ᠭᠤᠸᠠᠩᠳᠦ᠋ᠩ ᠱᠢᠶᠠᠩᠭᠠᠩ ᠣᠣᠮᠧᠨ᠎ᠦ ᠲᠣᠮᠣ ᠪᠤᠯᠤᠩ᠎ᠤᠨ ᠣᠷᠣᠨ᠎ᠯᠤᠭ᠎ᠠ᠎ᠶ᠋ᠢᠨ ᠬᠠᠷᠢᠯᠴᠠᠨ ᠠᠱᠢᠭ᠍ᠲᠠᠶ ᠬᠠᠮᠲᠤᠷᠠᠯᠴᠠᠭ᠎ᠠ᠎ᠶ᠋ᠢ ᠴᠢᠩᠭᠠᠳᠭᠠᠬᠤ᠎ᠳᠦ ᠠᠩᠬᠠᠷᠤᠯ᠎ᠢᠶᠡᠨ ᠲᠦᠪᠯᠡᠷᠡᠬᠦᠯᠵᠦ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠤ᠎ᠶ᠋ᠢᠨ ᠵᠥᠪᠯᠡᠯᠭᠡᠨ ᠲᠤᠰᠭᠠᠢ ᠰᠡᠳᠦᠪᠲᠦ ᠵᠥᠪᠯᠡᠬᠦ᠌ ᠬᠤᠷᠠᠯ ᠬᠤᠷᠠᠯᠳᠤᠭᠤᠯᠪᠠ
2026-05-27 09:02:02
ᠵᠣᠬᠢᠶᠠᠭ᠍ᠴᠢ᠄
ᠪᠠᠢ ᠳ᠋ᠠᠨ
ᠣᠩᠱᠢᠭ᠍ᠰᠠᠨ ᠣᠳᠠᠭ᠎ᠠ᠄
★★★☆☆

ᠵᠠᠩ ᠶᠠᠨ ᠺᠦᠨ ᠶᠠᠷᠢᠶ᠎ᠠ ᠲᠠᠯᠪᠢᠪᠠ


5 ᠰᠠᠷ᠎ᠠ᠎ᠶ᠋ᠢᠨ 26 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ 《ᠭᠤᠸᠠᠩᠳᠦ᠋ᠩ ᠱᠢᠶᠠᠩᠭᠠᠩ ᠣᠣᠮᠧᠨ᠎ᠦ ᠲᠤᠮᠤ ᠪᠤᠯᠤᠩ᠎ᠤᠨ ᠣᠷᠣᠨ᠎ᠯᠤᠭ᠎ᠠ᠎ᠶ᠋ᠢᠨ ᠬᠠᠷᠢᠯᠴᠠᠨ ᠠᠱᠢᠭ᠍ᠲᠠᠢ ᠬᠠᠮᠲᠤᠷᠠᠯᠴᠠᠭ᠎ᠠ᠎ᠶ᠋ᠢ ᠴᠢᠩᠭᠠᠳᠭᠠᠵᠤ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠳᠠ ᠬᠢᠬᠦ᠌ ᠴᠢᠬᠤᠯᠠ ᠪᠡᠬᠢᠯᠡᠯᠲᠡ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠰᠠᠭᠤᠷᠢ᠎ᠶ᠋ᠢ ᠲᠠᠰᠤᠷᠠᠯᠳᠠ ᠦᠭᠡᠢ ᠪᠡᠬᠢᠵᠢᠭᠦᠯᠦᠶ᠎ᠠ》 ᠭᠡᠬᠦ ᠲᠤᠰᠭᠠᠢ ᠰᠡᠳᠦᠪᠲᠦ ᠵᠥᠪᠯᠡᠬᠦ᠌ ᠬᠤᠷᠠᠯ ᠬᠤᠷᠠᠯᠳᠤᠭᠤᠯᠪᠠ᠃

ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ ᠬᠤᠷᠠᠯ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭ᠌ᠴᠢ ᠴᠢ᠊ ᠪᠠᠲᠤ ᠪᠠᠢᠳᠠᠯ᠎ᠢ ᠮᠡᠳᠡᠭ᠌ᠳᠡᠵᠦ᠍᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠯᠦᠸᠧ ᡁᠢ ᠬᠤ᠌ ᠬᠤᠷᠠᠯ᠎ᠢ ᠡᠷᠭᠢᠯᠡᠵᠦ᠍᠂ ᠨᠠᠷᠢᠨ ᠪᠢᠴᠢᠭ᠎ᠦᠨ ᠳᠠᠷᠤᠭ᠎ᠠ ᠶᠠᠩ ᠯᠢ ᠮᠢᠨ ᠬᠤᠷᠠᠯ᠎ᠳᠤ ᠣᠷᠣᠯᠴᠠᠵᠠᠶ᠃

ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠱᠢᠶᠠᠩᠭᠠᠩ ᠣᠣᠮᠧᠨ ᠲᠠᠢᠸᠠᠨ᠎ᠤ ᠠᠬ᠎ᠠ ᠲᠡᠭᠦᠦ ᠨᠠᠷ ᠬᠠᠷᠢᠶᠠᠲᠤ ᠨᠠᠷ᠎ᠲᠠᠢ ᠬᠤᠯᠪᠤᠭ᠎ᠠ ᠠᠪᠬᠤ ᠪᠠ ᠭᠠᠳᠠᠭᠠᠳᠤ ᠶᠠᠪᠤᠳᠠᠯ᠎ᠤᠨ ᠵᠥᠪᠯᠡᠯ᠎ᠦᠨ ᠬᠠᠷᠢᠭᠤᠴᠠᠯᠭᠠᠲᠠᠨ ᠨᠥᠬᠥᠳ ᠪᠠᠢᠴᠠᠭᠠᠨ ᠰᠤᠳᠤᠯᠤᠯᠲᠠ ᠬᠢᠭ᠌ᠰᠡᠨ ᠪᠠᠢᠳᠠᠯ᠎ᠤᠨ ᠲᠣᠳᠣᠷᠬᠠᠢᠯᠠᠯᠲᠠ ᠬᠢᠵᠦ᠍᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠢᠩᠬᠢᠮ᠂ ᠰᠣᠶᠣᠯ ᠵᠢᠭᠤᠯᠴᠢᠯᠠᠯ᠎ᠤᠨ ᠲᠢᠩᠬᠢᠮ᠂ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠦᠨ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ ᠨᠥᠬᠥᠳ ᠰᠠᠨᠠᠯ᠎ᠢᠶᠠᠨ ᠰᠣᠯᠢᠯᠴᠠᠬᠤ ᠦᠭᠡ ᠬᠡᠯᠡᠭ᠌ᠰᠡᠨ ᠪᠥᠭᠡᠳ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠠᠵᠤ ᠠᠬᠤᠢᠯᠠᠯ᠎ᠤᠨ ᠲᠥᠯᠥᠭᠡᠯᠡᠭ᠌ᠴᠢᠳ᠎ᠲᠡᠶ ᠬᠠᠷᠢᠯᠴᠠᠨ ᠵᠥᠪᠳᠡᠯᠴᠡᠪᠡ᠃

ᠬᠤᠷᠠᠯ ᠡᠴᠡ᠂ ᠨᠠᠮ᠎ᠤᠨ ᠲᠥᠪ ᠬᠤᠷᠢᠶ᠎ᠠ᠎ᠶᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠭᠦᠨᠵᠡᠭᠡᠶ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ ᠶᠣᠰᠣᠭᠠᠷ᠂ ᠥᠪᠥᠷ ᠮᠣᠩᠭᠣᠯ᠎ᠤᠨ ᠤᠮᠠᠷᠠᠰᠢ ᠨᠡᠭᠡᠭᠡᠯᠲᠡ ᠬᠢᠬᠦ᠌ ᠱᠢᠨ᠎ᠡ ᠪᠠᠢᠳᠠᠯ᠂ ᠱᠢᠨ᠎ᠡ ᠠᠵᠠ ᠲᠣᠬᠢᠶᠠᠯ᠎ᠢ ᠣᠨᠣᠪᠴᠢᠲᠠᠶ ᠡᠵᠡᠮᠳᠡᠵᠦ᠍ ᠂ ᠨᠡᠭᠡᠭᠡᠯᠲᠡ ᠬᠢᠵᠦ᠍ ᠬᠠᠮᠲᠤᠷᠠᠯᠴᠠᠬᠤ ᠭᠤᠤᠯᠳᠠᠯᠭ᠎ᠠ᠎ᠲᠠᠶ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠲᠤᠰᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠬᠦᠴᠦᠯᠡᠬᠦ᠌ ᠴᠡᠭ᠎ᠢ ᠣᠨᠣᠪᠴᠢᠲᠠᠶ ᠣᠯᠵᠤ᠂ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠎ᠦ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠤᠮᠠᠷᠠᠰᠢ ᠨᠡᠭᠡᠭᠡᠯᠲᠡ ᠬᠢᠬᠦ᠌ ᠪᠡᠬᠢᠯᠡᠯᠲᠡ᠎ᠶ᠋ᠢᠨ ᠪᠥᠲᠥᠭᠡᠨ ᠪᠠᠢᠭᠤᠯᠤᠯᠲᠠ᠎ᠳᠤ ᠣᠷᠣᠯᠴᠠᠵᠤ᠂ ᠥᠪᠥᠷ ᠮᠣᠩᠭᠣᠯ ᠪᠣᠯᠤᠨ ᠭᠤᠸᠠᠩᠳᠦ᠋ᠩ ᠱᠢᠶᠠᠩᠭᠠᠩ ᠣᠣᠮᠧᠨ᠎ᠦ ᠲᠣᠮᠣ ᠪᠤᠯᠤᠩ᠎ᠤᠨ ᠣᠷᠣᠨ᠎ᠤ ᠬᠠᠮᠲᠤᠷᠠᠯᠴᠠᠭ᠎ᠠ ᠬᠢᠵᠦ᠍ ᠬᠠᠮᠲᠤ᠎ᠪᠠᠷ ᠠᠱᠢᠭ ᠭᠥᠷᠳᠡᠬᠦ᠌᠎ᠳᠦ ᠬᠦᠴᠦᠨ ᠨᠡᠮᠡᠷᠢᠯᠡᠬᠦ᠌ ᠬᠡᠷᠡᠭ᠌ᠲᠡᠶ ᠭᠡᠵᠦ ᠳᠤᠷᠠᠳᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号