ᠣᠢᠷ᠎ᠠ᠎ᠳᠤ᠂ ᠤᠯᠤᠰ᠎ᠤᠨ ᠱᠢᠤᠳᠠᠨ᠎ᠤ ᠬᠠᠮᠢᠶᠠᠷᠤᠯᠳᠡ᠎ᠶᠢᠨ ᠲᠣᠪᠴᠢᠶ᠎ᠠ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠠᠮᠤᠨ᠂ ᠬᠥᠳᠡᠭᠡ ᠠᠵᠤ ᠠᠬᠤᠶ ᠬᠥᠳᠡᠭᠡ ᠲᠣᠰᠭᠣᠨ᠎ᠤ ᠶᠠᠮᠤᠨ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠲᠠᠶ ᠬᠠᠮᠲᠤᠷᠠᠨ ᠬᠥᠳᠡᠭᠡ ᠲᠣᠰᠭᠣᠨ᠎ᠤ ᠡᠯᠧᠺᠲ᠋ᠷᠣᠨ ᠬᠤᠳᠠᠯᠳᠤᠭᠠᠨ᠎ᠤ ᠲᠦᠷᠭᠡᠨ ᠬᠦᠷᠭᠡᠯᠲᠡ᠎ᠶ᠋ᠢᠨ ᠬᠠᠮᠵᠢᠯᠴᠠᠨ ᠬᠥᠭ᠌ᠵᠢᠬᠦ᠌ ᠵᠢᠱ᠌ᠢᠶ᠎ᠡ ᠦᠵᠡᠭᠦᠯᠬᠦ᠌ ᠣᠷᠣᠨ ᠪᠠ ᠲᠦᠷᠭᠡᠨ ᠬᠦᠷᠭᠡᠯᠲᠡ᠎ᠶ᠋ᠢᠨ ᠣᠲᠣ ᠦᠶ᠎ᠡ᠎ᠶ᠋ᠢᠨ ᠲᠠᠷᠢᠶᠠᠯᠠᠩ ᠳ᠋ᠦ ᠦᠢᠯᠡᠴᠢᠯᠡᠬᠦ ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ᠎ᠦᠨ ᠨᠡᠷᠡᠰ᠎ᠢ ᠨᠡᠢᠲᠡᠯᠡᠵᠦ᠍᠂ ᠥᠪᠥᠷ ᠮᠣᠩᠭᠣᠯ᠎ᠤᠨ ᠪᠠᠶᠠᠨᠨᠠᠭᠤᠷ ᠬᠣᠲᠠ᠎ᠶ᠋ᠢᠨ ᠳ᠋ᠸᠩᠺᠸᠤ ᠱᠢᠶᠠᠨ᠂ ᠤᠯᠠᠭᠠᠨᠬᠠᠳᠠ ᠬᠣᠲᠠ᠎ᠶ᠋ᠢᠨ ᠬᠤᠩᠱᠠᠨ ᠲᠣᠭᠣᠷᠢᠭ᠂ ᠱᠢᠯᠢ᠎ᠶ᠋ᠢᠨ ᠭᠤᠤᠯ ᠠᠢᠮᠠᠭ᠎ᠤᠨ ᠲᠠᠢᠪᠤᠰᠧ ᠬᠣᠱᠢᠭᠤ ᠵᠡᠷᠭᠡ 3 ᠬᠣᠱᠢᠭᠤ ᠱᠢᠶᠠᠨ (ᠲᠣᠭᠣᠷᠢᠭ) ᠪᠠ ᠤᠯᠠᠭᠠᠨᠴᠠᠪ ᠬᠣᠲᠠ᠎ᠶ᠋ᠢᠨ ᠱᠢᠤᠳᠠᠨ᠎ᠤ 〈919〉 ᠴᠠᠬᠠᠷ ᠪᠠᠷᠠᠭᠤᠨ ᠭᠠᠷᠤᠨ ᠬᠣᠢᠲᠤ ᠬᠣᠱᠢᠭᠤᠨ᠎ᠤ ᠬᠦᠭᠵᠢᠯᠳᠡ᠎ᠳᠤ ᠬᠦᠴᠦᠨ ᠨᠡᠮᠡᠷᠢᠯᠡᠬᠦ ᠲᠥᠷᠥᠯ ᠵᠦᠢᠯ᠂ ᠬᠥᠬᠡᠬᠣᠲᠠ᠎ᠶ᠋ᠢᠨ ᠱᠦᠨ ᠹᠸᠩ ᠦᠬᠡᠷ ᠬᠣᠨᠢᠨ ᠮᠢᠬ᠎ᠠ ᠬᠦᠷᠭᠡᠬᠦ᠌ ᠲᠥᠷᠥᠯ ᠵᠦᠶ᠋ᠯ ᠵᠡᠷᠭᠡ 7 ᠲᠥᠷᠥᠯ ᠵᠦᠶ᠋ᠯ ᠰᠣᠩᠭᠣᠭ᠍ᠳᠠᠵᠠᠶ᠃
ᠣᠢᠷ᠎ᠠ᠎ᠶ᠋ᠢᠨ ᠵᠢᠯ᠎ᠦᠨ ᠲᠤᠷᠰᠢ ᠥᠪᠥᠷ ᠮᠣᠩᠭᠣᠯ᠎ᠤᠨ ᠰᠢᠥᠳᠠᠨ᠎ᠤ ᠬᠠᠮᠢᠶᠡᠷᠤᠯᠳᠡ᠎ᠶᠢᠨ ᠲᠣᠪᠴᠢᠶ᠎ᠠ᠎ᠨᠢ ᠬᠥᠳᠡᠭᠡ ᠲᠣᠰᠭᠣᠨ᠎ᠤ ᠡᠯᠧᠺᠲ᠋ᠷᠣᠨ ᠬᠤᠳᠠᠯᠳᠤᠭᠠᠨ᠎ᠤ ᠲᠦᠷᠭᠡᠨ ᠬᠦᠷᠭᠡᠯᠳᠡ᠎ᠶ᠋ᠢᠨ ᠬᠠᠮᠵᠢᠯᠴᠡᠨ ᠬᠥᠭ᠌ᠵᠢᠬᠦ᠌ ᠱᠢᠰᠲ᠋ᠧᠮ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠮᠠᠯ ᠠᠵᠤ ᠠᠬᠤᠶ ᠲᠠᠷᠢᠶᠠᠯᠠᠩ᠂ ᠬᠤᠳᠠᠯᠳᠤᠭᠠᠨ᠎ᠤ ᠶᠠᠪᠤᠳᠠᠯ᠎ᠤᠨ ᠰᠠᠯᠠᠭ᠎ᠠ ᠮᠥᠴᠢᠷ ᠵᠡᠷᠭᠡ ᠰᠠᠯᠠᠭ᠎ᠠ ᠮᠥᠴᠢᠷ᠎ᠯᠦᠭᠡ ᠬᠠᠮᠲᠤᠷᠠᠨ ᠲᠥᠷᠥ᠎ᠶ᠋ᠢᠨ ᠪᠣᠳᠣᠯᠭ᠎ᠠ᠎ᠶ᠋ᠢᠨ ᠪᠢᠴᠢᠭ ᠮᠠᠲ᠋ᠧᠷᠢᠶᠠᠯ ᠳᠠᠷᠤᠮᠠᠯᠯᠠᠨ ᠲᠠᠷᠬᠠᠭᠠᠬᠤ᠎ᠶ᠋ᠢ ᠠᠬᠢᠭᠤᠯᠤᠨ᠂ ᠡᠯ᠎ᠡ ᠠᠢᠮᠠᠭ ᠬᠣᠲᠠ᠎ᠶ᠋ᠢᠨ ᠰᠢᠥᠳᠠᠨ᠎ᠤ ᠬᠠᠮᠢᠶᠠᠷᠤᠯᠳᠡ᠎ᠶᠢᠨ ᠲᠣᠪᠴᠢᠶ᠎ᠠ ᠬᠢᠭᠡᠳ ᠬᠠᠷᠢᠶ᠎ᠠ ᠭᠠᠵᠠᠷ᠎ᠤᠨ ᠵᠠᠰᠠᠭ᠎ᠤᠨ ᠣᠷᠳᠣᠨ᠎ᠤ ᠠᠵᠢᠯ᠎ᠤᠨ ᠲᠣᠭ᠍ᠲᠠᠴᠠ ᠪᠠᠢᠭᠤᠯᠬᠤ᠎ᠶ᠋ᠢ ᠢᠳᠡᠪᠬᠢᠲᠡᠶ ᠵᠢᠯᠣᠭᠣᠳᠴᠤ᠌᠂ ᠲᠦᠷᠭᠡᠨ ᠬᠦᠷᠭᠡᠯᠳᠡ᠎ᠶ᠋ᠢᠨ ᠠᠵᠤ ᠠᠬᠤᠢᠯᠠᠯ᠎ᠤᠨ ᠣᠲᠣ ᠦᠶ᠎ᠡ᠎ᠶ᠋ᠢᠨ ᠲᠠᠷᠢᠶᠠᠯᠠᠩ᠎ᠤᠨ ᠲᠥᠷᠥᠯ ᠵᠦᠶ᠋ᠯ᠎ᠳᠦ ᠭᠦᠨᠵᠡᠭᠡᠶ ᠣᠷᠣᠯᠴᠠᠬᠤ᠎ᠶ᠋ᠢ ᠳᠡᠮᠵᠢᠵᠠᠢ᠃ ᠬᠥᠳᠡᠭᠡ ᠲᠣᠰᠭᠣᠨ᠎ᠤ ᠭᠤᠪᠢᠭᠤᠯᠭ᠎ᠠ᠎ᠶᠢᠨ ᠪᠠᠷᠠᠭᠠᠨ᠎ᠤ ᠭᠦᠶ᠋ᠯᠭᠡᠭᠡ᠎ᠶᠢᠨ ᠱᠢᠰᠲ᠋ᠧᠮ᠎ᠤᠨ ᠪᠠᠢᠭᠤᠯᠤᠯᠲᠠ᠎ᠶ᠋ᠢ ᠦᠷᠭᠦᠯᠵᠢᠯᠡᠨ ᠬᠦᠴᠦᠲᠡᠶ ᠪᠥᠭᠡᠳ ᠪᠦᠲᠦᠮᠵᠢᠲᠡᠶ ᠠᠬᠢᠭᠤᠯᠵᠤ᠂ ᠱᠢᠶᠠᠨ ᠱᠢᠶᠠᠩ ᠲᠣᠰᠭᠣᠨ ᠭᠤᠷᠪᠠᠨ ᠱᠠᠲᠤᠨ᠎ᠤ ᠪᠠᠷᠠᠭᠠᠨ᠎ᠤ ᠭᠦᠶ᠋ᠯᠭᠡᠭᠡ᠎ᠶᠢᠨ ᠱᠢᠰᠲ᠋ᠧᠮ᠎ᠤᠨ ᠰᠠᠭᠤᠷᠢ ᠲᠦᠬᠦᠭᠡᠷᠦᠮᠵᠢ᠎ᠶ᠋ᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠪᠥᠬᠥ᠌ ᠣᠷᠣᠨ᠎ᠤ 92%᠎ᠢ᠋ ᠳᠠᠪᠠᠭ᠍ᠰᠠᠨ ᠪᠠᠢᠭᠤᠯᠤᠯᠳᠠ᠎ᠲᠤ ᠲᠣᠰᠭᠣᠨ᠎ᠳᠤ ᠲᠣᠰᠭᠣᠨ᠎ᠤ ᠱᠠᠲᠤᠨ᠎ᠤ ᠭᠤᠪᠢᠭᠤᠯᠭ᠎ᠠ᠎ᠶᠢᠨ ᠪᠠᠷᠠᠭᠠᠨ᠎ᠤ ᠭᠦᠶ᠋ᠯᠭᠡᠭᠡ᠎ᠶᠢᠨ ᠶᠡᠷᠦᠩᠬᠡᠢᠯᠡᠭ᠌ᠰᠡᠨ ᠦᠶ᠋ᠯᠡᠴᠢᠯᠡᠭᠡᠨ᠎ᠦ ᠥᠷᠲᠡᠭᠡ ᠪᠠᠢᠭᠤᠯᠵᠤ᠂ 2025 ᠣᠨ᠎ᠳᠤ ᠪᠥᠬᠥ᠌ ᠣᠷᠣᠨ᠎ᠤ ᠬᠥᠳᠡᠭᠡ ᠲᠣᠰᠭᠣᠨ᠎ᠤ ᠭᠠᠵᠠᠷ ᠣᠷᠣᠨ (ᠬᠣᠱᠢᠭᠤ ᠱᠢᠶᠠᠨ ᠵᠢᠴᠢ ᠲᠡᠭᠦᠨ᠎ᠡᠴᠡ ᠳᠣᠷᠣᠭ᠍ᠰᠢᠬᠢ) ᠤ᠋ ᠲᠦᠷᠭᠡᠨ ᠬᠦᠷᠭᠡᠯᠳᠡ᠎ᠶᠢᠨ ᠲᠤᠬᠠᠢᠯᠠᠭ᠍ᠰᠠᠨ ᠠᠵᠢᠯ᠎ᠤᠨ ᠬᠡᠮᠵᠢᠶ᠎ᠡ᠎ᠶ᠋ᠢ 2024 ᠣᠨ ᠪᠠ 2023 ᠣᠨ᠎ᠤ᠎ᠬᠢ᠎ᠡᠴᠡ ᠲᠣᠰ ᠲᠣᠰ 38% ᠪᠠ 141% ᠪᠠᠷ ᠨᠡᠮᠡᠭ᠌ᠳᠡᠭᠦᠯᠦᠨ᠂ ᠥᠪᠥᠷ ᠮᠣᠩᠭᠣᠯ᠎ᠤᠨ ᠦᠬᠡᠷ ᠬᠣᠨᠢᠨ ᠮᠢᠬ᠎ᠠ᠂ ᠴᠠᠭᠠᠨ ᠢᠳᠡᠭᠡᠨ ᠵᠡᠷᠭᠡ ᠨᠢᠭᠡ ᠪᠦᠯᠦᠭ ᠲᠠᠷᠢᠶᠠᠯᠠᠩ᠎ᠤᠨ ᠪᠦᠲᠦᠭᠡᠭ᠌ᠳᠡᠬᠦᠨ᠎ᠢ ᠲᠣᠰᠭᠣᠨ᠎ᠠᠴᠠ ᠭᠠᠷᠭᠠᠵᠤ ᠬᠣᠲᠠ ᠳ᠋ᠦ᠍ ᠣᠷᠣᠭᠤᠯᠵᠤ᠂ ᠬᠠᠩᠭᠠᠯᠭ᠎ᠠ᠎ᠶᠢᠨ ᠬᠡᠯᠬᠢᠶ᠎ᠠ᠎ᠶᠢᠨ ᠲᠡᠭᠡᠳᠦ ᠳᠤᠤᠷᠠᠳᠤ ᠲᠦᠪᠰᠢᠨ᠎ᠤ ᠠᠵᠤ ᠠᠬᠤᠢᠯᠠᠯ᠎ᠤᠨ ᠬᠠᠮᠳᠤᠷᠠᠯᠴᠠᠭ᠎ᠠ ᠢᠯᠡᠷᠬᠡᠢ ᠦᠷ᠎ᠠ ᠪᠦᠳᠦᠮᠵᠢ ᠤᠯᠵᠠᠢ᠃
ᠥᠪᠥᠷ ᠮᠣᠩᠭᠣᠯ᠎ᠤᠨ ᠰᠢᠥᠳᠠᠨ᠎ᠤ ᠬᠠᠮᠢᠶᠠᠷᠤᠯᠳᠡ᠎ᠶᠢᠨ ᠲᠣᠪᠴᠢᠶ᠎ᠠ ᠣᠲᠣ ᠦᠶ᠎ᠡ᠎ᠶ᠋ᠢᠨ ᠲᠦᠷᠭᠡᠨ ᠬᠦᠷᠭᠡᠯᠳᠡ᠎ᠶ᠋ᠢᠨ ᠪᠠᠷᠠᠭᠠᠨ᠎ᠤ ᠭᠦᠶ᠋ᠯᠭᠡᠭᠡ᠎ᠶ᠋ᠢᠨ ᠦᠶ᠋ᠯᠡᠴᠢᠯᠡᠭᠡᠨ᠎ᠦ ᠲᠤᠤᠷ ᠰᠦᠯᠵᠢᠶ᠎ᠡ ᠪᠠ ᠬᠥᠳᠡᠭᠡ ᠲᠣᠰᠭᠣᠨ᠎ᠤ ᠭᠤᠪᠢᠭᠤᠯᠭ᠎ᠠ᠎ᠶᠢᠨ ᠪᠠᠷᠠᠭᠠᠨ᠎ᠤ ᠭᠦᠶ᠋ᠯᠭᠡᠭᠡ᠎ᠶ᠋ᠢᠨ ᠲᠤᠤᠷ ᠰᠦᠯᠵᠢᠶ᠎ᠡ᠎ᠶ᠋ᠢ ᠤᠯᠠᠮ ᠨᠢᠭᠡ ᠠᠯᠬᠤᠮ ᠪᠦᠷᠢᠨᠱᠢᠭᠦᠯᠦᠨ ᠲᠡᠭᠦᠯᠳᠡᠷᠵᠢᠭᠦᠯᠵᠦ᠍᠂ ᠱᠢᠤᠳᠠᠨ᠎ᠤ ᠲᠦᠷᠭᠡᠨ ᠬᠦᠷᠭᠡᠯᠳᠡ᠎ᠶ᠋ᠢᠨ ᠠᠵᠤ ᠠᠬᠤᠢᠯᠠᠯ᠎ᠢ ᠬᠥᠲᠥᠯᠥᠨ ᠵᠢᠯᠣᠭᠤᠳᠤᠨ ᠥᠪᠦᠷ ᠮᠤᠩᠭᠤᠯ᠎ᠤᠨ ᠣᠨᠴᠠᠯᠢᠭ᠍ᠲᠤ ᠠᠵᠤ ᠦᠶ᠋ᠯᠡᠰ᠎ᠲᠦ ᠨᠠᠩ ᠰᠠᠢᠨ ᠦᠶ᠋ᠯᠡᠴᠢᠯᠡᠭᠦᠯᠵᠦ᠍᠂ ᠬᠥᠳᠡᠭᠡ ᠲᠣᠰᠭᠣᠨ᠎ᠤ ᠡᠯᠧᠺᠲ᠋ᠷᠣᠨ ᠬᠤᠳᠠᠯᠳᠤᠭᠠᠨ᠎ᠤ ᠲᠦᠷᠭᠡᠨ ᠬᠦᠷᠭᠡᠯᠳᠡ᠎ᠶ᠋ᠢᠨ ᠬᠠᠮᠵᠢᠯᠴᠠᠨ ᠬᠥᠭ᠌ᠵᠢᠬᠦ᠌ ᠨᠠᠩ ᠣᠯᠠᠨ ᠲᠥᠷᠥᠯ ᠵᠦᠶ᠋ᠯ᠎ᠢ ᠪᠣᠶ ᠪᠣᠯᠭᠠᠵᠤ᠂ ᠰᠢᠥᠳᠠᠨ᠎ᠤ ᠠᠵᠢᠯ ᠲᠥᠷᠥᠯᠦᠨᠬᠢᠨᠦ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠳᠤ ᠨᠠᠩ ᠰᠠᠢᠨ ᠬᠦᠴᠦᠨ ᠨᠡᠮᠡᠷᠢᠯᠡᠬᠦ᠌᠎ᠶ᠋ᠢ ᠠᠬᠢᠭᠤᠯᠵᠦ ᠪᠠᠢᠨ᠎ᠠ᠃