ᠲᠦᠷᠦᠭᠦᠦ 4 ᠰᠠᠷ᠎ᠠ᠎ᠳᠤ ᠡᠷᠢᠶᠡᠨ ᠬᠢᠯᠢ᠎ᠶ᠋ᠢᠨ ᠪᠣᠭᠣᠮᠲᠠ᠎ᠶ᠋ᠢᠨ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠭᠰᠠᠨ ᠪᠠᠷᠠᠭᠠᠨ᠎ᠤ ᠥᠷᠲᠡᠭ 350 ᠳ᠋ᠦᠩᠱᠢᠭᠤᠷ ᠲᠥᠭᠥᠷᠢᠭ᠎ᠢ ᠳᠠᠪᠠᠵᠠᠢ
2026-05-27 10:16:02
ᠵᠣᠬᠢᠶᠠᠭ᠍ᠴᠢ᠄
ᠪᠢᠯᠢᠭᠪᠡᠭᠠᠳᠤᠷ
ᠣᠩᠱᠢᠭ᠍ᠰᠠᠨ ᠣᠳᠠᠭ᠎ᠠ᠄
★★★☆☆

ᠡᠨᠡ ᠵᠢᠯ᠎ᠦᠨ ᠲᠦᠷᠦᠭᠦᠦ 4 ᠰᠠᠷ᠎ᠠ᠎ᠳᠤ ᠡᠷᠢᠶᠡᠨ ᠬᠢᠯᠢ᠎ᠶ᠋ᠢᠨ ᠪᠣᠭᠣᠮᠲᠠ᠎ᠶ᠋ᠢᠨ ᠭᠠᠳᠠᠭᠠᠳᠤ᠎ᠡᠴᠡ ᠣᠷᠣᠭᠤᠯᠵᠤ ᠭᠠᠳᠠᠭᠠᠳᠤ᠎ᠳᠤ ᠭᠠᠷᠭᠠᠭ᠍ᠰᠠᠨ ᠪᠠᠷᠠᠭᠠᠨ᠎ᠤ ᠥᠷᠲᠡᠭ 350.5 ᠳ᠋ᠦᠩᠱᠢᠭᠤᠷ ᠲᠥᠭᠥᠷᠢᠭ᠎ᠲᠦ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 20.5% ᠪᠠᠷ ᠨᠡᠮᠡᠭ᠌ᠳᠡᠵᠦ᠂ ᠬᠢᠯᠢ ᠵᠢᠨ ᠪᠣᠭᠣᠮᠲᠠ᠎ᠶ᠋ᠢᠨ ᠠᠷᠠᠯᠵᠢᠶᠠᠨ᠎ᠤ ᠬᠦᠴᠦᠷᠬᠡᠭ ᠶᠡᠬᠡ ᠠᠮᠢᠵᠢᠷᠠᠯ᠎ᠤᠨ ᠬᠦᠴᠦᠨ᠎ᠢ ᠬᠠᠷᠠᠭᠤᠯᠵᠠᠢ᠃

ᠡᠷᠢᠶᠡᠨ ᠬᠢᠯᠢ᠎ᠶ᠋ᠢᠨ ᠪᠣᠭᠣᠮᠲᠠ ᠪᠤᠯ ᠳᠤᠮᠳᠠᠳᠤ ᠮᠣᠩᠭᠣᠯ᠎ᠤᠨ ᠬᠠᠮᠤᠭ᠎ᠤᠨ ᠶᠡᠬᠡ ᠡᠬᠡ ᠬᠠᠭᠤᠷᠠᠶ᠎ᠶ᠋ᠢᠨ ᠪᠣᠭᠣᠮᠲᠠ ᠪᠠᠢᠵᠤ᠂ ᠣᠷᠣᠰ ᠪᠤᠯᠤᠨ ᠮᠣᠩᠭᠣᠯ ᠤᠯᠤᠰ᠎ᠯᠤᠭ᠎ᠠ ᠨᠡᠪᠲᠡᠷᠡᠨ᠂ ᠮᠣᠩᠭᠣᠯ ᠤᠯᠤᠰ᠎ᠯᠤᠭ᠎ᠠ ᠵᠢᠨ ᠠᠷᠠᠯᠵᠢᠶ᠎ᠠ ᠬᠤᠳᠠᠯᠳᠤᠭᠠᠨ᠎ᠤ ᠭᠤᠤᠯ ᠴᠢᠳᠠᠮᠵᠢ᠎ᠶ᠋ᠢ ᠡᠭᠦᠷᠭᠡᠯᠡᠵᠦ᠍ ᠪᠠᠢᠳᠠᠭ᠂ ᠨᠠᠩ ᠴᠤ᠌ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠵᠠᠩᠭᠢᠯᠠᠭ᠎ᠠ᠎ᠶ᠋ᠢᠨ ᠭᠠᠵᠠᠷ ᠪᠣᠯᠤᠨ᠎ᠠ᠃ ᠡᠨᠡ ᠵᠢᠯ᠎ᠦᠨ 4 ᠰᠠᠷ᠎ᠠ᠎ᠳᠤ᠂ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ ᠵᠢᠩᠬᠢᠨᠢ᠎ᠪᠡᠷ ᠵᠥᠪᠱᠢᠶᠡᠷᠡᠭ᠌ᠳᠡᠭᠰᠡᠨ ᠨᠢ ᠡᠷᠢᠶᠡᠨ ᠬᠢᠯᠢ᠎ᠶ᠋ᠢᠨ ᠪᠣᠭᠣᠮᠲᠠ᠎ᠶ᠋ᠢᠨ ᠬᠥᠭ᠌ᠵᠢᠯᠲᠡ ᠵᠢᠨ ᠰᠢᠨ᠎ᠡ ᠤᠷᠤᠨ ᠵᠠᠢ ᠵᠢ ᠨᠡᠭᠡᠭᠡᠵᠦ᠂ ᠤᠷᠢᠳ ᠭᠠᠷᠤᠭ᠎ᠠ ᠥᠬᠡᠶ ᠪᠠᠢᠯᠳᠤᠬᠤ ᠪᠣᠳᠣᠯᠭ᠎ᠠ᠎ᠶ᠋ᠢᠨ ᠬᠥᠭ᠌ᠵᠢᠯᠲᠡ᠎ᠶ᠋ᠢᠨ ᠠᠵᠠ ᠲᠣᠬᠢᠶᠠᠯ᠎ᠢ ᠠᠪᠴᠢᠷᠠᠭᠰᠠᠨ ᠪᠠᠢᠨ᠎ᠠ᠃

ᠣᠳᠣᠬᠠᠨ᠎ᠳᠤ᠂ ᠡᠷᠢᠶᠡᠨ ᠬᠢᠯᠢ᠎ᠶ᠋ᠢᠨ ᠪᠣᠭᠣᠮᠲᠠ ᠶᠠᠭ ᠣᠯᠠᠨ ᠡᠱᠢᠴᠢᠯᠡᠭᠰᠡᠨ ᠪᠣᠰᠣᠭ᠎ᠠ ᠴᠣᠭ᠍ᠴᠠᠲᠤ ᠬᠥᠭ᠌ᠵᠢᠯᠲᠡ᠎ᠶ᠋ᠢᠨ ᠪᠠᠢᠷᠢᠱᠢᠯ᠎ᠢ ᠢᠳᠡᠪᠬᠢᠲᠡᠶ ᠪᠦᠷᠢᠯᠳᠦᠭᠦᠯᠦᠨ᠂ ᠲᠡᠮᠦᠷ ᠵᠠᠮ᠂ ᠵᠠᠰᠠᠮᠠᠯ ᠵᠠᠮ ᠵᠡᠷᠭᠡ ᠵᠠᠮ ᠬᠠᠷᠢᠯᠴᠠᠭᠠᠨ᠎ᠤ ᠳᠠᠪᠠᠭᠤᠯᠢᠭ ᠲᠠᠭᠠᠨ ᠲᠦᠱᠢᠭ᠌ᠯᠡᠵᠦ᠂ ᠬᠢᠯᠢ᠎ᠶ᠋ᠢᠨ ᠠᠵᠤ ᠠᠬᠤᠶ᠎ᠶ᠋ᠢᠨ ᠬᠠᠮᠲᠤᠷᠠᠯᠴᠠᠭᠠᠨ᠎ᠤ ᠣᠷᠣᠨ᠂ ᠬᠢᠯᠢ ᠠᠯᠤᠰᠯᠠᠭ᠍ᠰᠠᠨ ᠠᠵᠤ ᠠᠬᠤᠶ᠎ᠶ᠋ᠢᠨ ᠬᠠᠮᠲᠤᠷᠠᠯᠴᠠᠭᠠᠨ᠎ᠤ ᠣᠷᠣᠨ ᠵᠡᠷᠭᠡ ᠲᠠᠪᠴᠠᠩ᠎ᠤᠨ ᠦᠢᠯᠡᠳᠦᠯ ᠴᠢᠳᠠᠪᠤᠷᠢ᠎ᠶ᠋ᠢ ᠭᠦᠶ᠋ᠴᠡᠳ ᠪᠠᠳᠠᠷᠠᠭᠤᠯᠵᠤ᠂ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠨ ᠡᠳ᠋ᠱᠢᠭᠦᠯᠬᠦ᠌᠂ ᠬᠢᠯᠢ ᠠᠯᠤᠰᠯᠠᠭ᠍ᠰᠠᠨ ᠵᠢᠭᠤᠯᠴᠢᠯᠠᠯ ᠵᠡᠷᠭᠡ ᠤᠨᠴᠠᠯᠢᠬ᠍ᠳᠤ ᠠᠵᠤ ᠦᠶ᠋ᠯᠡᠰ᠎ᠢ ᠭᠤᠤᠯᠳᠠᠯᠭ᠎ᠠ᠎ᠲᠠᠶ ᠪᠣᠢᠵᠢᠭᠤᠯᠵᠤ᠂ ᠬᠢᠯᠢ ᠳᠠᠭᠠᠤ ᠣᠷᠣᠨ᠎ᠤ ᠥᠨᠳᠥᠷ ᠲᠦᠪᠱᠢᠨ ᠪᠥᠬᠥᠶ ᠨᠡᠭᠡᠭᠡᠯᠲᠡ᠎ᠶ᠋ᠢᠨ ᠲᠠᠪᠴᠠᠩ᠎ᠢ ᠪᠥᠬᠥ᠌ ᠬᠦᠴᠦᠨ᠎ᠢᠶᠡᠷ᠎ᠴᠣᠭ᠍ᠴᠠᠯᠠᠨ᠂ ᠪᠣᠭᠣᠮᠲᠠ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ ᠪᠠᠢᠨ᠎ᠠ᠃

ᠡᠷᠢᠶᠡᠨ ᠪᠣᠭᠣᠮᠲᠠ᠎ᠶ᠋ᠢᠨ ᠳᠡᠳ᠋ ᠳᠠᠷᠤᠭ᠎ᠠ ᠡᠸ᠋ ᠸᠧᠶ ᠵᠢᠨ ᠬᠡᠯᠡᠬᠦ᠌᠎ᠪᠡᠷ᠂ ᠡᠷᠢᠶᠡᠨ ᠪᠣᠭᠣᠮᠲᠠ ᠣᠶᠤᠨᠴᠢ ᠪᠣᠭᠣᠮᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠵᠤ᠂ ᠪᠠᠢᠴᠠᠭᠠᠨ ᠱᠢᠯᠭᠠᠬᠤ ᠲᠤᠰᠠᠯᠠᠬᠤ ᠲᠥᠬᠥᠭᠡᠷᠦᠮᠵᠢ᠎ᠶ᠋ᠢ ᠰᠢᠨᠡᠴᠢᠯᠡᠨ᠂ ᠣᠶᠤᠨᠴᠢ ᠵᠢᠭᠤᠯᠴᠢᠯᠠᠯ᠎ᠤᠨ ᠪᠠᠢᠴᠠᠭᠠᠯᠲᠠ᠎ᠶ᠋ᠢᠨ ᠨᠡᠪᠲᠡᠷᠡᠬᠦ᠌ ᠵᠠᠮ᠎ᠢ ᠨᠡᠭᠡᠭᠡᠵᠦ᠂ ᠣᠶᠤᠨᠴᠢ ᠳᠤᠮᠳᠠ ᠵᠠᠮ ᠪᠤᠯᠬᠤ 《ᠤᠶᠤᠨᠲᠤ ᠲᠡᠮᠦᠷ ᠵᠠᠮ》 ᠤ᠋ᠨ ᠮᠡᠳᠡᠭᠡ ᠵᠠᠩᠭᠢ᠎ᠶ᠋ᠢᠨ ᠬᠠᠮᠢᠶᠠᠷᠤᠯᠲᠠ᠎ᠶ᠋ᠢᠨ ᠱᠢᠰᠲ᠋ᠧᠮ᠎ᠢ ᠨᠡᠭᠡᠭᠡᠨ ᠬᠥᠭ᠌ᠵᠢᠭᠦᠯᠵᠦ᠍᠂ ᠬᠢᠨᠠᠨ ᠬᠠᠮᠢᠶᠠᠷᠬᠤ ᠦᠷ᠎ᠡ ᠪᠦᠲᠦᠮᠵᠢ ᠪᠠ ᠦᠶ᠋ᠯᠡᠴᠢᠯᠡᠭᠡᠨ᠎ᠦ ᠬᠢᠷᠢ ᠲᠦᠪᠱᠢᠨ᠎ᠢ ᠦᠷᠭᠦᠯᠵᠢᠯᠡᠨ ᠳᠡᠭᠡᠭ᠌ᠰᠢᠯᠡᠭᠦᠯᠦᠨ᠎ᠡ᠃ ᠡᠭᠦᠨ᠎ᠦ ᠬᠠᠮᠲᠤ᠂ ᠣᠯᠠᠨ ᠤᠯᠤᠰ᠎ᠤᠨ ᠪᠠᠷᠠᠭᠠᠨ᠎ᠤ ᠭᠦᠶ᠋ᠯᠭᠡᠭᠡᠨ᠎ᠦ ᠶᠡᠬᠡ ᠵᠠᠮ᠎ᠢ ᠦᠷᠭᠦᠯᠵᠢᠯᠡᠨ ᠰᠢᠯᠤᠭᠤᠳᠬᠠᠨ ᠨᠡᠪᠲᠡᠷᠡᠭᠦᠯᠵᠦ᠍᠂ ᠠᠵᠤ ᠠᠬᠤᠢᠯᠠᠯ᠎ᠤᠨ ᠬᠡᠷᠡᠭ᠌ᠴᠡᠭᠡ᠎ᠵᠢ ᠰᠠᠨᠠᠭᠠᠴᠢᠯᠠᠭ᠎ᠠ᠎ᠠᠴᠠ᠎ᠪᠠᠨ ᠵᠣᠯᠭᠠᠭᠤᠯᠵᠤ᠂ ᠪᠣᠭᠣᠮᠲᠠ᠎ᠪᠠᠷ ᠥᠩᠭᠡᠷᠡᠬᠦ᠌ ᠬᠦᠴᠢᠷ ᠠᠰᠠᠭᠤᠳᠠᠯ᠎ᠢ ᠱᠢᠶ᠋ᠳᠪᠦᠷᠢᠯᠡᠨ᠂ ᠪᠣᠭᠣᠮᠲᠠ᠎ᠶ᠋ᠢᠨ ᠬᠤᠳᠠᠯᠳᠤᠭ᠎ᠠ ᠡᠵᠡᠩᠨᠡᠬᠦ᠌ ᠣᠷᠴᠢᠨ ᠨᠥᠬᠥᠴᠡᠯ᠎ᠢ ᠲᠠᠰᠤᠷᠠᠯᠲᠠ ᠥᠬᠡᠶ ᠱᠢᠯᠢᠳᠡᠭ᠌ᠵᠢᠭᠦᠯᠵᠦ᠍᠂ ᠪᠣᠭᠣᠮᠲᠠ᠎ᠶ᠋ᠢᠨ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠬᠤ ᠠᠷᠠᠯᠵᠢᠶᠠᠨ᠎ᠤ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠴᠢᠳᠠᠯ᠎ᠢᠶᠠᠨ ᠦᠨᠡᠨ ᠬᠦ᠌ ᠨᠡᠮᠡᠷᠢᠯᠡᠨ᠎ᠡ ᠭᠡᠵᠡᠢ᠃

ᠡᠨᠡ ᠵᠢᠯ᠎ᠦᠨ ᠲᠦᠷᠦᠭᠦᠦ 4 ᠰᠠᠷ᠎ᠠ᠎ᠳᠤ᠂ ᠡᠷᠢᠶᠡᠨ ᠬᠢᠯᠢ᠎ᠶ᠋ᠢᠨ ᠪᠣᠭᠣᠮᠲᠠ᠎ᠶ᠋ᠢᠨ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠭ᠍ᠰᠠᠨ ᠪᠣᠭᠣᠮᠲᠠ᠎ᠶ᠋ᠢᠨ ᠪᠠᠷᠠᠭᠠᠨ᠎ᠤ ᠲᠡᠭᠡᠭᠡᠪᠦᠷᠢ᠎ᠶ᠋ᠢᠨ ᠬᠡᠮᠵᠢᠶ᠎ᠡ 696.7 ᠲᠦᠮᠡᠨ ᠲᠣᠨ᠎ᠳᠤ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 13.6% ᠪᠠᠷ ᠨᠡᠮᠡᠭ᠌ᠳᠡᠪᠡ᠂ ᠡᠭᠦᠨ᠎ᠳᠦ ᠭᠠᠳᠠᠭᠠᠳᠤ᠎ᠠᠴᠠ ᠣᠷᠣᠭᠤᠯᠤᠭ᠍ᠰᠠᠨ ᠪᠠᠷᠠᠭᠠᠨ᠎ᠤ ᠲᠡᠭᠡᠭᠡᠪᠦᠷᠢ᠎ᠶ᠋ᠢᠨ ᠬᠡᠮᠵᠢᠶ᠎ᠡ 544.1 ᠲᠦᠮᠡᠨ ᠲᠣᠨ᠎ᠳᠤ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 8.7% ᠪᠠᠷ ᠨᠡᠮᠡᠭ᠌ᠳᠡᠵᠦ᠂ ᠭᠠᠳᠠᠭᠠᠳᠤ᠎ᠳᠤ ᠭᠠᠷᠭᠠᠭ᠍ᠰᠠᠨ ᠪᠠᠷᠠᠭᠠᠨ᠎ᠤ ᠲᠡᠭᠡᠭᠡᠪᠦᠷᠢ᠎ᠶ᠋ᠢᠨ ᠬᠡᠮᠵᠢᠶ᠎ᠡ 152.5 ᠲᠦᠮᠡᠨ ᠲᠣᠨ᠎ᠳᠤ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 35% ᠪᠠᠷ ᠨᠡᠮᠡᠭ᠌ᠳᠡᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号