠠ᠂ ᠲᠣᠰ ᠭᠠᠴᠠᠭ᠎ᠠ ᠱᠢᠨ᠎ᠡ ᠵᠠᠭ᠍ᠪᠤᠷ᠎ᠢ ᠲᠦᠷᠦᠭᠦᠯᠡᠨ ᠬᠡᠷᠡᠭ᠌ᠵᠢᠭᠦᠯᠵᠦ᠂ ᠲᠠᠭᠠᠳᠬᠠᠯ ᠳ᠋ᠦ ᠤᠷᠤᠯᠴᠠᠭᠰᠠᠨ 202 ᠮᠠᠯᠴᠢᠨ ᠳ᠋ᠦ ᠵᠠᠰᠠᠭ ᠤ᠋ᠨ ᠣᠷᠳᠣᠨ᠎ᠤ᠋ 2.02 ᠲᠦᠮᠡᠨ ᠲᠥᠭᠥᠷᠢᠭ᠎ᠦᠨ ᠨᠥᠬᠥᠪᠥᠷᠢ ᠪᠠ ᠠᠵᠤ ᠠᠬᠤᠢᠯᠠᠯ᠎ᠤ᠋ᠨ 2.02 ᠲᠦᠮᠡᠨ ᠲᠥᠭᠥᠷᠢᠭ᠎ᠦᠨ ᠳᠡᠮᠵᠢᠯᠭᠡ᠎ᠶᠢ ᠡᠷᠡᠮᠡᠯᠵᠡᠵᠦ ᠣᠯᠭᠤᠭᠰᠠᠨ ᠡᠴᠡ ᠲᠤᠰ ᠭᠠᠴᠠᠭᠠᠨ ᠤ᠋ 25 ᠨᠠᠰᠤᠨ᠎ᠡᠴᠡ ᠳᠡᠭᠡᠭ᠌ᠰᠢᠬᠢ ᠮᠠᠯᠴᠢᠳ᠎ᠤᠨ ᠳᠠᠭᠠᠳᠭᠠᠯ᠎ᠳᠤ ᠤᠷᠤᠯᠴᠠᠭᠰᠠᠨ ᠨᠣᠷᠮ᠎ᠠ 100% ᠎ᠳ᠋ᠤ ᠬᠦᠷᠴᠦ᠍᠂ ᠪᠦᠬᠦ᠌ ᠣᠷᠣᠨ᠎ᠤ ᠠᠩᠬᠠᠳᠠᠭ᠍ᠴᠢ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠨᠠᠰᠤᠵᠢᠯ᠎ᠤᠨ ᠳᠠᠭᠠᠳᠭᠠᠯ᠎ᠢ ᠵᠠᠰᠠᠭ ᠤ᠋ᠨ ᠣᠷᠳᠣᠨ᠎ᠡᠴᠡ ᠨᠥᠬᠥᠪᠥᠷᠢᠯᠡᠭ᠌ᠰᠡᠨ ᠭᠠᠴᠠᠭ᠎ᠠ ᠪᠣᠯᠪᠠ᠃ ᠡᠭᠦᠨ ᠵᠢᠡᠷ ᠪᠠᠷᠠᠬᠤ ᠦᠭᠡᠢ᠂ ᠪᠥᠬᠥ ᠠᠷᠠᠳ᠎ᠲᠤ ᠬᠠᠮᠲᠤ᠎ᠶᠢᠨ ᠠᠵᠤ ᠠᠬᠤᠢ᠎ᠶᠢᠨ ᠬᠥᠭᠵᠢᠯᠲᠡ᠎ᠶᠢᠨ 《ᠠᠰᠢᠭ᠋》 ᠎ᠢ᠋ ᠬᠠᠮᠲᠤ᠎ᠪᠠᠷ ᠡᠳ᠋ᠯᠡᠭᠦᠯᠬᠦ᠎ᠶᠢᠨ ᠲᠥᠯᠥᠭᠡ᠂ ᠲᠣᠰ ᠭᠠᠴᠡᠭ᠎ᠠ ᠪᠠᠰᠠ ᠬᠠᠮᠲᠤ᠎ᠶᠢᠨ ᠠᠵᠤ ᠠᠬᠤᠢ᠎ᠶᠢᠨ ᠠᠰᠢᠭ᠋ ᠣᠷᠣᠯᠭ᠎ᠠ᠎ᠡᠴᠡ ᠪᠡᠯᠡ ᠮᠥᠩᠭᠥ ᠭᠠᠷᠭᠠᠵᠤ᠂ 65 ᠨᠡᠷᠡᠰ 60 ᠨᠠᠰᠤᠨ᠎ᠡᠴᠡ ᠳᠡᠭᠡᠭᠰᠢᠬᠢ ᠮᠠᠯᠴᠢᠨ᠎ᠳᠦ 2026 ᠣᠨ᠎ᠤ ᠬᠣᠲᠠ ᠬᠥᠳᠡᠭᠡ᠎ᠶᠢᠨ ᠰᠠᠭᠤᠭᠠᠯᠢ ᠠᠷᠠᠳ᠎ᠤᠨ ᠦᠨᠳᠦᠰᠦᠨ ᠡᠮᠴᠢᠯᠡᠭᠡᠨ᠎ᠤ ᠳᠠᠭᠠᠳᠬᠠᠯ᠎ᠢ ᠣᠷᠣᠯᠠᠨ ᠲᠤᠰᠢᠶᠠᠵᠤ᠂ 《ᠥᠲᠡᠯᠪᠡᠯ ᠭᠥᠷᠳᠡᠬᠦ ᠠᠰᠠᠷᠠᠮᠵᠢ᠎ᠲᠠᠢ》 ᠪᠠ 《ᠡᠪᠡᠳᠴᠢᠯᠡᠪᠡᠯ ᠦᠵᠡᠭᠦᠯᠬᠦ ᠡᠮᠨᠡᠯᠭᠡ᠎ᠲᠠᠢ》 ᠪᠠᠢᠬᠤ ᠬᠣᠣᠰ ᠪᠠᠲᠤᠯᠠᠭ᠎ᠠ᠎ᠶᠢ ᠪᠡᠶᠡᠯᠡᠭᠦᠯᠪᠡ᠃

《ᠪᠠᠷᠢᠮᠵᠢᠶ᠎ᠠ᠎ᠶᠢ ᠳᠡᠭᠡᠭᠰᠢᠯᠡᠭᠦᠯᠦᠭᠰᠡᠨ᠎ᠦ ᠳᠠᠷᠠᠭ᠎ᠠ᠂ ᠮᠢᠨᠤ ᠰᠠᠷ᠎ᠠ ᠪᠦᠷᠢ᠎ᠶᠢᠨ ᠨᠠᠰᠤᠵᠢᠯ᠎ᠤᠨ ᠠᠰᠠᠷᠠᠮᠵᠢ᠎ᠶᠢᠨ ᠮᠥᠩᠭᠥ 354 ᠲᠥᠭᠥᠷᠢᠭ᠂ ᠬᠥᠭᠰᠢᠨ᠎ᠤ ᠬᠢ 340 ᠲᠥᠭᠥᠷᠢᠭ ᠪᠤᠯᠪᠠ ᠃ ᠰᠠᠷ᠎ᠠ ᠪᠦᠷᠢ᠎ᠶᠢᠨ 700 ᠰᠢᠬᠠᠮ ᠲᠥᠭᠥᠷᠢᠭ᠎ᠦᠨ ᠨᠠᠰᠤᠵᠢᠯ᠎ᠤᠨ ᠠᠰᠠᠷᠠᠮᠵᠢ᠎ᠵᠢᠨ ᠮᠥᠩᠭᠥ ᠨᠢ ᠮᠠᠨ᠎ᠤ ᠬᠣᠶᠠᠷ ᠨᠠᠰᠤᠲᠠᠨ ᠪᠣᠯᠣᠨ ᠣᠮᠪᠣᠯᠣ᠌᠎ᠶᠢᠨ ᠡᠳᠦᠷ ᠲᠤᠲᠤᠮ᠎ᠤᠨ ᠵᠠᠷᠤᠯᠭ᠎ᠠ᠎ᠳᠤ ᠬᠦᠷᠴᠢᠭᠡᠨ᠎ᠠ᠃ ᠬᠠᠰᠢᠯᠠ ᠨᠠᠮ᠎ᠤᠨ ᠲᠥᠷᠥ᠎ᠶᠢᠨ ᠪᠣᠳᠣᠯᠭ᠎ᠠ ᠰᠠᠢᠨ!》 ᠭᠡᠵᠦ ᠭᠠᠩᠪᠤᠯᠤᠳ ᠨᠠᠰᠤᠲᠠᠨ ᠰᠡᠳᠬᠢᠯ ᠲᠤᠭᠳᠤᠯᠤᠨ ᠬᠡᠯᠡᠪᠡ᠃

ᠴᠢᠶᠣᠤ ᠶᠦᠩ ᠱᠧᠩ᠂ ᠨᠠᠰᠤᠵᠢᠯ᠎ᠤᠨ ᠠᠰᠠᠷᠠᠮᠵᠢ᠎ᠵᠢᠨ ᠪᠠᠲᠤᠯᠠᠭ᠎ᠠ ᠪᠣᠯ ᠠᠷᠠᠳ᠎ᠤᠨ ᠠᠮᠢᠳᠤᠷᠠᠯ᠎ᠤᠨ ᠰᠠᠭᠤᠷᠢ ᠮᠥᠨ᠂ ᠤᠯᠠᠨ ᠲᠦᠮᠡᠨ᠎ᠦ 《ᠨᠠᠰᠤᠵᠢᠯ᠎ᠤᠨ ᠮᠥᠩᠭᠥ》 ᠶ᠋ᠢ ᠰᠠᠢᠲᠤᠷ ᠰᠠᠬᠢᠨ ᠬᠠᠮᠠᠭᠠᠯᠠᠬᠤ ᠪᠣᠯ ᠭᠣᠣᠯ ᠡᠭᠦᠷᠭᠡ ᠬᠠᠷᠢᠭᠤᠴᠠᠯᠭ᠎ᠠ ᠮᠥᠨ᠃ ᠲᠠᠷᠠᠭᠠᠴᠢ᠎ᠶᠢᠨ ᠠᠯᠬᠤᠮ᠎ᠳᠤ᠂ ᠰᠥᠨᠢᠳ ᠵᠡᠭᠦᠨ ᠬᠣᠰᠢᠭᠤ ᠪᠠᠰᠠ ᠦᠢᠯᠡᠴᠢᠯᠡᠭᠡᠨ ᠎ᠦ ᠶᠠᠰᠤ ᠴᠢᠨᠠᠷ᠎ᠢ ᠳᠡᠭᠡᠭᠰᠢᠯᠡᠭᠦᠯᠬᠦ᠂ ᠲᠥᠷᠥ᠎ᠶᠢᠨ ᠪᠣᠳᠣᠯᠭ᠎ᠠ ᠎ᠪᠠᠷ ᠠᠷᠠᠳ᠎ᠲᠤ ᠠᠰᠢᠭ᠋ ᠬᠦᠷᠲᠡᠭᠡᠬᠦ ᠪᠠ ᠰᠠᠭᠤᠷᠢ ᠮᠥᠩᠭᠥ᠎ᠶᠢᠨ ᠠᠮᠤᠷ ᠲᠦᠪᠰᠢᠨ ᠎ᠦ ᠲᠣᠭᠣᠷᠢᠨ᠎ᠳᠤ ᠦᠷᠭᠦᠯᠵᠢᠯᠡᠨ ᠬᠦᠴᠦᠯᠡᠬᠦ ᠪᠣᠯᠣᠨ᠎ᠠ᠃ ᠮᠠᠯᠵᠢᠬᠤ ᠣᠷᠣᠨ᠎ᠤ ᠰᠠᠭᠤᠷᠢᠰᠢᠯ ᠲᠠᠷᠠᠬᠠᠢ ᠪᠤᠲᠠᠷᠬᠠᠢ᠂ ᠨᠠᠰᠤᠲᠠᠢᠴᠤᠳ᠎ᠤᠨ ᠬᠥᠳᠡᠯᠵᠦ ᠪᠠᠷᠢᠬᠤ᠎ᠳᠤ ᠳᠥᠭᠥᠮ ᠦᠭᠡᠢ ᠪᠠᠢᠬᠤ ᠣᠨᠴᠠᠯᠢᠭ᠋ ᠎ᠲᠤ ᠴᠢᠭᠯᠡᠭᠦᠯᠦᠨ᠂ ᠲᠣᠰ ᠬᠣᠰᠢᠭᠤ ᠨᠢ《ᠭᠡᠷ᠎ᠲᠦᠨᠢ ᠬᠦᠷᠴᠦ ᠦᠢᠯᠡᠴᠢᠯᠡᠬᠦ》 ᠪᠠ 《ᠰᠢᠯᠵᠢᠭᠡ ᠪᠡᠷ ᠭᠠᠷᠲᠠᠨ ᠭᠦᠢᠴᠡᠳᠬᠡᠬᠦ 》 ᠎ᠵᠢ ᠤᠯᠠᠮ ᠨᠢᠭᠡ ᠠᠯᠬᠤᠮ ᠭᠦᠨᠵᠡᠭᠡᠢᠷᠡᠭᠦᠯᠵᠦ᠂ ᠲᠣᠭ᠎ᠠ ᠪᠠᠷᠢᠮᠲᠠ᠎ᠶᠢ ᠢᠯᠡᠭᠦᠬᠡᠨ ᠬᠡᠷᠡᠭᠯᠡᠨ ᠣᠯᠠᠨ ᠲᠦᠮᠡᠨ᠎ᠢ ᠳᠤᠲᠠᠭᠤ ᠭᠦᠶᠦᠯᠬᠡᠨ᠂ ᠤᠬᠠᠭᠤᠯᠭ᠎ᠠ᠎ᠶᠢᠨ ᠡᠷᠴᠢᠮ᠎ᠢᠶᠡᠨ ᠴᠢᠩᠭᠠᠷᠠᠭᠤᠯᠬᠤ᠎ᠶᠢ ᠪᠠᠷᠢᠮᠲᠠᠯᠠᠨ᠂ ᠲᠥᠷᠥ᠎ᠶᠢᠨ ᠪᠣᠳᠣᠯᠭ᠎ᠠ᠎ᠶᠢ ᠮᠡᠳᠡᠬᠦ ᠨᠣᠷᠮ᠎ᠠ ᠪᠠ ᠳᠠᠭᠠᠳᠬᠠᠯ᠎ᠳᠤ ᠣᠷᠣᠯᠴᠠᠬᠤ ᠢᠳᠡᠪᠬᠢᠵᠢᠯ᠎ᠢ ᠦᠨᠡᠨ ᠬᠦ᠌ ᠳᠡᠭᠡᠭᠰᠢᠯᠡᠭᠦᠯᠵᠦ᠂ ᠰᠠᠭᠤᠷᠢ ᠮᠥᠩᠭᠥ ᠎ᠶᠢᠨ ᠬᠠᠮᠢᠶᠠᠷᠤᠯᠲᠠ᠎ᠶᠢᠨ ᠳᠦᠷᠢᠮ᠎ᠢ ᠴᠢᠩᠭ᠎ᠠ ᠬᠡᠷᠡᠭᠵᠢᠭᠦᠯᠦᠨ᠂ ᠪᠡᠯᠡ ᠮᠥᠩᠭᠥ ᠎ᠶᠢᠨ ᠪᠥᠬᠥ ᠬᠡᠯᠬᠢᠶᠡᠨ ᠎ᠦ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠵᠤ᠂ ᠮᠥᠩᠭᠥ ᠪᠦᠷᠢ ᠎ᠵᠢᠨ ᠲᠤᠰᠬᠠᠢ ᠵᠣᠭᠣᠰ ᠎ᠢ ᠲᠤᠰᠬᠠᠢ ᠬᠡᠷᠡᠭᠯᠡᠵᠦ᠂ ᠠᠮᠤᠷ ᠲᠦᠪᠰᠢᠨ ᠠᠵᠢᠯᠯᠠᠭᠤᠯᠬᠤ᠎ᠶᠢ ᠦᠨᠡᠨ ᠬᠦ᠌ ᠪᠠᠲᠤᠯᠠᠨ᠎ᠠ ᠭᠡᠵᠦ ᠢᠯᠡᠳᠭᠡᠪᠡ᠃

95 ᠲᠥᠭᠥᠷᠢᠭ᠎ᠡᠴᠡ 115 ᠲᠥᠭᠥᠷᠢᠭ ᠪᠣᠯᠲᠠᠯ᠎ᠠ᠂ ᠰᠥᠨᠢᠳ ᠵᠡᠭᠦᠨ ᠬᠣᠰᠢᠭᠤ ᠦᠨᠡᠨ ᠬᠦ᠌ ᠲᠥᠷᠥ ᠎ᠶᠢᠨ ᠪᠣᠳᠣᠯᠭ᠎ᠠ᠎ᠶᠢ《ᠴᠠᠭᠠᠰᠤᠨ ᠳᠡᠭᠡᠷ᠎ᠡ》 ᠪᠠᠢᠭᠰᠠᠨ᠎ᠡᠴᠡ ᠨᠢ ᠨᠠᠰᠤᠲᠠᠢᠴᠤᠳ᠎ᠤᠨ 《ᠲᠠᠩᠰᠠᠨ ᠳ᠋ᠦ》 ᠬᠦᠷᠲᠡᠯ᠎ᠡ ᠨᠠᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ《ᠠᠷᠠᠳ᠎ᠤᠨ ᠠᠮᠢᠳᠤᠷᠠᠯ᠎ᠤᠨ ᠬᠣᠷᠢᠭ᠎ᠠ ᠱᠤᠭᠤᠮ᠎ᠢ ᠪᠠᠲᠤ ᠰᠠᠬᠢᠵᠤ᠂ ᠨᠠᠰᠤᠲᠠᠢᠴᠤᠳ᠎ᠤᠨ ᠥᠲᠡᠯᠦᠭᠡ ᠨᠠᠰᠤ ᠎ᠶᠢ ᠬᠠᠯᠠᠮᠵᠢᠯᠠᠭᠰᠠᠨ》 ᠠᠷᠠᠳ᠎ᠤᠨ ᠠᠮᠢᠳᠤᠷᠠᠯ᠎ᠤᠨ ᠬᠠᠷᠢᠭᠤᠯᠲᠠ᠎ᠶᠢᠨ ᠬᠠᠭᠤᠳᠠᠰᠤ᠎ᠶᠢ ᠪᠢᠴᠢᠭᠯᠡᠪᠡ᠃


[ᠰᠤᠷᠪᠤᠯᠵᠢᠯᠠᠭ᠍ᠴᠢ᠎ᠶᠢᠨ ᠡᠪᠦᠷ ᠲᠡᠮᠳᠡᠭᠯᠡᠯ]

ᠰᠥᠨᠢᠳ ᠵᠡᠭᠦᠨ ᠬᠣᠰᠢᠭᠤ ᠎ᠪᠠᠷ ᠰᠤᠷᠪᠤᠯᠵᠢᠯᠠᠵᠤ ᠶᠠᠪᠤᠭᠰᠠᠨ ᠡᠨᠡ ᠬᠡᠳᠦᠨ ᠡᠳᠦᠷ ᠲᠸ᠋᠂ ᠲᠠᠯ᠎ᠠ ᠨᠤᠲᠤᠭ ᠎ᠤᠨ ᠰᠠᠯᠬᠢ ᠮᠦᠨ ᠯᠡ ᠵᠢᠭᠡᠭᠦᠨ ᠪᠠᠢᠯ᠎ᠠ᠂ ᠭᠡᠳᠡᠯ᠎ᠠ ᠨᠠᠳᠠ ᠳ᠋ᠦ ᠬᠠᠮᠤᠭ ᠎ᠤᠨ ᠠᠷᠪᠢᠨ ᠰᠣᠨᠣᠰᠳᠠᠭᠰᠠᠨ ᠨᠢ ᠬᠠᠷᠢᠨ《ᠳᠤᠯᠠᠭᠠᠨ》 ᠦᠯᠢᠭᠡᠷ᠎ᠤᠳ ᠶᠤᠮ᠃ ᠭᠠᠩᠪᠣᠯᠣᠳ ᠨᠠᠰᠤᠲᠠᠨ ᠨᠡᠢᠭᠡᠮ᠎ᠦᠨ ᠪᠠᠲᠤᠯᠠᠭ᠎ᠠ᠎ᠵᠢᠨ ᠺᠠᠷᠲ᠎ᠵᠢᠡᠨ ᠪᠠᠷᠢᠵᠤ ᠨᠠᠷᠢᠨ ᠨᠢᠮᠪᠠᠢ ᠲᠤᠭᠠᠴᠠᠭ᠎ᠠ ᠬᠢᠵᠦ᠂ 《ᠰᠡᠳᠬᠢᠯ ᠳ᠋ᠦ ᠮᠠᠰᠢ ᠲᠤᠯᠠᠭᠠᠬᠠᠨ ᠪᠠᠢᠨ᠎ᠠ》 ᠭᠡᠵᠦ ᠳᠠᠬᠢᠨ ᠳᠠᠪᠲᠠᠨ ᠶᠠᠷᠢᠬᠤ ᠎ᠶᠢ ᠰᠣᠨᠣᠰᠤᠭᠠᠳ᠂ ᠰᠣᠨᠢᠨ ᠮᠡᠳᠡᠭᠡᠨ᠎ᠦ ᠡᠬᠡ ᠪᠢᠴᠢᠭ᠎ᠲᠡᠬᠢ 《3000 ᠭᠠᠷᠤᠢ ᠬᠥᠮᠥᠨ᠎ᠳᠦ ᠠᠰᠢᠭ᠋ ᠬᠦᠷᠲᠡᠭᠡᠪᠡ》 ᠭᠡᠰᠡᠨ  ᠨᠢ ᠵᠦᠪᠬᠡᠨ ᠲᠣᠭ᠎ᠠ ᠲᠡᠳᠦᠢᠯᠡ ᠪᠢᠰᠢ᠂ ᠬᠠᠷᠢᠨ ᠭᠡᠷ ᠪᠦᠯᠢ᠎ᠶᠢᠨ ᠠᠮᠢᠳᠤᠯᠢᠭ ᠪᠤᠳᠠᠳᠠᠢ ᠲᠠᠩᠰᠠᠨ ᠳᠡᠪᠲᠡᠷ᠎ᠤᠳ ᠪᠣᠯᠬᠤ᠎ᠶᠢ ᠪᠢ ᠭᠡᠨᠡᠳᠲᠡ ᠰᠡᠷᠡᠵᠦ ᠤᠯᠪᠠ᠃ ᠰᠤᠷᠪᠤᠯᠵᠢᠯᠠᠭ᠍ᠴᠢ ᠪᠣᠯᠤᠭᠰᠠᠨ᠎ᠤ ᠬᠤᠪᠢ᠎ᠳᠤ᠂ ᠪᠢ ᠬᠣᠷᠸ᠎ᠠ ᠲᠦᠷᠦ᠎ᠶᠢᠨ ᠪᠣᠳᠣᠯᠭ᠎ᠠ᠎ᠶᠢ ᠠᠩᠬᠠᠷᠴᠤ ᠵᠠᠩᠰᠢᠭ᠍ᠰᠠᠨ ᠶᠤᠮ᠂ ᠭᠡᠪᠡᠴᠦ ᠡᠨᠡ ᠤᠳᠠᠭ᠎ᠠ ᠬᠢᠯᠢ ᠬᠢᠵᠠᠭᠠᠷ᠎ᠤᠨ ᠮᠠᠯᠵᠢᠬᠤ ᠣᠷᠣᠨ᠎ᠳᠤ᠂ 20 ᠲᠥᠭᠥᠷᠢᠭ᠎ᠦᠨ ᠬᠤᠪᠢ᠎ᠶᠢᠨ ᠵᠢᠩ᠎ᠢ ᠭᠦᠨᠵᠡᠭᠡᠢ ᠣᠢᠯᠠᠭᠠᠪᠠ — ᠲᠡᠷᠡ ᠨᠢ ᠨᠢᠭᠡ ᠵᠠᠬ᠎ᠠ ᠵᠤᠵᠠᠭᠠᠨ ᠬᠥᠪᠥᠩ ᠬᠤᠪᠴᠠᠰᠤ ᠬᠤᠳᠠᠯᠳᠤᠨ ᠠᠪᠴᠤ ᠳᠡᠶ᠋ᠢᠯᠬᠦ ᠦᠭᠡᠢ ᠪᠠᠢᠵᠤ ᠮᠡᠳᠡᠨ᠎ᠠ᠂ ᠭᠡᠪᠡᠴᠦ ᠨᠠᠰᠤᠲᠠᠨ᠎ᠤ ᠬᠡᠳᠦᠨ ᠡᠷᠡᠨ ᠎ᠦ ᠠᠮᠲᠠᠲᠠᠢ ᠢᠳᠡᠰᠢᠨ ᠨᠣᠭᠣᠭ᠎ᠠ᠂ ᠬᠡᠳᠦᠨ ᠬᠠᠢᠷᠴᠠᠭ ᠦᠷᠭᠦᠯᠵᠢ ᠬᠡᠷᠡᠭᠯᠡᠳᠡᠭ ᠲᠠᠭᠰᠢᠭᠤᠷ᠎ᠤᠨ ᠡᠮ᠂ ᠴᠢᠨᠠᠭᠰᠢᠯᠠᠪᠠᠯ ᠠᠮᠢᠳᠤᠷᠠᠯ᠎ᠤᠨ ᠳᠤᠮᠳᠠᠬᠢ ᠨᠢᠭᠡ ᠬᠤᠪᠢ ᠢᠲᠡᠭᠡᠯ᠎ᠢ ᠰᠤᠯᠢᠵᠤ ᠠᠪᠴᠢᠷᠠᠵᠤ ᠮᠡᠳᠡᠨ᠎ᠠ᠃ ᠨᠠᠮᠠᠶ᠋ᠢ ᠨᠡᠩ ᠳᠤᠭᠳᠤᠯᠤᠭᠤᠯᠤᠭᠰᠠᠨ ᠨᠢ ᠲᠤᠬᠠᠢ᠎ᠶᠢᠨ ᠭᠠᠵᠠᠷ᠎ᠤᠨ ᠬᠠᠢᠨ ᠰᠦᠪᠡᠭᠴᠢᠯᠡᠭᠰᠡᠨ 《ᠬᠤᠪᠢ ᠬᠥᠮᠥᠨ + ᠬᠠᠮᠲᠤ ᠨᠡᠶ᠋ᠢᠲᠡ + ᠵᠠᠰᠠᠭ᠎ᠤᠨ ᠣᠷᠳᠣᠨ + ᠠᠵᠤ ᠠᠬᠤᠢᠯᠠᠯ 》 ᠎ᠤ᠋ᠨ ᠳᠥᠷᠪᠡᠨ ᠲᠠᠯ᠎ᠠ᠎ᠡᠴᠡ ᠪᠡᠯᠡ ᠴᠤᠭᠯᠠᠭᠤᠯᠬᠤ ᠵᠠᠭᠪᠤᠷ ᠪᠤᠯᠤᠨ᠎ᠠ᠂ ᠡᠨᠡ ᠨᠢ ᠵᠣᠭᠣᠰ ᠥᠭᠴᠦ ᠪᠠᠢᠬᠤ᠎ᠪᠠᠷ ᠦᠯᠦ ᠪᠠᠷᠠᠮ ᠨᠠᠩ ᠴᠤ᠌ ᠨᠢᠭᠡ ᠵᠦᠢᠯ᠎ᠦᠨ ᠬᠥᠳᠡᠭᠡ ᠲᠣᠰᠬᠣᠨ᠎ᠤ ᠵᠠᠰᠠᠯᠲᠠ᠎ᠶᠢᠨ ᠯᠣᠭᠢᠭ᠋᠎ᠤᠨ ᠲᠠᠬᠢᠨ ᠴᠤᠭᠴᠠᠯᠠᠯᠳᠠ ᠪᠣᠯᠣᠨ᠎ᠠ ᠄ ᠬᠠᠮᠲᠤ᠎ᠶᠢᠨ ᠠᠵᠤ ᠠᠬᠤᠢ᠎ᠶᠢᠨ ᠠᠰᠢᠭ᠋᠎ᠢᠶᠡᠷ ᠠᠷᠠᠳ᠎ᠤᠨ ᠠᠮᠢᠳᠤᠷᠠᠯ᠎ᠢ ᠬᠠᠷᠠᠭᠠᠯᠵᠠᠵᠤ᠂ ᠠᠵᠤ ᠠᠬᠤᠢᠯᠠᠯ᠎ᠤᠨ ᠨᠡᠢᠭᠡᠮ᠎ᠦᠨ ᠬᠠᠷᠢᠭᠤᠴᠠᠯᠭ᠎ᠠ᠎ᠶᠢ ᠪᠣᠳᠠᠲᠠᠢ ᠳ᠋ᠦ ᠨᠠᠢᠳᠠᠪᠤᠷᠢᠵᠢᠭᠤᠯᠵᠤ ᠪᠠᠢᠨ᠎ᠠ᠃ ᠨᠡᠢᠭᠡᠮ᠎ᠦᠨ ᠳᠠᠭᠠᠳᠬᠠᠯ ᠎ᠤᠨ ᠦᠢᠯᠡᠰ ᠎ᠦᠨ ᠦᠢᠯᠡᠴᠢᠯᠡᠭᠡᠨ᠎ᠦ ᠲᠥᠪ᠎ᠦᠨ ᠡᠷᠬᠢᠯᠡᠭᠴᠢ ᠴᠢᠶᠣᠤ ᠶᠦᠩ ᠱᠧᠩ᠎ᠦᠨ ᠲᠡᠷᠡ ᠬᠦ᠌ ᠵᠤᠪ ᠵᠤᠵᠠᠭᠠᠨ ᠡᠬᠡ ᠲᠠᠩᠰᠠ᠎ᠶᠢ ᠬᠠᠷᠠᠭᠠᠳ᠂ 《ᠠᠷᠠᠳ᠎ᠤᠨ ᠠᠮᠢᠳᠤᠷᠠᠯ ᠎ᠤᠨ ᠢᠨᠵᠧᠨᠧᠷᠢᠩ》ᠭᠡᠳᠡᠭ ᠨᠢ ᠦᠨᠡᠨ᠎ᠳᠡᠭᠡᠨ ᠠᠷᠠᠳ ᠢᠷᠭᠡᠳ᠎ᠦᠨ ᠪᠠᠭ᠎ᠠ ᠶᠠᠪᠤᠳᠠᠯ᠎ᠢ ᠶᠡᠬᠡ ᠶᠠᠪᠤᠳᠠᠯ ᠪᠣᠯᠭᠠᠨ ᠰᠢᠢᠳᠪᠦᠷᠢᠯᠡᠵᠦ᠂ ᠲᠠᠯ᠎ᠠ ᠨᠤᠲᠤᠭ᠎ᠤᠨ ᠨᠠᠰᠤᠲᠠᠢᠴᠤᠳ ᠨᠢᠭᠡᠪᠦᠷᠢ᠎ᠳᠦ ᠨᠠᠮ ᠪᠠ ᠵᠠᠰᠠᠭ᠎ᠤᠨ ᠣᠷᠳᠣᠨ᠎ᠤ ᠬᠠᠢᠷ᠎ᠠ ᠬᠠᠯᠠᠮᠵᠢ᠎ᠶᠢ ᠦᠨᠡᠨ ᠬᠦ᠌ ᠮᠡᠳᠡᠷᠡᠭᠦᠯᠬᠦ ᠶᠠᠪᠤᠳᠠᠯ ᠪᠣᠯᠣᠨ᠎ᠠ ᠭᠡᠳᠡᠭ᠎ᠢ   ᠪᠢ ᠣᠢᠯᠠᠭᠠᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号