— ᠪᠦᠬᠦ᠌ ᠴᠡᠷᠢᠭ᠎ᠦᠨ ᠡᠯ᠎ᠡ ᠱᠠᠲᠤᠨ᠎ᠤ ᠬᠢᠨ ᠵᠠᠰᠠᠭ ᠤ᠋ᠨ ᠠᠵᠢᠯ ᠤ᠋ᠨ ᠪᠦᠳᠦᠮᠵᠢ ᠵᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠠᠬᠢᠭᠤᠯᠵᠤ ᠪᠤᠢ
ᠨᠠᠮ ᠪᠠ ᠠᠷᠠᠳ ᠲᠦᠮᠡᠨ᠎ᠳᠦ ᠳᠡᠭᠡᠳᠦ ᠬᠡᠮᠵᠢᠶ᠎ᠡ᠎ᠪᠡᠷ ᠬᠠᠷᠢᠭᠤᠴᠠᠬᠤ ᠣᠪᠣᠷ᠎ᠢᠶᠠᠷ᠂ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠦᠵᠡᠯ ᠰᠠᠨᠠᠭᠠᠨ᠎ᠤ ᠤᠬᠠᠮᠰᠠᠷ ᠪᠠ ᠦᠢᠯᠡ ᠠᠵᠢᠯᠯᠠᠭᠠᠨ᠎ᠤ ᠤᠬᠠᠮᠰᠠᠷ᠎ᠢᠶᠠᠨ ᠴᠢᠩᠭᠠᠳᠭᠠᠵᠤ᠂ ᠠᠷᠠᠳ ᠲᠦᠮᠡᠨ᠎ᠦ ᠲᠥᠯᠥᠭᠡ ᠵᠠᠰᠠᠭ ᠤ᠋ᠨ ᠠᠵᠢᠯ᠎ᠤᠨ ᠪᠦᠲᠦᠮᠵᠢ ᠭᠠᠷᠭᠠᠬᠤ᠂ ᠪᠣᠳᠠᠲᠠᠢ ᠠᠵᠢᠯᠯᠠᠬᠤ᠎ᠪᠠᠷ ᠵᠠᠰᠠᠭ ᠤ᠋ᠨ ᠠᠵᠢᠯ᠎ᠤᠨ ᠪᠦᠲᠦᠮᠵᠢ ᠭᠠᠷᠭᠠᠬᠤ᠎ᠶ᠋ᠢ ᠪᠠᠷᠢᠮᠲᠠᠯᠠᠬᠤ ᠬᠡᠷᠡᠭ᠌ᠲᠡᠢ᠃
ᠦᠵᠡᠯ ᠰᠠᠨᠠᠭ᠎ᠠ᠎ᠪᠠᠨ ᠵᠡᠪᠰᠡᠭ᠌ᠯᠡᠬᠦ᠌ ᠪᠠ ᠦᠵᠡᠯ ᠰᠠᠨᠠᠭ᠎ᠠ᠎ᠪᠠᠨ ᠥᠭᠡᠷᠡᠴᠢᠯᠡᠬᠦ᠌᠎ᠶ᠋ᠢ ᠬᠤᠯᠪᠤᠯᠳᠤᠨ ᠨᠡᠪᠲᠡᠷᠡᠭᠦᠯᠵᠦ᠍᠂ ᠦᠨᠡᠨ ᠬᠦ᠌ ᠰᠤᠷᠤᠯᠴᠠᠨ ᠭᠦᠨᠵᠡᠭᠡᠢ ᠣᠢᠯᠠᠭᠠᠬᠤ ᠪᠡᠷ ᠨᠠᠮᠴᠢ ᠴᠢᠨᠠᠷ᠎ᠤᠨ ᠪᠣᠯᠪᠠᠰᠤᠷᠠᠯ᠎ᠢᠶᠠᠨ ᠳᠠᠪᠲᠠᠨ ᠪᠣᠯᠪᠠᠰᠤᠷᠠᠭᠤᠯᠬᠤ ᠭᠡᠷᠡᠭᠳᠠᠢ;ᠵᠣᠬᠢᠶᠠᠨ ᠪᠠᠢᠭᠤᠯᠤᠯᠲᠠ᠎ᠶ᠋ᠢᠨ ᠪᠠᠢᠴᠠᠭᠠᠨ ᠳᠡᠯᠭᠡᠬᠦ᠌ ᠪᠠ ᠬᠤᠪᠢ ᠬᠥᠮᠦᠨ᠎ᠦ ᠪᠠᠢᠴᠠᠭᠠᠨ ᠦᠵᠡᠬᠦ᠌᠎ᠶ᠋ᠢ ᠤᠶᠠᠯᠳᠤᠭᠤᠯᠵᠤ᠂ ᠠᠰᠠᠭᠤᠳᠠᠯ᠎ᠤᠨ ᠵᠠᠩᠭᠢᠯᠠᠭ᠎ᠠ᠎ᠶ᠋ᠢ ᠭᠦᠨᠵᠡᠭᠡᠶ ᠰᠡᠳᠬᠢᠨ ᠪᠣᠳᠣᠯᠬᠢᠯᠠᠬᠤ ᠬᠡᠷᠡᠭ᠌ᠲᠡᠶ;《ᠣᠳᠣᠬᠠᠨ᠎ᠳᠤ ᠰᠠᠢᠵᠢᠷᠠᠭᠤᠯᠬᠤ》ᠪᠠ 《ᠤᠷᠳᠤ ᠬᠤᠭᠤᠴᠠᠭ᠎ᠠ᠎ᠪᠠᠷ ᠪᠠᠷᠢᠮᠳᠠᠯᠠᠬᠤ》ᠵᠢ ᠨᠢᠭᠡᠳᠦᠯᠲᠡᠢ ᠲᠥᠯᠥᠪᠵᠢᠭᠦᠯᠵᠤ᠂ ᠴᠢᠩᠭ᠎ᠠ ᠪᠣᠳᠠᠲᠠᠶ ᠪᠠᠷᠢᠮᠵᠢᠶ᠎ᠠ᠎ᠪᠠᠷ ᠴᠡᠭ᠌ᠴᠡᠯᠡᠨ ᠰᠠᠢᠵᠢᠷᠠᠭᠤᠯᠵᠤ ᠴᠡᠭ᠌ᠴᠡᠯᠡᠨ ᠵᠠᠰᠠᠬᠤ᠎ᠶ᠋ᠢ ᠠᠬᠢᠭᠤᠯᠬᠤ ᠭᠡᠷᠡᠭᠳᠠᠢ ᠁ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠦᠭ᠌ᠰᠡᠨᠡᠴᠡ ᠨᠠᠭᠠᠰᠢ᠂ ᠪᠦᠬᠦ᠌ ᠴᠡᠷᠢᠭ᠎ᠦᠨ ᠡᠯ᠎ᠡ ᠱᠠᠲᠤᠨ᠎ᠤ ᠬᠢᠨ 《ᠬᠣᠶᠠᠷ᠎ᠢ ᠲᠣᠭ᠍ᠲᠠᠭᠠᠬᠰᠡᠨ》 ᠤ᠋ ᠱᠢᠢᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠢ ᠣᠢᠯᠠᠭᠠᠵᠤ᠂ 《ᠳᠥᠷᠪᠡᠨ ᠤᠬᠠᠮᠰᠠᠷ》 ᠵᠢᠡᠨ ᠴᠢᠩᠭᠠᠳᠭᠠᠵᠤ᠂ 《ᠳᠥᠷᠪᠡᠨ ᠢᠲᠡᠭᠡᠯ》ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠤ᠂ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭ᠌ᠴᠢ ᠬᠠᠷᠢᠭᠤᠴᠠᠬᠤ ᠲᠦᠷᠢᠮ᠎ᠢ ᠲᠤᠭᠤᠰᠢᠯᠠᠭᠤᠯᠵᠤ᠂ ᠨᠠᠮ᠎ᠤᠨ ᠲᠥᠪ ᠬᠣᠷᠢᠶ᠎ᠠ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠪᠣᠯᠤᠨ ᠲᠡᠷᠢᠭᠦᠯᠡᠭ᠌ᠴᠢ ᠰᠢ ᠵᠢᠨ ᠫᠢᠩ᠎ᠦᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠵᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠲᠡᠷᠢᠭᠦᠯᠡᠭ᠌ᠴᠢ ᠰᠢ ᠵᠢᠨ ᠫᠢᠩ᠎ᠦᠨ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠰᠤᠷᠤᠯᠴᠠᠯᠭ᠎ᠠ ᠬᠥᠮᠦᠵᠢᠯ᠎ᠦᠨ ᠬᠠᠷᠠᠯᠲᠠ ᠱᠠᠭᠠᠷᠳᠠᠯᠭ᠎ᠠ᠎ᠶ᠋ᠢ ᠴᠢᠩᠭ᠎ᠠ ᠠᠳᠭᠤᠵᠤ᠂ ᠴᠡᠷᠢᠭ ᠠᠩᠭᠢ᠎ᠵᠢᠨ ᠦᠵᠡᠯ ᠰᠠᠨᠠᠭᠠᠨ᠎ᠤ ᠰᠤᠷᠲᠠᠯ ᠴᠡᠭ᠌ᠴᠡᠯᠡᠯᠳᠠ᠂ ᠤᠯᠤᠰ ᠲᠥᠷᠥ᠎ᠶ᠋ᠢᠨ ᠴᠡᠭ᠌ᠴᠡᠯᠠᠯᠳᠠ ᠪᠣᠯᠪᠠᠰᠤᠷᠠᠯ᠎ᠢ ᠭᠦᠨᠵᠡᠭᠡᠢᠷᠡᠭᠦᠯᠬᠦ᠌᠎ᠵᠢ ᠨᠢᠭᠡᠳᠦᠯᠲᠡᠶ ᠲᠥᠯᠥᠪᠵᠢᠭᠦᠯᠵᠤ᠂ ᠴᠢᠩᠭ᠎ᠠ ᠬᠦᠴᠦᠲᠡᠶ ᠤᠯᠤᠰ ᠲᠥᠷᠥ᠎ᠶ᠋ᠢᠨ ᠡᠬᠦᠷᠬᠡ ᠬᠠᠷᠢᠭᠤᠴᠠᠯᠭᠠᠲᠤ ᠰᠡᠳᠭᠢᠯᠭᠡ᠎ᠪᠡᠷ ᠨᠠᠷᠢᠨ ᠬᠢᠨᠠᠮᠠᠭᠠᠶ ᠵᠣᠬᠢᠶᠠᠨ ᠪᠠᠢᠭᠤᠯᠵᠤ ᠬᠡᠷᠡᠭ᠌ᠵᠢᠭᠦᠯᠤᠨ᠂ ᠰᠤᠷᠤᠯᠴᠠᠬᠤ ᠪᠠᠢᠴᠠᠭᠠᠬᠤ ᠰᠠᠢᠵᠢᠷᠠᠭᠤᠯᠬᠤ ᠵᠢ ᠨᠢᠭᠡ ᠴᠤᠬᠴᠠᠵᠢᠭᠤᠯᠤᠨ ᠠᠬᠢᠭᠤᠯᠵᠤ᠂ ᠰᠤᠷᠤᠯᠴᠠᠯᠭ᠎ᠠ ᠬᠥᠮᠦᠵᠢᠯ᠎ᠦᠨ ᠣᠯᠤᠯᠲᠠ᠎ᠪᠠᠨ ᠴᠡᠷᠢᠭ ᠠᠩᠭᠢ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠥᠳᠡᠯᠭᠡᠬᠦ᠌ ᠬᠦᠴᠦᠨ ᠪᠠ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠪᠠ᠃
ᠦᠵᠡᠯ ᠰᠠᠨᠠᠭᠠᠨ ᠤ᠋ ᠰᠤᠷᠲᠠᠯ ᠴᠡᠭ᠌ᠴᠡᠯᠡᠯᠳᠠ ᠲᠠᠢ ᠨᠢᠬᠳᠠ ᠤᠶᠠᠯᠳᠤᠭᠤᠯᠵᠤ ᠭᠦᠨᠵᠡᠭᠡᠶ ᠰᠤᠷᠤᠯᠴᠠᠨ ᠭᠦᠨᠵᠡᠭᠡᠶ ᠤᠢᠯᠠᠭᠠᠪᠠ
— ᠦᠵᠡᠯ ᠰᠠᠨᠠᠭᠠᠨ᠎ᠤ ᠦᠨᠳᠦᠰᠦ᠎ᠡᠴᠡ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠦᠵᠡᠯᠲᠡ᠎ᠶ᠋ᠢᠨ ᠬᠡᠯᠪᠡᠷᠢᠯ ᠵᠥᠷᠢᠶ᠎ᠡ᠎ᠶ᠋ᠢ ᠵᠠᠯᠠᠷᠠᠭᠤᠯᠪᠠ
ᠠᠷᠠᠳ᠎ᠤᠨ ᠴᠡᠷᠢᠭ ᠠᠩᠭᠢ᠎ᠶ᠋ᠢᠨ ᠠᠷᠢᠭᠤᠨ ᠴᠡᠪᠡᠷ ᠢᠷᠠᠭᠤ ᠠᠯᠳᠠᠷ᠎ᠢ ᠢᠮᠠᠭ᠍ᠲᠠ ᠪᠠᠲᠤᠯᠠᠵᠤ᠂ ᠴᠣ ᠱᠢᠨ᠎ᠡ ᠤᠯᠤᠰ ᠲᠥᠷᠥ᠎ᠶ᠋ᠢᠨ ᠳᠦᠷᠰᠦ ᠪᠠᠢᠳᠠᠯ᠎ᠢᠶᠠᠷ ᠴᠡᠷᠢᠭ ᠪᠠᠢᠭᠤᠯᠤᠭ᠍ᠳᠠᠭ᠍ᠰᠠᠨ ᠵᠠᠭᠤᠨ ᠵᠢᠯ᠎ᠦᠨ ᠣᠶ᠎ᠶ᠋ᠢ ᠤᠭ᠍ᠲᠤᠬᠤ ᠭᠡᠷᠡᠭᠳᠠᠢ᠃
4 ᠰᠠᠷ᠎ᠠ᠎ᠶ᠋ᠢᠨ 8 ᠤ᠋ ᠡᠳᠦᠷ᠂ ᠲᠡᠷᠢᠭᠦᠯᠡᠭ᠌ᠴᠢ ᠰᠢ ᠵᠢᠨ ᠫᠢᠩ ᠪᠦᠬᠦ᠌ ᠴᠡᠷᠢᠭ᠎ᠦᠨ ᠳᠡᠭᠡᠳᠦ ᠵᠡᠷᠭᠡ᠎ᠶ᠋ᠢᠨ ᠺᠠᠳ᠋ᠷ᠎ᠤᠨ ᠪᠣᠯᠪᠠᠰᠤᠷᠠᠯ᠎ᠤᠨ ᠠᠩᠬᠢ᠎ᠶ᠋ᠢᠨ ᠰᠤᠷᠤᠯᠭ᠎ᠠ ᠡᠬᠢᠯᠡᠬᠦ᠌ ᠶᠣᠰᠣᠯᠠᠯ᠎ᠳᠤ ᠣᠷᠣᠯᠴᠠᠭ᠍ᠰᠠᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠱᠢᠨ᠎ᠡ ᠪᠣᠭᠣᠮᠲᠠ ᠳᠡᠭᠡᠷ᠎ᠡ ᠦᠵᠡᠯ ᠰᠠᠨᠠᠭᠠᠨ᠎ᠤ ᠴᠡᠭ᠌ᠴᠡᠯᠡᠯᠲᠡ ᠬᠢᠵᠦ᠍᠂ ᠤᠯᠤᠰ ᠲᠦᠷᠦ᠍᠎ᠶ᠋ᠢᠨ ᠴᠡᠭ᠌ᠴᠡᠯᠡᠯᠲᠡ ᠪᠣᠯᠪᠠᠰᠤᠷᠠᠯ᠎ᠢ ᠭᠦᠨᠵᠡᠭᠡᠢᠷᠡᠭᠦᠯᠬᠦ᠌ ᠲᠤᠬᠠᠢ ᠴᠢᠬᠤᠯᠠ ᠪᠠᠢᠷᠢᠯᠠᠭᠤᠯᠤᠯᠲᠠ ᠬᠢᠵᠡᠢ᠃ ᠱᠢᠨ᠎ᠡ ᠴᠠᠭ ᠦᠶ᠎ᠡ᠎ᠶ᠋ᠢᠨ ᠴᠡᠷᠢᠭ᠎ᠢ ᠬᠦᠴᠦᠷᠬᠡᠭ᠌ᠵᠢᠭᠦᠯᠬᠦ᠌ ᠠᠶᠠᠨ ᠳ᠋ᠤ᠂ ᠲᠡᠷᠢᠭᠦᠯᠡᠭ᠌ᠴᠢ ᠰᠢ ᠵᠢᠨ ᠫᠢᠩ ᠪᠦᠬᠦ᠌ ᠴᠡᠷᠢᠭ᠎ᠢ ᠳᠠᠭᠠᠭᠤᠯᠤᠨ ᠭᠦ ᠲᠢᠶᠠᠨ ᠳ᠋ᠤ ᠪᠤᠴᠠᠵᠤ ᠤᠭ ᠦᠨᠳᠦᠰᠦ᠎ᠶ᠋ᠢ ᠮᠦᠷᠳᠡᠨ ᠡᠷᠬᠢᠴᠡᠬᠦᠯᠤᠨ᠂ ᠰᠠᠮᠠᠭᠤᠷᠠᠯ᠎ᠢ ᠵᠠᠰᠠᠨ ᠵᠦᠭ᠌ᠰᠢᠷᠡᠭᠦᠯᠵᠦ᠍᠂ ᠲᠠᠬᠢᠨ ᠶᠠᠨ ᠠᠨ᠎ᠳᠤ ᠬᠦᠷᠴᠦ᠍ ᠤᠭ ᠦᠨᠳᠦᠰᠦ᠎ᠡᠴᠡ ᠨᠢ ᠴᠡᠭ᠌ᠴᠡᠯᠡᠨ ᠵᠠᠰᠠᠵᠤ᠂ ᠪᠤᠯᠤᠳ ᠲᠡᠮᠦᠷ᠎ᠢ ᠳᠠᠪᠲᠠᠨ ᠪᠣᠯᠪᠠᠰᠤᠷᠠᠭᠤᠯᠵᠤ᠂ ᠤᠯᠤᠰ ᠲᠦᠷᠦ᠍᠎ᠪᠡᠷ ᠴᠡᠷᠢᠭ ᠪᠠᠢᠭᠤᠯᠬᠤ᠂ ᠦᠵᠡᠯ ᠰᠠᠨᠠᠭ᠎ᠠ᠎ᠪᠠᠨ ᠴᠡᠭ᠌ᠴᠡᠯᠡᠬᠦ᠌᠂ ᠡᠩᠨᠡᠭᠡ᠎ᠪᠡᠨ ᠴᠡᠭ᠌ᠴᠡᠯᠡᠬᠦ᠌᠎ᠶ᠋ᠢ ᠴᠠᠭ ᠢᠮᠠᠭ᠍ᠲᠠ ᠠᠬᠢᠭᠤᠯᠵᠤ᠂ ᠠᠷᠠᠳ᠎ᠤᠨ ᠴᠡᠷᠢᠭ ᠠᠩᠬᠢ᠎ᠶ᠋ᠢᠨ ᠢᠮᠠᠭ᠍ᠲᠠ ᠨᠠᠮ᠎ᠤᠨ ᠲᠤᠭ᠎ᠤᠨ ᠳᠣᠣᠷ᠎ᠠ ᠴᠡᠷᠢᠭ᠎ᠢ ᠬᠦᠴᠦᠷᠬᠡᠭ᠌ᠵᠢᠭᠦᠯᠬᠦ᠌᠎ᠪᠡᠷ ᠲᠡᠮᠡᠴᠡᠭᠦ ᠵᠢ ᠬᠦᠳᠦᠯᠥᠨ ᠳᠠᠭᠠᠭᠤᠯᠪᠠ᠃
ᠪᠦᠬᠦ᠌ ᠴᠡᠷᠢᠭ᠎ᠦᠨ ᠡᠯ᠎ᠡ ᠱᠠᠲᠤᠨ᠎ᠤ ᠬᠢᠨ ᠲᠡᠷᠢᠭᠦᠯᠡᠭ᠌ᠴᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠲᠤᠢᠯᠪᠤᠷᠢᠲᠠᠢ ᠥᠪᠡᠷᠪᠡᠶᠠ ᠵᠢᠨ ᠬᠤᠪᠢᠰᠭᠠᠯ ᠬᠢᠬᠦ᠌ ᠵᠣᠷᠢᠭ ᠰᠠᠨᠠᠭ᠎ᠠ᠎ᠪᠠᠷ ᠦᠵᠡᠯ ᠰᠠᠨᠠᠭᠠᠨ᠎ᠤ ᠰᠤᠷᠲᠠᠯ ᠴᠡᠭ᠌ᠴᠡᠯᠡᠯᠲᠡ ᠬᠢᠬᠦ᠌᠎ᠶ᠋ᠢ ᠪᠠᠷᠢᠮᠲᠠᠯᠠᠵᠤ᠂ ᠰᠤᠷᠤᠯᠴᠠᠬᠤ ᠰᠡᠳᠭᠢᠬᠦ᠌ ᠦᠢᠯᠡᠳᠦᠯᠭᠡᠵᠢᠭᠦᠯᠬᠦ᠌ ᠣᠢᠯᠠᠭᠠᠬᠤ ᠳᠤᠮᠳᠠ ᠰᠠᠭᠤᠷᠢ ᠵᠢ ᠵᠠᠰᠠᠨ ᠡᠬᠢ ᠵᠢ ᠴᠡᠭᠴᠡᠯᠡᠵᠤ᠂ ᠰᠠᠭᠤᠷᠢ ᠵᠢ ᠪᠡᠬᠢᠵᠢᠬᠦᠯᠤᠨ ᠦᠨᠳᠤᠰᠤ ᠵᠢ ᠪᠠᠳᠤᠳᠬᠠᠵᠤ᠂ ᠦᠨᠡᠨ ᠬᠦ᠌ ᠤᠶᠤᠨ ᠰᠠᠨᠠᠭᠠᠨ᠎ᠤ ᠭᠦᠨ᠎ᠡᠴᠡ ᠦᠵᠡᠯ ᠰᠠᠨᠠᠭᠠᠨ᠎ᠤ ᠬᠣᠯᠢᠴᠠ᠎ᠶ᠋ᠢ ᠠᠷᠢᠯᠭᠠᠵᠤ᠂ ᠭᠠᠵᠢᠭᠤᠳᠠᠭᠤᠯᠤᠭ᠍ᠰᠠᠨ ᠵᠦᠢᠯ᠎ᠢ ᠵᠠᠯᠠᠷᠠᠭᠤᠯᠵᠤ᠂ ᠤᠬᠠᠮᠰᠠᠷ᠎ᠡᠴᠡ᠎ᠪᠠᠨ ᠱᠢᠨ᠎ᠡ ᠰᠤᠷᠲᠠᠯ᠂ ᠱᠢᠨ᠎ᠡ ᠪᠠᠢᠳᠠᠯ᠂ ᠱᠢᠨ᠎ᠡ ᠳᠦᠷᠰᠦ ᠪᠠᠢᠳᠠᠯ᠎ᠢᠶᠠᠷ ᠠᠵᠢᠯ ᠬᠢᠵᠦ᠍ ᠦᠢᠯᠡᠰ ᠪᠤᠰᠭᠠᠵᠤ᠂ ᠳᠠᠷᠤᠭ᠎ᠠ ᠪᠠᠢᠯᠳᠤᠭ᠍ᠴᠢᠳ ᠤ᠋ᠨ ᠢᠳᠡᠭᠡᠯ ᠢ᠋ ᠤᠯᠪᠠ᠃
ᠲᠡᠷᠡ ᠬᠡᠪ᠎ᠢᠶᠡᠷ ᠨᠢ ᠰᠤᠷᠤᠯᠴᠠᠨ ᠣᠢᠯᠠᠭᠠᠬᠤ᠎ᠶ᠋ᠢ ᠪᠠᠷᠢᠮᠲᠠᠯᠠᠪᠠ —
ᠪᠦᠬᠦ᠌ ᠴᠡᠷᠢᠭ᠎ᠦᠨ ᠡᠯ᠎ᠡ ᠱᠠᠲᠤᠨ᠎ᠤ ᠬᠢᠨ 《ᠰᠢ ᠵᠢᠨ ᠫᠢᠩ᠎ᠦᠨ ᠵᠠᠰᠠᠭ ᠤ᠋ᠨ ᠠᠵᠢᠯ᠎ᠤᠨ ᠪᠦᠳᠦᠮᠵᠢ ᠵᠢᠨ ᠲᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠲᠤᠬᠠᠢ ᠥᠭᠦᠯᠡᠯᠲᠡ᠎ᠶ᠋ᠢᠨ ᠲᠡᠭᠦᠪᠦᠷᠢ》᠂ 《ᠰᠢ ᠵᠢᠨ ᠫᠢᠩ ᠴᠡᠷᠢᠭ᠎ᠢ ᠬᠦᠴᠦᠷᠬᠡᠭ᠌ᠵᠢᠭᠦᠯᠵᠦ᠍ ᠴᠡᠷᠢᠭ᠎ᠢ ᠮᠠᠨᠳᠤᠭᠤᠯᠬᠤ ᠲᠤᠬᠠᠢ》 ᠵᠡᠷᠭᠡ᠎ᠪᠡᠷ ᠦᠨᠳᠦᠰᠦᠨ ᠵᠢᠭᠠᠬᠤ ᠮᠠᠲ᠋ᠧᠷᠢᠶᠠᠯ ᠪᠣᠯᠭᠠᠬᠤ᠎ᠶ᠋ᠢ ᠪᠠᠷᠢᠮᠲᠠᠯᠠᠵᠤ᠂ ᠭᠣᠣᠯ ᠴᠢᠮᠥᠭᠡ ᠴᠢᠬᠤᠯᠠ ᠠᠭᠤᠯᠭ᠎ᠠ᠎ᠶ᠋ᠢ ᠬᠡᠰᠡᠭ ᠪᠦᠯᠦᠭ ᠳᠠᠷᠠᠭᠠᠯᠠᠨ᠂ ᠦᠭᠡ ᠦᠰᠦᠭ ᠳᠠᠷᠠᠭᠠᠯᠠᠨ ᠭᠦᠨᠵᠡᠭᠡᠢ ᠣᠢᠯᠠᠭᠠᠵᠤ᠂ ᠲᠡᠷᠢᠭᠦᠯᠡᠭ᠌ᠴᠢ ᠰᠢ ᠵᠢᠨ ᠫᠢᠩ᠎ᠦᠨ ᠬᠠᠮᠤᠭ᠎ᠤᠨ ᠱᠢᠨ᠎ᠡ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠴᠠᠭ ᠲᠤᠬᠠᠢᠳᠤᠨᠢ ᠳᠠᠭᠠᠨ ᠰᠤᠷᠤᠯᠴᠠᠵᠤ᠂ ᠲᠡᠷᠢᠭᠦᠯᠡᠭ᠌ᠴᠢ ᠰᠢ ᠵᠢᠨ ᠫᠢᠩ᠎ᠦᠨ ᠪᠠᠲᠤ ᠴᠢᠩᠭ᠎ᠠ ᠲᠡᠦᠬᠡ᠎ᠶ᠋ᠢᠨ ᠡᠭᠦᠷᠭᠡᠯᠡᠯ ᠪᠣᠯᠤᠨ ᠠᠷᠠᠳ᠎ᠤᠨ ᠲᠥᠯᠥᠭᠡ ᠭᠡᠬᠦ᠌ ᠭᠦᠨ ᠵᠤᠵᠠᠭᠠᠨ ᠬᠠᠢᠷ᠎ᠠ ᠰᠡᠳᠭᠢᠯᠭᠡ᠎ᠶ᠋ᠢ ᠨᠠᠷᠢᠨ ᠬᠢᠨᠠᠮᠠᠭᠠᠢ ᠣᠢᠯᠠᠭᠠᠵᠤ᠂ ᠵᠠᠰᠠᠭ ᠤ᠋ᠨ ᠠᠵᠢᠯ ᠤ᠋ᠨ ᠪᠦᠳᠦᠮᠵᠢ ᠵᠢᠨ ᠲᠤᠬᠠᠢ ᠵᠦᠪ ᠦᠵᠡᠯᠲᠡ᠎ᠶ᠋ᠢ ᠪᠠᠲᠤ ᠪᠤᠢ ᠪᠣᠯᠭᠠᠬᠤ᠎ᠶ᠋ᠢᠨ ᠴᠢᠬᠤᠯᠠ ᠠᠴᠢ ᠬᠣᠯᠪᠣᠭ᠍ᠳᠠᠯ᠂ ᠦᠷᠳᠡᠭ᠎ᠦᠨ ᠬᠠᠨᠳᠤᠰᠢ᠂ ᠦᠢᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠭᠦᠨᠵᠡᠭᠡᠢ ᠣᠢᠯᠠᠭᠠᠪᠠ᠃
ᠶᠠᠷᠢᠯᠴᠠᠭ᠎ᠠ᠎ᠶ᠋ᠢ ᠭᠦᠨᠵᠡᠭᠡᠢᠷᠡᠭᠦᠯᠤᠨ ᠢᠯᠭᠠᠨ ᠵᠠᠳᠠᠯᠤᠯᠳᠠ ᠬᠢᠵᠤ ᠬᠡᠯᠪᠡᠷᠢᠯ᠎ᠢ ᠵᠠᠯᠠᠷᠠᠭᠤᠯᠪᠠ —
ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠨᠠᠮᠴᠢ ᠴᠢᠨᠠᠷ᠎ᠤᠨ ᠲᠠᠯ᠎ᠠ᠎ᠡᠴᠡ ᠵᠥᠷᠢᠶ᠎ᠡ᠎ᠪᠡᠨ ᠡᠷᠢᠵᠦ᠍᠂ ᠦᠨᠳᠦᠰᠦ ᠰᠤᠷᠪᠤᠯᠵᠢ᠎ᠶ᠋ᠢ ᠨᠢ ᠪᠠᠢᠴᠠᠭᠠᠵᠤ᠂ ᠪᠣᠯᠪᠠᠰᠤᠷᠠᠯ᠎ᠢᠶᠠᠨ ᠴᠢᠩᠭᠠᠳᠭᠠᠵᠤ᠂ ᠵᠢᠩᠬᠢᠨᠢ ᠦᠨᠡᠨᠴᠢ ᠱᠢᠳᠤᠷᠭᠤ ᠪᠠ ᠬᠠᠭᠤᠷᠮᠠᠭ ᠦᠨᠡᠨᠴᠢ ᠱᠢᠳᠤᠷᠭᠤ᠎ᠶ᠋ᠢᠨ ᠵᠠᠭᠠᠭ ᠱᠤᠭᠤᠮ᠂ ᠬᠠᠷᠢᠭᠤᠴᠠᠯᠭ᠎ᠠ ᠡᠭᠦᠷᠭᠡᠯᠡᠬᠦ᠌ ᠪᠠ ᠠᠵᠢᠯ ᠦᠯᠦ᠍ ᠬᠢᠬᠦ᠌ ᠤᠳᠠᠭᠠᠰᠢᠷᠠᠭᠤᠯᠤᠨ ᠬᠢᠬᠦ ᠵᠢᠨ ᠵᠠᠭᠠᠭ ᠱᠤᠭᠤᠮ᠂ ᠠᠵᠢᠯ ᠬᠢᠵᠦ᠍ ᠦᠢᠯᠡᠰ ᠪᠤᠰᠭᠠᠬᠤ ᠪᠠ ᠨᠡᠷ᠎ᠡ ᠠᠱᠢᠭ᠎ᠢ ᠬᠥᠭᠡᠭᠡᠴᠡᠯᠳᠦᠬᠦ᠌᠎ᠶ᠋ᠢᠨ ᠵᠠᠭᠠᠭ ᠱᠤᠭᠤᠮ᠂ ᠡᠷᠬᠡ᠎ᠪᠡᠨ ᠭᠣᠣᠯᠴᠢ᠎ᠪᠠᠷ ᠬᠡᠷᠡᠭ᠌ᠯᠡᠬᠦ᠌ ᠪᠠ ᠡᠷᠬᠡ᠎ᠪᠡᠨ ᠠᠱᠢᠭ᠍ᠯᠠᠨ ᠬᠤᠪᠢ᠎ᠪᠠᠨ ᠪᠣᠷᠳᠣᠬᠤ᠎ᠶ᠋ᠢᠨ ᠵᠠᠭᠠᠭ ᠱᠤᠭᠤᠮ᠎ᠢ ᠤᠬᠠᠮᠰᠠᠷ᠎ᠡᠴᠡ᠎ᠪᠠᠨ ᠲᠣᠳᠣᠷᠬᠠᠢ ᠢᠯᠭᠠᠨ ᠲᠠᠨᠢᠵᠤ᠂ ᠦᠵᠡᠯ ᠰᠠᠨᠠᠭᠠᠨ᠎ᠤ ᠲᠠᠨᠢᠨ ᠮᠡᠳᠡᠷᠡᠬᠦᠢ᠎ᠪᠠᠨ ᠭᠦᠨᠵᠡᠭᠡᠢ ᠵᠠᠯᠠᠷᠠᠭᠤᠯᠵᠤ᠂ ᠦᠷᠳᠡᠭ᠎ᠦᠨ ᠲᠠᠯ᠎ᠠ ᠵᠢᠨ ᠵᠥᠷᠢᠶ᠎ᠡ ᠪᠠᠨ ᠵᠠᠯᠠᠷᠠᠭᠤᠯᠪᠠ᠃
ᠵᠥᠪ ᠪᠠ ᠪᠤᠷᠤᠭᠤ ᠲᠠᠯ᠎ᠠ ᠵᠢᠨ ᠨᠡᠢᠲᠡᠯᠢᠭ ᠵᠢᠱ᠌ᠢᠶ᠎ᠡ᠎ᠲᠠᠢ ᠬᠠᠷᠭᠤᠭᠤᠯᠤᠨ ᠪᠡᠶ᠎ᠡ ᠪᠠᠨ ᠬᠢᠨᠠᠵᠤ ᠰᠤᠷᠭᠠᠮᠵᠢ ᠪᠤᠯᠭᠠᠪᠠ —
ᠦᠯᠢᠭᠡᠷ ᠳᠠᠭᠤᠷᠢᠶᠠᠯ ᠪᠣᠯ ᠨᠢᠳᠦᠨ᠎ᠳᠦ ᠦᠵᠡᠭ᠌ᠳᠡᠬᠦ᠌ ᠭᠦᠨ ᠶᠣᠰᠣ᠂ ᠰᠤᠷᠭᠠᠮᠵᠢ ᠪᠣᠯ ᠬᠤᠷᠴᠠ ᠰᠢᠳᠤ ᠲᠠᠢ ᠠᠯᠠᠭᠠᠨ᠎ᠤ ᠪᠠᠨᠰᠠ ᠲᠠᠢ ᠦᠬᠡᠷ᠎ᠡ ᠦᠬᠡᠢ᠃ ᠡᠯ᠎ᠡ ᠨᠢᠭᠡᠴᠢ᠎ᠶ᠋ᠢᠨ᠎ᠬᠢᠨ ᠵᠥᠪ ᠪᠠ ᠪᠤᠷᠤᠭᠤ ᠲᠠᠯ᠎ᠠ᠎ᠶ᠋ᠢᠨ ᠨᠡᠢᠲᠡᠯᠢᠭ ᠬᠡᠷᠡᠭ᠎ᠦᠨ 《ᠬᠣᠶᠠᠷ ᠲᠠᠯ᠎ᠠ᠎ᠳᠤ ᠲᠣᠯᠢ》 ᠶ᠋ᠢ ᠰᠠᠢᠲᠤᠷ ᠬᠡᠷᠡᠭ᠌ᠯᠡᠵᠦ᠍᠂ ᠵᠥᠪ ᠲᠠᠯ᠎ᠠ᠎ᠶ᠋ᠢᠨ ᠨᠡᠢᠲᠡᠯᠢᠭ ᠬᠡᠷᠡᠭ ᠲᠤ᠌ ᠠᠭᠤᠯᠤᠭ᠍ᠳᠠᠵᠤ ᠪᠠᠢᠭ᠎ᠠ ᠵᠠᠰᠠᠭ᠎ᠤᠨ ᠠᠵᠢᠯ᠎ᠤᠨ ᠪᠦᠳᠦᠮᠵᠢ ᠵᠢᠨ ᠲᠤᠬᠠᠢ ᠵᠦᠪ ᠦᠵᠡᠯᠲᠡ᠎ᠶ᠋ᠢ ᠨᠠᠷᠢᠨ ᠬᠢᠨᠠᠮᠠᠭᠠᠶ ᠰᠤᠷᠤᠯᠴᠠᠬᠤ᠎ᠪᠠᠷ ᠪᠠᠷᠠᠬᠤ ᠥᠬᠡᠶ ᠪᠠᠰᠠ ᠡᠰᠡᠷᠭᠦ᠌ ᠲᠠᠯ᠎ᠠ᠎ᠶ᠋ᠢᠨ ᠨᠡᠢᠲᠡᠯᠢᠭ ᠬᠡᠷᠡᠭ ᠤᠨ ᠵᠠᠰᠠᠭ᠎ᠤᠨ ᠠᠵᠢᠯ᠎ᠤᠨ ᠪᠦᠳᠦᠮᠵᠢ ᠵᠢᠨ ᠲᠤᠬᠠᠢ ᠦᠵᠡᠯᠲᠡ᠎ᠶ᠋ᠢᠨ ᠵᠥᠷᠢᠶ᠎ᠡ᠎ᠶ᠋ᠢᠨ ᠱᠢᠨᠵᠢ ᠴᠢᠨᠠᠷ᠂ ᠬᠤᠤᠷ ᠬᠥᠨᠥᠭᠡᠯ᠂ ᠱᠢᠯᠲᠠᠭᠠᠨ᠂ ᠰᠤᠷᠭᠠᠮᠵᠢ ᠵᠡᠷᠭᠡ᠎ᠶ᠋ᠢ ᠭᠦᠨᠵᠡᠭᠡᠶ ᠵᠠᠳᠠᠯᠵᠤ᠂ ᠨᠠᠮ᠎ᠤᠨ ᠭᠡᠱᠢᠭᠦᠨ ᠺᠠᠳ᠋ᠷᠴᠤᠳ᠎ᠢ ᠬᠥᠲᠥᠯᠦᠨ ᠵᠢᠯᠣᠭᠣᠳᠴᠤ᠌ ᠢᠴᠢᠭᠦᠷᠢ ᠵᠢ ᠮᠡᠳᠡᠬᠦᠯᠵᠤ ᠬᠤᠷᠢᠭ᠎ᠠ ᠬᠢᠵᠠᠭᠠᠷ᠎ᠢ ᠲᠠᠨᠢᠭᠤᠯᠵᠤ᠂ ᠦᠢᠯᠡ ᠠᠵᠢᠯᠯᠠᠭ᠎ᠠ ᠵᠢ ᠨᠢ ᠵᠢᠷᠤᠮᠵᠢᠭᠤᠯᠪᠠ᠃
ᠬᠢᠲᠤᠭᠠᠨᠤᠢᠷᠢ ᠳᠣᠲᠣᠭ᠍ᠰᠢ ᠬᠠᠨᠳᠤᠭᠤᠯᠤᠨ ᠦᠨᠡᠨ ᠬᠦ᠌ ᠪᠠᠢᠴᠠᠭᠠᠨ ᠪᠤᠳᠠᠳᠠᠢ ᠰᠠᠢᠵᠢᠷᠠᠭᠤᠯᠬᠤ ᠶ᠋ᠢ ᠪᠠᠷᠢᠮᠲᠠᠯᠠᠪᠠ
— ᠨᠢᠳᠤᠨ ᠳ᠋ᠤ ᠦᠵᠡᠭᠳᠡᠵᠤ ᠭᠠᠷ ᠲᠤ᠌ ᠪᠠᠷᠢᠬᠳᠠᠬᠤ ᠦᠷ᠎ᠡ ᠪᠦᠲᠦᠮᠵᠢ ᠪᠡᠷ ᠳᠠᠷᠤᠭ᠎ᠠ ᠪᠠᠢᠯᠳᠤᠭ᠍ᠴᠢᠳ᠎ᠤᠨ ᠢᠲᠡᠭᠡᠯ᠎ᠢ ᠤᠯᠪᠠ
ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠬᠤ ᠪᠣᠯ ᠴᠢᠬᠤᠯᠠ ᠦᠵᠡᠯ ᠰᠠᠨᠠᠭᠠᠨ᠎ᠤ ᠠᠷᠭ᠎ᠠ ᠪᠠ ᠠᠵᠢᠯ᠎ᠤᠨ ᠠᠷᠭ᠎ᠠ ᠮᠥᠨ᠂ ᠪᠠᠰᠠ ᠴᠤ᠌ ᠰᠤᠷᠤᠯᠴᠠᠯᠭ᠎ᠠ ᠬᠥᠮᠦᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠠᠬᠢᠭᠤᠯᠬᠤ ᠬᠦᠴᠦᠲᠡᠶ ᠵᠢᠯᠣᠭᠣᠳᠤᠮᠵᠢ ᠮᠥᠨ᠃ ᠪᠦᠬᠦ᠌ ᠴᠡᠷᠢᠭ᠎ᠦᠨ ᠡᠯ᠎ᠡ ᠱᠠᠲᠤᠨ᠎ᠤ ᠬᠢᠨ ᠬᠦᠯᠢᠶᠡᠬᠦ᠌ ᠦᠭᠡᠢ ᠲᠦᠱᠢᠭ᠌ᠯᠡᠬᠦ᠌ ᠦᠭᠡᠢ᠂ ᠪᠠᠷᠢᠨ ᠴᠡᠭ᠌ᠴᠡᠯᠡᠨ ᠰᠠᠢᠵᠢᠷᠠᠭᠤᠯᠬᠤ ᠣᠪᠣᠷ᠎ᠢᠶᠠᠷ ᠴᠡᠭ᠌ᠴᠡᠯᠡᠨ ᠰᠠᠢᠵᠢᠷᠠᠭᠤᠯᠬᠤ᠎ᠶ᠋ᠢ ᠠᠳᠭᠤᠵᠤ᠂ ᠬᠠᠲᠠᠭᠤ᠎ᠲᠠᠶ ᠨᠢ ᠬᠠᠯᠳᠠᠵᠤ ᠬᠦᠴᠢᠷ ᠠᠰᠠᠭᠤᠳᠠᠯ᠎ᠢ ᠱᠢᠢᠳᠪᠦᠷᠢᠯᠡᠨ᠂ ᠳᠠᠷᠤᠭ᠎ᠠ ᠪᠠᠢᠯᠳᠤᠭ᠍ᠴᠢᠳ᠎ᠲᠤ ᠰᠤᠷᠤᠯᠴᠠᠯᠭ᠎ᠠ ᠬᠥᠮᠦᠵᠢᠯ᠎ᠦᠨ ᠠᠪᠴᠢᠷᠠᠭ᠍ᠰᠠᠨ ᠱᠢᠨ᠎ᠡ ᠪᠠᠢᠳᠠᠯ ᠱᠢᠨ᠎ᠡ ᠬᠤᠪᠢᠷᠠᠯᠲᠠ᠎ᠶ᠋ᠢ ᠦᠨᠡᠨ ᠬᠦ᠌ ᠮᠡᠳᠡᠷᠡᠭᠦᠯᠪᠡ᠃
ᠭᠦᠨ ᠪᠠᠢᠴᠠᠭᠠᠵᠤ ᠨᠠᠷᠢᠨ ᠬᠠᠷᠭᠤᠭᠤᠯᠵᠤ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ ᠬᠠᠷᠠᠯᠲᠠ᠎ᠶ᠋ᠢ ᠪᠠᠲᠤ ᠲᠣᠭ᠍ᠲᠠᠭᠠᠪᠠ —
ᠨᠠᠷᠢᠯᠢᠭ ᠣᠨᠣᠴᠠᠲᠠᠶ᠎ᠪᠠᠷ《ᠬᠥᠷᠥᠭ ᠵᠢᠷᠤᠭ᠎ᠢ ᠵᠢᠷᠤᠪᠠᠯ》 ᠰᠠᠶᠢ ᠪᠣᠳᠠᠲᠠᠶ᠎ᠶ᠋ᠢ ᠡᠷᠬᠢᠮᠯᠡᠨ ᠴᠡᠭ᠌ᠴᠡᠯᠡᠨ ᠥᠭᠡᠷᠡᠴᠢᠯᠡᠵᠦ᠍ ᠴᠢᠳᠠᠨ᠎ᠠ᠃ ᠡᠯ᠎ᠡ ᠨᠢᠭᠡᠴᠢ᠎ᠶ᠋ᠢᠨ ᠬᠢᠨ ᠠᠳᠠᠯᠢ ᠪᠤᠰᠤ ᠱᠠᠳᠤ ᠳᠠᠪᠬᠤᠷᠭ᠎ᠠ᠂ ᠠᠳᠠᠯᠢ ᠪᠤᠰᠤ ᠲᠦᠷᠦᠯ ᠬᠡᠯᠪᠡᠷᠢ ᠪᠡᠷ ᠢᠯᠭᠠᠵᠤ᠂ ᠨᠠᠮ᠎ᠤᠨ ᠭᠡᠱᠢᠭᠦᠨ ᠺᠠᠳ᠋ᠷ᠎ᠢ ᠵᠣᠬᠢᠶᠠᠨ ᠪᠠᠢᠭᠤᠯᠵᠤ ᠦᠵᠡᠯ ᠰᠠᠨᠠᠭ᠎ᠠ᠂ ᠠᠵᠢᠯ᠂ ᠲᠤᠱᠢᠶᠠᠯ ᠬᠠᠷᠢᠭᠤᠴᠠᠯᠭ᠎ᠠ᠎ᠲᠠᠶ ᠨᠢᠭ᠍ᠲᠠ ᠤᠶᠠᠯᠳᠤᠭᠤᠯᠵᠤ᠂ ᠲᠡᠷᠢᠭᠦᠯᠡᠭ᠌ᠴᠢ ᠰᠢ ᠵᠢᠨ ᠫᠢᠩ᠎ᠦᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠲᠤᠬᠠᠢ ᠴᠢᠬᠤᠯᠠ ᠥᠭᠦᠯᠡᠯᠲᠡ ᠲᠠᠢ ᠬᠠᠷᠭᠤᠭᠤᠯᠵᠤ᠂ ᠰᠤᠷᠤᠯᠴᠠᠯᠭ᠎ᠠ ᠬᠥᠮᠦᠵᠢᠯ᠎ᠦᠨ ᠭᠣᠣᠯᠳᠠᠯᠭ᠎ᠠ᠎ᠲᠠᠶ ᠱᠢᠢᠳᠪᠦᠷᠢᠯᠡᠬᠦ ᠠᠰᠠᠭᠤᠳᠠᠯ᠎ᠲᠠᠶ ᠬᠠᠷᠭᠤᠭᠤᠯᠵᠤ᠂ ᠰᠠᠬᠢᠯᠭ᠎ᠠ ᠪᠠᠲᠤ ᠬᠢᠨᠠᠨ ᠪᠠᠢᠴᠠᠭᠠᠬᠤ᠂ ᠲᠣᠭᠣᠷᠢᠨ ᠦᠵᠡᠵᠤ ᠲᠤᠭᠤᠷᠢᠨ ᠪᠠᠢᠴᠠᠭᠠᠬᠤ᠂ ᠬᠢᠨᠠᠨ ᠪᠤᠳᠤᠵᠤ ᠬᠢᠨᠠᠯᠲᠠ ᠲᠠᠯᠪᠢᠬᠤ ᠵᠡᠷᠭᠡ ᠪᠡᠷ ᠲᠠᠮᠵᠢᠨ ᠬᠠᠷᠢᠭᠤ ᠲᠤᠰᠭᠠᠬ᠍ᠰᠠᠨ ᠠᠰᠠᠭᠤᠳᠠᠯ᠎ᠲᠠᠶ ᠬᠠᠷᠭᠤᠭᠤᠯᠵᠤ᠂ ᠠᠰᠠᠭᠤᠳᠠᠯ᠎ᠢ ᠪᠠᠢᠴᠠᠭᠠᠨ ᠳᠡᠯᠭᠡᠬᠦ᠌ ᠨᠠᠷᠢᠨ ᠲᠠᠩᠰᠠ ᠵᠢ ᠪᠦᠷᠢᠯᠳᠦᠬᠦᠯᠵᠤ᠂ ᠪᠠᠶ᠎ᠠ ᠪᠡᠷ᠎ᠢᠶᠡᠨ ᠲᠦᠷᠦᠭᠦᠯᠡᠨ ᠦᠨᠡᠨ ᠬᠦ᠌ ᠪᠠᠢᠴᠠᠭᠠᠵᠤ᠂ ᠪᠣᠳᠠᠲᠠᠢ ᠪᠠᠢᠴᠠᠭᠠᠵᠤ᠂ ᠭᠦᠨᠵᠡᠭᠡᠢ ᠪᠠᠢᠴᠠᠭᠠᠵᠤ᠂ ᠠᠰᠠᠭᠤᠳᠠᠯ᠎ᠢ ᠣᠨᠣᠪᠴᠢᠲᠠᠢ ᠡᠷᠢᠵᠦ᠍᠂ ᠪᠣᠳᠠᠲᠠᠢ ᠡᠷᠢᠵᠦ᠍ ᠰᠢᠢᠳᠪᠦᠷᠢᠯᠡᠪᠡ᠃
ᠡᠭᠦᠳᠡ᠎ᠪᠡᠨ ᠨᠡᠭᠡᠭᠡᠵᠦ᠍ ᠢᠳᠭᠠᠯ ᠰᠠᠨᠠᠯ ᠴᠤᠬᠯᠠᠭᠤᠯᠵᠤ᠂ ᠳᠠᠷᠤᠭ᠎ᠠ ᠪᠠᠢᠯᠳᠤᠭ᠍ᠴᠢᠳ᠎ᠤᠨ ᠦᠨᠡᠯᠡᠵᠤ ᠬᠢᠨᠠᠯᠲᠠ ᠲᠠᠯᠪᠢᠬᠤ᠎ᠶ᠋ᠢ ᠬᠦᠯᠢᠶᠡᠪᠠ —
ᠳᠠᠷᠤᠭ᠎ᠠ ᠪᠠᠢᠯᠳᠤᠭ᠍ᠴᠢᠳ᠎ᠤᠨ ᠬᠦᠰᠡᠯ ᠱᠠᠭᠠᠷᠳᠠᠯᠭ᠎ᠠ᠎ᠳᠤ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ᠎ᠶ᠋ᠢ ᠠᠬᠢᠭᠤᠯᠬᠤ ᠤᠶᠤᠨ ᠤᠬᠠᠭᠠᠨ ᠪᠠ ᠬᠦᠴᠦᠨ ᠴᠢᠳᠠᠯ ᠠᠭᠤᠯᠤᠭ᠍ᠳᠠᠵᠤ ᠪᠠᠢᠨ᠎ᠠ᠃ ᠬᠣᠷᠢᠶᠠᠨ ᠲᠡᠰ᠎ᠡᠴᠡ ᠳᠡᠭᠡᠭ᠌ᠰᠢᠬᠢ ᠨᠢᠭᠡᠴᠢ᠎ᠶ᠋ᠢᠨ ᠨᠠᠮ᠎ᠤᠨ ᠬᠣᠷᠢᠢ᠎ᠠ ᠤᠯᠠᠨ ᠲᠦᠮᠡᠨᠴᠢ ᠱᠤᠭᠤᠮ᠎ᠢ ᠪᠣᠳᠠᠲᠠᠢ ᠬᠡᠷᠡᠭ᠌ᠵᠢᠭᠦᠯᠵᠦ᠍᠂ 《ᠦᠨᠡᠨ ᠬᠦ᠌ ᠡᠭᠦᠳᠡ᠎ᠪᠡᠨ ᠨᠡᠭᠡᠭᠡᠵᠦ᠍》᠂ 《ᠵᠣᠷᠢᠭ᠍ᠲᠠᠢ᠎ᠪᠠᠷ ᠡᠭᠦᠳᠡ᠎ᠪᠡᠨ ᠨᠡᠭᠡᠭᠡᠵᠦ᠍》᠂ ᠰᠠᠨᠠᠭᠠᠴᠢᠯᠠᠭ᠎ᠠ᠎ᠡᠴᠡ᠎ᠪᠠᠨ ᠠᠷᠭ᠎ᠠ ᠪᠤᠳᠤᠯᠭ᠎ᠠ ᠠᠰᠠᠭᠤᠵᠤ᠂ ᠬᠡᠷᠡᠭ᠌ᠴᠡᠭᠡ᠎ᠶ᠋ᠢ ᠠᠰᠠᠭᠤᠵᠤ᠂ ᠳᠠᠷᠤᠭ᠎ᠠ ᠪᠠᠢᠯᠳᠤᠭ᠍ᠴᠢᠳ᠎ᠲᠤ ᠦᠢᠯᠡᠳᠦᠯ ᠦᠵᠡᠭᠦᠯᠵᠦ᠍᠂ ᠡᠯ᠎ᠡ ᠴᠢᠭ᠌ᠯᠡᠯ᠎ᠢᠶᠡᠷ ᠲᠤᠬᠠᠢ᠎ᠶ᠋ᠢᠨ ᠭᠠᠵᠠᠷ᠎ᠲᠤᠨᠢ ᠪᠠᠢᠴᠠᠭᠠᠨ ᠰᠤᠳᠤᠯᠤᠯᠲᠠ ᠬᠢᠵᠦ᠍᠂ ᠡᠯ᠎ᠡ ᠳᠠᠪᠬᠤᠷᠭ᠎ᠠ᠎ᠶ᠋ᠢᠨ ᠬᠢᠨ ᠶᠠᠷᠢᠯᠴᠠᠨ ᠰᠠᠨᠠᠯ ᠵᠢᠡᠨ ᠰᠤᠯᠢᠯᠴᠠᠵᠤ᠂ ᠡᠯ᠎ᠡ ᠱᠠᠳᠤ ᠳᠠᠪᠬᠤᠷᠭ᠎ᠠ᠎ᠶ᠋ᠢᠨ ᠬᠢᠨ ᠠᠰᠠᠭᠤᠯᠲᠠ᠎ᠶ᠋ᠢᠨ ᠬᠠᠭᠤᠳᠠᠰᠤ᠎ᠪᠠᠷ ᠪᠠᠢᠴᠠᠭᠠᠯᠲᠠ ᠬᠢᠵᠦ᠍᠂ ᠰᠡᠳᠭᠢᠯ᠎ᠦᠨ ᠦᠭᠡ᠎ᠪᠡᠨ ᠶᠠᠷᠢᠯᠴᠠᠵᠤ᠂ ᠰᠦᠯᠵᠢᠶᠡᠨ ᠳᠡᠭᠡᠷ᠎ᠡ ᠦᠭᠡ ᠦᠯᠡᠳᠡᠭᠡᠵᠦ᠂ ᠳᠠᠷᠤᠭ᠎ᠠ ᠪᠠᠢᠯᠳᠤᠭ᠍ᠴᠢᠳ᠎ᠤᠨ ᠮᠠᠰᠢ ᠤᠯᠠᠨ ᠰᠠᠨᠠᠯ ᠰᠠᠨᠠᠭᠤᠯᠭ᠎ᠠ᠎ᠶ᠋ᠢ ᠨᠠᠮ᠎ᠤᠨ ᠬᠤᠷᠢᠶ᠎ᠠ ᠵᠢᠨ ᠪᠠᠢᠭᠤᠯᠭ᠎ᠠ᠎ᠶ᠋ᠢᠨ ᠱᠢᠢᠳᠪᠦᠷᠢᠲᠦ ᠪᠤᠳᠤᠯᠭ᠎ᠠ ᠪᠠ ᠲᠥᠯᠥᠪᠯᠡᠭᠡ᠎ᠳᠦ ᠣᠷᠣᠭᠤᠯᠪᠠ᠃
ᠦᠨᠡᠨ ᠬᠦ᠌ ᠪᠠᠢᠴᠠᠭᠠᠨ ᠪᠤᠳᠠᠳᠠᠢ ᠰᠠᠢᠵᠢᠷᠠᠭᠤᠯᠵᠤ᠂ ᠠᠮᠠᠯᠠᠭᠰᠠᠨ᠎ᠢᠶᠡᠨ ᠪᠡᠶᠡᠯᠡᠬᠦᠯᠵᠤ ᠪᠠᠢᠭᠠᠳ ᠤᠯᠠᠨ᠎ᠤ ᠢᠳᠡᠬᠡᠯ᠎ᠢ ᠤᠯᠬᠤ ᠤᠭ ᠰᠠᠨᠠᠭ᠎ᠠ ᠵᠢ ᠦᠶ᠋ᠯᠡᠳᠦᠯᠭᠡᠵᠢᠭᠦᠯᠪᠠ —
ᠦᠨᠳᠦᠰᠦᠨ ᠱᠠᠲᠤᠨ᠎ᠤ ᠲᠤᠰᠭᠠᠯ ᠴᠢᠩᠭ᠎ᠠ ᠪᠠᠢᠭ᠎ᠠ ᠠᠰᠠᠭᠤᠳᠠᠯ᠎ᠢ ᠦᠨᠡᠨ ᠬᠦ᠌ ᠴᠢᠬᠤᠯᠠᠴᠢᠯᠠᠵᠤ᠂ ᠲᠦᠷᠭᠡᠨ ᠱᠢᠢᠳᠪᠦᠷᠢᠯᠡᠵᠦ᠍ ᠴᠢᠳᠠᠨ᠎ᠠ ᠦᠦ ᠤᠢ᠍ᠭᠡᠢ ᠦᠦ? ᠠᠮᠠᠯᠳᠠᠭ᠍ᠰᠠᠨᠢᠶᠠᠨ ᠪᠡᠶᠡᠯᠡᠭᠦᠯᠦᠭ᠌ᠰᠡᠨ ᠦᠦ ᠦᠬᠡᠢ᠎ᠤᠤ?ᠡᠯ᠎ᠡ ᠱᠠᠲᠤᠨ᠎ᠤ᠎ᠬᠢᠨ ᠰᠤᠷᠤᠯᠴᠠᠯᠭ᠎ᠠ ᠬᠥᠮᠦᠵᠢᠯ᠎ᠤᠨ ᠴᠡᠭ᠌ᠴᠡᠯᠡᠨ ᠰᠠᠢᠵᠢᠷᠠᠭᠤᠯᠤᠯᠲᠠ ᠴᠡᠭ᠌ᠴᠡᠯᠡᠨ ᠵᠠᠰᠠᠯᠲᠠ᠎ᠶ᠋ᠢ ᠤᠯᠤᠰ ᠲᠥᠷᠥ᠎ᠶ᠋ᠢᠨ ᠴᠡᠭ᠌ᠴᠡᠯᠡᠨ ᠰᠠᠢᠵᠢᠷᠠᠭᠤᠯᠤᠯᠲᠠ ᠴᠡᠭ᠌ᠴᠡᠯᠡᠨ ᠵᠠᠰᠠᠯᠲᠠ᠎ᠶ᠋ᠢ ᠭᠦᠨᠵᠡᠭᠡᠢᠷᠡᠭᠦᠯᠬᠦ᠌᠎ᠲᠡᠶ ᠨᠢᠭᠡ ᠴᠣᠭ᠍ᠴᠠᠵᠢᠭᠤᠯᠤᠨ ᠠᠬᠢᠭᠤᠯᠬᠤ᠎ᠶ᠋ᠢ ᠪᠠᠷᠢᠮᠲᠠᠯᠠᠵᠤ᠂ ᠭᠤᠤᠯᠳᠠᠯᠭ᠎ᠠ᠎ᠲᠠᠶ ᠠᠵᠢᠯ ᠲᠥᠷᠥᠯ᠎ᠦᠨ ᠬᠦᠷᠢᠶ᠎ᠡ ᠴᠠᠷᠠᠭ᠎ᠠ᠂ ᠴᠡᠷᠢᠭ ᠠᠩᠭᠢ ᠪᠠ ᠣᠷᠣᠨ ᠨᠤᠲᠤᠭ ᠰᠣᠯᠪᠢᠴᠠᠭ᠍ᠰᠠᠨ ᠣᠷᠣᠨ ᠪᠦᠰᠡ᠎ᠶ᠋ᠢ ᠴᠢᠩᠭ᠎ᠠ ᠠᠳᠭᠤᠨ ᠴᠢᠩᠭ᠎ᠠ ᠵᠠᠰᠠᠵᠤ᠂ ᠴᠢᠩᠭ᠎ᠠ ᠪᠣᠳᠠᠲᠠᠶ ᠬᠢᠨᠠᠨ ᠵᠢᠯᠣᠭᠣᠳᠴᠤ᠂ ᠡᠯ᠎ᠡ ᠬᠦᠷᠢᠶᠡᠨᠦᠬᠢᠨᠢ ᠳᠠᠢᠴᠢᠯᠠᠨ ᠬᠠᠭᠤᠴᠢᠨ ᠠᠷᠬᠠᠭ ᠬᠡᠮ᠎ᠢ ᠠᠷᠢᠯᠭᠠᠵᠤ᠂ ᠬᠡᠪ ᠰᠤᠷᠲᠠᠯ᠎ᠢ ᠴᠡᠪᠡᠷᠱᠢᠭᠦᠯᠪᠡ᠃ ᠨᠠᠮ᠎ᠤᠨ ᠬᠤᠷᠢᠶ᠎ᠠ ᠵᠢᠨ ᠪᠠᠢᠭᠤᠯᠭ᠎ᠠ ᠪᠠ ᠤᠳᠤᠷᠢᠳᠭᠤ ᠺᠠᠳ᠋ᠷᠴᠤᠳ᠎ᠡᠴᠡ ᠡᠬᠢᠯᠡᠨ ᠴᠢᠩᠭ᠎ᠠ ᠵᠠᠰᠠᠵᠤ᠂ ᠪᠠᠷᠢᠨ ᠱᠢᠢᠳᠪᠦᠷᠢᠯᠡᠵᠦ᠍ ᠳᠡᠢᠯᠬᠦ᠌ ᠠᠰᠠᠭᠤᠳᠠᠯ᠎ᠢ ᠶᠠᠭᠠᠬᠢᠭ᠍ᠰᠠᠨ ᠴᠤ᠌ ᠤᠳᠠᠭᠠᠰᠢᠷᠠᠭᠤᠯᠤᠨ ᠰᠤᠨᠵᠢᠷᠠᠭᠤᠯᠬᠤ ᠦᠭᠡᠢ; ᠪᠠᠷᠢᠨ ᠱᠢᠢᠳᠪᠦᠷᠢᠯᠡᠬᠦ᠌᠎ᠳᠦ ᠪᠡᠷᠬᠡᠲᠡᠢ ᠪᠠᠢᠪᠠᠯ᠂ ᠬᠦᠴᠦ᠍᠎ᠪᠡᠨ ᠲᠥᠪᠯᠡᠷᠡᠭᠦᠯᠦᠨ ᠪᠣᠭᠣᠮᠲᠠ ᠱᠢᠪᠲᠤᠯᠵᠤ᠂ ᠠᠰᠠᠭᠤᠳᠠᠯ᠎ᠤᠨ ᠨᠠᠷᠢᠨ ᠲᠠᠩᠰᠠ᠎ᠶ᠋ᠢ ᠦᠨᠡᠨ ᠬᠦ᠌ ᠡᠭᠦᠷᠭᠡ ᠲᠤᠱᠢᠶᠠᠯ᠎ᠢᠶᠠᠨ ᠭᠦᠢᠴᠡᠳᠭᠡᠬᠦ᠌ ᠨᠠᠷᠢᠨ ᠲᠠᠩᠰᠠ ᠪᠣᠯᠭᠠᠨ ᠬᠤᠪᠢᠷᠠᠭᠤᠯᠪᠠ᠃
ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠶ᠋ᠢ ᠡᠴᠦᠰ᠎ᠲᠡᠬᠡᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠳᠡᠭᠡᠷ᠎ᠡ ᠢᠯᠡᠷᠡᠭᠦᠯᠬᠦ᠌ ᠬᠡᠷᠡᠭ᠌ᠲᠡᠢ᠃ ᠡᠯ᠎ᠡ ᠱᠠᠲᠤᠨ᠎ᠤ᠎ᠬᠢᠨ ᠰᠤᠷᠤᠯᠴᠠᠯᠭ᠎ᠠ ᠬᠥᠮᠦᠵᠢᠯ᠎ᠢ ᠴᠡᠷᠢᠭ ᠪᠣᠯᠪᠠᠰᠤᠷᠠᠭᠤᠯᠵᠤ ᠲᠡᠢᠨ᠎ᠳᠦ ᠪᠡᠯᠡᠳᠭᠡᠬᠦ᠌᠂ ᠲᠥᠯᠥᠪᠵᠢᠭᠦᠯᠦᠨ ᠪᠥᠲᠥᠭᠡᠨ ᠪᠠᠢᠭᠤᠯᠬᠤ᠂ ᠦᠨᠳᠦᠰᠦᠨ ᠱᠠᠲᠤᠨ᠎ᠤ ᠪᠥᠲᠥᠭᠡᠨ ᠪᠠᠢᠭᠤᠯᠤᠯᠲᠠ ᠵᠡᠷᠭᠡ ᠠᠵᠢᠯ᠎ᠢ ᠠᠬᠢᠭᠤᠯᠬᠤ᠎ᠯᠤᠭ᠎ᠠ ᠤᠶᠠᠯᠳᠤᠭᠤᠯᠬᠤ᠎ᠶ᠋ᠢ ᠪᠠᠷᠢᠮᠲᠠᠯᠠᠵᠤ᠂ 《ᠪᠣᠳᠠᠲᠠᠶ᠎ᠡᠴᠡ ᠡᠭᠦᠰᠴᠦ᠍᠂ ᠵᠢᠮ᠎ᠡ ᠶᠣᠰᠣ᠎ᠪᠠᠷ ᠤᠴᠢᠷ ᠶᠠᠪᠤᠳᠠᠯ᠎ᠢ ᠰᠢᠢᠳᠪᠦᠷᠢᠯᠡᠬᠦ》 ᠶ᠋ᠢ ᠰᠡᠳᠭᠢᠬᠦᠶ᠎ᠶ᠋ᠢᠨ ᠣᠢᠯᠠᠭᠠᠭ᠍ᠳᠠᠬᠤᠨ ᠪᠠ ᠠᠵᠢᠯ᠎ᠢ ᠵᠢᠯᠣᠭᠣᠳᠬᠤ ᠲᠤᠮᠳᠠ ᠠᠭᠤᠰᠬᠠᠵᠤ᠂ ᠦᠨᠡᠨ ᠬᠦ᠌ ᠠᠳᠭᠤᠵᠤ ᠪᠣᠳᠠᠲᠠᠶ ᠠᠵᠢᠯᠯᠠᠬᠤ᠎ᠪᠠᠷ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠪᠠ᠃
ᠪᠦᠬᠦ᠌ ᠴᠡᠷᠢᠭ᠎ᠦᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠰᠢ ᠵᠢᠨ ᠫᠢᠩ᠎ᠦᠨ ᠴᠡᠷᠢᠭ᠎ᠢ ᠬᠦᠴᠦᠷᠬᠡᠭ᠌ᠵᠢᠭᠦᠯᠬᠦ᠌ ᠦᠵᠡᠯ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠤᠬᠠᠮᠰᠠᠷ᠎ᠡᠴᠡ᠎ᠪᠠᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠵᠦ᠍᠂ ᠨᠡᠩ ᠴᠤᠭ ᠪᠠᠳᠠᠷᠠᠩᠭᠤᠢ ᠲᠡᠮᠡᠴᠡᠯ᠎ᠦᠨ ᠵᠣᠷᠢᠭ᠂ ᠨᠡᠩ ᠪᠣᠳᠠᠲᠠᠢ᠎ᠶ᠋ᠢ ᠡᠷᠬᠢᠮᠯᠡᠬᠦ᠌ ᠰᠤᠷᠲᠠᠯ᠎ᠢᠶᠠᠷ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠴᠡᠷᠢᠭ ᠪᠠᠢᠭᠤᠯᠤᠭ᠍ᠳᠠᠭ᠍ᠰᠠᠨ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠪᠦᠬᠦ᠌ ᠬᠦᠴᠦ᠍᠎ᠪᠡᠷ᠎ᠢᠶᠡᠨ ᠰᠠᠢᠲᠤᠷ ᠬᠢᠵᠦ᠍᠂ ᠦᠢᠯᠡᠳᠦᠯᠭᠡ᠂ ᠠᠷᠠᠳ ᠲᠦᠮᠡᠨ᠂ ᠲᠡᠦᠬᠡ᠎ᠶ᠋ᠢᠨ ᠱᠢᠯᠭᠠᠯᠲᠠ᠎ᠶ᠋ᠢ ᠳᠠᠭᠠᠭᠠᠵᠤ ᠳᠡᠢᠯᠬᠦ᠌ ᠪᠣᠳᠠᠲᠤ ᠠᠮᠵᠢᠯᠲᠠ᠎ᠶ᠋ᠢ ᠴᠢᠷᠮᠠᠢᠨ ᠡᠭᠦᠳᠦᠨ᠎ᠠ!
(ᠰᠢᠨᠬᠤᠸᠠ ᠬᠤᠷᠢᠶ᠎ᠠ ᠵᠢᠨ ᠪᠡᠭᠡᠵᠢᠩ ᠤ᠋ᠨ 5 ᠰᠠᠷ᠎ᠠ ᠵᠢᠨ 24 ᠤ᠋ ᠴᠠᠬᠢᠯᠭᠠᠨ ᠮᠡᠳᠡᠭᠡ ᠡᠴᠡ)